ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ (ᠳᠥᠷᠪᠡᠳᠦᠭᠡᠷ ᠪᠦᠯᠦᠭ)
2019.11.04

   (1986 ᠣᠨ᠎ᠤ 4 ᠰᠠᠷ᠎ᠠ᠎ᠶᠢᠨ 12᠎ᠤ ᠡᠳᠦᠷ ᠵᠢᠷᠭᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭᠠᠨ᠎ᠠᠴᠠ ᠪᠠᠲᠤᠯᠠᠪᠠ

  2006 ᠣᠨ᠎ᠤ 6 ᠰᠠᠷ᠎ᠠ᠎ᠶᠢᠨ 29᠎ᠦ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠬᠣᠶᠠᠳᠤᠭᠠᠷ ᠬᠤᠷᠠᠯᠳᠤᠭᠠᠨ᠎ᠠᠴᠠ ᠵᠠᠰᠠᠵᠤ ᠲᠣᠭᠲᠠᠭᠠᠪᠠ

  2015 ᠣᠨ᠎ᠤ 4 ᠰᠠᠷ᠎ᠠ᠎ᠶᠢᠨ 24 ᠎ᠦ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠳᠥᠷᠪᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠠᠤᠯᠢ〉 ᠵᠡᠷᠭᠡ ᠲᠠᠪᠤᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠵᠠᠰᠠᠪᠠ)

 

 

    ᠳᠥᠷᠪᠡᠳᠦᠭᠡᠷ ᠪᠦᠯᠦᠭ   ᠪᠠᠭᠱᠢ

 

  ᠬᠣᠷᠢᠨ ᠨᠠᠢ᠍ᠮᠠᠳᠤᠭᠠᠷ ᠵᠦᠢᠯ   ᠪᠠᠭᠱᠢ ᠬᠠᠤᠯᠢ᠎ᠪᠠᠷ ᠲᠣᠭᠲᠠᠭᠠᠭᠰᠠᠨ ᠡᠷᠬᠡ᠎ᠶᠢ ᠡᠳ᠋ᠯᠡᠬᠦ ᠪᠥᠭᠡᠳ ᠬᠠᠤᠯᠢ᠎ᠪᠠᠷ ᠲᠣᠭᠲᠠᠭᠠᠭᠰᠠᠨ ᠡᠭᠦᠷᠭᠡ᠎ᠪᠡᠨ ᠭᠦᠢᠴᠡᠳᠭᠡᠵᠦ᠂ ᠬᠥᠮᠦᠨ᠎ᠳᠦ ᠬᠡᠪ ᠳᠦᠷᠢᠮ ᠪᠣᠯᠵᠤ᠂ ᠠᠷᠠᠳ᠎ᠤᠨ ᠰᠤᠷᠭᠠᠨ ᠬᠥᠮᠦᠵᠢᠯ᠎ᠦᠨ ᠦᠢᠯᠡᠰ᠎ᠲᠦ ᠦᠨᠡᠨᠴᠢ ᠱᠢᠳᠤᠷᠭᠤ ᠪᠠᠢᠬᠤ ᠬᠡᠷᠡᠭᠲᠡᠢ᠃

  ᠨᠡᠢᠭᠡᠮ ᠳᠠᠶᠠᠭᠠᠷ᠎ᠢᠶᠠᠨ ᠪᠠᠭᠱᠢ᠎ᠶᠢ ᠬᠦᠨᠳᠦᠳᠭᠡᠬᠦ ᠬᠡᠷᠡᠭᠲᠡᠢ᠃

  ᠬᠣᠷᠢ ᠶᠢᠰᠦᠳᠦᠭᠡᠷ ᠵᠦᠢᠯ   ᠪᠠᠭᠱᠢ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠳᠤᠮᠳᠠ᠎ᠪᠠᠨ ᠰᠤᠷᠤᠭᠴᠢᠳ᠎ᠲᠤ ᠡᠷᠬᠡ ᠲᠡᠭᠱᠢ᠎ᠪᠡᠷ ᠬᠠᠨᠳᠤᠵᠤ᠂ ᠰᠤᠷᠤᠭᠴᠢ᠎ᠶᠢᠨ ᠪᠣᠳᠠᠭᠠᠯᠢ ᠪᠡᠶ᠎ᠡ᠎ᠶᠢᠨ ᠵᠥᠷᠢᠶ᠎ᠡ᠎ᠶᠢ ᠠᠩᠬᠠᠷᠴᠤ᠂ ᠪᠠᠢᠳᠠᠯ᠎ᠳᠤ᠎ᠨᠢ ᠲᠣᠬᠢᠷᠠᠭᠤᠯᠤᠨ ᠵᠢᠭᠠᠨ ᠰᠤᠷᠭᠠᠵᠤ᠂ ᠰᠤᠷᠤᠭᠴᠢ᠎ᠶᠢᠨ ᠭᠦᠢᠴᠡᠳ ᠬᠥᠭᠵᠢᠯᠲᠡ᠎ᠶᠢ ᠠᠬᠢᠭᠤᠯᠬᠤ ᠬᠡᠷᠡᠭᠲᠡᠢ᠃

  ᠪᠠᠭᠱᠢ᠎ᠨᠢ ᠰᠤᠷᠤᠭᠴᠢ᠎ᠶᠢᠨ᠎ᠨᠡᠷ᠎ᠡ ᠲᠥᠷᠦ᠎ᠶᠢ ᠬᠦᠨᠳᠦᠳᠭᠡᠬᠦ ᠬᠡᠷᠡᠭᠲᠡᠢ᠂ ᠰᠤᠷᠤᠭᠴᠢ᠎ᠶᠢ ᠭᠠᠳᠠᠭᠤᠷᠴᠢᠯᠠᠵᠤ ᠪᠣᠯᠬᠤ᠎ᠦᠭᠡᠢ᠂ ᠰᠤᠷᠤᠭᠴᠢ᠎ᠶᠢ ᠲᠠᠮᠤᠯᠠᠬᠤ᠂ ᠬᠡᠯᠪᠡᠷᠢ᠎ᠶᠢ᠎ᠨᠢ ᠥᠭᠡᠷᠡᠲᠦᠭᠦᠯᠦᠨ ᠲᠠᠮᠤᠯᠠᠬᠤ ᠪᠤᠶᠤ᠎ᠨᠡᠷ᠎ᠡ ᠲᠥᠷᠦ᠎ᠨᠡᠷ᠎ᠡ ᠬᠦᠨᠳᠦ᠎ᠶᠢ ᠭᠤᠲᠤᠭᠠᠭᠰᠠᠨ ᠪᠤᠰᠤᠳ ᠦᠢᠯᠡ ᠠᠵᠢᠯᠯᠠᠭ᠎ᠠ᠎ᠶᠢ ᠬᠢᠵᠦ ᠪᠣᠯᠬᠤ᠎ᠦᠭᠡᠢ᠂ ᠰᠤᠷᠤᠭᠴᠢᠳ᠎ᠤᠨ ᠬᠠᠤᠯᠢ ᠶᠣᠰᠤᠨ᠎ᠤ ᠡᠷᠬᠡ ᠠᠱᠢᠭ᠎ᠲᠤ ᠬᠠᠯᠳᠠᠵᠤ ᠪᠣᠯᠬᠤ᠎ᠦᠭᠡᠢ᠃

  ᠭᠤᠴᠢᠳᠤᠭᠠᠷ ᠵᠦᠢᠯ   ᠪᠠᠭᠱᠢ ᠤᠯᠤᠰ᠎ᠠᠴᠠ ᠲᠣᠭᠲᠠᠭᠠᠭᠰᠠᠨ ᠪᠠᠭᠱᠢ᠎ᠶᠢᠨ ᠬᠢᠷᠢ ᠭᠡᠮ᠎ᠢ ᠣᠯᠤᠭᠰᠠᠨ ᠪᠠᠢᠬᠤ ᠬᠡᠷᠡᠭᠲᠡᠢ᠃

  ᠤᠯᠤᠰ᠎ᠠᠴᠠ ᠨᠢᠭᠡᠳᠦᠯᠲᠡᠢ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠪᠠᠭᠱᠢ᠎ᠶᠢᠨ ᠲᠤᠱᠢᠶᠠᠯ᠎ᠤᠨ ᠳᠦᠷᠢᠮ᠎ᠢ ᠪᠠᠢᠭᠤᠯᠤᠨ᠎ᠠ᠃ ᠪᠠᠭᠱᠢ᠎ᠶᠢᠨ ᠲᠤᠱᠢᠶᠠᠯ᠎ᠢ ᠠᠩᠬ᠎ᠠ ᠵᠡᠷᠭᠡ᠎ᠶᠢᠨ ᠲᠤᠱᠢᠶᠠᠯ᠂ ᠳᠤᠮᠳᠠ ᠵᠡᠷᠭᠡ᠎ᠶᠢᠨ ᠲᠤᠱᠢᠶᠠᠯ ᠪᠣᠯᠤᠨ ᠳᠡᠭᠡᠳᠦ ᠵᠡᠷᠭᠡ᠎ᠶᠢᠨ ᠲᠤᠱᠢᠶᠠᠯ ᠭᠡᠵᠦ ᠬᠤᠪᠢᠶᠠᠨ᠎ᠠ᠃

  ᠭᠤᠴᠢᠨ ᠨᠢᠭᠡᠳᠦᠭᠡᠷ ᠵᠦᠢᠯ   ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠪᠠᠭᠱᠢ᠎ᠶᠢᠨ ᠴᠠᠯᠢᠩ ᠠᠰᠠᠷᠠᠮᠵᠢ ᠪᠣᠯᠤᠨ ᠨᠡᠢᠭᠡᠮ᠎ᠦᠨ ᠳᠠᠭᠠᠳᠭᠠᠯ᠎ᠤᠨ ᠬᠠᠷᠠᠭᠠᠯᠵᠠᠯ᠎ᠢ ᠪᠠᠲᠤᠯᠠᠵᠤ᠂ ᠪᠠᠭᠱᠢ᠎ᠶᠢᠨ ᠠᠵᠢᠯ ᠪᠠ ᠠᠮᠢᠳᠤᠷᠠᠯ᠎ᠤᠨ ᠨᠥᠬᠦᠴᠡᠯ᠎ᠢ ᠰᠠᠢᠵᠢᠷᠠᠭᠤᠯᠤᠨ᠎ᠠ; ᠬᠥᠳᠡᠭᠡ ᠲᠣᠰᠭᠤᠨ᠎ᠤ ᠪᠠᠭᠱᠢ᠎ᠶᠢᠨ ᠴᠠᠯᠢᠩ ᠵᠠᠷᠤᠳᠠᠯ᠎ᠤᠨ ᠪᠠᠲᠤᠯᠠᠭ᠎ᠠ᠎ᠶᠢᠨ ᠲᠣᠭᠲᠠᠴᠠ᠎ᠶᠢ ᠲᠡᠭᠦᠯᠳᠡᠷᠵᠢᠭᠦᠯᠦᠨ᠎ᠡ᠃

  ᠪᠠᠭᠱᠢ᠎ᠶᠢᠨ ᠳᠤᠮᠳᠠᠴᠢ ᠴᠠᠯᠢᠩ᠎ᠤᠨ ᠬᠢᠷᠢ ᠲᠦᠪᠱᠢᠨ᠎ᠢ ᠲᠤᠬᠠᠢ᠎ᠶᠢᠨ ᠭᠠᠵᠠᠷ᠎ᠤᠨ ᠠᠯᠪᠠᠲᠠᠨ᠎ᠤ ᠳᠤᠮᠳᠠᠴᠢ ᠴᠠᠯᠢᠩ᠎ᠤᠨ ᠬᠢᠷᠢ ᠲᠦᠪᠱᠢᠨ᠎ᠡᠴᠡ ᠳᠣᠣᠷ᠎ᠠ᠎ᠦᠭᠡᠢ ᠪᠠᠢᠯᠭᠠᠬᠤ ᠬᠡᠷᠡᠭᠲᠡᠢ᠃

  ᠣᠨᠴᠠᠭᠠᠢ ᠰᠤᠷᠭᠠᠨ ᠬᠥᠮᠦᠵᠢᠯ᠎ᠦᠨ ᠪᠠᠭᠱᠢ᠎ᠳᠤ ᠣᠨᠴᠠᠭᠠᠢ ᠠᠵᠢᠯ᠎ᠤᠨ ᠪᠠᠢᠷᠢ᠎ᠶᠢᠨ ᠨᠥᠬᠦᠪᠦᠷᠢ ᠨᠡᠮᠡᠯᠭᠡ ᠮᠥᠩᠭᠦ ᠣᠯᠭᠤᠨ᠎ᠠ᠃ ᠦᠨᠳᠦᠰᠦᠲᠡᠨ᠎ᠦ ᠭᠠᠵᠠᠷ ᠣᠷᠤᠨ ᠪᠠ ᠵᠠᠬ᠎ᠠ ᠬᠢᠵᠠᠭᠠᠷ᠎ᠤᠨ ᠶᠠᠳᠠᠭᠤ ᠬᠦᠴᠢᠷᠳᠡᠯᠲᠡᠢ ᠭᠠᠵᠠᠷ ᠣᠷᠤᠨ᠎ᠳᠤ ᠠᠵᠢᠯᠯᠠᠵᠤ ᠪᠠᠢᠭ᠎ᠠ ᠪᠠᠭᠱᠢ᠎ᠳᠤ ᠬᠠᠲᠠᠭᠤ ᠪᠡᠷᠬᠡ ᠶᠠᠳᠠᠭᠤ ᠬᠦᠴᠢᠷᠳᠡᠯᠲᠡᠢ ᠭᠠᠵᠠᠷ ᠣᠷᠤᠨ᠎ᠤ ᠨᠥᠬᠦᠪᠦᠷᠢ ᠨᠡᠮᠡᠯᠭᠡ ᠮᠥᠩᠭᠦ ᠣᠯᠭᠤᠨ᠎ᠠ᠃

  ᠭᠤᠴᠢᠨ ᠬᠣᠶᠠᠳᠤᠭᠠᠷ ᠵᠦᠢᠯ   ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠠᠴᠠ ᠪᠠᠭᠱᠢ᠎ᠶᠢ ᠬᠥᠮᠦᠵᠢᠭᠦᠯᠬᠦ ᠠᠵᠢᠯ᠎ᠢ ᠴᠢᠩᠭᠠᠳᠭᠠᠵᠤ᠂ ᠠᠷᠭ᠎ᠠ ᠬᠡᠮᠵᠢᠶ᠎ᠡ ᠠᠪᠴᠤ ᠪᠠᠢᠭᠠᠳ ᠪᠠᠭᠱᠢ᠎ᠶᠢᠨ ᠰᠤᠷᠭᠠᠨ ᠬᠥᠮᠦᠵᠢᠯ᠎ᠢ ᠬᠥᠭᠵᠢᠭᠦᠯᠬᠦ ᠬᠡᠷᠡᠭᠲᠡᠢ᠃

  ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ᠎ᠤ ᠣᠷᠤᠨ᠎ᠳᠠᠬᠢ ᠰᠤᠷᠭᠠᠭᠤᠯᠢ᠎ᠶᠢᠨ ᠪᠠᠭᠱᠢᠯᠠᠭᠴᠢᠳ᠎ᠤᠨ ᠬᠦᠴᠦᠨ᠎ᠢ ᠲᠡᠩᠴᠡᠭᠦᠷᠢᠲᠡᠢ ᠲᠣᠬᠢᠷᠠᠭᠤᠯᠵᠤ᠂ ᠰᠤᠷᠭᠠᠭᠤᠯᠢ᠎ᠶᠢᠨ ᠵᠠᠬᠢᠷᠤᠯ᠂ ᠪᠠᠭᠱᠢ᠎ᠶᠢᠨ ᠪᠣᠯᠪᠠᠰᠤᠷᠠᠭᠤᠯᠤᠯ ᠪᠠ ᠱᠢᠯᠵᠢᠯᠲᠡ᠎ᠶᠢ ᠵᠣᠬᠢᠶᠠᠨ ᠪᠠᠢᠭᠤᠯᠵᠤ᠂ ᠪᠠᠭᠤᠷᠠᠢ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠭᠠᠬᠤ ᠬᠡᠷᠡᠭᠲᠡᠢ᠃

  ᠭᠤᠴᠢᠨ ᠭᠤᠷᠪᠠᠳᠤᠭᠠᠷ ᠵᠦᠢᠯ   ᠲᠥᠷᠦ᠎ᠶᠢᠨ ᠶᠠᠪᠤᠳᠠᠯ᠎ᠤᠨ ᠬᠣᠷᠢᠶ᠎ᠠ ᠪᠣᠯᠤᠨ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠬᠣᠲᠠ᠎ᠶᠢᠨ ᠰᠤᠷᠭᠠᠭᠤᠯᠢ᠎ᠶᠢᠨ ᠪᠠᠭᠱᠢ᠎ᠨᠠᠷ ᠪᠠ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ᠎ᠤᠨ ᠬᠥᠳᠡᠭᠡ ᠲᠣᠰᠭᠤᠨ᠎ᠤ ᠭᠠᠵᠠᠷ ᠣᠷᠤᠨ᠂ ᠦᠨᠳᠦᠰᠦᠲᠡᠨ᠎ᠦ ᠭᠠᠵᠠᠷ ᠣᠷᠤᠨ᠎ᠳᠤ ᠣᠴᠢᠵᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠠᠵᠢᠯ ᠬᠢᠬᠦ᠎ᠶᠢ ᠵᠣᠷᠢᠭᠵᠢᠭᠤᠯᠤᠨ ᠳᠡᠮᠵᠢᠨ᠎ᠡ᠃

  ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ᠎ᠤᠨ ᠰᠠᠢᠨ ᠳᠤᠷ᠎ᠠ᠎ᠶᠢᠨ ᠠᠵᠢᠯᠯᠠᠭᠴᠢ᠎ᠶᠢᠨ ᠠᠷᠭ᠎ᠠ ᠮᠠᠶᠢᠭ᠎ᠢᠶᠠᠷ ᠬᠥᠳᠡᠭᠡ ᠲᠣᠰᠭᠤᠨ᠎ᠤ ᠭᠠᠵᠠᠷ ᠣᠷᠤᠨ᠂ ᠦᠨᠳᠦᠰᠦᠲᠡᠨ᠎ᠦ ᠭᠠᠵᠠᠷ ᠣᠷᠤᠨ᠎ᠤ ᠪᠠᠭᠱᠢ ᠳᠤᠲᠠᠭᠳᠠᠵᠤ ᠪᠠᠢᠭ᠎ᠠ ᠰᠤᠷᠭᠠᠭᠤᠯᠢ᠎ᠳᠤ ᠣᠴᠢᠵᠤ ᠪᠠᠭᠱᠢᠯᠠᠬᠤ᠎ᠶᠢ ᠤᠯᠤᠰ᠎ᠠᠴᠠ ᠵᠣᠷᠢᠭᠵᠢᠭᠤᠯᠤᠨ᠎ᠠ᠃ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠲᠡᠳᠡ᠎ᠨᠡᠷ᠎ᠦᠨ ᠪᠠᠭᠱᠢ᠎ᠶᠢᠨ ᠬᠢᠷᠢ ᠭᠡᠮ᠎ᠢ ᠬᠠᠤᠯᠢ ᠶᠣᠰᠤᠭᠠᠷ ᠮᠠᠭᠠᠳᠯᠠᠨ ᠲᠣᠭᠲᠠᠭᠠᠵᠤ᠂ ᠪᠠᠭᠱᠢᠯᠠᠭᠰᠠᠨ ᠴᠠᠭ ᠬᠤᠭᠤᠴᠠᠭ᠎ᠠ᠎ᠶᠢ᠎ᠨᠢ ᠠᠵᠢᠯᠯᠠᠭᠰᠠᠨ ᠵᠢᠯ᠎ᠳᠦ ᠪᠣᠳᠤᠵᠤ ᠣᠷᠤᠭᠤᠯᠤᠨ᠎ᠠ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604