ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠶᠢᠨ ᠬᠠᠤᠯᠢ (ᠨᠢᠭᠡᠳᠦᠭᠡᠷ ᠪᠦᠯᠦᠭ)
2019.11.07

  (1993 ᠣᠨ᠎ᠤ 12 ᠰᠠᠷ᠎ᠠ᠎ᠶᠢᠨ 29᠎ᠦ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ

  1999 ᠣᠨ᠎ᠤ 12 ᠰᠠᠷ᠎ᠠ᠎ᠶᠢᠨ 25᠎ᠤ ᠡᠳᠦᠷ᠎ᠦᠨ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠭᠤᠷᠪᠠᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ

  2004 ᠣᠨ᠎ᠤ 8 ᠰᠠᠷ᠎ᠠ᠎ᠶᠢᠨ 28᠎ᠤ ᠡᠳᠦᠷ᠎ᠦᠨ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ

  2005 ᠣᠨ᠎ᠤ 10 ᠰᠠᠷ᠎ᠠ᠎ᠶᠢᠨ 27᠎ᠤ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠵᠠᠰᠠᠪᠤᠷᠢ ᠣᠷᠤᠭᠤᠯᠪᠠ

  2013 ᠣᠨ᠎ᠤ 12 ᠰᠠᠷ᠎ᠠ᠎ᠶᠢᠨ 28᠎ᠤ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ᠎ᠶᠢᠨ ᠣᠷᠴᠢᠨ ᠠᠬᠤᠢ᠎ᠶᠢ ᠬᠠᠮᠠᠭᠠᠯᠠᠬᠤ ᠬᠠᠤᠯᠢ〉 ᠵᠡᠷᠭᠡ ᠳᠣᠯᠤᠭᠠᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ)

 

    ᠨᠢᠭᠡᠳᠦᠭᠡᠷ ᠪᠦᠯᠦᠭ  ᠶᠡᠷᠦᠩᠬᠡᠢ ᠳᠦᠷᠢᠮ

 

  ᠨᠢᠭᠡᠳᠦᠭᠡᠷ ᠵᠦᠢᠯ  ᠺᠣᠮᠫᠠᠨᠢ᠎ᠶᠢᠨ ᠵᠣᠬᠢᠶᠠᠨ ᠪᠠᠢᠭᠤᠯᠤᠯᠲᠠ ᠪᠠ ᠦᠢᠯᠡ ᠠᠵᠢᠯᠯᠠᠭ᠎ᠠ᠎ᠶᠢ ᠵᠢᠷᠤᠮᠵᠢᠭᠤᠯᠵᠤ᠂ ᠺᠣᠮᠫᠠᠨᠢ᠂ ᠬᠤᠪᠢ ᠣᠷᠤᠭᠤᠯᠤᠭᠴᠢ ᠪᠠ ᠠᠪᠴᠠᠭᠠᠲᠠᠨ᠎ᠤ ᠬᠠᠤᠯᠢ ᠶᠣᠰᠤᠨ᠎ᠤ ᠡᠷᠬᠡ ᠠᠱᠢᠭ᠎ᠢ ᠬᠠᠮᠠᠭᠠᠯᠠᠨ᠂ ᠨᠡᠢᠭᠡᠮ᠎ᠦᠨ ᠠᠵᠤ ᠠᠬᠤᠢ᠎ᠶᠢᠨ ᠡᠮᠬᠢ ᠵᠢᠷᠤᠮ᠎ᠢ ᠬᠠᠮᠠᠭᠠᠯᠠᠵᠤ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ᠎ᠶᠢᠨ ᠲᠥᠯᠦᠭᠡ ᠲᠤᠰ ᠬᠠᠤᠯᠢ᠎ᠶᠢ ᠲᠣᠭᠲᠠᠭᠠᠪᠠ᠃

  ᠬᠣᠶᠠᠳᠤᠭᠠᠷ ᠵᠦᠢᠯ  ᠲᠤᠰ ᠬᠠᠤᠯᠢ᠎ᠳᠤ ᠬᠡᠯᠡᠵᠦ ᠪᠠᠢᠭ᠎ᠠ ᠺᠣᠮᠫᠠᠨᠢ ᠭᠡᠳᠡᠭ᠎ᠨᠢ ᠲᠤᠰ ᠬᠠᠤᠯᠢ᠎ᠶᠢᠨ ᠶᠣᠰᠤᠭᠠᠷ ᠳᠤᠮᠳᠠᠳᠤ ᠤᠯᠤᠰ᠎ᠤᠨ ᠬᠢᠯᠢ᠎ᠶᠢᠨ ᠳᠣᠲᠤᠷ᠎ᠠ ᠪᠠᠢᠭᠤᠯᠤᠭᠰᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢ ᠵᠢᠭᠠᠵᠤ ᠪᠠᠢᠨ᠎ᠠ᠃

  ᠭᠤᠷᠪᠠᠳᠤᠭᠠᠷ ᠵᠦᠢᠯ  ᠺᠣᠮᠫᠠᠨᠢ ᠪᠣᠯ ᠠᠵᠤ ᠠᠬᠤᠢᠯᠠᠯ ᠬᠠᠤᠯᠢ᠎ᠶᠢᠨ ᠬᠥᠮᠦᠨ ᠮᠥᠨ᠂ ᠲᠡᠷᠡ᠎ᠨᠢ ᠬᠠᠤᠯᠢ᠎ᠶᠢᠨ ᠬᠥᠮᠦᠨ᠎ᠦ ᠲᠤᠰᠠᠭᠠᠷ ᠡᠳ ᠬᠥᠷᠦᠩᠭᠡ᠎ᠲᠡᠢ ᠪᠠᠢᠵᠤ᠂ ᠬᠠᠤᠯᠢ᠎ᠶᠢᠨ ᠬᠥᠮᠦᠨ᠎ᠦ ᠡᠳ᠋ ᠬᠥᠷᠦᠩᠭᠡ᠎ᠶᠢᠨ ᠡᠷᠬᠡ᠎ᠶᠢ ᠡᠳ᠋ᠯᠡᠨ᠎ᠡ᠃ ᠺᠣᠮᠫᠠᠨᠢ ᠪᠦᠬᠦ ᠡᠳ᠋ ᠬᠥᠷᠦᠩᠭᠡ᠎ᠪᠡᠷ᠎ᠢᠶᠡᠨ ᠺᠣᠮᠫᠠᠨᠢ᠎ᠶᠢᠨ ᠥᠷᠢ ᠥᠭᠴᠡᠭᠡᠨ᠎ᠳᠦ ᠬᠠᠷᠢᠭᠤᠴᠠᠯᠭ᠎ᠠ ᠡᠭᠦᠷᠭᠡᠯᠡᠨ᠎ᠡ᠃

  ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠤᠪᠢ ᠣᠷᠤᠭᠤᠯᠤᠭᠴᠢ᠎ᠨᠢ ᠳᠠᠭᠠᠭᠠᠨ ᠲᠤᠱᠢᠶᠠᠬᠤ ᠪᠡᠯᠡ ᠭᠠᠷᠭᠠᠭᠰᠠᠨ ᠲᠣᠭ᠎ᠠ᠎ᠪᠠᠷ᠎ᠢᠶᠠᠨ ᠺᠣᠮᠫᠠᠨᠢ᠎ᠳᠤ ᠬᠠᠷᠢᠭᠤᠴᠠᠯᠭ᠎ᠠ ᠡᠭᠦᠷᠭᠡᠯᠡᠨ᠎ᠡ; ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠬᠤᠪᠢ ᠣᠷᠤᠭᠤᠯᠤᠭᠴᠢ᠎ᠨᠢ ᠬᠤᠳᠠᠯᠳᠤᠨ ᠠᠪᠤᠭᠰᠠᠨ ᠬᠤᠪᠢ᠎ᠶᠢᠨ ᠬᠡᠮᠵᠢᠶ᠎ᠡ᠎ᠪᠡᠷ᠎ᠢᠶᠡᠨ ᠺᠣᠮᠫᠠᠨᠢ᠎ᠳᠤ ᠬᠠᠷᠢᠭᠤᠴᠠᠯᠭ᠎ᠠ ᠡᠭᠦᠷᠭᠡᠯᠡᠨ᠎ᠡ᠃

  ᠳᠥᠷᠪᠡᠳᠦᠭᠡᠷ ᠵᠦᠢᠯ  ᠺᠣᠮᠫᠠᠨᠢ᠎ᠶᠢᠨ ᠬᠤᠪᠢ ᠣᠷᠤᠭᠤᠯᠤᠭᠴᠢ᠎ᠨᠢ ᠪᠡᠯᠡ ᠬᠥᠷᠦᠩᠭᠡ᠎ᠶᠢᠨ ᠠᠱᠢᠭ ᠣᠯᠵᠠᠪᠤᠷᠢ᠎ᠶᠢ ᠬᠦᠷᠲᠡᠬᠦ᠂ ᠴᠢᠬᠤᠯᠠ ᠶᠡᠬᠡ ᠱᠢᠢᠳᠪᠦᠷᠢᠲᠦ ᠪᠣᠳᠤᠯᠭ᠎ᠠ ᠲᠣᠭᠲᠠᠭᠠᠬᠤ᠎ᠳᠤ ᠣᠷᠤᠯᠴᠠᠬᠤ ᠪᠠ ᠬᠠᠮᠢᠶᠠᠷᠤᠭᠴᠢ᠎ᠶᠢ ᠰᠣᠩᠭᠤᠬᠤ ᠵᠡᠷᠭᠡ ᠡᠷᠬᠡ᠎ᠶᠢ ᠬᠠᠤᠯᠢ ᠶᠣᠰᠤᠭᠠᠷ ᠡᠳ᠋ᠯᠡᠨ᠎ᠡ᠃

  ᠲᠠᠪᠤᠳᠤᠭᠠᠷ ᠵᠦᠢᠯ  ᠺᠣᠮᠫᠠᠨᠢ ᠡᠵᠡᠩᠨᠡᠯᠲᠡ᠎ᠶᠢᠨ ᠠᠵᠢᠯᠯᠠᠭ᠎ᠠ ᠬᠢᠬᠦ᠎ᠳᠤ᠎ᠪᠠᠨ ᠡᠷᠬᠡᠪᠱᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠢ ᠵᠢᠷᠤᠮᠯᠠᠵᠤ᠂ ᠨᠡᠢᠭᠡᠮ ᠨᠡᠢᠲᠡ᠎ᠶᠢᠨ ᠶᠣᠰᠤ ᠮᠣᠷᠠᠯ᠂ ᠬᠤᠳᠠᠯᠳᠤᠭᠠᠨ᠎ᠤ ᠶᠣᠰᠤ ᠮᠣᠷᠠᠯ᠎ᠢ ᠵᠢᠷᠤᠮᠯᠠᠨ᠂ ᠦᠨᠡᠨᠴᠢ ᠢᠲᠡᠭᠡᠮᠵᠢᠲᠡᠢ ᠪᠠᠢᠵᠤ᠂ ᠵᠠᠰᠠᠭ᠎ᠤᠨ ᠣᠷᠳᠤᠨ ᠪᠠ ᠨᠡᠢᠭᠡᠮ ᠨᠡᠢᠲᠡ᠎ᠶᠢᠨ ᠬᠢᠨᠠᠯᠲᠠ᠎ᠶᠢ ᠬᠦᠯᠢᠶᠡᠵᠦ᠂ ᠨᠡᠢᠭᠡᠮ᠎ᠦᠨ ᠬᠠᠷᠢᠭᠤᠴᠠᠯᠭ᠎ᠠ᠎ᠶᠢ ᠡᠭᠦᠷᠭᠡᠯᠡᠬᠦ ᠬᠡᠷᠡᠭᠲᠡᠢ᠃

  ᠺᠣᠮᠫᠠᠨᠢ᠎ᠶᠢᠨ ᠬᠠᠤᠯᠢ ᠶᠣᠰᠤᠨ᠎ᠤ ᠡᠷᠬᠡ ᠠᠱᠢᠭ᠎ᠢ ᠬᠠᠤᠯᠢ᠎ᠪᠠᠷ ᠬᠠᠮᠠᠭᠠᠯᠠᠨ᠎ᠠ᠂ ᠲᠡᠭᠦᠨ᠎ᠳᠦ ᠬᠠᠯᠳᠠᠵᠤ ᠪᠣᠯᠬᠤ᠎ᠦᠭᠡᠢ᠃

  ᠵᠢᠷᠭᠤᠳᠤᠭᠠᠷ ᠵᠦᠢᠯ  ᠺᠣᠮᠫᠠᠨᠢ ᠪᠠᠢᠭᠤᠯᠬᠤ᠎ᠳᠤ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠪᠠᠢᠭᠤᠯᠬᠤ ᠳᠡᠩᠰᠡᠯᠡᠯᠲᠡ ᠬᠢᠯᠭᠡᠬᠦ᠎ᠪᠡᠷ ᠬᠠᠤᠯᠢ ᠶᠣᠰᠤᠭᠠᠷ ᠭᠤᠶᠤᠴᠢᠯᠠᠬᠤ ᠬᠡᠷᠡᠭᠲᠡᠢ᠃ ᠲᠤᠰ ᠬᠠᠤᠯᠢ᠎ᠳᠤ ᠲᠣᠭᠲᠠᠭᠠᠭᠰᠠᠨ ᠪᠠᠢᠭᠤᠯᠬᠤ ᠨᠥᠬᠦᠴᠡᠯ᠎ᠳᠦ ᠨᠡᠢᠴᠡᠭᠰᠡᠨ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠤᠶᠤ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠭᠡᠵᠦ ᠲᠤᠰ ᠲᠤᠰ ᠳᠡᠩᠰᠡᠯᠡᠨ᠎ᠡ; ᠲᠤᠰ ᠬᠠᠤᠯᠢ᠎ᠳᠤ ᠲᠣᠭᠲᠠᠭᠠᠭᠰᠠᠨ ᠪᠠᠢᠭᠤᠯᠬᠤ ᠨᠥᠬᠦᠴᠡᠯ᠎ᠳᠦ ᠨᠡᠢᠴᠡᠬᠦ᠎ᠦᠭᠡᠢ ᠪᠠᠢᠪᠠᠯ᠂ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠤᠶᠤ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠭᠡᠵᠦ ᠳᠠᠩᠰᠠᠯᠠᠵᠤ ᠪᠣᠯᠬᠤ᠎ᠦᠭᠡᠢ᠃

  ᠺᠣᠮᠫᠠᠨᠢ ᠪᠠᠢᠭᠤᠯᠬᠤ᠎ᠳᠤ ᠡᠷᠬᠡᠪᠱᠢ ᠮᠡᠳᠡᠭᠦᠯᠵᠦ ᠵᠥᠪᠱᠢᠶᠡᠷᠡᠭᠦᠯᠬᠦ ᠬᠡᠷᠡᠭᠲᠡᠢ ᠭᠡᠵᠦ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠳᠤ ᠲᠣᠭᠲᠠᠭᠠᠭᠰᠠᠨ ᠪᠠᠢᠪᠠᠯ᠂ ᠺᠣᠮᠫᠠᠨᠢ᠎ᠪᠠᠨ ᠳᠠᠩᠰᠠᠯᠠᠭᠤᠯᠬᠤ᠎ᠠᠴᠠ ᠡᠮᠦᠨ᠎ᠡ ᠬᠠᠤᠯᠢ ᠶᠣᠰᠤᠭᠠᠷ ᠵᠥᠪᠱᠢᠶᠡᠷᠡᠭᠦᠯᠬᠦ ᠭᠠᠷ ᠭᠦᠢᠴᠡᠳᠭᠡᠯ᠎ᠢ ᠬᠢᠬᠦ ᠬᠡᠷᠡᠭᠲᠡᠢ᠃

  ᠣᠯᠠᠨ ᠨᠡᠢᠲᠡ ᠺᠣᠮᠫᠠᠨᠢ ᠳᠠᠩᠰᠠᠯᠠᠭᠤᠯᠤᠭᠰᠠᠨ ᠵᠦᠢᠯᠡᠰ᠎ᠦᠨ ᠲᠤᠬᠠᠢ ᠪᠠᠢᠴᠠᠭᠠᠨ ᠯᠠᠪᠯᠠᠬᠤ᠎ᠪᠠᠷ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠭᠤᠶᠤᠴᠢᠯᠠᠯ ᠭᠠᠷᠭᠠᠵᠤ ᠪᠣᠯᠤᠨ᠎ᠠ᠂ ᠺᠣᠮᠫᠠᠨᠢ ᠳᠠᠩᠰᠠᠯᠠᠬᠤ ᠪᠠᠢᠭᠤᠯᠭ᠎ᠠ ᠪᠠᠢᠴᠠᠭᠠᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠲᠡᠢ᠃

  ᠳᠣᠯᠤᠳᠤᠭᠠᠷ ᠵᠦᠢᠯ  ᠬᠠᠤᠯᠢ ᠶᠣᠰᠤᠭᠠᠷ ᠪᠠᠢᠭᠤᠯᠤᠭᠰᠠᠨ ᠺᠣᠮᠫᠠᠨᠢ᠎ᠳᠤ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠺᠣᠮᠫᠠᠨᠢ᠎ᠶᠢᠨ ᠡᠵᠡᠩᠨᠡᠯᠲᠡ᠎ᠶᠢᠨ ᠦᠨᠡᠮᠯᠡᠯ ᠣᠯᠭᠤᠨ᠎ᠠ᠃ ᠺᠣᠮᠫᠠᠨᠢ᠎ᠶᠢᠨ ᠡᠵᠡᠩᠨᠡᠯᠲᠡ᠎ᠶᠢᠨ ᠦᠨᠡᠮᠯᠡᠯ᠎ᠳᠦ ᠭᠠᠷ᠎ᠤᠨ ᠦᠰᠦᠭ ᠵᠢᠷᠤᠵᠤ ᠣᠯᠭᠤᠭᠰᠠᠨ ᠡᠳᠦᠷ ᠬᠤᠭᠤᠴᠠᠭ᠎ᠠ ᠪᠣᠯ ᠺᠣᠮᠫᠠᠨᠢ ᠪᠠᠢᠭᠤᠯᠤᠭᠳᠠᠭᠰᠠᠨ ᠡᠳᠦᠷ ᠬᠤᠭᠤᠴᠠᠭ᠎ᠠ ᠪᠣᠯᠤᠨ᠎ᠠ᠃

  ᠺᠣᠮᠫᠠᠨᠢ᠎ᠶᠢᠨ ᠡᠵᠡᠩᠨᠡᠯᠲᠡ᠎ᠶᠢᠨ ᠦᠨᠡᠮᠯᠡᠯ᠎ᠳᠦ ᠺᠣᠮᠫᠠᠨᠢ᠎ᠶᠢᠨ ᠨᠡᠷᠡᠢᠳᠦᠯ᠂ ᠣᠷᠤᠨ ᠰᠠᠭᠤᠴᠠ᠂ ᠳᠠᠩᠰᠠᠯᠠᠭᠤᠯᠤᠭᠰᠠᠨ ᠬᠥᠷᠦᠩᠭᠡ᠂ ᠡᠵᠡᠩᠨᠡᠯᠲᠡ᠎ᠶᠢᠨ ᠬᠡᠪᠴᠢᠶ᠎ᠡ᠂ ᠬᠠᠤᠯᠢ᠎ᠪᠠᠷ ᠲᠣᠭᠲᠠᠭᠠᠭᠰᠠᠨ ᠲᠥᠯᠦᠭᠡᠯᠡᠭᠴᠢ᠎ᠶᠢᠨ ᠣᠪᠤᠭ᠎ᠨᠡᠷ᠎ᠡ ᠵᠡᠷᠭᠡ ᠵᠦᠢᠯᠡᠰ᠎ᠢ ᠲᠣᠳᠤᠷᠬᠠᠢ ᠲᠡᠮᠳᠡᠭᠯᠡᠭᠰᠡᠨ ᠪᠠᠢᠬᠤ ᠬᠡᠷᠡᠭᠲᠡᠢ᠃

  ᠺᠣᠮᠫᠠᠨᠢ᠎ᠶᠢᠨ ᠡᠵᠡᠩᠨᠡᠯᠲᠡ᠎ᠶᠢᠨ ᠦᠨᠡᠮᠯᠡᠯ᠎ᠳᠦ ᠲᠡᠮᠳᠡᠭᠯᠡᠭᠰᠡᠨ ᠵᠦᠢᠯᠡᠰ᠎ᠲᠦ ᠬᠤᠪᠢᠷᠠᠯᠲᠠ ᠭᠠᠷᠬᠤ᠎ᠳᠤ ᠬᠦᠷᠪᠡᠯ᠂ ᠺᠣᠮᠫᠠᠨᠢ᠎ᠨᠢ ᠬᠤᠪᠢᠷᠠᠭᠤᠯᠬᠤ ᠳᠡᠩᠰᠡᠯᠡᠯᠲᠡ᠎ᠶᠢ ᠬᠠᠤᠯᠢ ᠶᠣᠰᠤᠭᠠᠷ ᠬᠢᠯᠭᠡᠵᠦ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠡᠵᠡᠩᠨᠡᠯᠲᠡ᠎ᠶᠢᠨ ᠦᠨᠡᠮᠯᠡᠯ᠎ᠢ᠎ᠨᠢ ᠰᠣᠯᠢᠵᠤ ᠥᠭᠬᠦ ᠬᠡᠷᠡᠭᠲᠡᠢ᠃

  ᠨᠠᠢ᠍ᠮᠠᠳᠤᠭᠠᠷ ᠵᠦᠢᠯ  ᠲᠤᠰ ᠬᠠᠤᠯᠢ᠎ᠶᠢ ᠦᠨᠳᠦᠰᠦᠯᠡᠵᠦ ᠪᠠᠢᠭᠤᠯᠤᠭᠰᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠨᠢ ᠺᠣᠮᠫᠠᠨᠢ᠎ᠶᠢᠨ ᠨᠡᠷᠡᠢᠳᠦᠯ᠎ᠳᠤ᠎ᠪᠠᠨ ᠡᠷᠬᠡᠪᠱᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠤᠶᠤ ᠬᠢᠵᠠᠭᠠᠷᠲᠤ ᠺᠣᠮᠫᠠᠨᠢ ᠭᠡᠰᠡᠨ ᠦᠰᠦᠭ ᠣᠷᠤᠭᠤᠯᠬᠤ ᠬᠡᠷᠡᠭᠲᠡᠢ᠃

  ᠲᠤᠰ ᠬᠠᠤᠯᠢ᠎ᠶᠢ ᠦᠨᠳᠦᠰᠦᠯᠡᠵᠦ ᠪᠠᠢᠭᠤᠯᠤᠭᠰᠠᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠨᠢ ᠺᠣᠮᠫᠠᠨᠢ᠎ᠶᠢᠨ ᠨᠡᠷᠡᠢᠳᠦᠯ᠎ᠳᠤ᠎ᠪᠠᠨ ᠡᠷᠬᠡᠪᠱᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠤᠶᠤ ᠬᠤᠪᠢ ᠣᠷᠤᠭᠤᠯᠤᠭᠰᠠᠨ ᠺᠣᠮᠫᠠᠨᠢ ᠭᠡᠰᠡᠨ ᠦᠰᠦᠭ ᠣᠷᠤᠭᠤᠯᠬᠤ ᠬᠡᠷᠡᠭᠲᠡᠢ᠃

  ᠶᠢᠰᠦᠳᠦᠭᠡᠷ ᠵᠦᠢᠯ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠣᠯᠭᠠᠨ ᠬᠤᠪᠢᠷᠠᠭᠤᠯᠬᠤ᠎ᠳᠤ ᠬᠦᠷᠪᠡᠯ᠂ ᠲᠤᠰ ᠬᠠᠤᠯᠢ᠎ᠳᠤ ᠲᠣᠭᠲᠠᠭᠠᠭᠰᠠᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠨᠥᠬᠦᠴᠡᠯ᠎ᠳᠦ ᠨᠡᠢᠴᠡᠭᠰᠡᠨ ᠪᠠᠢᠬᠤ ᠬᠡᠷᠡᠭᠲᠡᠢ᠃ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠭᠠᠨ ᠬᠤᠪᠢᠷᠠᠭᠤᠯᠬᠤ᠎ᠳᠤ ᠬᠦᠷᠪᠡᠯ᠂ ᠲᠤᠰ ᠬᠠᠤᠯᠢ᠎ᠳᠤ ᠲᠣᠭᠲᠠᠭᠠᠭᠰᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠨᠥᠬᠦᠴᠡᠯ᠎ᠳᠦ ᠨᠡᠢᠴᠡᠭᠰᠡᠨ ᠪᠠᠢᠬᠤ ᠬᠡᠷᠡᠭᠲᠡᠢ᠃

  ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠣᠯᠭᠠᠨ ᠬᠤᠪᠢᠷᠠᠭᠤᠯᠬᠤ ᠪᠤᠶᠤ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠭᠠᠨ ᠬᠤᠪᠢᠷᠠᠭᠤᠯᠬᠤ᠎ᠳᠤ ᠬᠦᠷᠪᠡᠯ᠂ ᠺᠣᠮᠫᠠᠨᠢ᠎ᠶᠢ ᠬᠤᠪᠢᠷᠠᠭᠤᠯᠬᠤ᠎ᠠᠴᠠ ᠡᠮᠦᠨᠡᠬᠢ ᠠᠪᠴᠠᠭ᠎ᠠ᠂ ᠥᠭᠴᠡᠭᠡ᠎ᠶᠢ ᠬᠤᠪᠢᠷᠠᠭᠤᠯᠤᠭᠰᠠᠨ᠎ᠤ ᠳᠠᠷᠠᠭᠠᠬᠢ ᠺᠣᠮᠫᠠᠨᠢ ᠵᠠᠯᠭᠠᠮᠵᠢᠯᠠᠨ᠎ᠠ᠃

  ᠠᠷᠪᠠᠳᠤᠭᠠᠷ ᠵᠦᠢᠯ  ᠺᠣᠮᠫᠠᠨᠢ᠎ᠨᠢ ᠲᠡᠭᠦᠨ᠎ᠦ ᠭᠣᠣᠯ ᠪᠣᠯᠬᠤ ᠬᠡᠷᠡᠭ ᠡᠷᠬᠢᠯᠡᠬᠦ ᠪᠠᠢᠭᠤᠯᠤᠮᠵᠢ᠎ᠶᠢᠨ ᠰᠠᠭᠤᠭ᠎ᠠ ᠭᠠᠵᠠᠷ᠎ᠢᠶᠠᠷ ᠣᠷᠤᠨ ᠰᠠᠭᠤᠴᠠ᠎ᠪᠠᠨ ᠪᠣᠯᠭᠠᠨ᠎ᠠ᠃

  ᠠᠷᠪᠠᠨ ᠨᠢᠭᠡᠳᠦᠭᠡᠷ ᠵᠦᠢᠯ  ᠺᠣᠮᠫᠠᠨᠢ ᠪᠠᠢᠭᠤᠯᠬᠤ᠎ᠳᠤ᠎ᠪᠠᠨ ᠡᠷᠬᠡᠪᠱᠢ ᠬᠠᠤᠯᠢ ᠶᠣᠰᠤᠭᠠᠷ ᠺᠣᠮᠫᠠᠨᠢ᠎ᠶᠢᠨ ᠳᠦᠷᠢᠮ ᠲᠣᠭᠲᠠᠭᠠᠬᠤ ᠬᠡᠷᠡᠭᠲᠡᠢ᠃ ᠺᠣᠮᠫᠠᠨᠢ᠎ᠶᠢᠨ ᠳᠦᠷᠢᠮ᠎ᠨᠢ ᠺᠣᠮᠫᠠᠨᠢ᠂ ᠬᠤᠪᠢ ᠣᠷᠤᠭᠤᠯᠤᠭᠴᠢ᠂ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ᠎ᠳᠤ ᠬᠢᠵᠠᠭᠠᠷᠯᠠᠬᠤ ᠬᠦᠴᠦᠨ᠎ᠲᠡᠢ᠃

  ᠠᠷᠪᠠᠨ ᠬᠣᠶᠠᠳᠤᠭᠠᠷ ᠵᠦᠢᠯ  ᠺᠣᠮᠫᠠᠨᠢ᠎ᠶᠢᠨ ᠡᠵᠡᠩᠨᠡᠯᠲᠡ᠎ᠶᠢᠨ ᠬᠡᠪᠴᠢᠶ᠎ᠡ᠎ᠶᠢ ᠺᠣᠮᠫᠠᠨᠢ᠎ᠶᠢᠨ ᠳᠦᠷᠢᠮ᠎ᠳᠦ ᠲᠣᠭᠲᠠᠭᠠᠬᠤ᠎ᠶᠢᠨ ᠬᠠᠮᠲᠤ ᠬᠠᠤᠯᠢ ᠶᠣᠰᠤᠭᠠᠷ ᠳᠠᠩᠰᠠᠯᠠᠭᠤᠯᠤᠨ᠎ᠠ᠃ ᠺᠣᠮᠫᠠᠨᠢ᠎ᠨᠢ ᠺᠣᠮᠫᠠᠨᠢ᠎ᠶᠢᠨ ᠳᠦᠷᠢᠮ᠎ᠳᠤ᠎ᠪᠠᠨ ᠵᠠᠰᠠᠪᠤᠷᠢ ᠣᠷᠤᠭᠤᠯᠵᠤ᠂ ᠡᠵᠡᠩᠨᠡᠯᠲᠡ᠎ᠶᠢᠨ ᠬᠡᠪᠴᠢᠶ᠎ᠡ᠎ᠪᠡᠨ ᠬᠤᠪᠢᠷᠠᠭᠤᠯᠵᠤ ᠪᠣᠯᠤᠨ᠎ᠠ᠂ ᠭᠡᠬᠦ᠎ᠳᠤ᠎ᠪᠠᠨ ᠬᠤᠪᠢᠷᠠᠭᠤᠯᠬᠤ ᠳᠡᠩᠰᠡᠯᠡᠯᠲᠡ ᠬᠢᠯᠭᠡᠬᠦ ᠬᠡᠷᠡᠭᠲᠡᠢ᠃

  ᠺᠣᠮᠫᠠᠨᠢ᠎ᠶᠢᠨ ᠡᠵᠡᠩᠨᠡᠯᠲᠡ᠎ᠶᠢᠨ ᠬᠡᠪᠴᠢᠶᠡᠨ᠎ᠳᠡᠬᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠳᠤ ᠡᠷᠬᠡᠪᠱᠢ ᠵᠥᠪᠱᠢᠶᠡᠷᠡᠭᠦᠯᠬᠦ ᠬᠡᠷᠡᠭᠲᠡᠢ ᠭᠡᠵᠦ ᠲᠣᠭᠲᠠᠭᠠᠭᠰᠠᠨ ᠵᠦᠢᠯᠡᠰ᠎ᠢ ᠪᠣᠯ ᠬᠠᠤᠯᠢ ᠶᠣᠰᠤᠭᠠᠷ ᠵᠥᠪᠱᠢᠶᠡᠷᠡᠭᠦᠯᠬᠦ ᠬᠡᠷᠡᠭᠲᠡᠢ᠃

  ᠠᠷᠪᠠᠨ ᠭᠤᠷᠪᠠᠳᠤᠭᠠᠷ ᠵᠦᠢᠯ  ᠺᠣᠮᠫᠠᠨᠢ᠎ᠶᠢᠨ ᠬᠠᠤᠯᠢ᠎ᠪᠠᠷ ᠲᠣᠭᠲᠠᠭᠠᠭᠰᠠᠨ ᠲᠥᠯᠦᠭᠡᠯᠡᠭᠴᠢ᠎ᠶᠢ ᠪᠣᠯ ᠺᠣᠮᠫᠠᠨᠢ᠎ᠶᠢᠨ ᠳᠦᠷᠢᠮ᠎ᠦᠨ ᠲᠣᠭᠲᠠᠭᠠᠯ᠎ᠢ ᠦᠨᠳᠦᠰᠦᠯᠡᠨ ᠬᠡᠷᠡᠭ ᠮᠡᠳᠡᠭᠴᠢᠳ᠎ᠦᠨ ᠳᠠᠷᠤᠭ᠎ᠠ᠂ ᠭᠦᠢᠴᠡᠳᠭᠡᠬᠦ ᠬᠡᠷᠡᠭ ᠮᠡᠳᠡᠭᠴᠢ ᠪᠤᠶᠤ ᠵᠢᠩᠯᠢ ᠡᠭᠦᠷᠭᠡᠯᠡᠬᠦ᠎ᠶᠢᠨ ᠬᠠᠮᠲᠤ ᠬᠠᠤᠯᠢ ᠶᠣᠰᠤᠭᠠᠷ ᠳᠠᠩᠰᠠᠯᠠᠭᠤᠯᠤᠨ᠎ᠠ᠃ ᠺᠣᠮᠫᠠᠨᠢ᠎ᠶᠢᠨ ᠬᠠᠤᠯᠢ᠎ᠪᠠᠷ ᠲᠣᠭᠲᠠᠭᠠᠭᠰᠠᠨ ᠲᠥᠯᠦᠭᠡᠯᠡᠭᠴᠢ᠎ᠶᠢ ᠬᠤᠪᠢᠷᠠᠭᠤᠯᠬᠤ᠎ᠳᠤ ᠬᠦᠷᠪᠡᠯ ᠬᠤᠪᠢᠷᠠᠭᠤᠯᠬᠤ ᠳᠡᠩᠰᠡᠯᠡᠯᠲᠡ ᠬᠢᠯᠭᠡᠬᠦ ᠬᠡᠷᠡᠭᠲᠡᠢ᠃

  ᠠᠷᠪᠠᠨ ᠳᠥᠷᠪᠡᠳᠦᠭᠡᠷ ᠵᠦᠢᠯ  ᠺᠣᠮᠫᠠᠨᠢ᠎ᠨᠢ ᠬᠤᠪᠢᠶᠠᠷᠢ ᠺᠣᠮᠫᠠᠨᠢ ᠪᠠᠢᠭᠤᠯᠵᠤ ᠪᠣᠯᠤᠨ᠎ᠠ᠃ ᠬᠤᠪᠢᠶᠠᠷᠢ ᠺᠣᠮᠫᠠᠨᠢ ᠪᠠᠢᠭᠤᠯᠬᠤ᠎ᠳᠤ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠳᠠᠩᠰᠠᠯᠠᠭᠤᠯᠬᠤ ᠭᠤᠶᠤᠴᠢᠯᠠᠯ ᠭᠠᠷᠭᠠᠵᠤ᠂ ᠡᠵᠡᠩᠨᠡᠯᠲᠡ᠎ᠶᠢᠨ ᠦᠨᠡᠮᠯᠡᠯ ᠠᠪᠬᠤ ᠬᠡᠷᠡᠭᠲᠡᠢ᠃ ᠬᠤᠪᠢᠶᠠᠷᠢ ᠺᠣᠮᠫᠠᠨᠢ᠎ᠳᠤ ᠬᠠᠤᠯᠢ᠎ᠶᠢᠨ ᠬᠥᠮᠦᠨ᠎ᠦ ᠬᠢᠷᠢ ᠭᠡᠮ ᠪᠠᠢᠬᠤ᠎ᠦᠭᠡᠢ᠂ ᠲᠡᠭᠦᠨ᠎ᠦ ᠢᠷᠭᠡᠨ᠎ᠦ ᠬᠡᠷᠡᠭ᠎ᠦᠨ ᠬᠠᠷᠢᠭᠤᠴᠠᠯᠭ᠎ᠠ᠎ᠶᠢ ᠺᠣᠮᠫᠠᠨᠢ ᠡᠭᠦᠷᠭᠡᠯᠡᠨ᠎ᠡ᠃

  ᠺᠣᠮᠫᠠᠨᠢ᠎ᠨᠢ ᠬᠦᠦ ᠺᠣᠮᠫᠠᠨᠢ ᠪᠠᠢᠭᠤᠯᠵᠤ ᠪᠣᠯᠤᠨ᠎ᠠ᠂ ᠬᠦᠦ ᠺᠣᠮᠫᠠᠨᠢ᠎ᠨᠢ ᠬᠠᠤᠯᠢ᠎ᠶᠢᠨ ᠬᠥᠮᠦᠨ᠎ᠦ ᠬᠢᠷᠢ ᠭᠡᠮ᠎ᠲᠡᠢ ᠪᠥᠭᠡᠳ ᠬᠠᠤᠯᠢ ᠶᠣᠰᠤᠭᠠᠷ ᠪᠡᠶ᠎ᠡ᠎ᠪᠡᠨ ᠳᠠᠭᠠᠭᠠᠵᠤ ᠢᠷᠭᠡᠨ᠎ᠦ ᠬᠡᠷᠡᠭ᠎ᠦᠨ ᠬᠠᠷᠢᠭᠤᠴᠠᠯᠭ᠎ᠠ ᠡᠭᠦᠷᠭᠡᠯᠡᠨ᠎ᠡ᠃

  ᠠᠷᠪᠠᠨ ᠲᠠᠪᠤᠳᠤᠭᠠᠷ ᠵᠦᠢᠯ  ᠺᠣᠮᠫᠠᠨᠢ᠎ᠨᠢ ᠪᠤᠰᠤᠳ ᠠᠵᠤ ᠠᠬᠤᠢᠯᠠᠯ᠎ᠳᠤ ᠪᠡᠯᠡ ᠣᠷᠤᠭᠤᠯᠵᠤ ᠪᠣᠯᠤᠨ᠎ᠠ; ᠭᠡᠪᠡᠴᠦ ᠬᠠᠤᠯᠢ ᠴᠠᠭᠠᠵᠠ᠎ᠳᠤ ᠠᠰᠲᠠᠭᠠᠨ ᠲᠣᠭᠲᠠᠭᠠᠯ᠎ᠲᠠᠢ ᠪᠠᠢᠬᠤ᠎ᠶᠢ ᠭᠠᠷᠭᠠᠪᠠᠯ᠂ ᠪᠡᠯᠡ ᠣᠷᠤᠭᠤᠯᠤᠭᠰᠠᠨ ᠠᠵᠤ ᠠᠬᠤᠢᠯᠠᠯ᠎ᠤᠨ ᠥᠭᠴᠡᠭᠡᠨ᠎ᠳᠦ ᠬᠣᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠪᠡᠯᠡ ᠭᠠᠷᠭᠠᠭᠴᠢ ᠪᠣᠯᠵᠤ ᠪᠣᠯᠬᠤ᠎ᠦᠭᠡᠢ᠃

  ᠠᠷᠪᠠᠨ ᠵᠢᠷᠭᠤᠳᠤᠭᠠᠷ ᠵᠦᠢᠯ  ᠺᠣᠮᠫᠠᠨᠢ ᠪᠤᠰᠤᠳ ᠠᠵᠤ ᠠᠬᠤᠢᠯᠠᠯ᠎ᠳᠤ ᠪᠡᠯᠡ ᠣᠷᠤᠭᠤᠯᠬᠤ ᠪᠤᠶᠤ ᠪᠤᠰᠤᠳ ᠬᠥᠮᠦᠨ᠎ᠳᠦ ᠳᠠᠭᠠᠭᠠᠯᠲᠠ ᠬᠠᠩᠭᠠᠬᠤ᠎ᠳᠤ ᠬᠦᠷᠪᠡᠯ᠂ ᠺᠣᠮᠫᠠᠨᠢ᠎ᠶᠢᠨ ᠳᠦᠷᠢᠮ᠎ᠦᠨ ᠲᠣᠭᠲᠠᠭᠠᠯ ᠶᠣᠰᠤᠭᠠᠷ ᠬᠡᠷᠡᠭ ᠮᠡᠳᠡᠭᠴᠢᠳ᠎ᠦᠨ ᠵᠥᠪᠯᠡᠯ ᠪᠤᠶᠤ ᠬᠤᠪᠢ ᠣᠷᠤᠭᠤᠯᠤᠭᠴᠢᠳ᠎ᠤᠨ ᠵᠥᠪᠯᠡᠯ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠠᠴᠠ ᠱᠢᠢᠳᠪᠦᠷᠢ ᠭᠠᠷᠭᠠᠨ᠎ᠠ; ᠺᠣᠮᠫᠠᠨᠢ᠎ᠶᠢᠨ ᠳᠦᠷᠢᠮ᠎ᠳᠦ ᠪᠡᠯᠡ ᠣᠷᠤᠭᠤᠯᠤᠯᠲᠠ ᠪᠤᠶᠤ ᠳᠠᠭᠠᠭᠠᠯᠲᠠ᠎ᠶᠢᠨ ᠶᠡᠷᠦᠩᠬᠡᠢ ᠲᠣᠭ᠎ᠠ ᠵᠢᠴᠢ ᠭᠠᠭᠴᠠ ᠵᠦᠢᠯ᠎ᠦᠨ ᠪᠡᠯᠡ ᠣᠷᠤᠭᠤᠯᠤᠯᠲᠠ ᠪᠤᠶᠤ ᠳᠠᠭᠠᠭᠠᠯᠲᠠ᠎ᠶᠢᠨ ᠲᠣᠭ᠎ᠠ ᠬᠡᠮᠵᠢᠶ᠎ᠡ᠎ᠶᠢ ᠬᠢᠵᠠᠭᠠᠷᠯᠠᠬᠤ ᠲᠣᠭᠲᠠᠭᠠᠯ᠎ᠲᠠᠢ ᠪᠠᠢᠪᠠᠯ᠂ ᠲᠣᠭᠲᠠᠭᠠᠭᠰᠠᠨ ᠬᠢᠵᠠᠭᠠᠷ ᠲᠣᠭ᠎ᠠ᠎ᠠᠴᠠ ᠬᠡᠲᠦᠷᠡᠭᠦᠯᠵᠦ ᠪᠣᠯᠬᠤ᠎ᠦᠭᠡᠢ᠃

  ᠺᠣᠮᠫᠠᠨᠢ᠎ᠨᠢ ᠺᠣᠮᠫᠠᠨᠢ᠎ᠶᠢᠨ ᠬᠤᠪᠢ ᠣᠷᠤᠭᠤᠯᠤᠭᠴᠢ ᠪᠤᠶᠤ ᠪᠣᠳᠠᠲᠠᠢ ᠵᠠᠬᠢᠷᠤᠭᠴᠢ᠎ᠳᠤ ᠳᠠᠭᠠᠭᠠᠯᠲᠠ ᠬᠠᠩᠭᠠᠬᠤ᠎ᠳᠤ ᠬᠦᠷᠪᠡᠯ᠂ ᠡᠷᠬᠡᠪᠱᠢ ᠬᠤᠪᠢ ᠣᠷᠤᠭᠤᠯᠤᠭᠴᠢᠳ᠎ᠤᠨ ᠵᠥᠪᠯᠡᠯ ᠪᠤᠶᠤ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠢᠶᠠᠷ ᠱᠢᠢᠳᠪᠦᠷᠢ ᠭᠠᠷᠭᠠᠭᠤᠯᠬᠤ ᠬᠡᠷᠡᠭᠲᠡᠢ᠃

  ᠡᠮᠦᠨᠡᠬᠢ ᠪᠠᠳᠠᠭ᠎ᠲᠤ ᠲᠣᠭᠲᠠᠭᠠᠭᠰᠠᠨ ᠬᠤᠪᠢ ᠣᠷᠤᠭᠤᠯᠤᠭᠴᠢ ᠪᠤᠶᠤ ᠡᠮᠦᠨᠡᠬᠢ ᠪᠠᠳᠠᠭ᠎ᠲᠤ ᠲᠣᠭᠲᠠᠭᠠᠭᠰᠠᠨ ᠪᠣᠳᠠᠲᠠᠢ ᠵᠠᠬᠢᠷᠤᠭᠴᠢ᠎ᠳᠤ ᠵᠠᠬᠢᠷᠤᠭᠳᠠᠭᠰᠠᠨ ᠬᠤᠪᠢ ᠣᠷᠤᠭᠤᠯᠤᠭᠴᠢ᠎ᠨᠢ ᠡᠮᠦᠨᠡᠬᠢ ᠪᠠᠳᠠᠭ᠎ᠲᠤ ᠲᠣᠭᠲᠠᠭᠠᠭᠰᠠᠨ ᠵᠦᠢᠯᠡᠰ᠎ᠢ ᠪᠠᠲᠤᠯᠠᠬᠤ᠎ᠳᠤ ᠣᠷᠤᠯᠴᠠᠵᠤ ᠪᠣᠯᠬᠤ᠎ᠦᠭᠡᠢ᠃ ᠲᠤᠰ ᠵᠦᠢᠯ᠎ᠦᠨ ᠪᠠᠲᠤᠯᠠᠯᠲᠠ᠎ᠶᠢ ᠬᠤᠷᠠᠯᠳᠤᠭᠠᠨ᠎ᠳᠤ ᠣᠷᠤᠯᠴᠠᠭᠰᠠᠨ ᠪᠤᠰᠤᠳ ᠬᠤᠪᠢ ᠣᠷᠤᠭᠤᠯᠤᠭᠴᠢ᠎ᠶᠢᠨ ᠡᠵᠡᠮᠱᠢᠵᠦ ᠪᠠᠢᠭ᠎ᠠ ᠪᠠᠲᠤᠯᠠᠬᠤ ᠡᠷᠬᠡ᠎ᠶᠢᠨ ᠬᠠᠭᠠᠰ᠎ᠠᠴᠠ ᠳᠡᠭᠡᠭᠱᠢᠬᠢ ᠲᠣᠭ᠎ᠠ᠎ᠪᠠᠷ ᠪᠠᠲᠤᠯᠠᠭᠤᠯᠤᠨ᠎ᠠ᠃

  ᠠᠷᠪᠠᠨ ᠳᠣᠯᠤᠳᠤᠭᠠᠷ ᠵᠦᠢᠯ  ᠺᠣᠮᠫᠠᠨᠢ ᠡᠷᠬᠡᠪᠱᠢ ᠠᠵᠢᠯᠲᠠᠨ ᠠᠵᠢᠯᠴᠢᠨ᠎ᠤ ᠬᠠᠤᠯᠢ ᠶᠣᠰᠤᠨ᠎ᠤ ᠡᠷᠬᠡ ᠠᠱᠢᠭ᠎ᠢ ᠬᠠᠮᠠᠭᠠᠯᠠᠵᠤ᠂ ᠠᠵᠢᠯᠲᠠᠨ ᠠᠵᠢᠯᠴᠢᠨ᠎ᠲᠠᠢ ᠬᠠᠤᠯᠢ ᠶᠣᠰᠤᠭᠠᠷ ᠬᠥᠳᠡᠯᠮᠦᠷᠢ᠎ᠶᠢᠨ ᠭᠡᠷ᠎ᠡ ᠲᠣᠭᠲᠠᠭᠠᠵᠤ᠂ ᠨᠡᠢᠭᠡᠮ᠎ᠦᠨ ᠳᠠᠭᠠᠳᠭᠠᠯ᠎ᠳᠤ ᠣᠷᠤᠯᠴᠠᠨ᠂ ᠬᠥᠳᠡᠯᠮᠦᠷᠢ᠎ᠶᠢᠨ ᠬᠠᠮᠠᠭᠠᠯᠠᠯᠲᠠ᠎ᠶᠢ ᠴᠢᠩᠭᠠᠳᠭᠠᠵᠤ᠂ ᠠᠶᠤᠯᠭᠦᠢ ᠦᠢᠯᠡᠳᠪᠦᠷᠢᠯᠡᠬᠦ᠎ᠶᠢ ᠪᠡᠶᠡᠯᠡᠭᠦᠯᠬᠦ ᠬᠡᠷᠡᠭᠲᠡᠢ᠃

  ᠺᠣᠮᠫᠠᠨᠢ ᠣᠯᠠᠨ ᠵᠦᠢᠯ᠎ᠦᠨ ᠬᠡᠯᠪᠡᠷᠢ᠎ᠶᠢ ᠠᠪᠴᠤ ᠪᠠᠢᠭᠠᠳ ᠺᠣᠮᠫᠠᠨᠢ᠎ᠶᠢᠨ ᠠᠵᠢᠯᠲᠠᠨ ᠠᠵᠢᠯᠴᠢᠨ᠎ᠳᠤ ᠬᠢᠬᠦ ᠠᠵᠢᠯ ᠮᠡᠷᠭᠡᠵᠢᠯ᠎ᠦᠨ ᠬᠥᠮᠦᠵᠢᠯ ᠪᠠ ᠠᠵᠢᠯ᠎ᠤᠨ ᠪᠠᠢᠷᠢ᠎ᠶᠢᠨ ᠪᠣᠯᠪᠠᠰᠤᠷᠠᠭᠤᠯᠤᠯ᠎ᠢ ᠴᠢᠩᠭᠠᠳᠭᠠᠵᠤ᠂ ᠠᠵᠢᠯᠲᠠᠨ ᠠᠵᠢᠯᠴᠢᠨ᠎ᠤ᠎ᠪᠠᠨ ᠬᠡᠪ ᠴᠢᠨᠠᠷ᠎ᠢ ᠳᠡᠭᠡᠭᠱᠢᠯᠡᠭᠦᠯᠬᠦ ᠬᠡᠷᠡᠭᠲᠡᠢ᠃

  ᠠᠷᠪᠠᠨ ᠨᠠᠢ᠍ᠮᠠᠳᠤᠭᠠᠷ ᠵᠦᠢᠯ  ᠺᠣᠮᠫᠠᠨᠢ᠎ᠶᠢᠨ ᠠᠵᠢᠯᠲᠠᠨ ᠠᠵᠢᠯᠴᠢᠨ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯᠴᠢᠨ᠎ᠤ ᠡᠪᠯᠡᠯ᠎ᠦᠨ ᠬᠠᠤᠯᠢ》 ᠶᠣᠰᠤᠭᠠᠷ ᠠᠵᠢᠯᠴᠢᠨ᠎ᠤ ᠡᠪᠯᠡᠯ᠎ᠢ ᠵᠣᠬᠢᠶᠠᠨ ᠪᠠᠢᠭᠤᠯᠵᠤ᠂ ᠠᠵᠢᠯᠴᠢᠨ᠎ᠤ ᠡᠪᠯᠡᠯ᠎ᠦᠨ ᠠᠵᠢᠯᠯᠠᠭ᠎ᠠ ᠥᠷᠨᠢᠭᠦᠯᠦᠨ᠂ ᠠᠵᠢᠯᠲᠠᠨ ᠠᠵᠢᠯᠴᠢᠨ᠎ᠤ ᠬᠠᠤᠯᠢ ᠶᠣᠰᠤᠨ᠎ᠤ ᠡᠷᠬᠡ ᠠᠱᠢᠭ᠎ᠢ ᠬᠠᠮᠠᠭᠠᠯᠠᠨ᠎ᠠ᠃ ᠺᠣᠮᠫᠠᠨᠢ᠎ᠨᠢ ᠲᠤᠰ ᠺᠣᠮᠫᠠᠨᠢ᠎ᠶᠢᠨ᠎ᠢᠶᠡᠨ ᠠᠵᠢᠯᠴᠢᠨ᠎ᠤ ᠡᠪᠯᠡᠯ᠎ᠳᠦ ᠴᠢᠬᠤᠯᠠ ᠪᠦᠬᠦᠢ ᠠᠵᠢᠯᠯᠠᠭ᠎ᠠ᠎ᠶᠢᠨ ᠨᠥᠬᠦᠴᠡᠯ᠎ᠢ ᠬᠠᠩᠭᠠᠬᠤ ᠬᠡᠷᠡᠭᠲᠡᠢ᠃ ᠺᠣᠮᠫᠠᠨᠢ᠎ᠶᠢᠨ ᠠᠵᠢᠯᠴᠢᠨ᠎ᠤ ᠡᠪᠯᠡᠯ᠎ᠨᠢ ᠠᠵᠢᠯᠲᠠᠨ ᠠᠵᠢᠯᠴᠢᠨ᠎ᠢ ᠲᠥᠯᠦᠭᠡᠯᠡᠨ ᠠᠵᠢᠯᠲᠠᠨ ᠠᠵᠢᠯᠴᠢᠨ᠎ᠤ ᠬᠥᠳᠡᠯᠮᠦᠷᠢ᠎ᠶᠢᠨ ᠬᠥᠯᠦᠰᠦ ᠣᠯᠭᠤᠮᠵᠢ᠂ ᠠᠵᠢᠯᠯᠠᠬᠤ ᠴᠠᠭ᠂ ᠠᠰᠠᠷᠠᠮᠵᠢ᠂ ᠳᠠᠭᠠᠳᠭᠠᠯ ᠪᠣᠯᠤᠨ ᠬᠥᠳᠡᠯᠮᠦᠷᠢ᠎ᠶᠢᠨ ᠠᠮᠤᠷ ᠲᠦᠪᠱᠢᠨ ᠡᠷᠡᠭᠦᠯ ᠬᠠᠮᠠᠭᠠᠯᠠᠯ ᠵᠡᠷᠭᠡ ᠵᠦᠢᠯᠡᠰ᠎ᠦᠨ ᠲᠤᠬᠠᠢ ᠺᠣᠮᠫᠠᠨᠢ᠎ᠲᠠᠢ ᠬᠠᠤᠯᠢ ᠶᠣᠰᠤᠭᠠᠷ ᠬᠠᠮᠲᠤ᠎ᠶᠢᠨ ᠭᠡᠷ᠎ᠡ ᠲᠣᠭᠲᠠᠭᠠᠨ᠎ᠠ᠃

  ᠺᠣᠮᠫᠠᠨᠢ ᠦᠨᠳᠦᠰᠦᠨ ᠬᠠᠤᠯᠢ ᠪᠣᠯᠤᠨ ᠬᠣᠯᠪᠤᠭᠳᠠᠯ ᠪᠦᠬᠦᠢ ᠬᠠᠤᠯᠢ ᠴᠠᠭᠠᠵᠠ᠎ᠶᠢᠨ ᠲᠣᠭᠲᠠᠭᠠᠯ ᠶᠣᠰᠤᠭᠠᠷ ᠠᠵᠢᠯᠲᠠᠨ ᠠᠵᠢᠯᠴᠢᠨ᠎ᠤ ᠲᠥᠯᠦᠭᠡᠯᠡᠭᠴᠢᠳ᠎ᠦᠨ ᠶᠡᠬᠡ ᠬᠤᠷᠠᠯ ᠪᠤᠶᠤ ᠪᠤᠰᠤᠳ ᠬᠡᠯᠪᠡᠷᠢ᠎ᠪᠡᠷ ᠳᠠᠮᠵᠢᠭᠤᠯᠤᠨ ᠠᠷᠠᠳᠴᠢᠯᠠᠭᠰᠠᠨ ᠬᠠᠮᠢᠶᠠᠷᠤᠯᠲᠠ᠎ᠶᠢ ᠬᠡᠷᠡᠭᠵᠢᠭᠦᠯᠦᠨ᠎ᠡ᠃

  ᠺᠣᠮᠫᠠᠨᠢ ᠪᠠᠢᠭᠤᠯᠤᠯ᠎ᠢ ᠥᠭᠡᠷᠡᠴᠢᠯᠡᠬᠦ ᠵᠢᠴᠢ ᠡᠵᠡᠩᠨᠡᠯᠲᠡ᠎ᠶᠢᠨ ᠲᠠᠯ᠎ᠠ᠎ᠶᠢᠨ ᠴᠢᠬᠤᠯᠠ ᠶᠡᠬᠡ ᠠᠰᠠᠭᠤᠳᠠᠯ᠎ᠢ ᠰᠤᠳᠤᠯᠤᠨ ᠲᠣᠭᠲᠠᠭᠠᠬᠤ᠂ ᠴᠢᠬᠤᠯᠠ ᠳᠦᠷᠢᠮ ᠲᠣᠭᠲᠠᠭᠠᠯ᠎ᠢ ᠲᠣᠭᠲᠠᠭᠠᠬᠤ᠎ᠳᠤ᠎ᠪᠠᠨ ᠺᠣᠮᠫᠠᠨᠢ᠎ᠶᠢᠨ ᠠᠵᠢᠯᠴᠢᠨ᠎ᠤ ᠡᠪᠯᠡᠯ᠎ᠦᠨ ᠰᠠᠨᠠᠯ᠎ᠢ ᠰᠣᠨᠤᠰᠭᠤ᠎ᠶᠢᠨ ᠬᠠᠮᠲᠤ ᠠᠵᠢᠯᠲᠠᠨ ᠠᠵᠢᠯᠴᠢᠨ᠎ᠤ ᠲᠥᠯᠦᠭᠡᠯᠡᠭᠴᠢᠳ᠎ᠦᠨ ᠶᠡᠬᠡ ᠬᠤᠷᠠᠯ ᠪᠤᠶᠤ ᠪᠤᠰᠤᠳ ᠬᠡᠯᠪᠡᠷᠢ᠎ᠪᠡᠷ ᠳᠠᠮᠵᠢᠭᠤᠯᠤᠨ ᠠᠵᠢᠯᠲᠠᠨ ᠠᠵᠢᠯᠴᠢᠨ᠎ᠤ ᠰᠠᠨᠠᠯ ᠰᠠᠨᠠᠭᠤᠯᠭ᠎ᠠ᠎ᠶᠢ ᠰᠣᠨᠤᠰᠭᠤ ᠬᠡᠷᠡᠭᠲᠡᠢ᠃

  ᠠᠷᠪᠠ ᠶᠢᠰᠦᠳᠦᠭᠡᠷ ᠵᠦᠢᠯ  ᠺᠣᠮᠫᠠᠨᠢ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ᠎ᠦᠨ ᠲᠣᠭᠲᠠᠭᠠᠯ᠎ᠢ ᠦᠨᠳᠦᠰᠦᠯᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠬᠢᠶᠠᠨ ᠪᠠᠢᠭᠤᠯᠤᠯᠲᠠ᠎ᠶᠢ ᠪᠠᠢᠭᠤᠯᠵᠤ᠂ ᠨᠠᠮ᠎ᠤᠨ ᠠᠵᠢᠯᠯᠠᠭ᠎ᠠ᠎ᠶᠢ ᠥᠷᠨᠢᠭᠦᠯᠦᠨ᠎ᠡ᠃ ᠺᠣᠮᠫᠠᠨᠢ ᠨᠠᠮ᠎ᠤᠨ ᠵᠣᠬᠢᠶᠠᠨ ᠪᠠᠢᠭᠤᠯᠤᠯᠲᠠ᠎ᠶᠢᠨ ᠠᠵᠢᠯᠯᠠᠭ᠎ᠠ᠎ᠳᠤ ᠴᠢᠬᠤᠯᠠ ᠪᠦᠬᠦᠢ ᠨᠥᠬᠦᠴᠡᠯ ᠬᠠᠩᠭᠠᠬᠤ ᠬᠡᠷᠡᠭᠲᠡᠢ᠃

  ᠬᠣᠷᠢᠳᠤᠭᠠᠷ ᠵᠦᠢᠯ  ᠺᠣᠮᠫᠠᠨᠢ᠎ᠶᠢᠨ ᠬᠤᠪᠢ ᠣᠷᠤᠭᠤᠯᠤᠭᠴᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠣᠯᠤᠨ ᠺᠣᠮᠫᠠᠨᠢ᠎ᠶᠢᠨ ᠳᠦᠷᠢᠮ᠎ᠢ ᠵᠢᠷᠤᠮᠯᠠᠵᠤ᠂ ᠬᠤᠪᠢ ᠣᠷᠤᠭᠤᠯᠤᠭᠴᠢ᠎ᠶᠢᠨ ᠡᠷᠬᠡ᠎ᠪᠡᠨ ᠬᠠᠤᠯᠢ ᠶᠣᠰᠤᠭᠠᠷ ᠬᠡᠷᠡᠭᠵᠢᠭᠦᠯᠬᠦ ᠬᠡᠷᠡᠭᠲᠡᠢ᠂ ᠬᠤᠪᠢ ᠣᠷᠤᠭᠤᠯᠤᠭᠴᠢ᠎ᠶᠢᠨ ᠡᠷᠬᠡ᠎ᠶᠢ ᠳᠤᠷ᠎ᠠ᠎ᠪᠠᠷ᠎ᠢᠶᠠᠨ ᠬᠡᠷᠡᠭᠯᠡᠨ ᠺᠣᠮᠫᠠᠨᠢ ᠪᠤᠶᠤ ᠪᠤᠰᠤᠳ ᠬᠤᠪᠢ ᠣᠷᠤᠭᠤᠯᠤᠭᠴᠢ᠎ᠶᠢᠨ ᠠᠱᠢᠭ ᠲᠤᠰᠠ᠎ᠶᠢ ᠬᠣᠬᠢᠷᠠᠭᠤᠯᠵᠤ ᠪᠣᠯᠬᠤ᠎ᠦᠭᠡᠢ; ᠺᠣᠮᠫᠠᠨᠢ᠎ᠶᠢᠨ ᠬᠠᠤᠯᠢ᠎ᠶᠢᠨ ᠬᠥᠮᠦᠨ᠎ᠦ ᠪᠡᠶ᠎ᠡ᠎ᠪᠡᠨ ᠳᠠᠭᠠᠭᠠᠭᠰᠠᠨ ᠪᠠᠢᠷᠢ ᠰᠠᠭᠤᠷᠢ ᠪᠣᠯᠤᠨ ᠬᠤᠪᠢ ᠣᠷᠤᠭᠤᠯᠤᠭᠴᠢ᠎ᠶᠢᠨ ᠬᠢᠵᠠᠭᠠᠷᠲᠤ ᠬᠠᠷᠢᠭᠤᠴᠠᠯᠭ᠎ᠠ᠎ᠶᠢ ᠳᠤᠷ᠎ᠠ᠎ᠪᠠᠷ᠎ᠢᠶᠠᠨ ᠬᠡᠷᠡᠭᠯᠡᠨ ᠺᠣᠮᠫᠠᠨᠢ᠎ᠶᠢᠨ ᠠᠪᠴᠠᠭᠠᠲᠠᠨ᠎ᠤ ᠠᠱᠢᠭ ᠲᠤᠰᠠ᠎ᠶᠢ ᠬᠣᠬᠢᠷᠠᠭᠤᠯᠵᠤ ᠪᠣᠯᠬᠤ᠎ᠦᠭᠡᠢ᠃

  ᠺᠣᠮᠫᠠᠨᠢ᠎ᠶᠢᠨ ᠬᠤᠪᠢ ᠣᠷᠤᠭᠤᠯᠤᠭᠴᠢ ᠬᠤᠪᠢ ᠣᠷᠤᠭᠤᠯᠤᠭᠴᠢ᠎ᠶᠢᠨ ᠡᠷᠬᠡ᠎ᠶᠢ ᠳᠤᠷ᠎ᠠ᠎ᠪᠠᠷ᠎ᠢᠶᠠᠨ ᠬᠡᠷᠡᠭᠯᠡᠭᠡᠳ ᠺᠣᠮᠫᠠᠨᠢ ᠪᠤᠶᠤ ᠪᠤᠰᠤᠳ ᠬᠤᠪᠢ ᠣᠷᠤᠭᠤᠯᠤᠭᠴᠢ᠎ᠳᠤ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠤᠭᠠᠷ ᠲᠥᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃

  ᠺᠣᠮᠫᠠᠨᠢ᠎ᠶᠢᠨ ᠬᠤᠪᠢ ᠣᠷᠤᠭᠤᠯᠤᠭᠴᠢ ᠺᠣᠮᠫᠠᠨᠢ᠎ᠶᠢᠨ ᠬᠠᠤᠯᠢ᠎ᠶᠢᠨ ᠬᠥᠮᠦᠨ᠎ᠦ ᠪᠡᠶ᠎ᠡ᠎ᠪᠡᠨ ᠳᠠᠭᠠᠭᠠᠭᠰᠠᠨ ᠪᠠᠢᠷᠢ ᠰᠠᠭᠤᠷᠢ ᠪᠣᠯᠤᠨ ᠬᠤᠪᠢ ᠣᠷᠤᠭᠤᠯᠤᠭᠴᠢ᠎ᠶᠢᠨ ᠬᠢᠵᠠᠭᠠᠷᠲᠤ ᠬᠠᠷᠢᠭᠤᠴᠠᠯᠭ᠎ᠠ᠎ᠶᠢ ᠳᠤᠷ᠎ᠠ᠎ᠪᠠᠷ᠎ᠢᠶᠠᠨ ᠬᠡᠷᠡᠭᠯᠡᠨ ᠥᠭᠴᠡᠭᠡ᠎ᠡᠴᠡ ᠵᠠᠢᠯᠠᠵᠤ᠂ ᠺᠣᠮᠫᠠᠨᠢ᠎ᠶᠢᠨ ᠠᠪᠴᠠᠭᠠᠲᠠᠨ᠎ᠤ ᠠᠱᠢᠭ ᠲᠤᠰᠠ᠎ᠶᠢ ᠬᠦᠨᠳᠦ ᠨᠣᠴᠢᠲᠠᠢ ᠬᠣᠬᠢᠷᠠᠭᠤᠯᠤᠭᠰᠠᠨ ᠪᠠᠢᠪᠠᠯ᠂ ᠺᠣᠮᠫᠠᠨᠢ᠎ᠶᠢᠨ ᠥᠭᠴᠡᠭᠡ᠎ᠳᠦ ᠬᠣᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃

  ᠬᠣᠷᠢᠨ ᠨᠢᠭᠡᠳᠦᠭᠡᠷ ᠵᠦᠢᠯ  ᠺᠣᠮᠫᠠᠨᠢ᠎ᠶᠢᠨ ᠬᠤᠪᠢ ᠡᠵᠡᠮᠳᠡᠬᠦ ᠬᠤᠪᠢ ᠣᠷᠤᠭᠤᠯᠤᠭᠴᠢ᠂ ᠪᠣᠳᠠᠲᠠᠢ ᠵᠠᠬᠢᠷᠤᠭᠴᠢ᠂ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠬᠣᠯᠪᠤᠯᠳᠤᠭᠰᠠᠨ ᠬᠠᠷᠢᠴᠠᠭ᠎ᠠ᠎ᠪᠠᠨ ᠠᠱᠢᠭᠯᠠᠨ ᠺᠣᠮᠫᠠᠨᠢ᠎ᠶᠢᠨ ᠠᠱᠢᠭ ᠲᠤᠰᠠ᠎ᠶᠢ ᠬᠣᠬᠢᠷᠠᠭᠤᠯᠵᠤ ᠪᠣᠯᠬᠤ᠎ᠦᠭᠡᠢ᠃

  ᠡᠮᠦᠨᠡᠬᠢ ᠪᠠᠳᠠᠭ᠎ᠤᠨ ᠲᠣᠭᠲᠠᠭᠠᠯ᠎ᠢ ᠵᠥᠷᠢᠴᠡᠵᠦ᠂ ᠺᠣᠮᠫᠠᠨᠢ᠎ᠳᠤ ᠬᠣᠬᠢᠷᠠᠯ ᠤᠴᠠᠷᠠᠭᠤᠯᠤᠭᠰᠠᠨ ᠪᠠᠢᠪᠠᠯ ᠲᠥᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃

  ᠬᠣᠷᠢᠨ ᠬᠣᠶᠠᠳᠤᠭᠠᠷ ᠵᠦᠢᠯ  ᠺᠣᠮᠫᠠᠨᠢ᠎ᠶᠢᠨ ᠬᠤᠪᠢ ᠣᠷᠤᠭᠤᠯᠤᠭᠴᠢᠳ᠎ᠤᠨ ᠵᠥᠪᠯᠡᠯ ᠪᠤᠶᠤ ᠬᠤᠪᠢ ᠣᠷᠤᠭᠤᠯᠤᠭᠴᠢᠳ᠎ᠤᠨ ᠶᠡᠬᠡ ᠬᠤᠷᠠᠯ᠂ ᠬᠡᠷᠡᠭ ᠮᠡᠳᠡᠭᠴᠢᠳ᠎ᠦᠨ ᠵᠥᠪᠯᠡᠯ᠎ᠦᠨ ᠱᠢᠢᠳᠪᠦᠷᠢ᠎ᠶᠢᠨ ᠠᠭᠤᠯᠭ᠎ᠠ᠎ᠨᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠢ ᠵᠥᠷᠢᠴᠡᠭᠰᠡᠨ ᠪᠠᠢᠪᠠᠯ ᠬᠦᠴᠦᠨ᠎ᠦᠭᠡᠢ᠃

  ᠬᠤᠪᠢ ᠣᠷᠤᠭᠤᠯᠤᠭᠴᠢᠳ᠎ᠤᠨ ᠵᠥᠪᠯᠡᠯ ᠪᠤᠶᠤ ᠬᠤᠪᠢ ᠣᠷᠤᠭᠤᠯᠤᠭᠴᠢᠳ᠎ᠤᠨ ᠶᠡᠬᠡ ᠬᠤᠷᠠᠯ᠂ ᠬᠡᠷᠡᠭ ᠮᠡᠳᠡᠭᠴᠢᠳ᠎ᠦᠨ ᠵᠥᠪᠯᠡᠯ᠎ᠦᠨ ᠬᠤᠷᠠᠯᠳᠤᠭᠠᠨ᠎ᠢ ᠬᠤᠷᠠᠯᠳᠤᠭᠤᠯᠬᠤ ᠵᠢᠷᠤᠮ᠂ ᠪᠠᠲᠤᠯᠠᠬᠤ ᠠᠷᠭ᠎ᠠ ᠮᠠᠶᠢᠭ᠎ᠨᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠤᠶᠤ ᠺᠣᠮᠫᠠᠨᠢ᠎ᠶᠢᠨ ᠳᠦᠷᠢᠮ᠎ᠢ ᠵᠥᠷᠢᠴᠡᠭᠰᠡᠨ᠂ ᠡᠰᠡᠬᠦᠯ᠎ᠡ ᠱᠢᠢᠳᠪᠦᠷᠢ᠎ᠶᠢᠨ ᠠᠭᠤᠯᠭ᠎ᠠ᠎ᠨᠢ ᠺᠣᠮᠫᠠᠨᠢ᠎ᠶᠢᠨ ᠳᠦᠷᠢᠮ᠎ᠢ ᠵᠥᠷᠢᠴᠡᠭᠰᠡᠨ ᠪᠠᠢᠪᠠᠯ᠂ ᠬᠤᠪᠢ ᠣᠷᠤᠭᠤᠯᠤᠭᠴᠢ᠎ᠨᠢ ᠲᠡᠭᠦᠨ᠎ᠢ ᠬᠦᠴᠦᠨ᠎ᠦᠭᠡᠢ ᠪᠣᠯᠭᠠᠭᠤᠯᠬᠤ᠎ᠪᠠᠷ ᠱᠢᠢᠳᠪᠦᠷᠢ ᠭᠠᠷᠭᠠᠭᠰᠠᠨ ᠡᠳᠦᠷ᠎ᠡᠴᠡ ᠡᠬᠢᠯᠡᠨ ᠵᠢᠷᠠᠨ ᠡᠳᠦᠷ᠎ᠦᠨ ᠳᠣᠲᠤᠷ᠎ᠠ ᠠᠷᠠᠳ᠎ᠤᠨ ᠱᠢᠭᠦᠬᠦ ᠬᠣᠷᠢᠶ᠎ᠠ᠎ᠳᠤ ᠭᠤᠶᠤᠴᠢᠯᠠᠵᠤ ᠪᠣᠯᠤᠨ᠎ᠠ᠃

  ᠬᠤᠪᠢ ᠣᠷᠤᠭᠤᠯᠤᠭᠴᠢ ᠡᠮᠦᠨᠡᠬᠢ ᠪᠠᠳᠠᠭ᠎ᠤᠨ ᠲᠣᠭᠲᠠᠭᠠᠯ ᠶᠣᠰᠤᠭᠠᠷ ᠵᠠᠭᠠᠯᠳᠤᠭᠰᠠᠨ ᠪᠠᠢᠪᠠᠯ᠂ ᠠᠷᠠᠳ᠎ᠤᠨ ᠱᠢᠭᠦᠬᠦ ᠬᠣᠷᠢᠶ᠎ᠠ ᠺᠣᠮᠫᠠᠨᠢ᠎ᠶᠢᠨ ᠭᠤᠶᠤᠴᠢᠯᠠᠯ᠎ᠢᠶᠠᠷ ᠵᠣᠬᠢᠴᠠᠩᠭᠤᠢ ᠳᠠᠭᠠᠭᠠᠯᠲᠠ ᠬᠠᠨᠭᠭᠠᠯᠭᠠᠬᠤ᠎ᠪᠠᠷ ᠬᠤᠪᠢ ᠣᠷᠤᠭᠤᠯᠤᠭᠴᠢ᠎ᠶᠢ ᠱᠠᠭᠠᠷᠳᠠᠵᠤ ᠪᠣᠯᠤᠨ᠎ᠠ᠃

  ᠺᠣᠮᠫᠠᠨᠢ ᠬᠤᠪᠢ ᠣᠷᠤᠭᠤᠯᠤᠭᠴᠢᠳ᠎ᠤᠨ ᠵᠥᠪᠯᠡᠯ ᠪᠤᠶᠤ ᠬᠤᠪᠢ ᠣᠷᠤᠭᠤᠯᠤᠭᠴᠢᠳ᠎ᠤᠨ ᠶᠡᠬᠡ ᠬᠤᠷᠠᠯ᠂ ᠬᠡᠷᠡᠭ ᠮᠡᠳᠡᠭᠴᠢᠳ᠎ᠦᠨ ᠵᠥᠪᠯᠡᠯ᠎ᠦᠨ ᠱᠢᠢᠳᠪᠦᠷᠢ᠎ᠶᠢ ᠦᠨᠳᠦᠰᠦᠯᠡᠨ ᠨᠢᠭᠡᠨᠲᠡ ᠬᠤᠪᠢᠷᠠᠭᠤᠯᠬᠤ ᠳᠡᠩᠰᠡᠯᠡᠯᠲᠡ ᠬᠢᠯᠭᠡᠭᠰᠡᠨ ᠪᠠᠢᠪᠠᠯ᠂ ᠠᠷᠠᠳ᠎ᠤᠨ ᠱᠢᠭᠦᠬᠦ ᠬᠣᠷᠢᠶ᠎ᠠ᠎ᠠᠴᠠ ᠲᠤᠰ ᠱᠢᠢᠳᠪᠦᠷᠢ᠎ᠨᠢ ᠬᠦᠴᠦᠨ᠎ᠦᠭᠡᠢ ᠪᠤᠶᠤ ᠲᠤᠰ ᠱᠢᠢᠳᠪᠦᠷᠢ᠎ᠶᠢ ᠬᠦᠴᠦᠨ᠎ᠦᠭᠡᠢ ᠪᠣᠯᠭᠠᠨ᠎ᠠ ᠭᠡᠵᠦ ᠵᠠᠷᠯᠠᠭᠰᠠᠨ᠎ᠤ ᠳᠠᠷᠠᠭ᠎ᠠ᠂ ᠺᠣᠮᠫᠠᠨᠢ ᠬᠤᠪᠢᠷᠠᠭᠤᠯᠤᠭᠰᠠᠨ ᠳᠠᠩᠰᠠᠯᠠᠯᠲᠠ᠎ᠪᠠᠨ ᠬᠦᠴᠦᠨ᠎ᠦᠭᠡᠢ ᠪᠣᠯᠭᠠᠭᠤᠯᠬᠤ᠎ᠪᠠᠷ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠭᠤᠶᠤᠴᠢᠯᠠᠯ ᠭᠠᠷᠭᠠᠬᠤ ᠬᠡᠷᠡᠭᠲᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604