《ᠱᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ᠎ᠶᠢ ᠭᠦᠨᠵᠡᠭᠡᠢᠷᠡᠭᠦᠯᠬᠦ ᠲᠤᠬᠠᠢ》 ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠰᠠᠨᠠᠯ (ᠨᠢᠭᠡ)
2020.03.16

ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠱᠢᠭᠤᠳ ᠬᠠᠷᠢᠶ᠎ᠠ ᠬᠤᠳᠠ᠎ᠶᠢᠨ ᠠᠷᠠᠳ᠎ᠤᠨ ᠵᠠᠰᠠᠭ᠎ᠤᠨ ᠤᠷᠳᠤᠨ᠂ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠡᠯ᠎ᠡ ᠶᠠᠮᠤᠨ ᠵᠦᠪᠯᠡᠯ᠂ ᠡᠯ᠎ᠡ ᠱᠢᠭᠤᠳ ᠬᠠᠷᠢᠶ᠎ᠠ ᠪᠠᠢᠭᠤᠯᠤᠮᠵᠢ᠄     

  ᠱᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠪᠤᠯ ᠤᠯᠤᠰ᠎ᠤᠨ ᠰᠤᠷᠭᠠᠨ ᠬᠦᠮᠦᠵᠢᠯ᠎ᠤᠨ ᠦᠨᠳᠦᠰᠦᠨ ᠲᠦᠷᠢᠮ ᠪᠤᠯᠤᠨ᠎ᠠ᠃ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯᠳᠤᠭᠠᠨ᠎ᠠᠴᠠ ᠱᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ᠎ᠶᠢᠨ ᠲᠤᠬᠠᠢ ᠪᠦᠬᠦ ᠲᠠᠯ᠎ᠠ᠎ᠪᠠᠷ ᠪᠠᠢᠷᠢᠯᠠᠭᠤᠯᠤᠯᠲᠠ ᠬᠢᠭᠰᠡᠨ ᠪᠦᠭᠡᠳ ᠡᠨᠡ ᠵᠢᠯ᠎ᠤᠨ 《ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ》᠎ᠳᠤ᠎ᠴᠤ ᠲᠤᠳᠤᠷᠬᠠᠢ ᠱᠠᠭᠠᠷᠳᠠᠯᠭ᠎ᠠ ᠲᠤᠷᠠᠳᠤᠭᠰᠠᠨ ᠪᠢᠯᠡ᠃ ᠦᠭᠡᠷᠡᠴᠢᠯᠡᠯᠳᠡ ᠨᠡᠭᠡᠭᠡᠯᠳᠡ ᠬᠢᠭᠰᠡᠨ 30 ᠭᠠᠷᠤᠢ ᠵᠢᠯ᠎ᠤᠨ ᠲᠤᠷᠱᠢ᠂ ᠮᠠᠨ᠎ᠤ ᠤᠯᠤᠰ ᠱᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ᠎ᠢ ᠲᠠᠰᠤᠷᠠᠯᠳᠠ᠎ᠦᠭᠡᠢ ᠦᠭᠡᠷᠡᠴᠢᠯᠡᠨ ᠲᠡᠬᠦᠯᠳᠡᠷᠵᠢᠬᠦᠯᠦᠭᠡᠳ ᠱᠢᠯᠭᠠᠯᠳᠠ ᠬᠢᠵᠤ ᠰᠤᠷᠤᠭᠴᠢ ᠡᠯᠰᠡᠬᠦ ᠲᠠᠯ᠎ᠠ᠎ᠪᠠᠷ ᠨᠡᠯᠢᠶᠡᠳ ᠲᠡᠬᠦᠯᠳᠡᠷᠵᠢᠭᠰᠡᠨ ᠱᠢᠰᠲᠧᠮ᠎ᠢ ᠠᠩᠬ᠎ᠠ ᠠᠯᠬᠤᠮ ᠪᠦᠷᠢᠯᠳᠤᠬᠦᠯᠵᠤ᠂ ᠰᠤᠷᠤᠭᠴᠢ᠎ᠶᠢᠨ ᠦᠰᠦᠯᠳᠡ ᠪᠣᠢᠵᠢᠯᠲᠠ᠂ ᠤᠯᠤᠰ᠎ᠠᠴᠠ ᠴᠢᠳᠠᠪᠤᠷᠢᠳᠠᠨ᠎ᠢ ᠰᠤᠩᠭᠤᠬᠤ ᠪᠠ ᠨᠡᠢᠭᠡᠮ᠎ᠤᠨ ᠡᠷᠭᠡ ᠲᠡᠭᠱᠢ᠎ᠳᠤ ᠲᠡᠦᠭᠡᠳᠤ ᠴᠢᠨᠠᠷᠳᠠᠢ ᠬᠤᠪᠢ ᠨᠡᠮᠡᠷᠢ᠎ᠪᠠᠨ ᠦᠵᠡᠬᠦᠯᠦᠨ᠂ ᠲᠡᠭᠡᠳᠤ ᠵᠡᠷᠭᠡ᠎ᠶᠢᠨ ᠰᠤᠷᠭᠠᠨ ᠬᠦᠮᠦᠵᠢᠯ᠎ᠤᠨ ᠴᠢᠨᠠᠷ ᠴᠢᠨᠰᠠᠭ᠎ᠠ᠎ᠶᠢ ᠲᠡᠭᠡᠭᠱᠢᠯᠡᠬᠦᠯᠬᠦ᠂ ᠠᠷᠠᠳ ᠢᠷᠭᠡᠳ᠎ᠤᠨ ᠬᠡᠪ ᠪᠤᠯᠪᠠᠰᠤᠷᠠᠯ᠎ᠢ ᠲᠡᠭᠡᠭᠱᠢᠯᠡᠬᠦᠯᠬᠦ᠂ ᠤᠯᠤᠰ᠎ᠤᠨ ᠤᠳᠤᠬᠢᠴᠢᠯᠠᠭᠰᠠᠨ ᠪᠦᠳᠦᠭᠡᠨ ᠪᠠᠢᠭᠤᠯᠤᠯᠲᠠ᠎ᠳᠤ ᠦᠢᠯᠡᠴᠢᠯᠡᠬᠦ᠎ᠳᠤ ᠤᠷᠤᠯᠠᠭᠤᠯᠵᠤ ᠪᠤᠯᠤᠱᠢ᠎ᠦᠭᠡᠢ ᠴᠢᠬᠤᠯᠠ ᠦᠢᠯᠡᠳᠦᠯ ᠦᠵᠡᠬᠦᠯᠦᠭᠰᠡᠨ ᠪᠠᠢᠨ᠎ᠠ᠃ ᠡᠨᠡ᠎ᠬᠦ ᠲᠦᠷᠢᠮ᠎ᠨᠢ ᠤᠯᠤᠰ᠎ᠤᠨ ᠪᠠᠢᠳᠠᠯ᠎ᠲᠠᠢ ᠶᠡᠷᠦᠩᠭᠡᠢ᠎ᠳᠤ᠎ᠪᠠᠨ ᠨᠡᠢᠴᠡᠵᠦ᠂ ᠡᠷᠭᠡ ᠰᠦᠷᠳᠤ ᠴᠢᠨᠠᠷ ᠪᠤᠯᠤᠨ ᠡᠷᠭᠡ ᠲᠡᠭᠱᠢ ᠴᠢᠨᠠᠷ᠎ᠢᠶᠠᠷ᠎ᠢᠶᠠᠨ ᠨᠡᠢᠭᠡᠮ ᠨᠡᠢᠲᠡ᠎ᠳᠤ ᠮᠡᠳᠡᠷᠡᠭᠳᠡᠭᠰᠡᠨ᠎ᠶᠤᠮ᠂ ᠬᠡᠪᠡᠴᠤ ᠪᠠᠰᠠ ᠵᠠᠷᠢᠮ ᠲᠠᠯ᠎ᠠ᠎ᠪᠠᠷ ᠨᠡᠢᠭᠡᠮ᠎ᠤᠨ ᠲᠤᠰᠭᠠᠯ᠎ᠢᠶᠠᠷ ᠴᠢᠩᠭ᠎ᠠ ᠠᠰᠠᠭᠤᠳᠠᠯ᠎ᠴᠤ ᠤᠷᠤᠱᠢᠵᠤ ᠪᠤᠢ᠂ ᠭᠤᠤᠯᠳᠠᠭᠤ ᠵᠦᠪᠬᠡᠨ ᠱᠢᠯᠭᠠᠯᠳᠠ᠎ᠶᠢᠨ ᠬᠤᠪᠢ᠎ᠪᠠᠷ ᠰᠤᠷᠤᠭᠴᠢ᠎ᠶᠢᠨ ᠪᠦᠬᠦ ᠲᠠᠯ᠎ᠠ᠎ᠶᠢᠨ ᠬᠦᠭᠵᠢᠯᠳᠡ᠎ᠶᠢ ᠨᠦᠯᠦᠭᠡᠯᠡᠵᠤ ᠨᠢᠭᠡ ᠱᠢᠯᠭᠠᠯᠳᠠ᠎ᠪᠠᠷ ᠨᠠᠰᠤᠨ ᠲᠤᠷᠱᠢᠬᠢ᠎ᠶᠢ ᠲᠤᠭᠳᠠᠭᠠᠬᠤ ᠪᠤᠯᠤᠭᠰᠠᠨ᠎ᠠᠴᠠ ᠰᠤᠷᠤᠭᠴᠢᠳ᠎ᠤᠨ ᠰᠤᠷᠤᠯᠭ᠎ᠠ᠎ᠶᠢᠨ ᠲᠠᠷᠤᠭᠠᠰᠤ ᠲᠡᠩᠳᠡᠬᠦᠦ ᠬᠦᠨᠳᠤ ᠪᠠᠢᠬᠤ᠂ ᠤᠷᠤᠨ ᠪᠦᠰᠡ᠂ ᠬᠤᠳᠠ ᠬᠦᠳᠡᠭᠡ᠎ᠶᠢᠨ ᠰᠤᠷᠤᠭᠴᠢ᠎ᠶᠢᠨ ᠰᠤᠷᠭᠠᠭᠤᠯᠢ᠎ᠳᠤ ᠤᠷᠤᠬᠤ ᠨᠦᠬᠦᠴᠡᠯ ᠲᠤᠬᠢᠶᠠᠯ ᠵᠦᠷᠢᠶ᠎ᠡ᠎ᠲᠠᠢ ᠪᠠᠢᠬᠤ᠂ ᠲᠤᠮᠳᠠᠳᠤ ᠰᠤᠷᠭᠠᠭᠤᠯᠢ᠎ᠶᠢᠨ ᠰᠤᠷᠤᠭᠴᠢ᠎ᠶᠢᠨ ᠰᠤᠷᠭᠠᠭᠤᠯᠢ ᠰᠤᠩᠭᠤᠬᠤ ᠦᠵᠡᠭᠳᠡᠯ ᠳᠣᠪᠤᠢᠮ᠎ᠠ ᠪᠠᠢᠬᠤ᠂ ᠬᠤᠳᠠᠯ ᠬᠠᠭᠤᠷᠮᠠᠭ᠎ᠢᠶᠠᠷ ᠬᠤᠪᠢ ᠨᠡᠮᠡᠬᠦ᠂ ᠲᠦᠷᠢᠮ ᠲᠤᠭᠳᠠᠭᠠᠯ᠎ᠢ ᠵᠦᠷᠢᠴᠡᠨ ᠰᠤᠷᠤᠭᠴᠢ ᠡᠯᠰᠡᠬᠦ ᠦᠵᠡᠭᠳᠡᠯ᠎ᠴᠤ ᠬᠠᠶᠠ ᠭᠠᠷᠴᠤ ᠪᠠᠢᠨ᠎ᠠ᠃ ᠨᠡᠮ᠎ᠤᠨ ᠲᠦᠪ ᠬᠤᠷᠢᠶ᠎ᠠ᠂ ᠲᠦᠷᠦ᠎ᠶᠢᠨ ᠶᠠᠪᠤᠳᠠᠯ᠎ᠤᠨ ᠬᠤᠷᠢᠶᠠᠨ᠎ᠤ ᠱᠢᠢᠳᠪᠦᠷᠢᠳᠤ ᠪᠠᠢᠷᠢᠯᠠᠭᠤᠯᠤᠯᠲᠠ᠎ᠶᠢ ᠲᠤᠭᠤᠱᠢᠯᠠᠭᠤᠯᠤᠨ ᠨᠠᠢᠳᠠᠪᠦᠷᠢᠵᠢᠭᠤᠯᠬᠤ᠎ᠶᠢᠨ ᠲᠦᠯᠦᠭᠡ᠂ ᠤᠳᠤ ᠱᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ᠎ᠶᠢ ᠭᠦᠨᠵᠡᠭᠡᠢᠷᠡᠭᠦᠯᠬᠦ ᠲᠤᠬᠠᠢ ᠲᠤᠤᠷᠠᠬᠢ ᠮᠡᠳᠤ ᠬᠡᠷᠡᠭᠵᠢᠬᠦᠯᠬᠦ ᠰᠠᠨᠠᠯ᠎ᠢ ᠨᠡᠢᠳᠡᠯᠡᠪᠡ᠃

 

    ᠨᠢᠭᠡ᠂ ᠶᠡᠷᠦᠩᠭᠡᠢ ᠱᠠᠭᠠᠷᠳᠠᠯᠭ᠎ᠠ

 

   (ᠨᠢᠭᠡ) ᠵᠢᠯᠤᠭᠤᠳᠭᠤ ᠦᠵᠡᠯ ᠰᠠᠨᠠᠭ᠎ᠠ

  ᠲᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠲᠤᠭ᠎ᠢ ᠦᠨᠳᠦᠷ ᠮᠠᠨᠳᠤᠭᠤᠯᠤᠨ᠂ ᠳ᠋ᠧᠩ ᠱᠢᠶᠤᠤ ᠫᠢᠩ᠎ᠤᠨ ᠤᠨᠤᠯ᠂ 《ᠭᠤᠷᠪᠠ᠎ᠶᠢ ᠲᠦᠯᠦᠭᠡᠯᠡᠬᠦ》 ᠴᠢᠬᠤᠯᠠ ᠦᠵᠡᠯ ᠰᠠᠨᠠᠭ᠎ᠠ᠂ ᠱᠢᠨᠵᠢᠯᠡᠬᠦ ᠤᠬᠠᠭᠠᠨᠴᠢ ᠬᠦᠭᠵᠢᠯᠳᠡ᠎ᠶᠢᠨ ᠦᠵᠡᠯᠳᠡ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠰᠤᠷᠭᠠᠨ ᠬᠦᠮᠦᠵᠢᠯ᠎ᠤᠨ  ᠴᠢᠭᠯᠡᠯᠳᠡ᠎ᠶᠢ ᠪᠦᠬᠦ ᠲᠠᠯ᠎ᠠ᠎ᠪᠠᠷ ᠲᠤᠭᠤᠱᠢᠯᠠᠭᠤᠯᠤᠨ᠂ ᠶᠤᠰᠤ ᠰᠤᠷᠳᠠᠬᠤᠨ᠎ᠢᠶᠠᠷ ᠬᠦᠮᠦᠨ᠎ᠢ ᠬᠦᠮᠦᠵᠢᠬᠦᠯᠬᠦ᠎ᠶᠢ ᠪᠠᠷᠢᠮᠳᠠᠯᠠᠵᠤ᠂ ᠠᠵᠤ ᠠᠬᠤᠢ ᠨᠡᠢᠭᠡᠮ᠎ᠤᠨ ᠬᠦᠭᠵᠢᠯᠳᠡ᠎ᠶᠢᠨ ᠤᠯᠠᠨ ᠲᠠᠯ᠎ᠠ᠎ᠶᠢᠨ ᠴᠢᠳᠠᠪᠤᠷᠢ᠎ᠲᠠᠢ ᠦᠨᠳᠦᠷ ᠬᠡᠪ ᠴᠢᠨᠠᠷ ᠪᠦᠬᠦᠢ ᠴᠢᠳᠠᠪᠤᠷᠢᠳᠠᠨ᠎ᠢ ᠬᠡᠷᠡᠭᠰᠡᠬᠦ ᠱᠠᠭᠠᠷᠳᠠᠯᠭ᠎ᠠ᠎ᠳᠤ ᠵᠤᠬᠢᠴᠠᠭᠤᠯᠤᠨ᠂ ᠰᠤᠷᠤᠭᠴᠢ᠎ᠶᠢᠨ ᠡᠷᠡᠬᠦᠯ ᠴᠢᠬᠢᠷᠠᠭ ᠬᠦᠭᠵᠢᠯᠳᠡ᠎ᠶᠢ ᠠᠬᠢᠭᠤᠯᠬᠤ᠎ᠳᠤ ᠲᠤᠰᠠᠳᠠᠢ᠂ ᠡᠯ᠎ᠡ ᠲᠦᠷᠦᠯ᠎ᠤᠨ ᠴᠢᠳᠠᠪᠤᠷᠢᠳᠠᠨ᠎ᠢ ᠱᠢᠨᠵᠢᠯᠡᠬᠦ ᠤᠬᠠᠭᠠᠨᠴᠢ᠎ᠪᠠᠷ ᠰᠤᠩᠭᠤᠨ ᠱᠢᠯᠭᠠᠷᠠᠭᠤᠯᠬᠤ ᠪᠠ ᠨᠡᠢᠭᠡᠮ᠎ᠤᠨ ᠡᠷᠭᠡ ᠲᠡᠭᠱᠢ᠎ᠶᠢ ᠬᠠᠮᠠᠭᠠᠯᠠᠬᠤ ᠡᠬᠦᠳᠡᠨ᠎ᠠᠴᠠ ᠭᠠᠷᠳᠠᠵᠤ᠂ ᠲᠤᠷᠱᠢᠯᠭ᠎ᠠ᠎ᠪᠠᠨ ᠨᠠᠷᠢᠨ ᠬᠢᠨᠠᠮᠠᠭᠠᠢ ᠳ᠋ᠦᠩᠨᠡᠨ᠂ ᠠᠰᠠᠭᠤᠳᠠᠯ᠎ᠢ ᠬᠦᠳᠦᠯᠦᠨ ᠵᠢᠯᠤᠭᠤᠳᠭᠤ᠎ᠶᠢ ᠳᠣᠪᠤᠢᠯᠭᠠᠵᠤ᠂  ᠱᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ᠎ᠶᠢ ᠭᠦᠨᠵᠡᠭᠡᠢᠷᠡᠭᠦᠯᠦᠨ᠂ ᠠᠷᠠᠳ ᠤᠯᠠᠨ᠎ᠤ ᠰᠡᠳᠬᠢᠯ᠎ᠳᠤ ᠬᠠᠨᠤᠮᠵᠢᠳᠠᠢ ᠰᠤᠷᠭᠠᠨ ᠬᠦᠮᠦᠵᠢᠯ᠎ᠢ ᠰᠠᠢᠲᠤᠷ ᠡᠷᠬᠢᠯᠡᠵᠤ᠂ ᠬᠦᠮᠦᠨ᠎ᠤ ᠬᠦᠴᠦᠨ᠎ᠤ ᠡᠬᠢ ᠪᠠᠶᠠᠯᠢᠭ᠎ᠢᠶᠠᠷ ᠬᠦᠴᠦᠷᠭᠡᠭ ᠤᠯᠤᠰ᠎ᠢ ᠪᠠᠢᠭᠤᠯᠬᠤ᠎ᠳᠤ ᠬᠦᠴᠦᠨ ᠪᠦᠬᠦᠢ ᠪᠠᠳᠤᠯᠠᠭ᠎ᠠ ᠬᠠᠩᠭᠠᠬᠤ᠎ᠶᠢᠨ ᠲᠦᠯᠦᠭᠡ᠂ 《ᠬᠤᠶᠠᠷ ᠨᠢᠭᠡ ᠵᠠᠭᠤᠨ ᠵᠢᠯ》᠎ᠤᠨ ᠲᠡᠮᠡᠴᠡᠬᠦ ᠬᠠᠷᠠᠯᠳᠠ ᠪᠤᠯᠤᠨ ᠲᠤᠮᠳᠠᠳᠤ᠎ᠶᠢᠨ ᠦᠨᠳᠦᠰᠦᠳᠡᠨ᠎ᠤ ᠠᠭᠤᠤ ᠶᠡᠭᠡ ᠮᠠᠨᠳᠤᠯᠳᠠ᠎ᠶᠢᠨ ᠲᠤᠮᠳᠠᠳᠤ᠎ᠶᠢᠨ ᠬᠦᠰᠡᠯ᠎ᠶᠢ ᠲᠡᠷᠭᠡᠯᠱᠢᠬᠦᠯᠬᠦ᠎ᠳᠤ ᠬᠦᠴᠦᠨ ᠪᠦᠬᠦᠢ ᠴᠢᠳᠠᠪᠤᠷᠢᠳᠠᠨ᠎ᠤ ᠲᠡᠮᠵᠢᠯᠭᠡ ᠬᠠᠩᠭᠠᠨ᠎ᠠ᠃

   (ᠬᠤᠶᠠᠷ) ᠦᠨᠳᠦᠰᠦᠨ ᠵᠠᠷᠴᠢᠮ

  ᠬᠦᠮᠦᠨ᠎ᠢ ᠬᠦᠮᠦᠵᠢᠬᠦᠯᠬᠦ᠎ᠪᠠᠷ ᠦᠨᠳᠦᠰᠦ ᠪᠤᠯᠭᠠᠬᠤ᠎ᠶᠢ ᠪᠠᠷᠢᠮᠳᠠᠯᠠᠨ᠂ ᠰᠤᠷᠭᠠᠨ ᠬᠦᠮᠦᠵᠢᠯ᠎ᠤᠨ ᠵᠢᠮ᠎ᠡ ᠬᠠᠤᠯᠢ᠎ᠶᠢ ᠵᠢᠷᠤᠮᠯᠠᠨ᠎ᠠ᠃ ᠰᠤᠷᠤᠭᠴᠢ᠎ᠶᠢᠨ ᠡᠷᠡᠬᠦᠯ ᠴᠢᠬᠢᠷᠠᠭ᠎ᠢᠶᠠᠷ ᠦᠰᠦᠨ ᠪᠣᠢᠵᠢᠬᠤ᠎ᠶᠢ ᠠᠬᠢᠭᠤᠯᠬᠤ᠎ᠪᠠᠷ ᠦᠭᠡᠷᠡᠴᠢᠯᠡᠯᠳᠡ᠎ᠶᠢᠨ ᠬᠠᠷᠠᠭ᠎ᠠ ᠪᠠ ᠵᠤᠭᠰᠤᠴᠠ ᠪᠤᠯᠭᠠᠵᠤ᠂ ᠬᠡᠰᠡᠭ ᠲᠠᠯ᠎ᠠ᠎ᠶᠢ ᠬᠦᠭᠡᠭᠡᠴᠡᠯᠳᠦᠭᠰᠡᠨ ᠱᠢᠯᠭᠠᠯᠳᠠ᠎ᠶᠢ ᠠᠷᠭᠠᠴᠠᠬᠤ ᠰᠤᠷᠭᠠᠨ ᠬᠦᠮᠦᠵᠢᠯ᠎ᠤᠨ ᠬᠠᠨᠳᠤᠱᠢ᠎ᠶᠢ ᠬᠤᠪᠢᠷᠠᠭᠤᠯᠤᠨ᠂ ᠬᠦᠮᠦᠨ ᠬᠦᠮᠦᠵᠢᠬᠦᠯᠬᠦ ᠵᠦᠪ ᠤᠨᠤᠪᠴᠢᠳᠠᠢ ᠬᠦᠳᠦᠯᠤᠮᠵᠢ᠎ᠶᠢ ᠪᠠᠷᠢᠮᠳᠠᠯᠠᠵᠤ᠂ ᠨᠡᠢᠭᠡᠮ ᠵᠢᠷᠤᠮ᠎ᠤᠨ ᠭᠤᠤᠯᠯᠠᠭᠴᠢ ᠦᠷᠳᠡᠭ᠎ᠤᠨ ᠦᠵᠡᠯᠳᠡ᠎ᠶᠢ ᠦᠢᠯᠡᠳᠦᠯᠭᠡᠵᠢᠬᠦᠯᠦᠨ᠂  ᠬᠡᠪ ᠴᠢᠨᠠᠷ᠎ᠤᠨ ᠰᠤᠷᠭᠠᠨ ᠬᠦᠮᠦᠵᠢᠯ᠎ᠢ ᠬᠦᠨᠵᠡᠭᠡᠢ ᠠᠬᠢᠭᠤᠯᠵᠤ᠂ ᠶᠤᠰᠤ ᠰᠤᠷᠳᠠᠬᠤᠨ᠂ ᠤᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠢᠬᠠᠨ ᠵᠡᠷᠭᠡ ᠪᠦᠬᠦ ᠲᠠᠯ᠎ᠠ᠎ᠪᠠᠷ ᠬᠦᠭᠵᠢᠭᠰᠡᠨ ᠨᠡᠢᠭᠡᠮ ᠵᠢᠷᠦᠮ᠎ᠤᠨ ᠪᠦᠳᠦᠭᠡᠨ ᠪᠠᠢᠭᠤᠯᠤᠭᠴᠢᠳ ᠪᠤᠯᠤᠨ ᠵᠠᠯᠭᠠᠮᠵᠢᠯᠠᠭᠴᠢᠳ᠎ᠢ ᠬᠦᠮᠦᠵᠢᠬᠦᠯᠦᠨ᠎ᠡ᠃ ᠲᠦᠷᠢᠮ ᠲᠤᠭᠳᠠᠭᠠᠯ᠎ᠢ ᠲᠡᠬᠦᠯᠳᠡᠷᠵᠢᠬᠦᠯᠦᠨ᠂ ᠡᠷᠭᠡ ᠲᠡᠭᠱᠢ ᠲᠦᠪ ᠭᠤᠤᠯᠴᠢ᠎ᠶᠢ ᠪᠠᠳᠤᠯᠠᠬᠤ ᠲᠡᠭᠡᠷ᠎ᠡ ᠬᠦᠴᠦ᠎ᠪᠠᠨ ᠲᠠᠯᠪᠢᠨ᠎ᠠ᠃ ᠡᠷᠭᠡ ᠲᠡᠭᠱᠢ ᠲᠦᠪ ᠭᠤᠤᠯᠴᠢ᠎ᠶᠢ ᠠᠬᠢᠭᠤᠯᠬᠤ᠎ᠪᠠᠷ ᠦᠭᠡᠷᠡᠴᠢᠯᠡᠯᠳᠡ᠎ᠶᠢᠨ ᠦᠨᠳᠦᠰᠦᠨ ᠦᠷᠳᠡᠭ᠎ᠤᠨ ᠴᠢᠭᠯᠡᠯ ᠪᠤᠯᠭᠠᠨ᠂ ᠬᠤᠷᠸ᠎ᠠ ᠲᠤᠬᠢᠷᠠᠭᠤᠯᠭ᠎ᠠ᠎ᠶᠢ ᠴᠢᠩᠭᠠᠳᠭᠠᠵᠤ᠂ ᠬᠠᠤᠯᠢ ᠴᠠᠭᠠᠵᠠ ᠬᠠᠤᠯᠢ ᠲᠤᠭᠳᠠᠭᠠᠯ᠎ᠢ ᠲᠡᠬᠦᠯᠳᠡᠷᠵᠢᠬᠦᠯᠦᠨ᠂ ᠪᠠᠢᠭᠤᠯᠤᠮᠵᠢ᠎ᠶᠢᠨ ᠲᠤᠭᠳᠠᠴᠠ᠎ᠶᠢ ᠲᠡᠬᠦᠯᠳᠡᠷᠵᠢᠬᠦᠯᠵᠤ᠂ ᠱᠢᠯᠭᠠᠯᠳᠠ ᠬᠢᠵᠤ ᠰᠤᠷᠤᠭᠴᠢ ᠡᠯᠰᠡᠬᠦ ᠠᠵᠠ ᠲᠤᠬᠢᠶᠠᠯ᠎ᠨᠢ ᠡᠷᠭᠡ ᠲᠡᠭᠱᠢ᠂ ᠲᠡᠰ ᠲᠠᠷᠠᠭᠠᠯᠠᠯ᠎ᠨᠢ ᠢᠯᠡ ᠲᠤᠳᠤ᠂ ᠦᠷ᠎ᠡ ᠳ᠋ᠦᠩ᠎ᠨᠢ ᠲᠦᠪ ᠭᠤᠤᠯᠴᠢ ᠪᠠᠢᠬᠤ᠎ᠶᠢ ᠦᠨᠡᠨ᠎ᠬᠦ ᠪᠠᠳᠤᠯᠠᠨ᠎ᠠ᠃

  ᠱᠢᠨᠵᠢᠯᠡᠬᠦ ᠤᠬᠠᠭᠠᠨᠴᠢ ᠪᠦᠭᠡᠳ ᠦᠨᠳᠦᠷ ᠪᠦᠳᠦᠮᠵᠢᠳᠡᠢ ᠪᠠᠢᠬᠤ᠎ᠶᠢ ᠢᠯᠡᠷᠡᠬᠦᠯᠦᠨ᠂ ᠰᠤᠩᠭᠤᠨ ᠱᠢᠯᠭᠠᠷᠠᠭᠤᠯᠬᠤ ᠲᠦᠪᠱᠢᠨ᠎ᠢ ᠲᠡᠭᠡᠭᠱᠢᠯᠡᠬᠦᠯᠦᠨ᠎ᠡ᠃ ᠰᠤᠷᠤᠭᠴᠢ᠎ᠶᠢᠨ ᠰᠤᠩᠭᠤᠯᠳᠠ ᠬᠢᠬᠦ ᠡᠷᠭᠡ᠎ᠶᠢ ᠨᠡᠮᠡᠭᠳᠡᠬᠦᠯᠦᠨ᠂ ᠱᠢᠨᠵᠢᠯᠡᠬᠦ ᠤᠬᠠᠭᠠᠨᠴᠢ᠎ᠪᠠᠷ ᠴᠢᠳᠠᠪᠤᠷᠢᠳᠠᠨ᠎ᠢ ᠰᠤᠩᠭᠤᠬᠤ᠎ᠶᠢ ᠠᠬᠢᠭᠤᠯᠵᠤ᠂ ᠵᠠᠰᠠᠭ᠎ᠤᠨ ᠤᠷᠳᠤᠨ᠎ᠤ ᠬᠢᠨᠠᠯᠳᠠ ᠲᠠᠯᠪᠢᠬᠤ ᠲᠤᠭᠳᠠᠴᠠ᠎ᠶᠢ ᠲᠡᠬᠦᠯᠳᠡᠷᠵᠢᠬᠦᠯᠦᠨ᠂ ᠱᠢᠯᠭᠠᠯᠳᠠ ᠬᠢᠵᠤ ᠰᠤᠷᠤᠭᠴᠢ ᠡᠯᠰᠡᠬᠦ ᠠᠵᠢᠯ᠎ᠤᠨ ᠦᠨᠳᠦᠷ ᠦᠷ᠎ᠡ ᠪᠦᠳᠦᠮᠵᠢᠳᠠᠢ᠂ ᠡᠮᠬᠢ ᠲᠠᠷᠠᠭ᠎ᠠ᠎ᠲᠠᠢ ᠶᠠᠪᠤᠭᠳᠠᠬᠤ᠎ᠶᠢ ᠪᠠᠳᠤᠯᠠᠨ᠎ᠠ᠃

  ᠨᠢᠭᠡᠳᠦᠯᠳᠡᠢ ᠲᠦᠯᠦᠪᠵᠢᠬᠦᠯᠬᠦ᠎ᠶᠢ ᠴᠢᠩᠭᠠᠳᠭᠠᠨ᠂ ᠢᠳᠡᠪᠬᠢᠳᠡᠢ ᠪᠦᠭᠡᠳ ᠯᠠᠪᠳᠠᠭᠤᠨ᠎ᠢᠶᠠᠷ ᠠᠬᠢᠭᠤᠯᠤᠨ᠎ᠠ᠃ ᠰᠠᠭᠤᠷᠢ ᠰᠤᠷᠭᠠᠨ ᠬᠦᠮᠦᠵᠢᠯ᠎ᠠᠴᠠ ᠠᠪᠤᠭᠠᠳ ᠲᠡᠭᠡᠳᠤ ᠵᠡᠷᠭᠡ᠎ᠶᠢᠨ ᠰᠤᠷᠭᠠᠨ ᠬᠦᠮᠦᠵᠢᠯ ᠬᠦᠷᠳᠡᠯ᠎ᠡ ᠱᠢᠯᠭᠠᠯᠳᠠ ᠬᠢᠵᠤ ᠰᠤᠷᠤᠭᠴᠢ ᠡᠯᠰᠡᠬᠦ ᠳᠦᠷᠢᠮ᠎ᠦᠨ ᠦᠭᠡᠷᠡᠴᠢᠯᠡᠯᠳᠡ᠎ᠶᠢ ᠵᠢᠷᠤᠭᠯᠠᠨ ᠲᠦᠯᠦᠪᠯᠡᠵᠤ᠂ ᠡᠩ᠎ᠤᠨ ᠰᠤᠷᠭᠠᠨ ᠬᠦᠮᠦᠵᠢᠯ᠂ ᠠᠵᠢᠯ ᠮᠡᠷᠭᠡᠵᠢᠯ᠎ᠤᠨ ᠰᠤᠷᠭᠠᠨ ᠬᠦᠮᠦᠵᠢᠯ᠂ ᠦᠷᠬᠦᠯᠵᠢᠯᠡᠭᠰᠡᠨ ᠰᠤᠷᠭᠠᠨ ᠬᠦᠮᠦᠵᠢᠯ ᠬᠤᠭᠤᠷᠤᠨᠳᠤ᠎ᠪᠠᠨ ᠵᠠᠯᠭᠠᠯᠳᠤᠨ ᠠᠭᠤᠰᠤᠯᠴᠠᠬᠤ᠎ᠶᠢ ᠠᠬᠢᠭᠤᠯᠤᠨ᠂ ᠱᠢᠯᠭᠠᠯᠳᠠ ᠬᠢᠬᠦ᠂ ᠰᠤᠷᠤᠭᠴᠢ ᠡᠯᠰᠡᠬᠦ ᠪᠠ ᠬᠠᠮᠢᠶᠠᠷᠤᠯᠳᠠ᠎ᠶᠢᠨ ᠲᠦᠷᠢᠮ᠎ᠤᠨ ᠶᠡᠷᠦᠩᠬᠡᠢᠯᠡᠭᠰᠡᠨ ᠦᠭᠡᠷᠡᠴᠢᠯᠡᠯᠳᠡ᠎ᠶᠢ ᠨᠢᠭᠡᠳᠦᠯᠳᠡᠢ ᠲᠦᠯᠦᠪᠵᠢᠬᠦᠯᠦᠨ ᠬᠡᠷᠡᠭᠵᠢᠬᠦᠯᠵᠤ᠂ ᠤᠷᠢᠳ᠎ᠢᠶᠠᠷ ᠲᠤᠷᠱᠢᠯᠳᠡ᠎ᠶᠢᠨ ᠠᠵᠢᠯ᠎ᠢ ᠶᠠᠪᠤᠭᠳᠠᠭᠤᠯᠤᠨ ᠲᠠᠷᠠᠭ᠎ᠠ᠎ᠨᠢ ᠠᠯᠭᠤᠷ᠎ᠢᠶᠠᠷ ᠠᠬᠢᠭᠤᠯᠤᠨ᠎ᠠ᠃

   (ᠭᠤᠷᠪᠠ) ᠶᠡᠷᠦᠩᠭᠡᠢ ᠬᠠᠷᠠᠯᠳᠠ

  2014 ᠎ᠤᠨ᠎ᠳᠤ ᠱᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ᠎ᠤᠨ ᠦᠭᠡᠷᠡᠴᠢᠯᠡᠯᠳᠡ᠎ᠶᠢᠨ ᠲᠤᠷᠱᠢᠯᠳᠠ᠎ᠶᠢᠨ ᠴᠡᠭ᠎ᠤᠨ ᠠᠵᠢᠯ᠎ᠢ ᠬᠢᠵᠤ᠂ 2017᠎ᠤᠨ ᠪᠤᠯᠬᠤ᠎ᠳᠤ ᠪᠦᠬᠦ ᠲᠠᠯ᠎ᠠ᠎ᠪᠠᠷ ᠠᠬᠢᠭᠤᠯᠤᠨ᠂  2020᠎ᠤᠨ ᠪᠤᠯᠬᠤ᠎ᠳᠤ ᠲᠤᠮᠳᠠᠳᠤ ᠤᠯᠤᠰ᠎ᠤᠨ ᠤᠨᠴᠠᠯᠢᠭ᠎ᠲᠠᠢ ᠤᠳᠤ ᠦᠶ᠎ᠡ᠎ᠶᠢᠨ ᠰᠤᠷᠭᠠᠨ ᠬᠦᠮᠦᠵᠢᠯ᠎ᠤᠨ ᠱᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ᠎ᠢ ᠦᠨᠳᠦᠰᠦᠨ᠎ᠳᠤ᠎ᠪᠠᠨ ᠪᠠᠢᠭᠤᠯᠵᠤ᠂ ᠲᠦᠷᠦᠯ ᠬᠤᠪᠢᠶᠠᠨ ᠱᠢᠯᠭᠠᠬᠤ᠂ ᠶᠡᠷᠦᠩᠬᠡᠢᠯᠡᠨ ᠦᠨᠡᠯᠡᠬᠦ᠂ ᠤᠯᠠᠨ ᠠᠷᠭ᠎ᠠ ᠬᠡᠯᠪᠡᠷᠢ᠎ᠪᠠᠷ ᠰᠤᠷᠤᠭᠴᠢ ᠡᠯᠰᠡᠬᠦ ᠵᠠᠭᠪᠤᠷ᠎ᠢ ᠪᠤᠢ ᠪᠤᠯᠭᠠᠨ᠂ ᠡᠷᠭᠡ ᠲᠡᠭᠱᠢ᠎ᠶᠢ ᠠᠬᠢᠭᠤᠯᠤᠨ᠂ ᠱᠢᠨᠵᠢᠯᠡᠬᠦ ᠤᠬᠠᠭᠠᠨᠴᠢ᠎ᠪᠠᠷ ᠴᠢᠳᠠᠪᠤᠷᠢᠳᠠᠨ᠎ᠢ ᠰᠤᠩᠭᠤᠵᠤ᠂ ᠡᠷᠴᠢᠮᠯᠢᠭ ᠬᠢᠨᠠᠯᠳᠠ ᠲᠠᠯᠪᠢᠭᠰᠠᠨ ᠪᠠᠢᠭᠤᠯᠤᠮᠵᠢ᠎ᠶᠢᠨ ᠲᠤᠭᠳᠠᠴᠠ᠎ᠶᠢ ᠲᠡᠬᠦᠯᠳᠡᠷᠵᠢᠬᠦᠯᠦᠨ᠂ ᠡᠯ᠎ᠡ ᠱᠠᠳᠤᠨ᠎ᠤ ᠡᠯ᠎ᠡ ᠲᠦᠷᠦᠯ᠎ᠤᠨ ᠰᠤᠷᠭᠠᠨ ᠬᠦᠮᠦᠵᠢᠯ ᠬᠠᠷᠢᠯᠴᠠᠨ ᠵᠠᠯᠭᠠᠯᠳᠤᠨ ᠤᠶᠠᠯᠳᠤᠵᠤ᠂ ᠰᠤᠷᠤᠯᠴᠠᠭᠰᠠᠨ ᠬᠢᠷᠢ ᠪᠦᠳᠦᠮᠵᠢ᠎ᠶᠢ ᠮᠡᠳᠡᠷᠡᠭᠰᠡᠨ ᠨᠠᠰᠤᠨ ᠲᠤᠷᠱᠢᠳᠠ ᠰᠤᠷᠤᠯᠴᠠᠬᠤ ᠡᠯ᠎ᠡ ᠵᠦᠢᠯ᠎ᠤᠨ 《ᠵᠦᠷᠢᠯᠢᠭ ᠬᠦᠬᠦᠷᠭᠡ》᠎ᠶᠢ ᠪᠠᠢᠭᠤᠯᠤᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604