ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠤ ᠰᠤᠷᠭᠠᠨ ᠬᠥᠮᠦᠵᠢᠯ᠎ᠦᠨ ᠳᠦᠷᠢᠮ (ᠬᠣᠶᠠᠳᠤᠭᠠᠷ ᠪᠦᠯᠦᠭ)
2019.11.04

   (2016 ᠣᠨ᠎ᠤ 9 ᠰᠠᠷ᠎ᠠ᠎ᠶᠢᠨ 29᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠨ ᠬᠣᠶᠠᠳᠤᠭᠠᠷ ᠬᠤᠭᠤᠴᠠᠭᠠᠨ᠎ᠤ

  ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠵᠢᠷᠭᠤᠳᠤᠭᠠᠷ ᠬᠤᠷᠠᠯᠳᠤᠭᠠᠨ᠎ᠢᠶᠠᠷ ᠪᠠᠲᠤᠯᠠᠪᠠ)

 

    ᠬᠣᠶᠠᠳᠤᠭᠠᠷ ᠪᠦᠯᠦᠭ  ᠰᠤᠷᠭᠠᠭᠤᠯᠢ ᠡᠷᠬᠢᠯᠡᠬᠦ ᠬᠡᠯᠪᠡᠷᠢ ᠬᠢᠭᠡᠳ ᠬᠠᠮᠢᠶᠠᠷᠤᠯᠲᠠ

 

  ᠠᠷᠪᠠᠳᠤᠭᠠᠷ ᠵᠦᠢᠯ   ᠦᠨᠳᠦᠰᠦᠲᠡᠨ᠎ᠤ ᠰᠤᠷᠭᠠᠨ ᠬᠥᠮᠦᠵᠢᠯ᠎ᠨᠢ ᠦᠨᠳᠦᠰᠦᠲᠡᠨ᠎ᠤ ᠣᠨᠴᠠᠯᠢᠭ ᠪᠠ ᠭᠠᠵᠠᠷ ᠣᠷᠤᠨ᠎ᠤ ᠪᠤᠲᠠᠲᠠᠢ᠎ᠲᠠᠢ ᠤᠶᠠᠯᠳᠤᠭᠤᠯᠵᠤ᠂ ᠰᠤᠷᠭᠠᠭᠤᠯᠢ ᠡᠷᠬᠢᠯᠡᠬᠦ ᠬᠡᠯᠪᠡᠷᠢ ᠪᠠ ᠬᠥᠭᠵᠢᠯᠲᠡ᠎ᠶᠢᠨ ᠲᠣᠭᠲᠠᠯᠴᠠᠭ᠎ᠠ᠎ᠶᠢ ᠲᠡᠭᠦᠯᠳᠡᠷᠵᠢᠭᠦᠯᠬᠦ ᠬᠡᠷᠡᠭᠲᠡᠢ᠃

  ᠦᠨᠳᠦᠰᠦᠲᠡᠨ᠎ᠤ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ᠎ᠤᠨ ᠰᠤᠷᠭᠠᠨ ᠬᠥᠮᠦᠵᠢᠯ᠂ ᠡᠩ᠎ᠦᠨ ᠥᠨᠳᠦᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠭᠠᠨ ᠬᠥᠮᠦᠵᠢᠯ᠂ ᠳᠤᠮᠳᠠᠳᠤ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠪᠠ ᠳᠡᠭᠡᠲᠤ ᠵᠡᠷᠭᠡ᠎ᠶᠢᠨ ᠰᠤᠷᠭᠠᠨ ᠬᠥᠮᠦᠵᠢᠯ᠎ᠳᠤ ᠥᠪᠡᠷᠲᠡᠭᠡᠨ ᠵᠠᠰᠠᠬᠤ ᠣᠷᠤᠨ᠎ᠠᠴᠠ ᠨᠢᠭᠡᠳᠦᠯᠲᠡᠢ ᠲᠥᠯᠦᠪᠵᠢᠭᠦᠯᠬᠦ᠂ ᠱᠠᠲᠤ ᠬᠤᠪᠢᠶᠠᠨ ᠰᠤᠷᠭᠠᠭᠤᠯᠢ ᠡᠷᠬᠢᠯᠡᠵᠤ ᠱᠠᠲᠤ ᠬᠤᠪᠢᠶᠠᠨ ᠬᠠᠷᠢᠭᠤᠴᠠᠬᠤ ᠬᠠᠮᠢᠶᠠᠷᠤᠯᠲᠠ᠎ᠶᠢᠨ ᠪᠠᠢᠭᠤᠯᠤᠯ᠎ᠢ ᠬᠡᠷᠡᠭᠵᠢᠭᠦᠯᠦᠨ᠎ᠡ᠃

  ᠠᠷᠪᠠᠨ ᠨᠢᠭᠡᠳᠦᠭᠡᠷ ᠵᠦᠢᠯ   ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠨᠢ ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠎ᠶᠢᠨ ᠪᠦᠲᠦᠭᠡᠨ ᠪᠠᠢᠭᠤᠯᠤᠯᠲᠠ᠎ᠶᠢ ᠬᠣᠲᠠ ᠬᠥᠳᠡᠭᠡ᠎ᠶᠢᠨ ᠲᠥᠯᠦᠪᠵᠢᠭᠦᠯᠭᠡ᠎ᠳᠡᠭᠡᠨ ᠣᠷᠤᠭᠤᠯᠵᠤ᠂ ᠵᠣᠬᠢᠰᠲᠠᠢ ᠪᠠᠢᠷᠢᠯᠠᠭᠤᠯᠤᠨ᠂ ᠴᠦ᠋ᠬᠡᠨ ᠲᠣᠭᠠᠲᠤ ᠦᠨᠳᠦᠰᠦᠲᠡᠨ᠎ᠤ ᠰᠤᠷᠬᠤ ᠨᠠᠰᠤᠨ᠎ᠤ ᠬᠡᠤᠬᠡᠳ ᠪᠠᠭᠠᠴᠤᠳ᠎ᠤᠨ ᠡᠷᠦᠬᠡ ᠠᠮᠠ᠎ᠶᠢᠨ ᠳᠠᠩᠰᠠ ᠪᠠᠢᠭ᠎ᠠ ᠭᠠᠵᠠᠷ ᠵᠢᠴᠢ ᠣᠳᠤ ᠰᠠᠭᠤᠭ᠎ᠠ ᠭᠠᠵᠠᠷ᠎ᠤᠨ᠎ᠢᠶᠠᠨ ᠣᠢᠷ᠎ᠠ ᠬᠠᠪᠢ᠎ᠶᠢᠨ ᠴᠡᠴᠡᠷᠯᠢᠭ᠎ᠲᠤ ᠤᠷᠤᠬᠤ ᠪᠠ ᠰᠤᠷᠭᠠᠭᠤᠯᠢ᠎ᠳᠤ ᠰᠠᠭᠤᠬᠤ᠎ᠶᠢ ᠪᠠᠲᠤᠯᠠᠬᠤ ᠬᠡᠷᠡᠭᠲᠡᠢ᠃

  ᠠᠷᠪᠠ ᠬᠣᠶᠠᠳᠤᠭᠠᠷ ᠵᠦᠢᠯ   ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠨᠢ ᠴᠦ᠋ᠬᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠱᠢᠭᠰᠠᠨ ᠭᠠᠵᠠᠷ ᠣᠷᠤᠨ᠎ᠳᠤ ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠎ᠶᠢ ᠲᠤᠰᠠᠭᠠᠷ᠎ᠨᠢ ᠪᠠᠢᠭᠤᠯᠬᠤ ᠬᠡᠷᠡᠭᠲᠡᠢ; ᠴᠦ᠋ᠬᠡᠨ ᠲᠣᠭᠠᠲᠤ ᠦᠨᠳᠦᠰᠦᠲᠡᠨ ᠲᠠᠷᠠᠬᠠᠢ ᠪᠥᠭᠡᠳ ᠬᠣᠯᠢᠯᠳᠤᠨ ᠰᠠᠭᠤᠷᠢᠱᠢᠭᠰᠠᠨ ᠭᠠᠵᠠᠷ ᠣᠷᠤᠨ᠎ᠳᠤ ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠎ᠶᠢ ᠬᠠᠷᠠᠭᠠᠯᠵᠠᠭᠤᠯᠤᠨ ᠪᠠᠢᠭᠤᠯᠬᠤ ᠪᠤᠶᠤ ᠲᠤᠬᠠᠢ᠎ᠶᠢᠨ ᠭᠠᠵᠠᠷ᠎ᠤᠨ ᠡᠩ᠎ᠦᠨ ᠬᠡᠤᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠎ᠳᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢᠶᠡᠷ ᠵᠢᠭᠠᠨ ᠰᠤᠷᠭᠠᠬᠤ ᠠᠩᠭᠢ᠎ᠶᠢ ᠪᠠᠢᠭᠤᠯᠬᠤ ᠬᠡᠷᠡᠭᠲᠡᠢ᠃

  ᠠᠷᠪᠠᠨ ᠭᠤᠷᠪᠠᠳᠤᠭᠠᠷ ᠵᠦᠢᠯ   ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠨᠢ ᠬᠡᠷᠡᠭᠴᠡᠭᠡ᠎ᠪᠠᠨ ᠦᠨᠳᠦᠰᠦᠯᠡᠨ᠂ ᠦᠨᠳᠦᠰᠦᠲᠡᠨ᠎ᠤ ᠳᠤᠮᠳᠠᠳᠤ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢ ᠪᠠᠢᠭᠤᠯᠬᠤ ᠪᠤᠶᠤ ᠡᠩ᠎ᠦᠨ ᠳᠤᠮᠳᠠᠳᠤ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠳᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢᠶᠡᠷ ᠵᠢᠭᠠᠨ ᠰᠤᠷᠭᠠᠬᠤ ᠠᠩᠭᠢ᠎ᠶᠢ ᠲᠤᠰᠠᠭᠠᠷ᠎ᠨᠢ ᠪᠠᠢᠭᠤᠯᠬᠤ ᠬᠡᠷᠡᠭᠲᠡᠢ᠃

  ᠠᠷᠪᠠᠨ ᠳᠥᠷᠪᠡᠳᠦᠭᠡᠷ ᠵᠦᠢᠯ   ᠳᠡᠭᠡᠲᠤ ᠵᠡᠷᠭᠡ᠎ᠶᠢᠨ ᠰᠤᠷᠭᠠᠭᠤᠯᠢ᠎ᠨᠢ ᠦᠨᠳᠦᠰᠦᠲᠡᠨ᠎ᠤ ᠦᠭᠡ ᠬᠡᠯᠡ᠎ᠪᠡᠷ ᠬᠢᠴᠢᠶᠡᠯᠯᠡᠬᠦ᠎ᠪᠡᠷ ᠭᠣᠤᠯᠯᠠᠭᠰᠠᠨ ᠳᠡᠭᠡᠲᠤ ᠰᠤᠷᠭᠠᠭᠤᠯᠢ᠂ ᠰᠠᠯᠪᠦᠷᠢ᠂ ᠲᠤᠰᠭᠠᠢ ᠮᠡᠷᠭᠡᠵᠢᠯ ᠪᠤᠶᠤ ᠦᠨᠳᠦᠰᠦᠲᠡᠨ᠎ᠤ ᠠᠩᠭᠢ᠂ ᠦᠨᠳᠦᠰᠦᠲᠡᠨ᠎ᠤ ᠪᠡᠯᠡᠳᠭᠡᠯ ᠠᠩᠭᠢ᠎ᠶᠢ ᠪᠠᠢᠭᠤᠯᠬᠤ ᠬᠡᠷᠡᠭᠲᠡᠢ᠃

  ᠠᠷᠪᠠᠨ ᠲᠠᠪᠤᠳᠤᠭᠠᠷ ᠵᠦᠢᠯ   ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠨᠢ ᠴᠦ᠋ᠬᠡᠨ ᠲᠣᠭᠠᠲᠤ ᠦᠨᠳᠦᠰᠦᠲᠡᠨ᠎ᠤ ᠡᠷᠡᠭᠦᠯ ᠪᠤᠰᠤ ᠬᠡᠤᠬᠡᠳ ᠪᠠᠭᠠᠴᠤᠳ᠎ᠤᠨ ᠰᠤᠷᠭᠠᠨ ᠬᠥᠮᠦᠵᠢᠯ ᠬᠦᠷᠲᠡᠬᠦ ᠡᠷᠬᠡ᠎ᠶᠢ ᠪᠠᠲᠤᠯᠠᠬᠤ ᠬᠡᠷᠡᠭᠲᠡᠢ᠃

  ᠠᠷᠪᠠᠨ ᠵᠢᠷᠭᠤᠳᠤᠭᠠᠷ ᠵᠦᠢᠯ   ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠎ᠶᠢ ᠪᠠᠢᠭᠤᠯᠬᠤ᠂ ᠬᠤᠪᠢᠷᠠᠭᠠᠬᠤ ᠪᠠ ᠡᠷᠬᠢᠯᠡᠬᠦ᠎ᠪᠠᠨ  ᠪᠤᠯᠢᠬᠤ᠎ᠳᠤ᠂ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠢᠶᠡᠷ ᠬᠢᠨᠠᠨ ᠵᠥᠪᠱᠢᠶᠡᠷᠡᠭᠦᠯᠦᠭᠰᠡᠨ᠎ᠤ ᠳᠠᠷᠠᠭ᠎ᠠ ᠳᠡᠭᠡᠷ᠎ᠡ ᠨᠢᠭᠡ ᠱᠠᠲᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠤ ᠳᠠᠩᠰᠠᠯᠠᠭᠤᠯᠬᠤ ᠬᠡᠷᠡᠭᠲᠡᠢ᠃

  ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠎ᠤᠨ ᠨᠡᠷᠡᠢᠳᠤᠯ᠎ᠨᠢ ᠭᠠᠵᠠᠷ ᠣᠷᠤᠨ᠎ᠤ᠎ᠨᠡᠷ᠎ᠡ᠂ ᠦᠨᠳᠦᠰᠦᠲᠡᠨ᠎ᠤ ᠨᠡᠷᠡᠢᠳᠤᠯ ᠪᠠ ᠰᠤᠷᠭᠠᠭᠤᠯᠢ ᠡᠷᠬᠢᠯᠡᠬᠦ ᠳᠡᠰ ᠳᠠᠪᠬᠤᠷᠭ᠎ᠠ ᠵᠡᠷᠭᠡ ᠳᠠᠷᠠᠭᠠᠯᠠᠯ᠎ᠢᠶᠠᠷ ᠪᠦᠷᠢᠯᠳᠦᠨ᠎ᠡ᠃

  ᠠᠷᠪᠠᠨ ᠳᠣᠯᠤᠳᠤᠭᠠᠷ ᠵᠦᠢᠯ   ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠎ᠦᠨ ᠵᠠᠬᠢᠷᠤᠯ᠂ ᠳᠤᠮᠳᠠᠳᠤ ᠪᠠᠭ᠎ᠠ ᠰᠤᠷᠭᠠᠭᠤᠯᠢ᠎ᠶᠢᠨ ᠵᠠᠬᠢᠷᠤᠯ᠎ᠢ ᠤᠯᠤᠰ ᠪᠠ ᠥᠪᠡᠷᠲᠡᠭᠡᠨ ᠵᠠᠰᠠᠬᠤ ᠣᠷᠤᠨ᠎ᠤ ᠲᠣᠭᠲᠠᠭᠠᠭᠰᠠᠨ ᠲᠤᠱᠢᠶᠠᠯ ᠡᠭᠦᠷᠭᠡᠯᠡᠬᠦ ᠨᠥᠬᠦᠴᠡᠯ᠎ᠢ ᠪᠦᠷᠢᠯᠳᠦᠭᠦᠯᠦᠭᠰᠡᠨ᠂ ᠠᠵᠢᠯ᠎ᠤᠨ ᠪᠠᠢᠷᠢ᠎ᠶᠢᠨ ᠱᠠᠭᠠᠷᠳᠠᠯᠭ᠎ᠠ᠎ᠳᠤ ᠨᠡᠢᠴᠡᠭᠰᠡᠨ ᠵᠣᠬᠢᠴᠠᠩᠭᠤᠢ ᠴᠦ᠋ᠬᠡᠨ ᠲᠣᠭᠠᠲᠤ ᠦᠨᠳᠦᠰᠦᠲᠡᠨ᠎ᠤ ᠡᠷᠬᠡᠲᠤ ᠠᠷᠠᠳ᠎ᠢᠶᠠᠷ ᠡᠭᠦᠷᠭᠡᠯᠡᠭᠦᠯᠬᠦ ᠬᠡᠷᠡᠭᠲᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604