(2016 ᠣᠨ᠎ᠤ 9 ᠰᠠᠷ᠎ᠠ᠎ᠶᠢᠨ 29᠎ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠨ ᠬᠣᠶᠠᠳᠤᠭᠠᠷ ᠬᠤᠭᠤᠴᠠᠭᠠᠨ᠎ᠤ
ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠵᠢᠷᠭᠤᠳᠤᠭᠠᠷ ᠬᠤᠷᠠᠯᠳᠤᠭᠠᠨ᠎ᠢᠶᠠᠷ ᠪᠠᠲᠤᠯᠠᠪᠠ)
ᠵᠢᠷᠭᠤᠳᠤᠭᠠᠷ ᠪᠦᠯᠦᠭ ᠣᠷᠤᠭᠤᠯᠤᠯᠲᠠ ᠪᠣᠯᠤᠨ ᠪᠠᠲᠤᠯᠠᠭ᠎ᠠ
ᠭᠤᠴᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠤᠨ᠎ᠨᠢ ᠦᠨᠳᠦᠰᠦᠲᠡᠨ᠎ᠤ ᠰᠤᠷᠭᠠᠨ ᠬᠥᠮᠦᠵᠢᠯ᠎ᠳᠡᠬᠢ ᠣᠷᠤᠭᠤᠯᠤᠯᠲᠠ᠎ᠶᠢ ᠤᠷᠢᠳ᠎ᠢᠶᠠᠷ ᠪᠠᠲᠤᠯᠠᠨ᠎ᠠ᠃ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠦᠨᠳᠦᠰᠦᠲᠡᠨ᠎ᠤ ᠰᠤᠷᠭᠠᠭᠤᠯᠢ᠎ᠶᠢᠨ ᠵᠠᠷᠤᠳᠠᠯ᠎ᠤᠨ ᠪᠠᠲᠤᠯᠠᠭ᠎ᠠ᠎ᠶᠢᠨ ᠪᠠᠷᠢᠮᠵᠢᠶ᠎ᠠ᠎ᠶᠢ ᠳᠡᠭᠡᠭᠱᠢᠯᠡᠭᠦᠯᠵᠦ᠂ ᠦᠨᠳᠦᠰᠦᠲᠡᠨ᠎ᠤ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠂ ᠡᠩ᠎ᠦᠨ ᠥᠨᠳᠦᠷ ᠳᠤᠮᠳᠠᠳᠤ᠎ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠂ ᠳᠡᠭᠡᠲᠦ ᠵᠡᠷᠭᠡ᠎ᠶᠢᠨ ᠰᠤᠷᠭᠠᠨ ᠬᠥᠮᠦᠵᠢᠯ᠎ᠦᠨ ᠵᠠᠷᠤᠳᠠᠯ᠎ᠳᠡᠬᠢ ᠣᠷᠤᠭᠤᠯᠤᠯᠲᠠ᠎ᠪᠠᠨ ᠨᠡᠮᠡᠭᠳᠡᠭᠦᠯᠦᠨ᠎ᠡ᠃
ᠭᠤᠴᠢᠨ ᠳᠣᠯᠤᠳᠤᠭᠠᠷ ᠵᠦᠢᠯ ᠥᠪᠡᠷᠲᠡᠭᠡᠨ ᠵᠠᠰᠠᠬᠤ ᠣᠷᠤᠨ᠎ᠨᠢ ᠲᠥᠪ᠎ᠦᠨ ᠡᠳ᠋᠎ᠦᠨ ᠵᠠᠰᠠᠭ᠎ᠠᠴᠠ ᠲᠣᠬᠢᠷᠠᠭᠤᠯᠤᠭᠰᠠᠨ ᠴᠦ᠋ᠬᠡᠨ ᠲᠣᠭᠠᠲᠤ ᠦᠨᠳᠦᠰᠦᠲᠡᠨ᠎ᠤ ᠬᠥᠭᠵᠢᠯᠲᠡ᠎ᠶᠢᠨ ᠪᠡᠯᠡ ᠮᠥᠩᠭᠦ᠂ ᠬᠢᠯᠢ ᠬᠢᠵᠠᠭᠠᠷ ᠣᠷᠤᠨ᠎ᠤ ᠠᠵᠢᠯ ᠦᠢᠯᠡᠰ᠎ᠦᠨ ᠨᠥᠬᠦᠪᠦᠷᠢ ᠮᠥᠩᠭᠦ ᠪᠠ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠵᠠᠷᠤᠳᠠᠯ᠂ ᠶᠠᠳᠠᠭᠤ᠎ᠶᠢ ᠲᠡᠳᠭᠦᠵᠦ ᠨᠡᠭᠡᠭᠡᠨ ᠬᠥᠭᠵᠢᠭᠦᠯᠬᠦ ᠪᠡᠯᠡ ᠮᠥᠩᠭᠦ ᠵᠡᠷᠭᠡ᠎ᠶᠢ ᠵᠣᠬᠢᠬᠤ ᠬᠠᠷᠢᠴᠠᠯ᠎ᠢᠶᠠᠷ ᠦᠨᠳᠦᠰᠦᠲᠡᠨ᠎ᠤ ᠰᠤᠷᠭᠠᠨ ᠬᠥᠮᠦᠵᠢᠯ᠎ᠳᠤ ᠲᠣᠬᠢᠷᠠᠭᠤᠯᠬᠤ ᠬᠡᠷᠡᠭᠲᠡᠢ᠃
ᠥᠪᠡᠷᠲᠡᠭᠡᠨ ᠵᠠᠰᠠᠬᠤ ᠣᠷᠤᠨ᠎ᠤ ᠡᠳ᠋᠎ᠦᠨ ᠵᠠᠰᠠᠭ᠎ᠠᠴᠠ ᠲᠣᠬᠢᠷᠠᠭᠤᠯᠤᠭᠰᠠᠨ ᠴᠦ᠋ᠬᠡᠨ ᠲᠣᠭᠠᠲᠤ ᠦᠨᠳᠦᠰᠦᠲᠡᠨ᠎ᠤ ᠭᠠᠵᠠᠷ ᠣᠷᠤᠨ᠎ᠤ ᠨᠥᠬᠦᠪᠦᠷᠢ ᠮᠥᠩᠭᠦ ᠪᠠ ᠦᠨᠳᠦᠰᠦᠲᠡᠨ᠎ᠤ ᠪᠡᠯᠡᠳᠭᠡᠯ ᠮᠥᠩᠭᠦ᠎ᠶᠢ ᠦᠨᠳᠦᠰᠦᠲᠡᠨ᠎ᠤ ᠰᠤᠷᠭᠠᠨ ᠬᠥᠮᠦᠵᠢᠯ᠎ᠳᠤ ᠬᠡᠷᠡᠭᠯᠡᠬᠦ ᠬᠠᠷᠢᠴᠠᠯ᠎ᠢ ᠣᠨ ᠳᠠᠷᠠᠭᠠᠯᠠᠨ ᠨᠡᠮᠡᠭᠳᠡᠭᠦᠯᠬᠦ ᠬᠡᠷᠡᠭᠲᠡᠢ᠃
ᠦᠨᠳᠦᠰᠦᠲᠡᠨ᠎ᠤ ᠰᠤᠷᠭᠠᠨ ᠬᠥᠮᠦᠵᠢᠯ᠎ᠦᠨ ᠲᠤᠰᠭᠠᠢ ᠵᠠᠷᠤᠳᠠᠯ᠎ᠤᠨ ᠮᠥᠩᠭᠦ᠎ᠶᠢ ᠲᠤᠰᠭᠠᠢ ᠬᠡᠷᠡᠭᠯᠡᠵᠦ᠂ ᠶᠠᠮᠠᠷᠪᠠ ᠨᠢᠭᠡᠴᠢ ᠪᠠ ᠬᠤᠪᠢ ᠬᠥᠮᠦᠨ ᠱᠢᠬᠠᠨ ᠡᠵᠡᠯᠡᠵᠤ᠂ ᠦᠯᠡᠳᠡᠭᠡᠵᠤ᠂ ᠱᠢᠯᠵᠢᠭᠦᠯᠦᠨ ᠬᠡᠷᠡᠭᠯᠡᠵᠤ ᠪᠣᠯᠬᠤ᠎ᠦᠭᠡᠢ᠃
ᠭᠤᠴᠢᠨ ᠨᠠᠢ᠍ᠮᠠᠳᠤᠭᠠᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠨᠢ ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠎ᠶᠢᠨ ᠠᠯᠪᠠᠨ ᠵᠠᠷᠤᠳᠠᠯ᠎ᠢ ᠬᠢᠨᠠᠨ ᠲᠣᠭᠲᠠᠭᠠᠬᠤ ᠦᠶᠡᠰ᠂ ᠨᠥᠬᠦᠪᠦᠷᠢ᠎ᠶᠢᠨ ᠪᠠᠷᠢᠮᠵᠢᠶ᠎ᠠ᠎ᠶᠢ ᠲᠤᠬᠠᠢ᠎ᠶᠢᠨ ᠭᠠᠵᠠᠷ᠎ᠤᠨ ᠠᠳᠠᠯᠢ ᠱᠠᠲᠤᠨ᠎ᠤ ᠠᠳᠠᠯᠢ ᠲᠥᠷᠦᠯ᠎ᠦᠨ ᠰᠤᠷᠭᠠᠭᠤᠯᠢ᠎ᠶᠢᠨ ᠪᠠᠷᠢᠮᠵᠢᠶ᠎ᠠ᠎ᠠᠴᠠ ᠥᠨᠳᠦᠷ ᠲᠣᠬᠢᠷᠠᠭᠤᠯᠬᠤ ᠬᠡᠷᠡᠭᠲᠡᠢ᠃
ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠨᠢ ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠎ᠶᠢᠨ ᠬᠡᠷᠡᠭᠰᠡᠬᠦ ᠤᠰᠤ᠂ ᠴᠠᠬᠢᠯᠭᠠᠨ᠂ ᠳᠤᠯᠠᠭᠠᠯᠭ᠎ᠠ᠎ᠶᠢᠨ ᠵᠠᠷᠤᠳᠠᠯ᠎ᠢ ᠪᠤᠲᠠᠲᠠᠢ ᠵᠠᠷᠤᠯᠭ᠎ᠠ ᠶᠣᠰᠤᠭᠠᠷ ᠲᠥᠰᠦᠪ᠎ᠲᠤ ᠣᠷᠤᠭᠤᠯᠵᠤ᠂ ᠬᠦᠢᠴᠡᠳ ᠲᠣᠭ᠎ᠠ᠎ᠪᠠᠷ ᠬᠢᠨᠠᠨ ᠲᠣᠭᠲᠠᠭᠠᠬᠤ᠎ᠶᠢᠨ ᠬᠠᠮᠲᠤ ᠴᠠᠭ ᠲᠤᠬᠠᠢᠳᠤᠨᠢ ᠥᠭᠬᠦ ᠬᠡᠷᠡᠭᠲᠡᠢ᠃
ᠭᠤᠴᠢ ᠶᠢᠰᠦᠳᠦᠭᠡᠷ ᠵᠦᠢᠯ ᠡᠯ᠎ᠡ ᠱᠠᠲᠤᠨ᠎ᠤ ᠡᠳ᠋᠎ᠦᠨ ᠵᠠᠰᠠᠭ ᠦᠨᠳᠦᠰᠦᠲᠡᠨ᠎ᠤ ᠰᠤᠷᠭᠠᠨ ᠬᠥᠮᠦᠵᠢᠯ᠎ᠦᠨ ᠲᠤᠰᠭᠠᠢ ᠲᠥᠷᠦᠯ᠎ᠦᠨ ᠨᠥᠬᠦᠪᠦᠷᠢ ᠮᠥᠩᠭᠦ ᠲᠣᠬᠢᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠤᠨ᠎ᠤ ᠡᠳ᠋᠎ᠦᠨ ᠵᠠᠰᠠᠭ᠎ᠨᠢ ᠴᠦ᠋ᠬᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠱᠢᠭᠰᠠᠨ ᠪᠥᠭᠡᠳ ᠬᠥᠮᠦᠨ ᠠᠮᠠ ᠤᠯᠠᠨ᠂ ᠦᠨᠳᠦᠰᠦᠲᠡᠨ᠎ᠤ ᠰᠤᠷᠭᠠᠨ ᠬᠥᠮᠦᠵᠢᠯ᠎ᠦᠨ ᠠᠵᠢᠯ᠎ᠤᠨ ᠡᠭᠦᠷᠭᠡ ᠬᠦᠨᠳᠦ᠂ ᠬᠦᠴᠢᠷᠳᠡᠯ ᠶᠡᠬᠡᠲᠡᠢ ᠭᠠᠵᠠᠷ ᠣᠷᠤᠨ᠎ᠳᠤ ᠵᠣᠬᠢᠬᠤ ᠬᠡᠮᠵᠢᠶ᠎ᠡ᠎ᠪᠡᠷ ᠬᠡᠯᠪᠡᠢᠬᠦ ᠬᠡᠷᠡᠭᠲᠡᠢ᠃
ᠡᠯ᠎ᠡ ᠱᠠᠲᠤᠨ᠎ᠤ ᠡᠳ᠋᠎ᠦᠨ ᠵᠠᠰᠠᠭ᠎ᠤᠨ ᠲᠣᠬᠢᠷᠠᠭᠤᠯᠤᠭᠰᠠᠨ ᠦᠨᠳᠦᠰᠦᠲᠡᠨ᠎ᠤ ᠰᠤᠷᠭᠠᠨ ᠬᠥᠮᠦᠵᠢᠯ᠎ᠦᠨ ᠲᠤᠰᠭᠠᠢ ᠲᠥᠷᠦᠯ᠎ᠦᠨ ᠨᠥᠬᠦᠪᠦᠷᠢ ᠮᠥᠩᠭᠦ᠎ᠶᠢ ᠬᠡᠷᠡᠭᠴᠡᠭᠡ᠎ᠪᠠᠨ ᠦᠨᠳᠦᠰᠦᠯᠡᠵᠦ ᠬᠦᠢᠴᠡᠳ ᠲᠣᠭ᠎ᠠ᠎ᠪᠠᠷ ᠬᠢᠨᠠᠨ ᠲᠣᠭᠲᠠᠭᠠᠵᠤ᠂ ᠡᠳ᠋᠎ᠦᠨ ᠵᠠᠰᠠᠭ᠎ᠤᠨ ᠲᠥᠰᠦᠪ᠎ᠲᠤ᠎ᠪᠠᠨ ᠣᠷᠤᠭᠤᠯᠵᠤ ᠴᠠᠭ ᠲᠤᠬᠠᠢᠳᠤᠨᠢ ᠥᠭᠬᠦ ᠬᠡᠷᠡᠭᠲᠡᠢ᠃
ᠳᠥᠴᠢᠳᠦᠭᠡᠷ ᠵᠦᠢᠯ ᠴᠦ᠋ᠬᠡᠨ ᠲᠣᠭᠠᠲᠤ ᠦᠨᠳᠦᠰᠦᠲᠡᠨ᠎ᠤ ᠰᠤᠷᠤᠭᠴᠢᠳ᠎ᠤᠨ ᠰᠤᠷᠤᠯᠭ᠎ᠠ᠎ᠶᠢᠨ ᠳᠡᠳᠭᠦᠮᠵᠢ᠎ᠶᠢᠨ ᠮᠥᠩᠭᠦ᠎ᠶᠢ ᠥᠪᠡᠷᠲᠡᠭᠡᠨ ᠵᠠᠰᠠᠬᠤ ᠣᠷᠤᠨ᠂ ᠠᠢᠮᠠᠭ ᠬᠤᠳᠠ᠂ ᠬᠣᠱᠢᠭᠤ ᠱᠢᠶᠠᠨ ᠭᠤᠷᠪᠠᠨ ᠱᠠᠲᠤ ᠬᠤᠪᠢᠶᠠᠨ ᠡᠭᠦᠷᠭᠡᠯᠡᠬᠦ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠦᠨ᠎ᠡ᠃
ᠰᠤᠷᠤᠯᠭ᠎ᠠ᠎ᠶᠢᠨ ᠳᠡᠳᠭᠦᠮᠵᠢ᠎ᠶᠢᠨ ᠮᠥᠩᠭᠦ᠎ᠶᠢᠨ ᠪᠠᠷᠢᠮᠵᠢᠶ᠎ᠠ᠎ᠶᠢ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠡᠳ᠋᠎ᠦᠨ ᠵᠠᠰᠠᠭ᠂ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠨᠢᠭᠡᠳᠦᠯᠲᠡᠢ ᠲᠣᠭᠲᠠᠭᠠᠵᠤ᠂ ᠡᠯ᠎ᠡ ᠱᠠᠲᠤᠨ᠎ᠤ ᠡᠳ᠋᠎ᠦᠨ ᠵᠠᠰᠠᠭ᠎ᠤᠨ ᠲᠥᠰᠦᠪ᠎ᠲᠤ ᠣᠷᠤᠭᠤᠯᠵᠤ᠂ ᠴᠠᠭ ᠲᠤᠬᠠᠢᠳᠤᠨᠢ ᠬᠦᠢᠴᠡᠳ ᠲᠣᠭ᠎ᠠ᠎ᠪᠠᠷ ᠬᠠᠩᠭᠠᠬᠤ᠎ᠶᠢ ᠪᠠᠲᠤᠯᠠᠨ᠎ᠠ᠃
ᠳᠥᠴᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠤᠨ᠎ᠨᠢ ᠬᠣᠤᠰ ᠬᠡᠯᠡ᠎ᠪᠡᠷ ᠵᠢᠭᠠᠨ ᠰᠤᠷᠭᠠᠬᠤ ᠦᠨᠳᠦᠰᠦᠲᠡᠨ᠎ᠤ ᠬᠡᠤᠬᠡᠳ᠎ᠦᠨ ᠴᠡᠴᠡᠷᠯᠢᠭ᠎ᠦᠨ ᠴᠡᠴᠡᠷᠯᠢᠭ᠎ᠲᠤ ᠪᠠᠢᠭ᠎ᠠ ᠬᠡᠤᠬᠡᠳ᠎ᠢ ᠠᠰᠠᠷᠠᠨ ᠬᠥᠮᠦᠵᠢᠭᠦᠯᠬᠦ ᠰᠦᠢᠳᠭᠡᠯ᠎ᠢ ᠬᠠᠰᠤᠨ ᠬᠡᠯᠲᠦᠷᠢᠭᠦᠯᠵᠦ᠂ ᠬᠡᠷᠡᠭᠰᠡᠬᠦ ᠪᠡᠯᠡ ᠮᠥᠩᠭᠦ᠎ᠶᠢ ᠣᠷᠤᠨ ᠨᠤᠳᠤᠭ᠎ᠤᠨ ᠡᠳ᠋᠎ᠦᠨ ᠵᠠᠰᠠᠭ᠎ᠠᠴᠠ ᠡᠭᠦᠷᠭᠡᠯᠡᠨ᠎ᠡ᠃
ᠬᠣᠤᠰ ᠬᠡᠯᠡ᠎ᠪᠡᠷ ᠵᠢᠭᠠᠨ ᠰᠤᠷᠭᠠᠬᠤ ᠦᠨᠳᠦᠰᠦᠲᠡᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠭᠤᠯᠢ᠎ᠳᠤ ᠪᠠᠢᠭ᠎ᠠ ᠰᠤᠷᠤᠭᠴᠢᠳ᠎ᠤᠨ ᠰᠤᠷᠤᠯᠭ᠎ᠠ᠎ᠶᠢᠨ ᠰᠦᠢᠳᠭᠡᠯ᠎ᠢ ᠬᠡᠯᠲᠦᠷᠢᠭᠦᠯᠵᠦ᠂ ᠵᠢᠭᠠᠬᠤ ᠮᠠᠲᠧᠷᠢᠶᠠᠯ ᠪᠠ ᠨᠢᠭᠡ ᠬᠤᠪᠢ ᠵᠢᠭᠠᠨ ᠰᠤᠷᠭᠠᠯᠲᠠ᠎ᠶᠢᠨ ᠲᠤᠰᠠᠯᠠᠬᠤ ᠮᠠᠲᠧᠷᠢᠶᠠᠯ᠎ᠢ ᠦᠨ᠎ᠡ ᠲᠥᠯᠦᠪᠦᠷᠢ᠎ᠦᠭᠡᠢ᠎ᠪᠡᠷ ᠬᠠᠩᠭᠠᠵᠤ᠂ ᠪᠠᠢᠷᠢ᠎ᠶᠢᠨ ᠳᠦᠷᠢᠮᠲᠦ ᠰᠤᠷᠤᠭᠴᠢᠳ᠎ᠲᠤ ᠠᠮᠢᠳᠤᠷᠠᠯ᠎ᠤᠨ ᠨᠥᠬᠦᠪᠦᠷᠢ ᠣᠯᠭᠤᠵᠤ᠂ ᠬᠡᠷᠡᠭᠰᠡᠬᠦ ᠪᠡᠯᠡ ᠮᠥᠩᠭᠦ᠎ᠶᠢ ᠥᠪᠡᠷᠲᠡᠭᠡᠨ ᠵᠠᠰᠠᠬᠤ ᠣᠷᠤᠨ᠎ᠤ ᠡᠳ᠋᠎ᠦᠨ ᠵᠠᠰᠠᠭ᠎ᠠᠴᠠ ᠡᠭᠦᠷᠭᠡᠯᠡᠨ᠎ᠡ᠃
ᠳᠥᠴᠢᠨ ᠬᠣᠶᠠᠳᠤᠭᠠᠷ ᠵᠦᠢᠯ ᠥᠪᠡᠷᠲᠡᠭᠡᠨ ᠵᠠᠰᠠᠬᠤ ᠣᠷᠤᠨ᠎ᠨᠢ ᠣᠷᠤᠨ᠎ᠤ ᠳᠣᠲᠤᠷᠠᠬᠢ ᠳᠡᠭᠡᠲᠤ ᠵᠡᠷᠭᠡ᠎ᠶᠢᠨ ᠰᠤᠷᠭᠠᠭᠤᠯᠢ᠎ᠳᠤ ᠱᠢᠯᠭᠠᠵᠤ ᠣᠷᠤᠭᠰᠠᠨ ᠮᠣᠩᠭᠤᠯ ᠬᠡᠯᠡ᠎ᠪᠡᠷ ᠬᠢᠴᠢᠶᠡᠯᠯᠡᠬᠦ᠎ᠪᠡᠷ ᠭᠣᠤᠯᠯᠠᠵᠤ᠂ ᠬᠢᠲᠠᠳ ᠬᠡᠯᠡ ᠨᠡᠮᠡᠨ ᠰᠤᠷᠴᠤ ᠪᠠᠢᠭ᠎ᠠ ᠰᠤᠷᠤᠭᠴᠢᠳ᠎ᠤᠨ 20%᠎ᠶᠢᠨ ᠰᠤᠷᠤᠯᠭ᠎ᠠ᠎ᠶᠢᠨ ᠰᠦᠢᠳᠭᠡᠯ᠎ᠢ ᠬᠠᠰᠤᠨ ᠬᠡᠯᠳᠦᠷᠢᠬᠦᠯᠵᠦ᠂ ᠬᠡᠷᠡᠭᠰᠡᠬᠦ ᠪᠡᠯᠡ ᠮᠥᠩᠭᠦ᠎ᠶᠢ ᠥᠪᠡᠷᠲᠡᠭᠡᠨ ᠵᠠᠰᠠᠬᠤ ᠣᠷᠤᠨ᠎ᠤ ᠡᠳ᠋᠎ᠦᠨ ᠵᠠᠰᠠᠭ᠎ᠠᠴᠠ ᠡᠭᠦᠷᠭᠡᠯᠡᠨ᠎ᠡ᠃
ᠣᠷᠤᠨ᠎ᠤ ᠲᠤᠳᠤᠷᠠᠬᠢ ᠳᠡᠭᠡᠲᠦ ᠵᠡᠷᠭᠡ᠎ᠶᠢᠨ ᠰᠤᠷᠭᠠᠭᠤᠯᠢ᠎ᠶᠢᠨ ᠮᠣᠩᠭᠤᠯ ᠬᠡᠯᠡ᠎ᠪᠡᠷ ᠬᠢᠴᠢᠶᠡᠯᠯᠡᠬᠦ ᠲᠤᠰᠭᠠᠢ ᠮᠡᠷᠭᠡᠵᠢᠯ᠎ᠦᠨ ᠰᠤᠷᠤᠭᠴᠢᠳ ᠠᠵᠢᠯ ᠣᠯᠵᠤ ᠦᠢᠯᠡᠰ ᠪᠣᠰᠭᠠᠬᠤ᠎ᠳᠤᠨᠢ ᠲᠤᠰᠠᠲᠠᠢ ᠬᠣᠶᠠᠳᠤᠭᠠᠷ ᠡᠷᠳᠡᠮ᠎ᠦᠨ ᠴᠣᠯᠠ᠂ ᠬᠣᠶᠠᠳᠤᠭᠠᠷ ᠲᠤᠰᠭᠠᠢ ᠮᠡᠷᠭᠡᠵᠢᠯ ᠪᠣᠯᠤᠨ ᠬᠢᠲᠠᠳ ᠬᠡᠯᠡ᠎ᠪᠡᠷ ᠬᠢᠴᠢᠶᠡᠯᠯᠡᠬᠦ ᠬᠡᠷᠡᠭᠯᠡᠭᠡᠨ᠎ᠤ ᠲᠥᠷᠦᠯ᠎ᠦᠨ ᠬᠢᠴᠢᠶᠡᠯ ᠲᠥᠷᠦᠯ᠎ᠢ ᠨᠡᠮᠡᠨ ᠰᠤᠷᠴᠤ᠂ ᠬᠢᠷᠢ ᠲᠡᠩᠴᠡᠭᠰᠡᠨ ᠦᠨᠡᠮᠯᠡᠯ ᠪᠤᠶᠤ ᠬᠢᠷᠢ ᠲᠡᠩᠴᠡᠭᠰᠡᠨ ᠬᠢᠷᠢ ᠪᠦᠲᠦᠮᠵᠢ᠎ᠶᠢᠨ ᠬᠠᠭᠤᠳᠠᠰᠤ ᠣᠯᠤᠭᠰᠠᠨ ᠪᠤᠯ᠂ ᠵᠠᠰᠠᠭ᠎ᠤᠨ ᠣᠷᠳᠤᠨ᠎ᠠᠴᠠ ᠰᠣᠩᠭᠤᠵᠤ ᠰᠤᠷᠤᠭᠰᠠᠨ ᠰᠦᠢᠳᠭᠡᠯ᠎ᠢ᠎ᠨᠢ ᠨᠥᠬᠦᠪᠦᠷᠢᠯᠡᠵᠦ᠂ ᠬᠡᠷᠡᠭᠰᠡᠬᠦ ᠪᠡᠯᠡ ᠮᠥᠩᠭᠦ᠎ᠶᠢ ᠰᠤᠷᠭᠠᠭᠤᠯᠢ᠎ᠶᠢᠨ ᠬᠠᠷᠢᠶᠠᠯᠠᠭᠳᠠᠬᠤ ᠬᠠᠷᠢᠴᠠᠭ᠎ᠠ ᠶᠣᠰᠤᠭᠠᠷ ᠡᠯ᠎ᠡ ᠱᠠᠲᠤᠨ᠎ᠤ ᠡᠳ᠋᠎ᠦᠨ ᠵᠠᠰᠠᠭ᠎ᠠᠴᠠ ᠰᠤᠷᠤᠭᠴᠢ ᠪᠦᠷᠢ᠎ᠶᠢᠨ ᠲᠣᠭᠲᠠᠭᠰᠠᠨ ᠲᠣᠭᠠᠲᠤ ᠨᠥᠬᠦᠪᠦᠷᠢ᠎ᠳᠤ ᠣᠷᠤᠭᠤᠯᠤᠨ᠎ᠠ᠃
ᠴᠦ᠋ᠬᠡᠨ ᠲᠣᠭᠠᠲᠤ ᠦᠨᠳᠦᠰᠦᠲᠡᠨ᠎ᠤ ᠶᠡᠬᠡ ᠳᠡᠭᠡᠲᠤ ᠰᠤᠷᠭᠠᠭᠤᠯᠢ᠎ᠶᠢᠨ ᠪᠡᠯᠡᠳᠭᠡᠯ ᠠᠩᠭᠢ᠎ᠶᠢᠨ ᠰᠤᠷᠤᠭᠴᠢ᠎ᠨᠢ ᠢᠷᠡᠯᠲᠡ᠎ᠶᠢᠨ ᠭᠠᠵᠠᠷ᠎ᠤᠨ᠎ᠢᠶᠠᠨ ᠵᠠᠰᠠᠭ᠎ᠤᠨ ᠣᠷᠳᠤᠨ᠎ᠤ ᠨᠥᠬᠦᠪᠦᠷᠢ ᠬᠦᠤ᠎ᠲᠠᠢ ᠵᠢᠭᠡᠯᠡᠯᠭᠡ᠎ᠶᠢ ᠬᠦᠷᠲᠡᠬᠦ ᠶᠣᠰᠤᠲᠠᠢ᠃ ᠴᠦ᠋ᠬᠡᠨ ᠲᠣᠭᠠᠲᠤ ᠦᠨᠳᠦᠰᠦᠲᠡᠨ᠎ᠤ ᠬᠡᠷ ᠪᠦᠯᠢ᠎ᠶᠢᠨ ᠠᠵᠤ ᠠᠬᠤᠢ᠎ᠨᠢ ᠬᠦᠴᠢᠷᠳᠡᠯᠲᠡᠢ᠂ ᠮᠤᠷᠠᠯ ᠰᠤᠷᠤᠯᠭ᠎ᠠ ᠬᠣᠤᠰᠯᠠᠭᠰᠠᠨ ᠰᠤᠷᠤᠭᠴᠢ᠎ᠳᠤ ᠤᠯᠤᠰ ᠪᠠ ᠥᠪᠡᠷᠲᠡᠭᠡᠨ ᠵᠠᠰᠠᠬᠤ ᠣᠷᠤᠨ᠎ᠤ ᠡᠯ᠎ᠡ ᠲᠥᠷᠦᠯ᠎ᠦᠨ ᠰᠤᠷᠤᠯᠭ᠎ᠠ᠎ᠶᠢ ᠳᠡᠳᠬᠦᠬᠦ ᠱᠠᠩᠨᠠᠯ᠎ᠢ ᠤᠷᠢᠳ᠎ᠢᠶᠠᠷ ᠬᠦᠷᠲᠡᠭᠡᠨ᠎ᠡ᠃
ᠳᠥᠴᠢᠨ ᠭᠤᠷᠪᠠᠳᠤᠭᠠᠷ ᠵᠦᠢᠯ ᠠᠯᠪᠠᠲᠠᠨ ᠱᠢᠯᠭᠠᠨ ᠡᠯᠰᠡᠬᠦ᠂ ᠠᠵᠢᠯ ᠦᠢᠯᠡᠰ᠎ᠦᠨ ᠨᠢᠭᠡᠴᠢ ᠠᠵᠢᠯᠲᠠᠨ ᠡᠯᠰᠡᠬᠦ ᠦᠶᠡᠰ᠂ ᠵᠢᠯ ᠪᠦᠷᠢ᠎ᠶᠢᠨ ᠡᠯᠰᠡᠨ ᠬᠡᠷᠡᠭᠯᠡᠬᠦ ᠲᠥᠯᠦᠪᠯᠡᠭᠡ᠎ᠳᠤ᠎ᠪᠠᠨ ᠶᠡᠷᠦᠩᠬᠡᠢ ᠲᠣᠭᠠᠨ᠎ᠤ ᠵᠠᠭᠤᠨ᠎ᠤ ᠠᠷᠪᠠᠨ ᠲᠠᠪᠤ᠎ᠠᠴᠠ ᠲᠤᠤᠷ᠎ᠠ ᠪᠤᠰᠤ ᠠᠵᠢᠯ᠎ᠤᠨ ᠪᠠᠢᠷᠢ᠎ᠶᠢ ᠮᠣᠩᠭᠤᠯ ᠬᠡᠯᠡ᠎ᠪᠡᠷ ᠬᠢᠴᠢᠶᠡᠯᠯᠡᠭᠰᠡᠨ ᠶᠡᠬᠡ ᠰᠤᠷᠭᠠᠭᠤᠯᠢ ᠲᠡᠭᠦᠰᠦᠭᠰᠡᠳ᠎ᠲᠤ ᠬᠡᠷᠡᠭᠯᠡᠬᠦ᠎ᠪᠠᠷ ᠲᠣᠭᠲᠠᠭᠠᠬᠤ ᠬᠡᠷᠡᠭᠲᠡᠢ᠃
ᠤᠯᠤᠰ᠎ᠤᠨ ᠦᠮᠴᠢᠯᠡᠯᠲᠤ ᠠᠵᠤ ᠠᠬᠤᠢᠯᠠᠯ ᠠᠵᠢᠯᠲᠠᠨ ᠡᠯᠰᠡᠬᠦ ᠦᠶᠡᠰ᠂ ᠠᠳᠠᠯᠢ ᠨᠥᠬᠦᠴᠡᠯ ᠳᠣᠤᠷ᠎ᠠ ᠮᠣᠩᠭᠤᠯ ᠬᠡᠯᠡ᠎ᠪᠠᠷ ᠬᠢᠴᠢᠶᠡᠯᠯᠡᠭᠰᠡᠨ ᠶᠡᠬᠡ ᠳᠡᠭᠡᠲᠤ ᠰᠤᠷᠭᠠᠭᠤᠯᠢ᠂ ᠳᠤᠮᠳᠠᠳᠤ ᠵᠡᠷᠭᠡ᠎ᠶᠢᠨ ᠲᠤᠰᠭᠠᠢ ᠮᠡᠷᠭᠡᠵᠢᠯ᠎ᠦᠨ ᠰᠤᠷᠭᠠᠭᠤᠯᠢ ᠲᠡᠭᠦᠰᠦᠭᠰᠡᠳ᠎ᠢ ᠤᠷᠢᠳ᠎ᠢᠶᠠᠷ ᠡᠯᠰᠡᠨ ᠬᠡᠷᠡᠭᠯᠡᠨ᠎ᠡ᠃
ᠳᠥᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠤᠨ᠎ᠠᠴᠠ ᠦᠨᠳᠦᠰᠦᠲᠡᠨ᠎ᠤ ᠰᠣᠶᠤᠯ᠎ᠢ ᠤᠯᠠᠮᠵᠢᠯᠠᠨ ᠬᠥᠭᠵᠢᠭᠦᠯᠬᠦ ᠠᠵᠢᠯ ᠦᠢᠯᠡᠰ ᠪᠠ ᠮᠣᠩᠭᠤᠯ ᠨᠣᠮ ᠪᠢᠴᠢᠭ᠂ ᠳᠠᠭᠤ ᠳᠦᠷᠰᠦ ᠱᠢᠩᠭᠡᠭᠡᠯᠲᠡ᠎ᠶᠢᠨ ᠬᠡᠪᠯᠡᠭᠳᠡᠬᠦᠨ᠎ᠢ ᠬᠡᠪᠯᠡᠨ ᠲᠠᠷᠬᠠᠭᠠᠬᠤ ᠠᠵᠢᠯ᠎ᠢ ᠴᠢᠬᠤᠯᠠᠴᠢᠯᠠᠨ᠎ᠠ᠃
ᠮᠣᠩᠭᠤᠯ ᠵᠢᠭᠠᠬᠤ ᠮᠠᠲᠧᠷᠢᠶᠠᠯ᠂ ᠵᠢᠭᠠᠨ ᠰᠤᠷᠭᠠᠯᠲᠠ᠎ᠶᠢᠨ ᠲᠤᠰᠠᠯᠠᠬᠤ ᠮᠠᠲᠧᠷᠢᠶᠠᠯ᠂ ᠨᠣᠮ ᠪᠢᠴᠢᠭ᠂ ᠳᠠᠭᠤ ᠳᠦᠷᠰᠦ ᠱᠢᠩᠭᠡᠭᠡᠯᠲᠡ᠎ᠶᠢᠨ ᠬᠡᠪᠯᠡᠭᠳᠡᠬᠦᠨ ᠵᠡᠷᠭᠡ ᠬᠡᠪᠯᠡᠯ᠎ᠦᠨ ᠵᠦᠢᠯᠡᠰ᠎ᠢ ᠬᠡᠪᠯᠡᠨ ᠲᠠᠷᠬᠠᠭᠠᠬᠤ᠎ᠳᠤ ᠡᠳ᠋᠎ᠦᠨ ᠵᠠᠰᠠᠭ᠎ᠤᠨ ᠨᠥᠬᠦᠪᠦᠷᠢ᠎ᠶᠢᠨ ᠲᠥᠷᠦ᠎ᠶᠢᠨ ᠪᠣᠳᠤᠯᠭ᠎ᠠ᠎ᠶᠢ ᠬᠡᠷᠡᠭᠵᠢᠭᠦᠯᠦᠨ᠎ᠡ᠃
ᠮᠣᠩᠭᠤᠯ ᠵᠢᠭᠠᠬᠤ ᠮᠠᠲᠧᠷᠢᠶᠠᠯ ᠪᠠ ᠵᠢᠭᠠᠨ ᠰᠤᠷᠭᠠᠯᠲᠠ᠎ᠶᠢᠨ ᠲᠤᠰᠠᠯᠠᠬᠤ ᠮᠠᠲᠧᠷᠢᠶᠠᠯ᠎ᠢ ᠨᠠᠢᠷᠠᠭᠤᠯᠵᠤ ᠣᠷᠴᠢᠭᠤᠯᠬᠤ᠂ ᠬᠢᠨᠠᠨ ᠪᠠᠢᠴᠠᠭᠠᠬᠤ ᠵᠡᠷᠭᠡ᠎ᠳᠤ ᠪᠡᠯᠡ ᠮᠥᠩᠭᠦ᠎ᠶᠢᠨ ᠪᠠᠲᠤᠯᠠᠭ᠎ᠠ ᠬᠠᠩᠭᠠᠨ᠎ᠠ᠃
ᠳᠥᠴᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠤᠨ᠎ᠨᠢ ᠦᠨᠳᠦᠰᠦᠲᠡᠨ᠎ᠤ ᠰᠤᠷᠭᠠᠨ ᠬᠥᠮᠦᠵᠢᠯ᠎ᠢ ᠬᠢᠨᠠᠨ ᠵᠢᠯᠤᠭᠤᠳᠴᠤ ᠦᠨᠡᠯᠡᠨ ᠵᠢᠱᠢᠬᠦ ᠪᠣᠯᠤᠨ ᠰᠤᠷᠭᠠᠭᠤᠯᠢ ᠡᠷᠬᠢᠯᠡᠬᠦ ᠨᠥᠬᠦᠴᠡᠯ᠎ᠢ ᠪᠠᠲᠤᠯᠠᠬᠤ ᠠᠵᠢᠯ᠎ᠢ ᠴᠢᠩᠭᠠᠳᠭᠠᠬᠤ ᠬᠡᠷᠡᠭᠲᠡᠢ᠃ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠨᠢ ᠡᠯ᠎ᠡ ᠱᠠᠲᠤᠨ᠎ᠤ ᠡᠯ᠎ᠡ ᠲᠥᠷᠦᠯ᠎ᠦᠨ ᠦᠨᠳᠦᠰᠦᠲᠡᠨ᠎ᠤ ᠰᠤᠷᠭᠠᠭᠤᠯᠢ᠎ᠶᠢᠨ ᠰᠠᠭᠤᠷᠢ ᠲᠥᠭᠦᠭᠡᠷᠦᠮᠵᠢ᠎ᠶᠢᠨ ᠪᠦᠲᠦᠭᠡᠨ ᠪᠠᠢᠭᠤᠯᠤᠯᠲᠠ ᠪᠠ ᠵᠢᠭᠠᠨ ᠰᠤᠷᠭᠠᠬᠤ ᠲᠥᠭᠦᠭᠡᠷᠦᠮᠵᠢ᠎ᠶᠢ ᠬᠤᠳᠠᠯᠳᠤᠨ ᠠᠪᠬᠤ᠎ᠶᠢ ᠤᠯᠠᠨ ᠨᠡᠢᠲᠡ᠎ᠶᠢᠨ ᠡᠳ᠋᠎ᠦᠨ ᠵᠠᠰᠠᠭ᠎ᠤᠨ ᠪᠠᠲᠤᠯᠠᠭ᠎ᠠ᠎ᠶᠢᠨ ᠬᠦᠷᠢᠶ᠎ᠡ ᠬᠡᠪᠴᠢᠶᠡᠨ᠎ᠳᠤ ᠣᠷᠤᠭᠤᠯᠬᠤ᠎ᠶᠢᠨ ᠬᠠᠮᠲᠤ ᠤᠷᠲᠤ ᠬᠤᠭᠤᠴᠠᠭᠠᠨ᠎ᠤ ᠳᠠᠭᠠᠭᠠᠮᠠᠭᠠᠢ ᠲᠣᠭᠲᠠᠴᠠ᠎ᠶᠢ ᠪᠠᠢᠭᠤᠯᠬᠤ ᠬᠡᠷᠡᠭᠲᠡᠢ᠃
ᠡᠯ᠎ᠡ ᠱᠠᠲᠤᠨ᠎ᠤ ᠡᠯ᠎ᠡ ᠲᠥᠷᠦᠯ᠎ᠦᠨ ᠦᠨᠳᠦᠰᠦᠲᠡᠨ᠎ᠤ ᠰᠤᠷᠭᠠᠭᠤᠯᠢ᠎ᠶᠢᠨ ᠰᠤᠷᠭᠠᠭᠤᠯᠢ ᠡᠷᠬᠢᠯᠡᠬᠦ ᠨᠥᠬᠦᠴᠡᠯ᠎ᠨᠢ ᠪᠠᠷᠢᠮᠵᠢᠶᠠᠴᠢᠯᠠᠭᠰᠠᠨ ᠱᠠᠭᠠᠷᠳᠠᠯᠭ᠎ᠠ᠎ᠳᠤ ᠬᠦᠷᠴᠦ᠂ ᠣᠨᠴᠠᠯᠢᠭᠲᠤ ᠬᠥᠭᠵᠢᠯᠲᠡ᠎ᠶᠢᠨ ᠬᠡᠷᠡᠭᠴᠡᠭᠡ᠎ᠶᠢ ᠬᠠᠩᠭᠠᠬᠤ ᠬᠡᠷᠡᠭᠲᠡᠢ᠃
ᠳᠥᠴᠢᠨ ᠵᠢᠷᠭᠤᠳᠤᠭᠠᠷ ᠵᠦᠢᠯ ᠡᠯ᠎ᠡ ᠱᠠᠲᠤᠨ᠎ᠤ ᠡᠯ᠎ᠡ ᠲᠥᠷᠦᠯ᠎ᠦᠨ ᠦᠨᠳᠦᠰᠦᠲᠡᠨ᠎ᠤ ᠰᠤᠷᠭᠠᠭᠤᠯᠢ᠎ᠨᠢ ᠬᠡᠪ᠎ᠦᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢ ᠨᠦᠯᠦᠭᠡᠯᠡᠬᠦ᠎ᠦᠭᠡᠢ ᠤᠷᠢᠳᠠᠯ ᠳᠣᠤᠷ᠎ᠠ᠂ ᠠᠵᠢᠯᠴᠢ ᠠᠷᠪᠢᠴᠢ᠎ᠪᠠᠷ ᠰᠤᠷᠤᠯᠴᠠᠬᠤ ᠪᠠ ᠨᠡᠢᠭᠡᠮ᠎ᠦᠨ ᠦᠢᠯᠡᠴᠢᠯᠡᠭᠡ ᠥᠷᠨᠢᠭᠦᠯᠵᠦ ᠪᠣᠯᠤᠨ᠎ᠠ᠃
ᠳᠥᠴᠢᠨ ᠳᠣᠯᠤᠳᠤᠭᠠᠷ ᠵᠦᠢᠯ ᠥᠪᠡᠷᠲᠡᠭᠡᠨ ᠵᠠᠰᠠᠬᠤ ᠣᠷᠤᠨ᠎ᠨᠢ ᠠᠵᠤ ᠠᠬᠤᠢᠯᠠᠯ ᠠᠵᠢᠯ ᠦᠢᠯᠡᠰ᠎ᠦᠨ ᠵᠣᠬᠢᠶᠠᠨ ᠪᠠᠢᠭᠤᠯᠤᠯᠲᠠ᠂ ᠨᠡᠢᠭᠡᠮ᠎ᠦᠨ ᠪᠦᠯᠬᠦᠮ᠂ ᠪᠤᠰᠤᠳ ᠨᠡᠢᠭᠡᠮ᠎ᠦᠨ ᠵᠣᠬᠢᠶᠠᠨ ᠪᠠᠢᠭᠤᠯᠤᠯᠲᠠ ᠵᠢᠴᠢ ᠬᠤᠪᠢ ᠬᠥᠮᠦᠨ᠎ᠤ ᠦᠨᠳᠦᠰᠦᠲᠡᠨ᠎ᠤ ᠰᠤᠷᠭᠠᠨ ᠬᠥᠮᠦᠵᠢᠯ᠎ᠳᠤ ᠬᠠᠨᠳᠢᠪ ᠡᠷᠭᠦᠵᠦ ᠰᠤᠷᠤᠯᠭ᠎ᠠ᠎ᠶᠢ ᠳᠡᠮᠵᠢᠬᠦ᠎ᠶᠢ ᠵᠣᠷᠢᠭᠵᠢᠭᠤᠯᠤᠨ᠎ᠠ᠃