(2016 ᠣᠨ᠎ᠤ 9 ᠰᠠᠷ᠎ᠠ᠎ᠶᠢᠨ 29 ᠤ ᠡᠳᠦᠷ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠪᠠᠨ ᠬᠣᠶᠠᠳᠤᠭᠠᠷ ᠬᠤᠭᠤᠴᠠᠭᠠᠨ᠎ᠤ
ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠵᠢᠷᠭᠤᠳᠤᠭᠠᠷ ᠬᠤᠷᠠᠯᠳᠤᠭᠠᠨ᠎ᠢᠶᠠᠷ ᠪᠠᠲᠤᠯᠠᠪᠠ)
ᠳᠣᠯᠤᠳᠤᠭᠠᠷ ᠪᠦᠯᠦᠭ ᠬᠠᠤᠯᠢ ᠴᠠᠭᠠᠵᠠ᠎ᠶᠢᠨ ᠬᠠᠷᠢᠭᠤᠴᠠᠯᠭ᠎ᠠ
ᠳᠥᠴᠢᠨ ᠨᠠᠢ᠍ᠮᠠᠳᠤᠭᠠᠷ ᠵᠦᠢᠯ ᠲᠤᠰ ᠳᠦᠷᠢᠮ᠎ᠦᠨ ᠲᠣᠭᠲᠠᠭᠠᠯ᠎ᠢ ᠵᠥᠷᠢᠴᠡᠭᠰᠡᠨ ᠦᠢᠯᠡ ᠠᠵᠢᠯᠯᠠᠭ᠎ᠠ᠎ᠶᠢᠨ ᠲᠤᠬᠠᠢ 《ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠤᠷᠭᠠᠨ ᠬᠥᠮᠦᠵᠢᠯ᠎ᠦᠨ ᠬᠠᠤᠯᠢ》 ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠨᠢᠭᠡᠨᠲᠡ ᠱᠢᠢᠳᠭᠡᠨ ᠲᠤᠷᠭᠠᠬᠤ ᠲᠣᠭᠲᠠᠭᠠᠯ᠎ᠲᠠᠢ ᠪᠤᠯ ᠲᠡᠷᠡ ᠲᠣᠭᠲᠠᠭᠠᠯ ᠶᠣᠰᠤᠭᠠᠷ ᠬᠡᠷᠡᠭᠵᠢᠭᠦᠯᠦᠨ᠎ᠡ᠃
ᠳᠥᠴᠢ ᠶᠢᠰᠦᠳᠦᠭᠡᠷ ᠵᠦᠢᠯ ᠲᠤᠰ ᠳᠦᠷᠢᠮ᠎ᠦᠨ ᠲᠣᠭᠲᠠᠭᠠᠯ᠎ᠠᠴᠠ ᠵᠦᠷᠢᠴᠠᠵᠦ᠂ ᠳᠣᠤᠷᠠᠬᠢ ᠦᠢᠯᠡ ᠠᠵᠢᠯᠯᠠᠭ᠎ᠠ᠎ᠶᠢᠨ ᠨᠢᠭᠡ᠎ᠨᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠭᠣᠤᠯ ᠬᠠᠷᠢᠭᠤᠴᠠᠯᠭᠠᠲᠠᠨ ᠪᠠ ᠪᠤᠰᠤᠳ ᠱᠢᠭᠤᠳ ᠬᠠᠷᠢᠭᠤᠴᠠᠯᠭᠠᠲᠠᠨ᠎ᠳᠤ ᠬᠠᠤᠯᠢ ᠶᠣᠰᠤᠭᠠᠷ ᠱᠢᠢᠳᠭᠡᠯ ᠣᠯᠭᠤᠨ᠎ᠠ; ᠶᠠᠯᠠᠳᠤ ᠬᠦᠷᠦᠭᠰᠡᠨ ᠪᠤᠯ᠂ ᠬᠠᠤᠯᠢ ᠶᠣᠰᠤᠭᠠᠷ ᠡᠷᠡᠬᠦᠤ᠎ᠶᠢᠨ ᠬᠡᠷᠡᠭ᠎ᠦᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ ᠬᠢᠨᠠᠨ ᠵᠥᠪᠱᠢᠶᠡᠷᠡᠯ᠎ᠦᠭᠡᠢ᠎ᠪᠡᠷ ᠲᠤᠷᠠᠪᠡᠷ᠎ᠢᠶᠡᠨ ᠡᠯ᠎ᠡ ᠱᠠᠲᠤᠨ᠎ᠤ ᠡᠯ᠎ᠡ ᠲᠥᠷᠦᠯ᠎ᠦᠨ ᠦᠨᠳᠦᠰᠦᠲᠡᠨ᠎ᠤ ᠰᠤᠷᠭᠠᠭᠤᠯᠢ᠎ᠶᠢ ᠪᠠᠢᠭᠤᠯᠤᠭᠰᠠᠨ᠂ ᠬᠤᠪᠢᠷᠭᠠᠭᠰᠠᠨ ᠪᠤᠶᠤ ᠰᠤᠷᠭᠠᠭᠤᠯᠢ ᠡᠷᠬᠢᠯᠡᠬᠦ᠎ᠪᠠᠨ ᠪᠣᠯᠢᠭᠰᠠᠨ;
(ᠬᠤᠶᠠᠷ) ᠦᠨᠳᠦᠰᠦᠲᠡᠨ᠎ᠤ ᠰᠤᠷᠭᠠᠨ ᠬᠥᠮᠦᠵᠢᠯ᠎ᠦᠨ ᠵᠠᠷᠤᠳᠠᠯ᠎ᠢ ᠱᠢᠬᠠᠨ ᠡᠵᠡᠯᠡᠭᠰᠡᠨ᠂ ᠦᠯᠡᠳᠡᠭᠡᠭᠰᠡᠨ᠂ ᠱᠢᠯᠵᠢᠭᠦᠯᠦᠨ ᠬᠡᠷᠡᠭᠯᠡᠭᠰᠡᠨ;
(ᠭᠤᠷᠪᠠ) ᠦᠨᠳᠦᠰᠦᠲᠡᠨ᠎ᠤ ᠰᠤᠷᠭᠠᠨ ᠬᠦᠮᠦᠵᠯ ᠵᠢᠭᠠᠨ ᠰᠤᠷᠭᠠᠯᠲᠠ᠎ᠶᠢᠨ ᠡᠮᠬᠢ ᠲᠢᠭᠯᠢᠮ᠎ᠢ ᠬᠠᠷᠱᠢᠯᠠᠭᠰᠠᠨ;
(ᠳᠥᠷᠪᠡ) ᠦᠨᠳᠦᠰᠦᠲᠡᠨ᠎ᠤ ᠰᠤᠷᠭᠠᠨ ᠬᠥᠮᠦᠵᠢᠯ᠎ᠢ ᠬᠣᠬᠢᠷᠠᠭᠤᠯᠤᠭᠰᠠᠨ ᠪᠤᠰᠤᠳ ᠦᠢᠯᠡ ᠠᠵᠢᠯᠯᠠᠭ᠎ᠠ᠃
ᠨᠠᠢ᠍ᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ
ᠲᠠᠪᠢᠳᠤᠭᠠᠷ ᠵᠦᠢᠯ ᠲᠤᠰ ᠳᠦᠷᠢᠮ᠎ᠢ 2016᠎ᠤᠨ᠎ᠤ 11 ᠰᠠᠷ᠎ᠠ᠎ᠶᠢᠨ 1 ᠤ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃