2019 ᠣᠨ᠎ᠤ ᠲᠣᠮᠤ ᠳ᠋ᠠᠢᠲ᠋ᠠ᠎ᠶᠢᠨ ᠱᠢᠨ᠎ᠡ ᠡᠭᠦᠲᠦᠯᠲᠠ᠎ᠶᠢᠨ ᠬᠡᠷᠡᠭᠯᠡᠭᠡ ᠪᠠ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠬᠤᠷᠠᠯ ᠤᠯᠠᠭᠠᠨᠴᠠᠪ᠎ᠳᠤ ᠡᠬᠢᠯᠡᠪᠡ
2019.06.28

 

                                                ᠴᠠᠩ ᠵᠢᠶᠦ᠋ᠨ ᠵᠸᠩ ᠶᠠᠷᠢᠶ᠎ᠠ ᠲᠠᠯᠪᠢᠪᠠ

 

  ᠲᠤᠰ ᠰᠣᠨᠢᠨ᠎ᠤ ᠤᠯᠠᠭᠠᠨᠴᠠᠪ᠎ᠤᠨ ᠮᠡᠳᠡᠭᠡ (ᠰᠤᠷᠪᠤᠯᠵᠢᠯᠠᠭᠴᠢ ᠬᠠᠢ ᠵᠢᠶᠦ᠋ᠨ) 6 ᠰᠠᠷ᠎ᠠ᠎ᠶᠢᠨ 20᠎ᠤ ᠡᠳᠦᠷ᠂ ᠤᠯᠤᠰ᠎ᠤᠨ ᠲᠣᠮᠤ ᠳ᠋ᠠᠢᠲ᠋ᠠ᠎ᠶᠢᠨ ᠪᠠᠢᠯᠳᠤᠬᠤ ᠪᠣᠳᠤᠯᠭ᠎ᠠ᠎ᠶᠢ ᠬᠡᠷᠡᠭᠵᠢᠭᠦᠯᠵᠤ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠭᠡᠬᠦ᠎ᠪᠡᠷ ᠭᠣᠤᠯ ᠰᠡᠳᠦᠪ ᠪᠣᠯᠭᠠᠭᠰᠠᠨ 2019 ᠣᠨ᠎ᠤ ᠲᠣᠮᠤ ᠳ᠋ᠠᠢᠲ᠋ᠠ᠎ᠶᠢᠨ ᠱᠢᠨ᠎ᠡ ᠡᠭᠦᠳᠦᠯᠲᠡ᠎ᠶᠢᠨ ᠬᠡᠷᠡᠭᠯᠡᠭᠡ ᠪᠠ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠶᠡᠬᠡ ᠬᠤᠷᠠᠯ ᠤᠯᠠᠭᠠᠨᠴᠠᠪ ᠬᠤᠳᠠ᠎ᠳᠤ ᠡᠬᠢᠯᠡᠪᠡ᠃

  ᠥᠪᠡᠷᠲᠡᠭᠡᠨ ᠵᠠᠰᠠᠬᠤ ᠣᠷᠤᠨ᠎ᠤ ᠤᠯᠤᠰ ᠲᠥᠷᠦ᠎ᠶᠢᠨ ᠵᠥᠪᠯᠡᠯᠭᠡᠨ᠎ᠦ ᠳᠡᠳ ᠲᠡᠷᠢᠭᠦᠯᠡᠭᠴᠢ ᠴᠠᠩ ᠵᠢᠶᠦ᠋ᠨ ᠵᠸᠩ ᠬᠤᠷᠠᠯ᠎ᠳᠤ ᠣᠷᠤᠯᠴᠠᠵᠤ ᠶᠠᠷᠢᠶ᠎ᠠ ᠲᠠᠯᠪᠢᠪᠠ᠃

  ᠴᠠᠩ ᠵᠢᠶᠦ᠋ᠨ ᠵᠸᠩ᠂ ᠱᠢᠨ᠎ᠡ ᠴᠠᠭ ᠦᠶ᠎ᠡ᠎ᠳᠦ ᠣᠷᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠤᠨ᠎ᠠᠴᠠ ᠤᠯᠤᠰ᠎ᠤᠨ ᠲᠣᠮᠤ ᠳ᠋ᠠᠢᠲ᠋ᠠ᠎ᠶᠢᠨ ᠪᠠᠢᠯᠳᠤᠬᠤ ᠪᠣᠳᠤᠯᠭ᠎ᠠ᠎ᠶᠢ ᠭᠤᠢᠪᠢᠱᠢ᠎ᠦᠭᠡᠢ ᠲᠣᠭᠤᠱᠢᠯᠠᠭᠤᠯᠤᠨ ᠨᠠᠢᠲᠠᠪᠤᠷᠢᠵᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠱᠢᠨ᠎ᠡ ᠬᠠᠨᠳᠤᠱᠢ᠂ ᠱᠢᠨ᠎ᠡ ᠱᠠᠭᠠᠷᠳᠠᠯᠭ᠎ᠠ᠎ᠶᠢ ᠬᠦᠴᠦᠯᠡᠨ ᠡᠵᠡᠮᠱᠢᠵᠦ᠂ ᠥᠪᠦᠷ ᠮᠣᠩᠭᠤᠯ᠎ᠳᠡᠬᠢ ᠤᠯᠤᠰ᠎ᠤᠨ ᠲᠣᠮᠤ ᠳ᠋ᠠᠢᠲ᠋ᠠ᠎ᠶᠢᠨ ᠶᠡᠷᠦᠩᠬᠡᠢᠯᠡᠭᠰᠡᠨ ᠲᠤᠷᠱᠢᠯᠲᠠ᠎ᠶᠢᠨ ᠣᠷᠤᠨ᠎ᠤ ᠪᠦᠲᠦᠭᠡᠨ ᠪᠠᠢᠭᠤᠯᠤᠯᠲᠠ᠎ᠪᠠᠷ ᠭᠠᠷᠳᠠᠴᠠ ᠪᠣᠯᠭᠠᠨ᠂ ᠲᠣᠮᠤ ᠳ᠋ᠠᠢᠲ᠋ᠠ᠎ᠶᠢᠨ ᠠᠵᠤ ᠦᠢᠯᠡᠰ᠎ᠢ ᠬᠥᠭᠵᠢᠭᠦᠯᠬᠦ᠎ᠶᠢ ᠠᠵᠤ ᠦᠢᠯᠡᠰ᠎ᠦᠨ ᠪᠦᠲᠦᠴᠡ᠎ᠶᠢ ᠱᠢᠯᠢᠳᠡᠭᠵᠢᠭᠦᠯᠬᠦ᠂ ᠬᠦᠭᠵᠢᠯᠲᠠ᠎ᠶᠢᠨ ᠬᠡᠯᠪᠡᠷᠢ᠎ᠶᠢ ᠬᠤᠪᠢᠷᠠᠭᠤᠯᠬᠤ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠴᠢᠬᠤᠯᠠ ᠶᠡᠬᠡ ᠪᠠᠢᠯᠳᠤᠬᠤ ᠪᠣᠳᠤᠯᠭ᠎ᠠ᠎ᠶᠢᠨ ᠠᠷᠭ᠎ᠠ ᠬᠡᠯᠪᠡᠷᠢ ᠪᠣᠯᠭᠠᠨ᠂ ᠲᠣᠭᠠᠴᠢᠯᠠᠭᠰᠠᠨ ᠥᠪᠦᠷ ᠮᠣᠩᠭᠤᠯ᠂ ᠣᠶᠤᠨᠴᠢ ᠥᠪᠦᠷ ᠮᠣᠩᠭᠤᠯ᠎ᠤᠨ ᠪᠦᠲᠦᠭᠡᠨ ᠪᠠᠢᠭᠤᠯᠤᠯᠲᠠ᠎ᠶᠢᠨ ᠠᠯᠬᠤᠴᠠ᠎ᠶᠢ ᠲᠦᠷᠭᠡᠳᠭᠡᠨ᠎ᠡ ᠭᠡᠵᠦ ᠢᠯᠡᠷᠬᠡᠢᠯᠡᠵᠡᠢ᠃

  ᠲᠤᠰ ᠤᠳᠠᠭᠠᠨ᠎ᠤ ᠬᠤᠷᠠᠯ᠎ᠢ ᠳᠤᠮᠳᠠᠳᠤ ᠤᠯᠤᠰ᠎ᠤᠨ ᠵᠥᠭᠡᠯᠡᠨ ᠲᠣᠨᠤᠭ᠎ᠤᠨ ᠠᠵᠢᠯ ᠲᠥᠷᠦᠯ᠎ᠦᠨ ᠬᠢᠨ᠎ᠦ ᠨᠡᠢᠭᠡᠮᠯᠢᠭ᠂ ᠤᠯᠤᠰ᠎ᠤᠨ ᠭᠠᠵᠠᠷ ᠵᠦᠢ᠎ᠶᠢᠨ ᠣᠷᠤᠨ ᠵᠠᠢ᠎ᠶᠢᠨ ᠮᠡᠳᠡᠭᠡ ᠵᠠᠩᠭᠢ᠎ᠶᠢᠨ ᠲᠥᠪ ᠵᠡᠷᠭᠡ ᠰᠠᠯᠠᠭ᠎ᠠ ᠮᠥᠴᠢᠷ ᠬᠠᠮᠲᠤᠷᠠᠨ ᠭᠣᠤᠯᠯᠠᠨ ᠡᠷᠬᠢᠯᠡᠵᠡᠢ᠃ ᠶᠡᠬᠡ ᠬᠤᠷᠠᠯ ᠳᠡᠭᠡᠷ᠎ᠡ ᠯᠢᠦ ᠵᠢᠩ ᠨᠠᠨ ᠵᠡᠷᠭᠡ ᠳᠤᠮᠳᠠᠳᠤ ᠤᠯᠤᠰ᠎ᠤᠨ ᠢᠨᠵᠢᠨᠧᠷᠢᠩ᠎ᠤᠨ ᠬᠦᠷᠢᠶᠡᠯᠡᠩ᠎ᠦᠨ 6 ᠠᠺᠠᠳᠧᠮᠢᠴᠢ ᠵᠢᠴᠢ ᠠᠵᠢᠯ ᠲᠥᠷᠦᠯ᠎ᠦᠨ ᠬᠢᠨ᠎ᠦ ᠰᠣᠳᠤᠴᠤᠤᠯ᠎ᠢ ᠤᠷᠢᠵᠤ ᠶᠠᠷᠢᠶ᠎ᠠ ᠢᠯᠡᠳᠭᠡᠯ ᠬᠢᠯᠭᠡᠪᠡ;3 ᠲᠠᠯᠠᠪᠠᠢ ᠲᠣᠮᠤ ᠳ᠋ᠠᠢᠲ᠋ᠠ᠎ᠶᠢᠨ ᠬᠡᠷᠡᠭᠯᠡᠭᠡᠨ᠎ᠦ ᠲᠦᠷᠦᠭᠦᠴᠦᠳ᠎ᠦᠨ ᠶᠠᠷᠢᠶᠠᠨ᠎ᠤ ᠲᠠᠪᠴᠠᠩ᠎ᠢ ᠡᠷᠬᠢᠯᠡᠨ ᠶᠠᠪᠤᠭᠳᠠᠭᠤᠯᠵᠠᠢ; ᠶᠡᠬᠡ ᠬᠤᠷᠠᠯ ᠳᠡᠭᠡᠷ᠎ᠡ ᠤᠯᠠᠭᠠᠨᠴᠠᠪ ᠬᠣᠲᠠ᠎ᠶᠢᠨ ᠵᠠᠰᠠᠭ᠎ᠤᠨ ᠣᠷᠳᠤᠨ ᠷᠤᠸᠠᠨ ᠲᠦᠩ ᡁᠢ ᠡᡁᠦ᠋ᠢ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠦ ᠺᠣᠮᠫᠠᠨᠢ ᠵᠡᠷᠭᠡ ᠤᠯᠤᠰ᠎ᠤᠨ ᠲᠣᠲᠤᠨ᠎ᠠ ᠭᠠᠳᠠᠨᠠᠬᠢ ᠲᠣᠮᠤ ᠳ᠋ᠠᠢᠲ᠋ᠠ᠎ᠶᠢᠨ 7 ᠰᠣᠳᠤᠨ ᠠᠵᠤ ᠠᠬᠤᠢᠯᠠᠯ᠎ᠲᠠᠢ ᠬᠠᠮᠲᠤᠷᠠᠯᠴᠠᠭᠠᠨ᠎ᠤ ᠬᠡᠯᠡᠯᠴᠡᠭᠡᠷ ᠲᠣᠭᠲᠠᠪᠠ; ᠬᠤᠷᠠᠯ ᠳᠡᠭᠡᠷ᠎ᠡ ᠪᠠᠰᠠᠲᠣᠮᠤ ᠳ᠋ᠠᠢᠲ᠋ᠠ᠎ᠶᠢᠨ ᠵᠠᠭᠤᠨ ᠬᠥᠮᠦᠨ᠎ᠦ ᠨᠡᠢᠭᠡᠮᠯᠢᠭ᠎ᠢ ᠡᠭᠦᠰᠭᠡᠨ ᠪᠠᠢᠭᠤᠯᠵᠤ᠂ ᠳᠤᠮᠳᠠᠳᠤ ᠤᠯᠤᠰ᠎ᠤᠨ IT ᠱᠢᠯᠵᠢᠮᠡᠯ ᠬᠣᠯᠪᠤᠭᠠᠨ᠎ᠤ ᠣᠶᠤᠨ᠎ᠤ ᠬᠥᠮᠦᠷᠭᠡ (ᠤᠯᠠᠭᠠᠨᠴᠠᠪ)᠎ᠶᠢᠨ ᠲᠤᠰᠭᠠᠢ ᠮᠡᠷᠭᠡᠵᠢᠯᠲᠡᠨ᠎ᠦ ᠪᠠᠢᠴᠠᠭᠠᠨ ᠰᠤᠳᠤᠯᠤᠯᠲᠠ᠎ᠶᠢᠨ ᠰᠠᠭᠤᠷᠢᠨ ᠭᠠᠵᠠᠷ᠎ᠤᠨ ᠡᠷᠦᠬᠡ ᠰᠡᠬᠦᠬᠦ ᠶᠣᠰᠤᠯᠠᠯ ᠶᠠᠪᠤᠭᠳᠠᠭᠤᠯᠵᠠᠢ᠃

               

                                                                ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠲᠡᠯᠡᠪᠡ

                                                                             ᠰᠤᠷᠪᠤᠯᠵᠢᠯᠠᠭᠴᠢ᠄   ᠬᠠᠢ ᠵᠢᠶᠦ᠋ᠨ

 

(ᠬᠠᠷᠢᠭᠤᠴᠠᠭᠰᠠᠨ ᠨᠠᠢᠷᠠᠭᠤᠯᠤᠭᠴᠢ : ᠱᠦ᠍ ᠭᠤᠸᠠᠩ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ