《ᠬᠠᠢᠱᠢ᠎ᠶᠢᠨ ᠭᠠᠵᠠᠷ᠎ᠤᠨ᠎ᠨᠡᠷ᠎ᠡ᠎ᠶᠢᠨ ᠲᠡᠦᠬᠡ ᠰᠣᠶᠤᠯ᠎ᠤᠨ ᠲᠠᠢᠯᠪᠦᠷᠢ》 ᠭᠡᠬᠦ ᠨᠣᠮ᠎ᠤᠨ ᠲᠠᠷᠬᠠᠭᠠᠯᠲᠠ᠎ᠶᠢᠨ ᠶᠣᠰᠤᠯᠠᠯ ᠪᠣᠯᠪᠠ
2019.07.26

  ᠣᠢᠷ᠎ᠠ᠎ᠳᠤ᠂ ᠴᠠᠢᠳᠠᠮ᠎ᠤᠨ ᠬᠣᠲᠤᠭᠤᠷ᠎ᠤᠨ ᠭᠠᠵᠠᠷ᠎ᠤᠨ᠎ᠨᠡᠷ᠎ᠡ᠎ᠶᠢ ᠮᠣᠩᠭᠤᠯ ᠬᠢᠲᠠᠳ ᠬᠡᠯᠡ᠎ᠪᠡᠷ ᠡᠮᠬᠢᠳᠭᠡᠨ ᠨᠠᠢᠷᠠᠭᠤᠯᠤᠭᠰᠠᠨᠬᠠᠢᠱᠢ᠎ᠶᠢᠨ ᠭᠠᠵᠠᠷ᠎ᠤᠨ᠎ᠨᠡᠷ᠎ᠡ᠎ᠶᠢᠨ ᠲᠡᠦᠬᠡ ᠰᠣᠶᠤᠯ᠎ᠤᠨ ᠲᠠᠢᠯᠪᠦᠷᠢᠭᠡᠬᠦ ᠨᠣᠮ᠎ᠤᠨ ᠲᠠᠷᠬᠠᠭᠠᠯᠲᠠ᠎ᠶᠢᠨ ᠶᠣᠰᠤᠯᠠᠯ ᠵᠢᠴᠢ ᠰᠤᠳᠤᠯᠤᠨ ᠶᠠᠷᠢᠯᠴᠠᠬᠤ ᠬᠤᠷᠠᠯ ᠬᠥᠬᠡᠨᠠᠭᠤᠷ ᠮᠤᠵᠢ᠎ᠶᠢᠨ ᠳᠡᠯᠡᠬᠡᠢ ᠬᠣᠲᠠ᠎ᠳᠤ ᠠᠮᠵᠢᠯᠲᠠ᠎ᠲᠠᠢ ᠶᠠᠪᠤᠭᠳᠠᠪᠠ᠃

  ᠬᠠᠢᠱᠢ᠎ᠶᠢᠨ ᠮᠣᠩᠭᠤᠯ ᠦᠨᠳᠦᠰᠦᠲᠡᠨ᠎ᠤ ᠥᠪᠡᠷᠲᠡᠭᠡᠨ ᠵᠠᠰᠠᠬᠤ ᠵᠸᠤ ᠬᠥᠬᠡᠨᠠᠭᠤᠷ ᠮᠤᠵᠢ᠎ᠶᠢᠨ ᠨᠤᠲᠤᠭ ᠳᠡᠪᠢᠰᠭᠡᠷ᠎ᠦᠨ 45.17%᠎ᠶᠢ ᠡᠵᠡᠯᠡᠵᠦ ᠪᠠᠢᠨ᠎ᠠ᠃ ᠲᠤᠰ ᠨᠣᠮ᠎ᠤᠨ ᠤᠤᠯ᠎ᠤᠨ ᠨᠠᠢ᠍ᠮᠠᠨ ᠭᠠᠵᠠᠷ ᠣᠷᠤᠨ᠎ᠤ ᠨᠡᠷᠡᠰ᠎ᠢ ᠴᠤᠭᠯᠠᠭᠤᠯᠵᠤ ᠡᠮᠬᠢᠳᠭᠡᠬᠦ᠂ ᠣᠷᠴᠢᠭᠤᠯᠵᠤ ᠨᠠᠢᠷᠠᠭᠤᠯᠬᠤ ᠠᠵᠢᠯ᠎ᠢ ᠬᠠᠢᠱᠢ ᠵᠸᠤ᠎ᠶᠢᠨ ᠦᠨᠳᠦᠰᠦᠲᠡᠨ᠎ᠤ ᠬᠡᠯᠡ ᠪᠢᠴᠢᠭ᠎ᠦᠨ ᠠᠵᠢᠯ᠎ᠤᠨ ᠠᠯᠪᠠᠨ ᠭᠡᠷ᠎ᠡᠴᠡ ᠡᠷᠬᠢᠯᠡᠨ ᠬᠢᠵᠡᠢ᠃ ᠲᠤᠰ ᠠᠵᠢᠯ᠎ᠢ 2012 ᠣᠨ᠎ᠠᠴᠠ ᠡᠬᠢᠯᠡᠨ ᠠᠵᠢᠯ᠎ᠤᠨ ᠲᠥᠯᠦᠪᠯᠡᠭᠡ᠎ᠳᠤ᠎ᠪᠠᠨ ᠣᠷᠤᠭᠤᠯᠵᠤ᠂ ᠵᠢᠷᠭᠤᠭᠠᠨ ᠵᠢᠯ ᠭᠠᠷᠤᠢ᠎ᠶᠢᠨ ᠴᠠᠭ ᠵᠠᠷᠤᠴᠠᠭᠤᠯᠤᠨ ᠶᠡᠬᠡ ᠬᠡᠮᠵᠢᠶᠡᠨ᠎ᠤ ᠪᠣᠷᠤ ᠮᠠᠲᠧᠷᠢᠶᠠᠯ ᠴᠤᠭᠯᠠᠭᠤᠯᠵᠤ᠂ ᠬᠠᠢᠱᠢ᠎ᠶᠢᠨ ᠤᠤᠯ᠎ᠤᠨ ᠨᠠᠢ᠍ᠮᠠᠨ ᠭᠠᠵᠠᠷ ᠣᠷᠤᠨ᠎ᠢᠶᠠᠷ ᠭᠦᠨᠵᠡᠭᠡᠢᠷᠡᠨ᠂ ᠨᠡᠢᠲᠡ 400 ᠭᠠᠷᠤᠢ ᠨᠠᠰᠤᠲᠠᠨ ᠪᠤᠭᠤᠷᠤᠯᠴᠤᠳ᠂ 1000 ᠭᠠᠷᠤᠢ ᠬᠥᠮᠦᠰ᠎ᠢ ᠰᠤᠷᠪᠤᠯᠵᠢᠯᠠᠵᠤ᠂ ᠡᠯ᠎ᠡ ᠭᠠᠵᠠᠷ᠎ᠤᠨ᠎ᠨᠡᠷ᠎ᠡ᠎ᠶᠢ ᠮᠣᠩᠭᠤᠯ ᠬᠢᠲᠠᠳ᠎ᠢᠶᠠᠷ ᠲᠡᠮᠳᠡᠭᠯᠡᠨ᠂ ᠦᠯᠢᠭᠡᠷ ᠳᠣᠮᠤᠭ᠎ᠢ ᠬᠠᠪᠰᠤᠷᠭᠠᠨ ᠨᠠᠢᠷᠠᠭᠤᠯᠵᠤ᠂ ᠤᠯᠠᠨ ᠳᠠᠬᠢᠨ ᠵᠠᠰᠠᠯᠲᠠ ᠬᠢᠭᠰᠡᠨ᠎ᠤ ᠳᠠᠷᠠᠭ᠎ᠠ 2018 ᠣᠨ᠎ᠤ 8 ᠰᠠᠷ᠎ᠠ᠎ᠳᠤ ᠬᠡᠪᠯᠡᠯ᠎ᠳᠤ ᠳᠡᠪᠱᠢᠭᠦᠯᠵᠦ᠂ 2018 ᠣᠨ᠎ᠤ 12 ᠰᠠᠷ᠎ᠠ᠎ᠳᠤ ᠵᠢᠩᠬᠢᠨᠢ᠎ᠪᠡᠷ ᠬᠡᠪᠯᠡᠭᠳᠡᠭᠰᠡᠨ ᠪᠠᠢᠨ᠎ᠠ᠃

  ᠲᠤᠰ ᠨᠣᠮ᠎ᠨᠢ ᠬᠠᠢᠱᠢ ᠵᠸᠤ᠎ᠶᠢᠨ ᠮᠣᠩᠭᠤᠯ ᠲᠥᠪᠡᠳ ᠦᠨᠳᠦᠰᠦᠲᠡᠨ᠎ᠤ ᠥᠪᠡᠷᠲᠡᠭᠡᠨ ᠵᠠᠰᠠᠬᠤ ᠵᠸᠤ᠎ᠶᠢᠨ ᠬᠠᠷᠢᠶᠠᠲᠤ ᠣᠷᠤᠨ᠎ᠤ ᠤᠤᠯ᠎ᠤᠨ ᠬᠤᠶᠠᠷ ᠬᠣᠲᠠ᠂ ᠭᠤᠷᠪᠠᠨ ᠱᠢᠶᠠᠨ᠂ ᠭᠤᠷᠪᠠᠨ ᠵᠠᠰᠠᠭ ᠵᠠᠬᠢᠷᠭᠠᠨ᠎ᠤ ᠣᠷᠤᠨ᠎ᠳᠤ ᠬᠠᠷᠢᠶᠠᠯᠠᠭᠳᠠᠬᠤ ᠪᠠᠯᠭᠠᠰᠤ᠂ ᠪᠠᠢᠭᠠᠯᠢᠯᠢᠭ ᠲᠣᠰᠭᠤᠨ᠂ ᠠᠭᠤᠯᠠ ᠨᠢᠷᠤᠭᠤ᠂ ᠭᠣᠤᠯ ᠮᠥᠷᠡᠨ᠂ ᠦᠵᠡᠮᠵᠢ᠎ᠶᠢᠨ ᠣᠷᠤᠨ᠂ ᠬᠠᠭᠤᠴᠢ ᠦᠯᠡᠳᠡᠭᠳᠡᠯ ᠵᠡᠷᠭᠡ ᠲᠠᠪᠤᠨ ᠶᠡᠬᠡ ᠲᠥᠷᠦᠯ᠎ᠢᠶᠡᠷ ᠪᠦᠷᠢᠯᠳᠦᠵᠦ᠂ ᠨᠡᠢᠲᠡ ᠨᠠᠢ᠍ᠮᠠᠨ ᠪᠦᠯᠦᠭ᠂ ᠳᠥᠴᠢᠨ ᠲᠠᠪᠤᠨ ᠬᠡᠰᠡᠭ ᠬᠤᠪᠢᠶᠠᠨ᠂ 5000 ᠵᠤᠷᠪᠤᠰ ᠱᠢᠬᠠᠮ ᠭᠠᠵᠠᠷ᠎ᠤᠨ᠎ᠨᠡᠷ᠎ᠡ᠎ᠶᠢ ᠲᠡᠮᠳᠡᠭᠯᠡᠨ ᠲᠠᠢᠯᠪᠦᠷᠢᠯᠠᠵᠠᠢ᠃

  《ᠬᠠᠢᠱᠢ᠎ᠶᠢᠨ ᠭᠠᠵᠠᠷ᠎ᠤᠨ᠎ᠨᠡᠷ᠎ᠡ᠎ᠶᠢᠨ ᠲᠡᠦᠬᠡ ᠰᠣᠶᠤᠯ᠎ᠤᠨ ᠲᠠᠢᠯᠪᠦᠷᠢᠭᠡᠬᠦ ᠨᠣᠮ᠎ᠨᠢ ᠬᠠᠢᠱᠢ᠎ᠶᠢᠨ ᠭᠠᠵᠠᠷ ᠣᠷᠤᠨ᠎ᠤ᠎ᠨᠡᠷ᠎ᠡ᠎ᠶᠢ ᠲᠡᠤᠬᠡ᠎ᠶᠢᠨ ᠭᠡᠷᠡᠴᠢ ᠲᠡᠮᠳᠡᠭ᠎ᠲᠠᠢ ᠦᠯᠡᠳᠡᠭᠡᠵᠦ ᠴᠢᠳᠠᠭᠰᠠᠨ᠎ᠢᠶᠠᠷ ᠦᠯᠦ ᠪᠠᠷᠠᠨ ᠦᠨᠳᠦᠰᠦᠲᠡᠨ᠎ᠤ ᠰᠣᠶᠤᠯ᠎ᠢᠶᠠᠨ ᠥᠪᠯᠡᠨ ᠤᠯᠠᠮᠵᠢᠯᠠᠬᠤ᠎ᠳᠤ ᠲᠤᠩ ᠶᠡᠬᠡ ᠠᠴᠢ ᠬᠣᠯᠪᠤᠭᠳᠠᠯ᠎ᠲᠠᠢ᠂ ᠦᠨ᠎ᠡ ᠦᠷᠳᠡᠭ᠎ᠲᠠᠢ᠂ ᠮᠠᠲᠸᠷᠢᠶᠠᠯᠯᠢᠭ ᠴᠢᠨᠠᠷᠲᠠᠢ ᠨᠣᠮ ᠪᠣᠯᠤᠭᠰᠠᠨ ᠪᠠᠢᠨ᠎ᠠ᠃

                        ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠲᠡᠯᠡᠪᠡ

                        ᠰᠤᠷᠪᠤᠯᠵᠢᠯᠠᠭᠴᠢ᠄ ᠸᠸᠨ ᠯᠠᠨ

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ