ᠮᠠᠨ ᠤ ᠤᠯᠤᠰ ᠤᠨ ᠠᠩᠬᠠᠨ ᠤ AI ᠮᠤᠩᠭᠤᠯ ᠬᠡᠯᠡᠨ ᠤ ᠤᠶᠤᠨᠴᠢ ᠳᠠᠪᠴᠠᠩ ᠠᠰᠢᠭᠯᠠᠯᠳᠠ ᠳᠤ ᠤᠷᠤᠪᠠ
2019.10.23
  ᠰᠢᠨᠬᠤᠧᠠ ᠬᠤᠷᠢᠶ᠎ᠠ   ᠬᠦᠬᠡᠬᠤᠳᠠ ᠶᠢᠨ 10 ᠰᠠᠷ᠎ᠠ ᠶᠢᠨ 20 ᠤ ᠡᠳᠦᠷ ᠤᠨ ᠴᠠᠬᠢᠯᠭᠠᠨ ᠮᠡᠳᠡᠬᠡ (ᠤᠷᠢᠬᠠᠨ) ᠣᠢᠷ᠎ᠠ ᠶᠢᠨ ᠡᠳᠦᠷ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠤᠩᠭᠤᠯ ᠮᠡᠳᠡᠬᠡ ᠵᠠᠩᠬᠢ ᠰᠢᠢᠳᠪᠦᠷᠢᠯᠡᠯᠲᠡ ᠶᠢᠨ ᠮᠡᠷᠬᠡᠵᠢᠯ ᠤᠨ ᠭᠤᠤᠯ ᠴᠢᠬᠤᠯᠠ ᠳᠤᠷᠰᠢᠯᠳᠠ ᠶᠢᠨ ᠳᠠᠰᠤᠭ ᠵᠡᠷᠬᠡ ᠪᠠᠢᠭᠤᠯᠤᠮᠵᠢ ᠶᠢᠨ ᠬᠠᠮᠳᠤᠷᠠᠨ ᠰᠤᠳᠤᠯᠤᠨ ᠪᠦᠳᠦᠬᠡᠭᠰᠡᠨ《ᠤᠶᠤᠨ AI ᠮᠤᠩᠭᠤᠯ ᠬᠡᠯᠡᠨ ᠤ ᠤᠶᠤᠨᠴᠢ ᠳᠠᠪᠴᠠᠩ》ᠠᠰᠢᠭᠯᠠᠯᠳᠠ ᠳᠤ ᠤᠷᠤᠵᠤ᠂ ᠬᠡᠷᠡᠭᠯᠡᠭᠴᠢᠳ ᠦᠨ᠎ᠡ ᠳᠦᠯᠦᠪᠦᠷᠢ ᠦᠬᠡᠢ ᠪᠡᠷ ᠠᠰᠢᠭᠯᠠᠬᠤ ᠪᠤᠯᠤᠮᠵᠢ ᠲᠠᠢ ᠪᠤᠯᠤᠯ᠎ᠠ᠃ ᠣᠢᠯᠠᠭᠠᠭᠰᠠᠨ ᠢᠶᠡᠷ᠂ ᠡᠨᠡ ᠨᠢ ᠮᠠᠨ ᠤ ᠤᠯᠤᠰ ᠤᠨ ᠠᠩᠬᠠᠨ ᠤ AI ᠮᠤᠩᠭᠤᠯ ᠬᠡᠯᠡᠨ ᠤ ᠤᠶᠤᠨᠴᠢ ᠳᠠᠪᠴᠠᠩ ᠪᠤᠯᠤᠨ᠎ᠠ᠃
 

 

 
  ᠳᠤᠰ ᠳᠠᠪᠴᠠᠩ ᠨᠢ ᠬᠤᠪᠢ ᠬᠦᠮᠦᠨ᠂ ᠮᠡᠷᠬᠡᠵᠢᠯ ᠤᠨ ᠪᠠᠢᠭᠤᠯᠤᠮᠵᠢ ᠬᠢᠬᠡᠳ ᠭᠤᠷᠪᠠᠳᠡᠬᠢ ᠡᠳᠡᠬᠡᠳ ᠤᠨ ᠰᠤᠳᠤᠯᠭᠠᠨ ᠤ ᠬᠦᠮᠦᠰ ᠲᠤ ᠮᠤᠩᠭᠤᠯ ᠬᠡᠯᠡᠨ ᠤ ᠤᠯᠠᠨ ᠳᠦᠷᠦᠯ ᠤᠨ ᠮᠡᠳᠡᠬᠡ ᠵᠠᠩᠬᠢ ᠰᠢᠶ᠋ᠳᠪᠦᠷᠢᠯᠡᠯᠳᠡ ᠶᠢᠨ ᠦᠢᠯᠡᠴᠢᠯᠡᠬᠡ ᠪᠠ ᠬᠤᠯᠪᠤᠭᠠᠰᠤ ᠬᠠᠩᠭᠠᠳᠠᠭ ᠮᠤᠩᠭᠤᠯ ᠬᠡᠯᠡᠨ ᠤ ᠮᠡᠳᠡᠬᠡ ᠵᠠᠩᠬᠢᠴᠢᠯᠠᠯᠳᠠ ᠶᠢᠨ ᠬᠦᠭᠵᠢᠯ ᠤᠨ ᠪᠠᠰᠠ ᠨᠢᠬᠡᠨ ᠴᠢᠬᠤᠯᠠ ᠰᠢᠪᠳᠤᠯᠤᠯᠳᠠ ᠪᠤᠯᠬᠤ ᠶᠤᠮ᠃
  ᠳᠠᠪᠴᠠᠩ ᠨᠢ ᠬᠤᠪᠢ ᠬᠦᠮᠦᠨ ᠤ ᠬᠡᠷᠡᠭᠯᠡᠭᠴᠢᠳ ᠲᠤ ᠬᠠᠨᠳᠤᠭᠤᠯᠤᠨ ᠮᠤᠩᠭᠤᠯ ᠬᠢᠳᠠᠳ ᠬᠡᠯᠡᠨ ᠤ ᠬᠠᠷᠢᠯᠴᠠᠨ ᠠᠦ᠋ᠲ᠋ᠤᠮᠠᠲ ᠤᠷᠴᠢᠭᠤᠯᠭ᠎ᠠ᠂ ᠮᠤᠩᠭᠤᠯ ᠬᠢᠳᠠᠳ ᠠᠪᠢᠶᠠᠨ ᠤ ᠬᠠᠷᠢᠯᠴᠠᠨ ᠤᠷᠴᠢᠭᠤᠯᠭ᠎ᠠ᠂ ᠬᠦᠮᠦᠨ ᠤ ᠨᠡᠷ᠎ᠡ ᠶᠢᠨ ᠬᠢᠳᠠᠳ ᠮᠤᠩᠭᠤᠯ ᠤᠷᠴᠢᠭᠤᠯᠭ᠎ᠠ᠂ ᠤᠢᠭᠤᠷᠵᠢᠨ ᠮᠤᠩᠭᠤᠯ ᠬᠢᠬᠡᠳ ᠺᠢᠷᠢᠯ ᠦᠰᠦᠭ ᠤᠨ ᠬᠦᠷᠪᠡᠬᠦᠯᠬᠡ᠂ OCR᠂ ᠮᠤᠩᠭᠤᠯ ᠬᠡᠯᠡᠨ ᠤ ᠠᠦ᠋ᠲ᠋ᠤᠮᠠᠲ ᠦᠰᠦᠭ ᠬᠠᠷᠭᠤᠯᠭ᠎ᠠ᠂ ᠮᠤᠩᠭᠤᠯ ᠬᠡᠯᠡᠨ ᠤ ᠠᠪᠢᠶᠠᠯᠠᠯᠭ᠎ᠠ ᠶᠢᠨ ᠨᠡᠢᠯᠡᠯᠭᠡ ᠵᠡᠷᠬᠡ ᠤᠯᠠᠨ ᠴᠢᠳᠠᠪᠬᠢ ᠲᠠᠢ᠃ ᠳᠠᠪᠴᠠᠩ ᠢ ᠭᠠᠷ ᠤᠳᠠᠰᠤᠨ ᠳᠤ ᠰᠠᠭᠤᠳᠬᠠᠬᠤ ᠴᠢᠬᠤᠯᠠ ᠦᠬᠡᠢ᠂ ᠸᠢᠴᠠᠲ ᠤᠨ ᠵᠢᠵᠢᠭ᠌ ᠫᠷᠣᠭ᠌ᠷᠠᠮ ᠤᠨ ᠴᠢᠳᠠᠪᠬᠢ ᠡᠴᠡ《ᠤᠶᠤᠨ AI》ᠬᠡᠵᠤ ᠬᠠᠢᠭᠠᠳ ᠰᠢᠭᠤᠳ ᠠᠰᠢᠭᠯᠠᠵᠤ ᠪᠤᠯᠤᠨ᠎ᠠ᠃
  ᠭᠤᠷᠪᠠᠳᠡᠬᠢ ᠡᠳᠡᠬᠡᠳ ᠤᠨ ᠰᠤᠳᠤᠯᠭᠠᠨ ᠤ ᠬᠦᠮᠦᠰ ᠲᠤ ᠬᠠᠨᠳᠤᠭᠤᠯᠤᠨ ᠤᠶᠤᠨ AI ᠬᠤᠯᠪᠤᠭᠠᠰᠤ ᠳᠠᠪᠴᠠᠩ ᠨᠢ ᠬᠠᠮᠢᠶᠠᠳᠠᠢ ᠤᠶᠤᠨᠴᠢ ᠦᠢᠯᠡᠴᠢᠯᠡᠬᠡ ᠬᠠᠩᠭᠠᠨ᠎ᠠ᠃ ᠮᠦᠨ ᠮᠤᠩᠭᠤᠯ ᠬᠡᠯᠡᠨ ᠤ ᠮᠡᠳᠡᠬᠡ ᠵᠠᠩᠬᠢᠴᠢᠯᠠᠯᠳᠠ ᠶᠢᠨ ᠨᠡᠢᠲᠡ ᠶᠢᠨ ᠠᠰᠠᠷᠠᠮᠵᠢ ᠶᠢᠨ ᠦᠢᠯᠡᠰ ᠤᠨ ᠬᠦᠭᠵᠢᠯᠳᠡ ᠶᠢ ᠠᠬᠢᠭᠤᠯᠬᠤ ᠶᠢᠨ ᠳᠦᠯᠦᠬᠡ᠂ ᠳᠤᠰ ᠳᠠᠪᠴᠠᠩ ᠨᠢ ᠬᠤᠪᠢ ᠬᠦᠮᠦᠨ ᠬᠢᠬᠡᠳ ᠨᠡᠢᠭᠡᠮ ᠤᠨ ᠪᠦᠯᠬᠦᠮ ᠨᠢᠬᠡᠴᠡ ᠳᠤ ᠨᠢᠬᠡ ᠵᠢᠯ ᠡᠴᠡ ᠳᠡᠬᠡᠭᠰᠢ ᠬᠤᠭᠤᠴᠠᠭ᠎ᠠ ᠲᠠᠢ ᠦᠨ᠎ᠡ ᠳᠦᠯᠦᠪᠦᠷᠢ ᠦᠬᠡᠢ ᠡᠬᠦᠯᠡᠨ ᠦᠢᠯᠡᠴᠢᠯᠡᠬᠡᠨ ᠤ ᠬᠤᠯᠪᠤᠭᠠᠰᠤ ᠬᠠᠩᠭᠠᠬᠤ ᠪᠡᠷ ᠪᠠᠢᠨ᠎ᠠ᠃

 

 

 

 
  ᠪᠡᠯᠡᠳᠭᠡᠭᠰᠡᠨ ᠨᠢ᠄ ᠪᠣᠯᠤᠷᠴᠡᠴᠡᠭ
  ᠰᠢᠨᠬᠤᠸᠠ ᠮᠣᠩᠭᠤᠯ ᠨᠸᠲ ᠠ᠋ᠴᠠ ᠰᠢᠯᠵᠢᠭᠦᠯᠦᠨ ᠨᠡᠢᠳᠡᠯᠡᠪᠡ

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ