ᠪᠦᠬᠦ ᠤᠯᠤᠰ᠎ᠤᠨ ᠮᠤᠩᠭᠤᠯ ᠠᠮᠠᠨ ᠵᠤᠬᠢᠶᠠᠯ᠎ᠤᠨ ᠡᠷᠳᠡᠮ ᠱᠢᠨᠵᠢᠯᠡᠭᠡᠨ᠎ᠤ ᠬᠤᠷᠠᠯ ᠯᠠᠨᠵᠧᠦ᠎ᠳᠤ ᠬᠤᠷᠠᠯᠳᠤᠪᠠ
2019.11.01

  ᠪᠠᠷᠠᠭᠤᠨ ᠬᠤᠢᠳᠤ᠎ᠶᠢᠨ ᠦᠨᠳᠦᠰᠦᠳᠡᠨ᠎ᠤ ᠶᠡᠬᠡ ᠰᠤᠷᠭᠠᠭᠤᠯᠢ᠎ᠶᠢᠨ ᠡᠷᠬᠢᠯᠡᠭᠰᠡᠨ ᠪᠦᠬᠦ ᠤᠯᠤᠰ᠎ᠤᠨ 《ᠠᠮᠠᠨ ᠤᠯᠠᠮᠵᠢᠯᠠᠯ ᠬᠢᠭᠡᠳ ᠤᠳᠤ ᠦᠶ᠎ᠡ᠎ᠶᠢᠨ ᠪᠤᠯᠪᠠᠰᠤᠨ᠄ ᠮᠤᠩᠭᠤᠯ ᠲᠦᠷᠦᠯ ᠬᠡᠯᠡᠳᠦ ᠦᠨᠳᠦᠰᠦᠳᠡᠨ ᠨᠤᠬᠦᠳ᠎ᠤᠨ ᠠᠮᠠᠨ ᠵᠤᠬᠢᠶᠠᠯ ᠬᠢᠭᠡᠳ ᠳᠤᠭᠠᠴᠢᠯᠠᠭᠰᠠᠨ ᠰᠤᠳᠤᠯᠤᠯ》 ᠡᠷᠳᠡᠮ ᠱᠢᠨᠵᠢᠯᠡᠭᠡᠨ᠎ᠤ ᠬᠤᠷᠠᠯ 10 ᠰᠠᠷ᠎ᠠ᠎ᠶᠢᠨ 26᠎ᠤ ᠡᠳᠦᠷ ᠯᠠᠨᠵᠧᠦ ᠬᠤᠳᠠᠨ᠎ᠠ ᠡᠬᠢᠯᠡᠪᠡ᠃

  ᠡᠨᠡ᠎ᠬᠦ ᠬᠤᠷᠠᠯ᠎ᠳᠤ ᠳᠦᠪ᠎ᠤᠨ ᠦᠨᠳᠦᠰᠦᠳᠡᠨ᠎ᠤ ᠶᠡᠬᠡ ᠰᠤᠷᠭᠠᠭᠤᠯᠢ᠂ ᠦᠪᠦᠷ ᠮᠤᠩᠭᠤᠯ᠎ᠤᠨ ᠶᠡᠬᠡ ᠰᠤᠷᠭᠠᠭᠤᠯᠢ᠂ ᠦᠪᠦᠷ ᠮᠤᠩᠭᠤᠯ᠎ᠤᠨ ᠪᠠᠭᠱᠢ᠎ᠶᠢᠨ ᠶᠡᠬᠡ ᠰᠤᠷᠭᠠᠭᠤᠯᠢ᠂ ᠦᠪᠦᠷ ᠮᠤᠩᠭᠤᠯ᠎ᠤᠨ ᠦᠨᠳᠦᠰᠦᠳᠡᠨ᠎ᠤ ᠶᠡᠬᠡ ᠰᠤᠷᠭᠠᠭᠤᠯᠢ᠂ ᠱᠢᠨᠵᠢᠶᠡᠩ ᠶᠡᠬᠡ ᠰᠤᠷᠭᠠᠭᠤᠯᠢ᠂ ᠬᠦᠬᠡᠨᠠᠭᠤᠷ᠎ᠤᠨ ᠦᠨᠳᠦᠰᠦᠳᠡᠨ᠎ᠤ ᠶᠡᠬᠡ ᠰᠤᠷᠭᠠᠭᠤᠯᠢ᠂ ᠬᠦᠬᠡᠬᠤᠳᠠ᠎ᠶᠢᠨ ᠠᠵᠢᠯ ᠮᠡᠷᠭᠡᠵᠢᠯ᠎ᠤᠨ ᠲᠡᠭᠡᠳᠦ ᠰᠤᠷᠭᠠᠭᠤᠯᠢ᠂ ᠦᠪᠦᠷ ᠮᠤᠩᠭᠤᠯ᠎ᠤᠨ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠡᠭᠡᠳᠦ ᠰᠤᠷᠭᠠᠭᠤᠯᠢ᠂ ᠦᠪᠦᠷ ᠮᠤᠩᠭᠤᠯ᠎ᠤᠨ ᠨᠡᠢᠭᠡᠮ᠎ᠤᠨ ᠱᠢᠨᠵᠢᠯᠡᠬᠦ ᠤᠬᠠᠭᠠᠨ᠎ᠤ ᠬᠦᠷᠢᠶᠡᠯᠡᠩ᠂ ᠱᠢᠨᠵᠢᠶᠡᠩ᠎ᠤᠨ ᠨᠡᠢᠭᠡᠮ᠎ᠤᠨ ᠱᠢᠨᠵᠢᠯᠡᠬᠦ ᠤᠬᠠᠭᠠᠨ᠎ᠤ ᠬᠦᠷᠢᠶᠡᠯᠡᠩ᠂ ᠦᠨᠳᠦᠰᠦᠳᠡᠨ᠎ᠤ ᠬᠡᠪᠯᠡᠯ᠎ᠤᠨ ᠬᠤᠷᠢᠶ᠎ᠠ ᠵᠡᠷᠭᠡ ᠬᠤᠯᠪᠤᠭᠳᠠᠬᠤ ᠪᠠᠢᠭᠤᠯᠭ᠎ᠠ᠎ᠶᠢᠨ ᠡᠷᠳᠡᠮᠳᠡᠨ᠂ ᠰᠤᠳᠤᠯᠤᠭᠠᠴᠢ᠂ ᠲᠦᠯᠦᠭᠡᠯᠡᠭᠴᠢ᠎ᠨᠠᠷ᠎ᠢ ᠪᠠᠭᠳᠠᠭᠠᠭᠰᠠᠨ 100 ᠭᠠᠷᠤᠢ ᠬᠦᠮᠦᠨ ᠤᠷᠤᠯᠴᠠᠪᠠ᠃

  ᠮᠤᠩᠭᠤᠯ ᠠᠮᠠᠨ ᠵᠤᠬᠢᠶᠠᠯ᠎ᠤᠨ ᠰᠤᠳᠤᠯᠤᠯ᠎ᠤᠨ ᠠᠵᠢᠯ ᠠᠯᠢ ᠡᠷᠳᠡ ᠠᠷᠪᠠᠨ ᠨᠠᠢ᠍ᠮᠠᠳᠤᠭᠠᠷ ᠵᠠᠭᠤᠨ᠎ᠠᠴᠠ ᠡᠬᠢᠯᠡᠭᠰᠡᠨ ᠲᠡᠦᠭᠡ᠎ᠲᠡᠢ᠃ ᠠᠮᠠᠨ ᠵᠤᠬᠢᠶᠠᠯ᠎ᠢ ᠴᠤᠭᠯᠠᠭᠤᠯᠬᠤ᠂ ᠡᠮᠬᠢᠯᠡᠬᠦ᠂ ᠤᠷᠴᠢᠭᠤᠯᠬᠤ᠂ ᠬᠡᠪᠯᠡᠬᠦ᠂ ᠰᠤᠳᠤᠯᠬᠤ ᠠᠵᠢᠯ ᠳᠤᠮᠳᠠᠳᠤ᠂ ᠮᠤᠩᠭᠤᠯ᠂ ᠤᠷᠤᠰ᠂ ᠭᠧᠷᠮᠠᠨ᠂ ᠬᠠᠩᠭᠠᠷᠢ᠂ ᠠᠩᠭᠯᠢ ᠵᠡᠷᠭᠡ ᠤᠯᠠᠨ ᠤᠯᠤᠰ ᠤᠷᠤᠨ᠎ᠳᠤ ᠡᠷᠴᠢᠮᠳᠡᠢ ᠶᠠᠪᠤᠭᠳᠠᠵᠦ ᠢᠷᠡᠭᠰᠡᠨ᠎ᠶᠤᠮ᠃ ᠡᠨᠡ ᠤᠳᠠᠭᠠᠨ᠎ᠤ ᠬᠤᠷᠠᠯ᠎ᠳᠤ ᠮᠤᠩᠭᠤᠯ ᠪᠠᠭᠠᠳᠤᠷᠯᠢᠭ ᠳᠤᠤᠯᠢ᠎ᠶᠢᠨ ᠳᠦᠯᠦᠭᠡᠯᠡᠯ ᠪᠤᠯᠤᠭᠰᠠᠨ 《ᠵᠠᠩᠭᠠᠷ》᠂ 《ᠭᠡᠰᠡᠷ》᠎ᠤᠨ ᠰᠤᠶᠤᠯ ᠤᠯᠠᠮᠵᠢᠯᠠᠯ᠂ ᠶᠠᠪᠠᠭᠠᠨ ᠦᠯᠢᠭᠡᠷ᠎ᠤᠨ ᠰᠲ᠋ᠢᠯᠢ ᠲᠦᠷᠦᠯ᠂ ᠬᠡᠪ ᠱᠢᠨᠵᠢ᠂ ᠦᠢᠯᠡ ᠶᠠᠪᠤᠳᠠᠯ᠂ ᠮᠤᠲ᠋ᠢᠹ᠎ᠲᠤ ᠬᠤᠯᠪᠤᠭᠳᠠᠬᠤ ᠠᠰᠠᠭᠤᠳᠠᠯ᠂ ᠡᠨᠡᠳᠭᠡᠭ ᠲᠦᠪᠡᠳ ᠤᠷᠠᠨ ᠵᠤᠬᠢᠶᠠᠯ᠎ᠤᠨ ᠮᠤᠩᠭᠤᠯ ᠠᠮᠠᠨ ᠵᠤᠬᠢᠶᠠᠯ᠎ᠳᠤ ᠦᠵᠡᠬᠦᠯᠦᠭᠰᠡᠨ ᠨᠦᠯᠦᠭᠡ ᠳᠤᠰᠭᠠᠯ᠂ ᠪᠤᠰᠤᠳ ᠬᠠᠷᠢ ᠦᠨᠳᠦᠰᠦᠳᠡᠨ᠎ᠤ ᠠᠮᠠᠨ ᠵᠤᠬᠢᠶᠠᠯ᠎ᠯᠤᠭ᠎ᠠ᠎ᠶᠢᠨ ᠬᠠᠷᠢᠴᠠᠭ᠎ᠠ ᠬᠤᠯᠪᠤᠭ᠎ᠠ᠂ ᠪᠤᠤ ᠠᠨ᠂ ᠶᠤᠭᠤᠷ᠂ ᠮᠤᠩᠭᠤᠷ᠂ ᠳ᠋ᠦᠩᠱᠢᠶᠠᠩ ᠵᠡᠷᠭᠡ ᠮᠤᠩᠭᠤᠯ ᠲᠦᠷᠦᠯ ᠬᠡᠯᠡᠳᠦ ᠦᠨᠳᠦᠰᠦᠳᠡᠨ᠎ᠤ ᠠᠮᠠᠨ ᠵᠤᠬᠢᠶᠠᠯ᠎ᠳᠤ ᠬᠢᠭᠰᠡᠨ ᠬᠡᠭᠡᠷ᠎ᠡ᠎ᠶᠢᠨ ᠪᠠᠢᠴᠠᠭᠠᠯᠳᠠ᠎ᠶᠢᠨ ᠪᠠᠢᠳᠠᠯ᠂ ᠮᠤᠩᠭᠤᠯᠴᠢ ᠡᠷᠳᠡᠮᠳᠡᠳ᠎ᠤᠨ ᠨᠤᠮ ᠪᠦᠳᠦᠭᠡᠯ᠎ᠤᠨ ᠦᠨ᠎ᠡ ᠴᠠᠨ᠎ᠠ᠂ ᠮᠤᠩᠭᠤᠯ ᠠᠮᠠᠨ ᠵᠤᠬᠢᠶᠠᠯ᠎ᠢ ᠲᠠᠵᠢᠳᠠᠯᠵᠢᠭᠤᠯᠬᠤ ᠠᠰᠠᠭᠤᠳᠠᠯ᠂ ᠠᠮᠠᠨ ᠵᠤᠬᠢᠶᠠᠯ᠎ᠤᠨ ᠰᠤᠳᠤᠯᠭᠠᠨ᠎ᠤ ᠳᠤᠢᠮᠤ ᠪᠠᠢᠳᠠᠯ ᠵᠡᠷᠭᠡ ᠦᠷᠭᠡᠨ ᠰᠡᠳᠦᠪ᠎ᠢᠶᠠᠷ 38 ᠡᠷᠳᠡᠮᠳᠡᠨ ᠰᠤᠳᠤᠯᠤᠭᠠᠴᠢ ᠢᠯᠡᠳᠭᠡᠯ ᠬᠢᠵᠦ ᠴᠢᠯᠦᠭᠡᠳᠡᠢ ᠶᠠᠷᠢᠯᠴᠠᠬᠤ᠎ᠪᠠᠷ ᠪᠠᠢᠨ᠎ᠠ᠃

  ᠳᠤᠰ ᠤᠳᠠᠭᠠᠨ᠎ᠤ ᠬᠤᠷᠠᠯ᠎ᠤᠨ ᠴᠢᠬᠤᠯᠠ ᠦᠢᠯᠡ ᠠᠵᠢᠯᠯᠠᠭ᠎ᠠ᠎ᠶᠢᠨ ᠨᠢᠭᠡ ᠪᠤᠯ 《ᠮᠤᠩᠭᠤᠯ ᠶᠠᠪᠠᠭᠠᠨ ᠦᠯᠢᠭᠡᠷ᠎ᠤᠨ ᠬᠡᠪ ᠱᠢᠨᠵᠢ ᠬᠢᠭᠡᠳ ᠮᠤᠲ᠋ᠢᠹ᠎ᠤᠨ ᠳᠤᠪᠶᠤᠭ》 ᠭᠡᠳᠡᠭ ᠨᠤᠮ᠎ᠤᠨ ᠲᠠᠷᠬᠠᠭᠠᠯᠳᠠ᠎ᠶᠢᠨ ᠶᠤᠰᠤᠯᠠᠯ ᠪᠤᠯᠤᠨ᠎ᠠ᠃ ᠡᠨᠡ᠎ᠬᠦ ᠨᠤᠮ᠎ᠨᠢ ᠮᠤᠩᠭᠤᠯ ᠶᠠᠪᠠᠭᠠᠨ ᠦᠯᠢᠭᠡᠷ᠎ᠢ ᠬᠡᠪ ᠱᠢᠨᠵᠢ᠂ ᠮᠤᠲ᠋ᠢᠹ᠎ᠢᠶᠠᠷ ᠡᠷᠢᠵᠦ ᠬᠠᠢᠨ᠂ ᠶᠡᠷᠦᠩᠭᠡᠢ ᠤᠨᠴᠠᠯᠢᠭ ᠱᠢᠨᠵᠢ᠎ᠶᠢ᠎ᠨᠢ ᠤᠢᠯᠠᠭᠠᠵᠦ᠂ ᠰᠤᠳᠤᠯᠵᠦ ᠱᠢᠨᠵᠢᠯᠡᠬᠦ᠎ᠳᠤ ᠭᠠᠷ ᠠᠪᠤᠯᠭ᠎ᠠ ᠪᠤᠯᠤᠭᠰᠠᠨ᠎ᠢᠶᠠᠷ᠎ᠢᠶᠠᠨ ᠮᠤᠩᠭᠤᠯ ᠠᠮᠠᠨ ᠵᠤᠬᠢᠶᠠᠯ᠎ᠤᠨ ᠰᠤᠳᠤᠯᠤᠯ᠎ᠤᠨ ᠲᠡᠦᠭᠡᠨ᠎ᠳᠤ ᠮᠠᠱᠢ ᠴᠢᠬᠤᠯᠠ ᠠᠴᠢ ᠬᠤᠯᠪᠤᠭᠳᠠᠯ᠎ᠲᠡᠢ᠎ᠶᠤᠮ᠃

 

 

 

 

 

 

  ᠨᠠᠢᠷᠠᠭᠤᠯᠤᠭᠴᠢ᠄ ᠲᠡᠮᠦᠷᠭᠤᠤᠯᠲᠤ

  ᠳᠤᠮᠳᠠᠳᠤ ᠤᠯᠤᠰ᠎ᠤᠨ ᠰᠦᠯᠵᠢᠶᠡᠨ᠎ᠤ ᠲᠸᠯᠸᠢᠰ᠎ᠠᠴᠠ ᠱᠢᠯᠵᠢᠭᠦᠯᠦᠨ ᠨᠡᠢᠳᠡᠯᠡᠪᠡ

 

 
(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604