ᠡᠭᠡᠯ ᠪᠣᠷᠤᠭᠵᠢᠭᠤᠨ ᠢᠯᠡᠳᠭᠡᠮᠵᠢ ᠲᠠᠢ ᠣᠢᠯᠠᠭᠠᠮᠵᠢᠲᠠᠢ ᠰᠠᠢᠬᠠᠨ ᠤᠩᠰᠢᠬᠤ ᠪᠢᠴᠢᠭ | 《ᠳᠤᠮᠳᠠᠳᠤ ᠤᠯᠤᠰ ᠤ᠋ᠨ ᠪᠠᠢᠭᠤᠯᠤᠯ ᠳ᠋ᠤ᠌ ᠰᠢᠭᠤᠳ ᠬᠠᠨᠳᠤᠬᠤᠢ》 ᠬᠡᠪᠯᠡᠭᠳᠡᠨ ᠲᠠᠷᠬᠠᠭᠠᠭᠳᠠᠯ᠎ᠠ
2020.07.21

  ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠳᠥᠷᠪᠡᠳᠦᠭᠡᠷ ᠪᠦᠭᠦᠲᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠳᠤᠯᠤᠨ ᠤᠬᠠᠭᠤᠯᠵᠤ ᠲᠤᠭᠤᠰᠢᠯᠠᠭᠤᠯᠤᠨ᠂ ᠬᠥᠮᠦᠰ ᠲᠤ᠌ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠥᠮ ᠦ᠋ᠨ ᠪᠠᠢᠭᠤᠯᠤᠯ ᠢ᠋ ᠪᠠᠷᠢᠮᠳᠠᠯᠠᠨ ᠲᠡᠭᠦᠯᠳᠡᠷᠵᠢᠭᠦᠯᠬᠦ ᠶ᠋ᠢ ᠨᠡᠩ ᠰᠠᠢᠨ ᠣᠢᠯᠠᠭᠠᠭᠤᠯᠵᠤ᠂ ᠤᠯᠤᠰ ᠤ᠋ᠨ ᠵᠠᠰᠠᠯᠲᠠ ᠶ᠋ᠢᠨ ᠰᠢᠰᠲ᠋ᠧᠮ ᠪᠣᠯᠤᠨ ᠵᠠᠰᠠᠯᠲᠠ ᠶ᠋ᠢᠨ ᠴᠢᠳᠠᠪᠦᠷᠢ ᠶ᠋ᠢᠨ ᠣᠳᠣᠬᠢᠴᠢᠯᠠᠯᠲᠠ ᠶ᠋ᠢᠨ ᠡᠯ᠎ᠡ ᠲᠥᠷᠦᠯ ᠦ᠋ᠨ ᠰᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ ᠶ᠋ᠢ ᠠᠬᠢᠭᠤᠯᠬᠤ ᠶ᠋ᠢᠨ ᠲᠤᠰᠠᠲᠠ᠂ ᠲᠥᠪ ᠦ᠋ᠨ ᠤᠬᠠᠭᠤᠯᠬᠤ ᠬᠡᠯᠲᠡᠰ ᠦ᠋ᠨ ᠣᠨᠤᠯ ᠤ᠋ᠨ ᠲᠣᠪᠴᠢᠶ᠎ᠠ ᠠ᠋ᠴᠠ 《ᠳᠤᠮᠳᠠᠳᠤ ᠤᠯᠤᠰ ᠤ᠋ᠨ ᠪᠠᠢᠭᠤᠯᠤᠯ ᠳ᠋ᠤ᠌ ᠰᠢᠭᠤᠳ ᠬᠠᠨᠳᠤᠬᠤᠢ》ᠭᠡᠬᠦ 2020 ᠣᠨ ᠤ᠋ ᠲᠣᠪᠴᠢ ᠣᠢᠯᠠᠭᠠᠮᠵᠢᠲᠠᠢ ᠤᠩᠰᠢᠬᠤ ᠨᠣᠮ ᠢ᠋ ᠵᠣᠬᠢᠶᠠᠨ ᠪᠠᠢᠭᠤᠯᠤᠨ ᠨᠠᠢᠷᠠᠭᠤᠯᠵᠤ ᠪᠢᠴᠢᠵᠡᠢ᠃ ᠣᠳᠣᠬᠠᠨ ᠳ᠋ᠤ᠌ ᠲᠤᠰ ᠨᠣᠮ ᠢ᠋ ᠰᠤᠷᠤᠯᠴᠠᠯᠭ᠎ᠠ ᠬᠡᠪᠯᠡᠯ ᠦ᠋ᠨ ᠬᠣᠷᠢᠶ᠎ᠠ᠂ ᠠᠷᠠᠳ ᠤ᠋ᠨ ᠬᠡᠪᠯᠡᠯ ᠤ᠋ᠨ ᠬᠣᠷᠢᠶᠠᠨ ᠠ᠋ᠴᠠ ᠬᠠᠮᠲᠤᠷᠠᠨ ᠬᠡᠪᠯᠡᠪᠡ᠃

  ᠲᠤᠰ ᠨᠣᠮ ᠨᠢ 《ᠣᠨᠤᠯ ᠤ᠋ᠨ ᠬᠠᠯᠠᠮᠰᠢᠯ ᠠᠰᠠᠭᠤᠳᠠᠯ ᠳ᠋ᠤ᠌ ᠰᠢᠭᠤᠳ ᠬᠠᠨᠳᠤᠬᠤᠢ》ᠭᠡᠬᠦ ᠰᠢᠷᠢᠰ ᠨᠣᠮ ᠤ᠋ᠨ ᠰᠢᠨ᠎ᠡ ᠤᠩᠰᠢᠬᠤ ᠪᠢᠴᠢᠭ ᠪᠠᠢᠵᠤ᠂ ᠲᠡᠭᠦᠨ ᠤ᠋ ᠢᠮᠠᠭᠲᠠ ᠶ᠋ᠢᠨ ᠣᠨᠴᠠᠯᠢᠭ ᠪᠣᠯᠤᠨ ᠬᠡᠪ ᠨᠠᠮᠪᠠ ᠶ᠋ᠢ ᠬᠠᠳᠠᠭᠠᠯᠠᠵᠤ᠂ ᠺᠠᠳ᠋ᠷ ᠤᠯᠠᠨ ᠲᠦᠮᠡᠨ ᠤ᠋ ᠨᠡᠢᠳᠡᠮ ᠠᠩᠬᠠᠷᠴᠤ ᠪᠠᠢᠭ᠎ᠠ ᠴᠢᠬᠤᠯᠠ ᠶᠡᠬᠡ ᠠᠰᠠᠭᠤᠳᠠᠯ ᠳ᠋ᠤ᠌ ᠲᠥᠪᠯᠡᠷᠡᠩᠭᠦᠢ ᠬᠠᠷᠢᠭᠤᠯᠲᠠ ᠥᠭᠬᠦ ᠪᠣᠯᠤᠨ᠎ᠠ᠃ ᠰᠤᠷᠪᠤᠯᠵᠢᠯᠠᠭᠴᠢ ᠶ᠋ᠢᠨ ᠣᠢᠯᠠᠭᠠᠭᠰᠠᠨ ᠢ᠋ᠶ᠋ᠠᠷ᠂ ᠨᠢᠳᠦᠨᠦᠨ ᠤ᠋ 11 ᠰᠠᠷ᠎ᠠ ᠠ᠋ᠴᠠ ᠡᠬᠢᠯᠡᠨ᠂ ᠲᠥᠪ ᠦ᠋ᠨ ᠤᠬᠠᠭᠤᠯᠬᠤ ᠬᠡᠯᠲᠡᠰ ᠬᠦᠴᠦᠨ ᠢ᠋ᠶ᠋ᠡᠨ ᠵᠣᠬᠢᠶᠠᠨ ᠪᠠᠢᠭᠤᠯᠤᠨ ᠭᠦᠨᠵᠡᠭᠡᠢ ᠪᠠᠢᠴᠠᠭᠠᠨ ᠰᠤᠳᠤᠯᠤᠯᠲᠠ ᠥᠷᠨᠢᠭᠦᠯᠵᠦ᠂ ᠳᠤᠮᠳᠠᠲᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠥᠮ ᠦ᠋ᠨ ᠪᠠᠢᠭᠤᠯᠤᠯ ᠶᠠᠭᠠᠬᠢᠵᠤ ᠢᠷᠡᠭᠰᠡᠨ᠂ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠥᠮ ᠦ᠋ᠨ ᠪᠠᠢᠭᠤᠯᠤᠯ ᠶᠠᠭᠠᠬᠢᠭᠠᠳ ᠰᠠᠢᠨ᠂ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠥᠮ ᠤ᠋ᠨ ᠪᠠᠢᠭᠤᠯᠤᠯ ᠶᠠᠭᠠᠬᠢᠵᠤ ᠠᠯᠤᠰ ᠢ᠋ ᠵᠣᠷᠢᠨ ᠯᠠᠪᠳᠠᠭᠤᠨ ᠪᠠᠲᠤᠲᠠᠢ ᠤᠷᠤᠭᠰᠢᠯᠠᠬᠤ ᠵᠡᠷᠭᠡ 16 ᠴᠢᠬᠤᠯᠠ ᠶᠡᠬᠡ ᠠᠰᠠᠭᠤᠳᠠᠯ ᠢ᠋ ᠡᠮᠬᠢᠯᠡᠨ ᠭᠠᠷᠭᠠᠵᠠᠢ᠃ ᠲᠥᠪ ᠦ᠋ᠨ ᠬᠠᠮᠢᠶ᠎ᠠ ᠪᠦᠬᠦᠢ ᠰᠠᠯᠠᠭ᠎ᠠ ᠮᠥᠴᠢᠷ ᠦ᠋ᠨ ᠨᠦᠭᠦᠳ ᠪᠣᠯᠤᠨ ᠲᠤᠰᠭᠠᠢ ᠮᠡᠷᠭᠡᠵᠢᠯᠲᠡᠳ ᠡᠳᠡᠭᠡᠷ ᠠᠰᠠᠭᠤᠳᠠᠯ ᠤ᠋ᠨ ᠲᠣᠭᠤᠷᠢᠨ ᠳ᠋ᠤ᠌ ᠭᠦᠨᠵᠡᠭᠡᠢ ᠰᠤᠳᠤᠯᠭᠠᠨ ᠶᠠᠷᠢᠯᠴᠠᠭ᠎ᠠ ᠬᠢᠵᠤ᠂ ᠲᠥᠪᠯᠡᠷᠡᠩᠭᠦᠢ ᠪᠠᠷ ᠲᠤᠭᠤᠷᠪᠢᠨ ᠪᠢᠴᠢᠵᠤ ᠵᠠᠰᠠᠪᠦᠷᠢ ᠣᠷᠤᠭᠤᠯᠵᠤ᠂ ᠥᠷᠭᠡᠨ ᠳᠡᠯᠭᠡᠷᠡᠩᠭᠦᠢ ᠪᠠᠷ ᠰᠠᠨᠠᠯ ᠬᠤᠷᠢᠶᠠᠵᠤ᠂ ᠡᠯ᠎ᠡ ᠲᠠᠯ᠎ᠠ ᠶ᠋ᠢᠨ ᠤᠢ ᠤᠬᠠᠭᠠᠨ ᠢ᠋ ᠨᠢᠭᠲᠠᠷᠠᠭᠤᠯᠤᠭᠰᠠᠨ ᠤ᠋ ᠰᠠᠭᠤᠷᠢᠨ ᠳᠡᠭᠡᠷ᠎ᠡ ᠡᠬᠡ ᠪᠢᠴᠢᠭ ᠪᠣᠯᠭᠠᠨ ᠪᠢᠴᠢᠵᠤ ᠭᠠᠷᠭᠠᠵᠠᠢ᠃

  ᠣᠢᠯᠠᠭᠠᠭᠰᠠᠨ ᠢ᠋ᠶ᠋ᠠᠷ᠂ ᠰᠢᠨ᠎ᠡ ᠵᠠᠭᠤᠴᠢᠯᠠᠭᠤᠷ ᠰᠦᠯᠵᠢᠶ᠎ᠡ ᠶ᠋ᠢᠨ ᠳᠠᠮᠵᠢᠭᠤᠯᠭ᠎ᠠ ᠶ᠋ᠢᠨ ᠬᠡᠯᠪᠡᠷᠢ ᠪᠣᠯᠤᠨ ᠤᠩᠰᠢᠭᠴᠢᠳ ᠤ᠋ᠨ ᠤᠩᠰᠢᠯᠭ᠎ᠠ ᠶ᠋ᠢᠨ ᠳᠠᠳᠭᠠᠯ ᠳ᠋ᠤ᠌ ᠵᠣᠬᠢᠴᠠᠭᠤᠯᠬᠤ ᠶ᠋ᠢᠨ ᠲᠤᠰᠠᠲᠠ᠂ ᠴᠠᠭᠠᠰᠤᠨ ᠨᠣᠮ ᠬᠡᠪᠯᠡᠭᠰᠡᠨ ᠤ᠋ ᠬᠠᠮᠲᠤ᠂ ᠨᠠᠢᠷᠠᠭᠤᠯᠤᠭᠴᠢ ᠠ᠋ᠴᠠ ᠪᠠᠰᠠ ᠢᠵᠢ ᠪᠦᠷᠢᠳᠦᠭᠦᠯᠦᠭᠰᠡᠨ ᠳᠠᠭᠤᠲᠤ ᠨᠣᠮ ᠢ᠋ ᠦᠢᠯᠡᠳᠴᠦ᠂ 16 ᠪᠦᠯᠦᠭᠲᠦ ᠸᠢᠳᠢᠣ᠋ ᠦᠢᠯᠡᠳᠴᠦ᠂ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠥᠮ ᠦ᠋ᠨ ᠪᠠᠢᠭᠤᠯᠤᠯ ᠤ᠋ᠨ ᠡᠯᠪᠡᠭ ᠪᠠᠶᠠᠯᠢᠭ ᠠᠭᠤᠯᠭ᠎ᠠ ᠪᠣᠯᠤᠨ ᠢᠯᠡ ᠮᠡᠳᠡᠭᠳᠡᠮ᠎ᠡ ᠳᠠᠪᠠᠭᠤᠯᠢᠭ ᠲᠠᠯ᠎ᠠ ᠶ᠋ᠢ ᠠᠮᠢᠳᠤᠯᠢᠭ ᠢ᠋ᠶ᠋ᠠᠷ ᠦᠵᠡᠭᠦᠯᠵᠡᠢ᠃

                    ᠥᠪᠦᠷ ᠮᠣᠩᠭᠤᠯ ᠤ᠋ᠨ ᠡᠳᠦᠷ ᠦ᠋ᠨ ᠰᠣᠨᠢᠨ ᠠ᠋ᠴᠠ ᠰᠢᠯᠵᠢᠭᠦᠯᠦᠨ ᠨᠡᠢᠳᠡᠯᠡᠪᠡ

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ