《ᠰᠢ᠎ᠵᠢᠨ ᠫᠢᠩ ᠹᠦᠵᠸᠤ᠎ᠳᠤ》 ᠭᠡᠬᠦ ᠨᠣᠮ᠎ᠢ ᠬᠡᠪᠯᠡᠭᠦᠯᠦᠨ ᠲᠠᠷᠬᠠᠭᠠᠪᠠ
2020.08.05

  ᠰᠢ᠎ᠵᠢᠨ ᠫᠢᠩ᠎ᠤᠨ ᠹᠦᠵᠸᠤ᠎ᠳᠤ ᠠᠵᠢᠯᠯᠠᠵᠤ ᠪᠠᠢᠭᠰᠠᠨ ᠪᠠᠢᠳᠠᠯ᠎ᠤᠨ ᠲᠤᠬᠠᠢ ᠰᠤᠷᠪᠤᠯᠵᠢᠯᠠᠭ᠎ᠠ᠎ᠶᠢᠨ ᠪᠤᠳᠠᠳᠤ ᠲᠡᠮᠳᠡᠭᠯᠡᠯ  《ᠰᠢ᠎ᠵᠢᠨ ᠫᠢᠩ ᠹᠦᠵᠸᠤ᠎ᠳᠤ》 ᠭᠡᠬᠦ ᠨᠣᠮ᠎ᠢ ᠲᠦᠷᠦᠭᠦᠬᠡᠨ ᠨᠠᠮ᠎ᠤᠨ ᠲᠥᠪ ᠬᠣᠷᠢᠶᠠᠨ᠎ᠤ ᠨᠠᠮ᠎ᠤᠨ ᠰᠤᠷᠭᠠᠭᠤᠯᠢ᠎ᠶᠢᠨ ᠬᠡᠪᠯᠡᠯ᠎ᠦᠨ ᠬᠣᠷᠢᠶ᠎ᠠ᠎ᠠᠴᠠ ᠬᠡᠪᠯᠡᠭᠦᠯᠵᠦ᠂ ᠪᠦᠬᠦ ᠤᠯᠤᠰ᠎ᠲᠤ ᠲᠠᠷᠬᠠᠭᠠᠵᠠᠢ᠃

  1990 ᠣᠨ᠎ᠤ 4 ᠰᠠᠷ᠎ᠠ᠎ᠳᠤ᠂ ᠰᠢ᠎ᠵᠢᠨ ᠫᠢᠩ ᠹᠦᠵᠢᠶᠠᠨ᠎ᠤ ᠵᠡᠭᠦᠨ ᠬᠡᠰᠡᠭ᠎ᠲᠤ ᠪᠠᠢᠷᠢᠯᠠᠭ᠎ᠠ ᠨᠢᠩᠳ᠋ᠸ ᠲᠤᠰᠭᠠᠢ ᠣᠷᠤᠨ᠎ᠤ ᠨᠠᠮ᠎ᠤᠨ ᠬᠣᠷᠢᠶᠠᠨ᠎ᠤ ᠱᠦᠵᠢ᠎ᠡᠴᠡ ᠮᠤᠵᠢ᠎ᠶᠢᠨ ᠲᠥᠪ ᠬᠣᠲᠠ ᠪᠣᠯᠬᠤ ᠹᠦᠵᠸᠤ ᠬᠤᠳᠠ᠎ᠶᠢᠨ ᠨᠠᠮ᠎ᠤᠨ ᠬᠣᠷᠢᠶᠠᠨ᠎ᠤ ᠱᠦᠵᠢ᠎ᠶᠢᠨ ᠲᠤᠱᠢᠶᠠᠯ᠎ᠳᠤ ᠱᠢᠯᠵᠢᠵᠦ᠂ ᠡᠨᠳᠡ ᠪᠦᠬᠦᠯᠢ ᠵᠢᠷᠭᠤᠭᠠᠨ ᠵᠢᠯ ᠠᠵᠢᠯᠯᠠᠭᠰᠠᠨ᠎ᠶᠤᠮ᠃ ᠲᠡᠷᠡ ᠭᠦᠨᠵᠡᠭᠡᠢ ᠪᠠᠢᠴᠠᠭᠠᠨ ᠰᠤᠳᠤᠯᠤᠭᠰᠠᠨ᠎ᠤ ᠰᠠᠭᠤᠷᠢᠨ᠎ᠳᠤ ᠹᠦᠵᠸᠤ᠎ᠶᠢᠨ ᠬᠥᠭᠵᠢᠯᠲᠡ᠎ᠳᠤ ᠱᠢᠰᠲᠧᠮ᠎ᠲᠠᠢ ᠲᠥᠯᠦᠪᠵᠢᠭᠦᠯᠭᠡ ᠪᠠ ᠪᠦᠬᠦᠯᠢ ᠴᠣᠭᠴᠠ᠎ᠶᠢᠨ ᠲᠥᠯᠦᠪᠯᠡᠭᠡ ᠬᠢᠵᠦ᠂ ᠥᠭᠡᠷᠡᠴᠢᠯᠡᠯᠲᠡ ᠨᠡᠭᠡᠭᠡᠯᠲᠡ᠎ᠶᠢ ᠪᠦᠬᠦ ᠬᠦᠴᠦ᠎ᠪᠠᠷ᠎ᠢᠶᠠᠨ ᠠᠬᠢᠭᠤᠯᠵᠤ᠂ ᠲᠤᠳᠤᠭᠠᠲᠤ᠎ᠳᠤ᠎ᠪᠠᠨ ᠣᠷᠤᠭᠤᠯᠤᠨ ᠠᠪᠴᠢᠷᠠᠬᠤ ᠪᠠ ᠭᠠᠳᠠᠭᠠᠲᠤ᠎ᠲᠠᠢ ᠬᠣᠯᠪᠤᠭᠠᠯᠠᠬᠤ ᠬᠡᠯᠪᠡᠷᠢ᠎ᠶᠢ ᠥᠷᠭᠡᠨ᠎ᠢᠶᠡᠷ ᠳᠡᠯᠭᠡᠷᠡᠭᠦᠯᠵᠦ᠂ ᠹᠦᠵᠸᠤ᠎ᠶᠢᠨ ᠳᠠᠪᠠᠯᠲᠠᠲᠤ ᠬᠥᠭᠵᠢᠯᠲᠡ᠎ᠶᠢ ᠠᠬᠢᠭᠤᠯᠤᠭᠰᠠᠨ ᠪᠠᠢᠨ᠎ᠠ᠃

  ᠰᠤᠷᠪᠤᠯᠵᠢᠯᠠᠭ᠎ᠠ᠎ᠶᠢᠨ ᠪᠤᠲᠠᠲᠤ ᠲᠡᠮᠳᠡᠭᠯᠡᠯ 《ᠰᠢ᠎ᠵᠢᠨ ᠫᠢᠩ ᠹᠦᠵᠸᠤ᠎ᠳᠤ》 ᠭᠡᠬᠦ ᠨᠣᠮ᠎ᠳᠤ ᠨᠡᠢᠲᠡ 23 ᠵᠣᠬᠢᠶᠠᠯ᠎ᠢ ᠪᠠᠭᠲᠠᠭᠠᠵᠠᠢ᠃ ᠠᠳᠠᠯᠢ ᠪᠤᠰᠤ ᠬᠠᠷᠠᠭᠠᠰᠤ᠎ᠠᠴᠠ ᠰᠢ᠎ᠵᠢᠨ ᠫᠢᠩ᠎ᠤᠨ ᠹᠦᠵᠸᠤ᠎ᠳᠤ ᠠᠵᠢᠯᠯᠠᠭᠰᠠᠨ ᠭᠣᠤᠯ ᠪᠣᠯᠬᠤ ᠥᠩᠭᠡᠷᠡᠯᠲᠡ᠎ᠶᠢ ᠲᠡᠮᠳᠡᠭᠯᠡᠨ ᠲᠣᠭᠠᠴᠢᠵᠤ᠂ ᠲᠡᠭᠦᠨ᠎ᠤ 《ᠮᠢᠨᠵᠢᠶᠠᠩ᠎ᠤᠨ ᠭᠤᠷᠪᠠᠯᠵᠢᠨ ᠬᠣᠢᠭ᠎ᠤᠨ ᠠᠵᠤ ᠠᠬᠤᠢ᠎ᠶᠢᠨ ᠴᠠᠭᠠᠷᠢᠭ》᠎ᠢ ᠪᠠᠢᠭᠤᠯᠬᠤ᠂ 《ᠳᠠᠯᠠᠢ ᠳᠡᠭᠡᠷᠡᠬᠢ ᠹᠦᠵᠸᠤ》᠎ᠶᠢ ᠪᠦᠲᠦᠭᠡᠨ ᠪᠠᠢᠭᠤᠯᠬᠤ᠂ ᠬᠤᠳᠠ᠎ᠶᠢᠨ ᠠᠮᠢᠨ ᠰᠤᠳᠠᠰᠤ᠎ᠶᠢ ᠬᠠᠮᠠᠭᠠᠯᠠᠬᠤ᠂ ᠬᠠᠭᠤᠴᠢᠨ ᠬᠣᠲᠠ᠎ᠶᠢ ᠥᠭᠡᠷᠡᠴᠢᠯᠡᠨ ᠱᠢᠨᠡᠳᠭᠡᠬᠦ᠂ ᠠᠷᠠᠳ᠎ᠤᠨ ᠠᠮᠢᠳᠤᠷᠠᠯ᠎ᠢ ᠦᠨᠡᠨ᠎ᠬᠦ ᠬᠠᠯᠠᠮᠵᠢᠯᠠᠬᠤ᠂ ᠺᠠᠳ᠋ᠷᠴᠤᠳ᠎ᠤᠨ ᠦᠨᠳᠦᠰᠦᠨ ᠱᠠᠲᠤᠨ᠎ᠳᠤ ᠭᠦᠨᠵᠡᠭᠡᠢᠷᠡᠬᠦ᠎ᠶᠢ ᠵᠢᠯᠤᠭᠤᠳᠭᠤ᠂ 《ᠳᠠᠷᠤᠢᠬᠠᠨ ᠱᠢᠢᠳᠪᠦᠷᠢᠯᠡᠬᠦ》᠎ᠶᠢ ᠰᠠᠨᠠᠭᠠᠴᠢᠯᠠᠬᠤ᠎ᠶᠢ ᠤᠳᠤᠷᠢᠳᠤᠨ ᠠᠬᠢᠭᠤᠯᠤᠭᠰᠠᠨ ᠵᠡᠷᠭᠡ ᠠᠮᠢᠳᠤᠯᠢᠭ ᠰᠠᠢᠬᠠᠨ ᠦᠯᠢᠭᠡᠷ᠎ᠢ ᠶᠠᠷᠢᠵᠤ᠂ ᠰᠢ᠎ᠵᠢᠨ ᠫᠢᠩ᠎ᠤᠨ ᠠᠯᠤᠰ᠎ᠢ ᠪᠠᠷᠠᠯᠠᠵᠤ᠂ ᠪᠦᠬᠦ ᠲᠠᠯ᠎ᠠ᠎ᠶᠢ ᠪᠣᠳᠤᠯᠬᠢᠯᠠᠬᠤ ᠪᠠᠢᠯᠳᠤᠬᠤ ᠪᠣᠳᠤᠯᠭ᠎ᠠ᠎ᠶᠢᠨ ᠰᠡᠳᠭᠢᠬᠦᠢ᠂ ᠡᠷᠡᠰ ᠱᠢᠭᠤᠷᠬᠠᠢ᠂ ᠱᠢᠨᠵᠢᠯᠡᠬᠦ ᠤᠬᠠᠭᠠᠨᠴᠢ᠎ᠪᠠᠷ ᠱᠢᠢᠳᠪᠦᠷᠢᠲᠦ ᠪᠣᠳᠤᠯᠭ᠎ᠠ ᠲᠣᠭᠲᠠᠭᠠᠬᠤ ᠤᠳᠤᠷᠢᠳᠭᠤ ᠤᠷᠠᠯᠢᠭ᠂ ᠯᠠᠪᠳᠠᠭᠤᠨ ᠪᠠᠳᠤᠲᠠᠢ᠂ ᠴᠢᠩᠭ᠎ᠠ ᠨᠢᠮᠪᠠᠢ ᠪᠣᠳᠠᠲᠠᠢ᠎ᠶᠢ ᠡᠷᠬᠢᠮᠯᠡᠬᠦ ᠠᠵᠢᠯ᠎ᠤᠨ ᠰᠤᠷᠲᠠᠯ᠂ ᠠᠷᠠᠳ ᠲᠦᠮᠡᠨ ᠯᠤᠭᠡ ᠰᠡᠳᠭᠢᠯ ᠵᠢᠷᠦᠬᠡ᠎ᠪᠠᠨ ᠬᠣᠯᠪᠤᠬᠤ᠂ ᠠᠷᠠᠳ ᠲᠦᠮᠡᠨ᠎ᠢ ᠬᠠᠯᠠᠮᠵᠢᠯᠠᠬᠤ ᠴᠢᠩ ᠦᠨᠡᠨᠴᠢ ᠰᠡᠳᠭᠢᠯ᠎ᠢ᠎ᠨᠢ ᠪᠦᠬᠦ ᠲᠠᠯ᠎ᠠ᠎ᠪᠠᠷ ᠢᠯᠡᠷᠡᠭᠦᠯᠦᠭᠰᠡᠨ ᠪᠠᠢᠨ᠎ᠠ᠃

  ᠥᠩᠭᠡᠷᠡᠭᠰᠡᠨ ᠲᠡᠤᠬᠡ ᠪᠠ ᠹᠦᠵᠸᠤ᠎ᠶᠢᠨ ᠯᠤᠳᠤ ᠶᠡᠬᠡ ᠬᠤᠪᠢᠷᠠᠯᠲᠠ᠎ᠶᠢ ᠲᠡᠮᠳᠡᠭᠯᠡᠵᠦ ᠪᠠᠢᠨ᠎ᠠ᠂ ᠰᠢ᠎ᠵᠢᠨ ᠫᠢᠩ᠎ᠤᠨ ᠤᠳᠤᠷᠢᠳᠭᠤ ᠬᠡᠪ ᠰᠤᠷᠳᠠᠯ᠎ᠢ᠎ᠴᠤ ᠲᠡᠮᠳᠡᠭᠯᠡᠵᠤ ᠪᠠᠢᠨ᠎ᠠ᠃ ᠨᠠᠮ᠎ᠤᠨ ᠭᠡᠱᠢᠭᠦᠨ᠂ ᠺᠠᠳ᠋ᠷᠴᠤᠳ ᠡᠨᠡ᠎ᠬᠦ ᠨᠣᠮ᠎ᠢ ᠤᠩᠱᠢᠪᠠᠯ᠂ ᠨᠣᠮ᠎ᠳᠡᠬᠢ ᠦᠯᠢᠭᠡᠷ᠎ᠡᠴᠡ ᠶᠡᠬᠡ ᠶᠣᠰᠤ᠎ᠶᠢ ᠣᠢᠯᠠᠭᠠᠵᠤ᠂ ᠤᠯᠤᠰ ᠭᠡᠷ᠎ᠢᠶᠡᠨ ᠪᠤᠳᠤᠬᠤ ᠬᠠᠢᠷ᠎ᠠ ᠰᠡᠳᠭᠢᠯᠭᠡ᠎ᠡᠴᠡ ᠲᠣᠮᠤ ᠡᠭᠦᠷᠭᠡᠯᠡᠯ᠎ᠢ ᠮᠡᠳᠡᠷᠡᠵᠦ᠂ ᠲᠡᠮᠡᠴᠡᠯ᠎ᠦᠨ ᠲᠡᠤᠬᠡ᠎ᠡᠴᠡ ᠶᠡᠬᠡ ᠣᠶᠤᠨ ᠤᠬᠠᠭᠠᠨ᠎ᠢ ᠱᠢᠩᠭᠡᠭᠡᠵᠦ᠂ ᠤᠯᠠᠨ ᠲᠦᠮᠡᠨ᠎ᠤ ᠦᠭᠡ ᠶᠠᠷᠢᠶ᠎ᠠ᠎ᠠᠴᠠ ᠶᠠᠬᠡ ᠴᠠᠭ ᠦᠶ᠎ᠡ᠎ᠶᠢ ᠠᠵᠢᠵᠤ᠂ ᠰᠢ᠎ᠵᠢᠨ ᠫᠢᠩ᠎ᠤᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠦᠮ᠎ᠦᠨ ᠦᠵᠡᠯ ᠰᠠᠨᠠᠭᠠᠨ᠎ᠤ ᠣᠨᠤᠯ᠎ᠤᠨ ᠯᠣᠭᠢᠭ ᠪᠠ ᠦᠢᠯᠡᠳᠦᠯᠭᠡ᠎ᠶᠢᠨ ᠯᠣᠭᠢᠭ᠎ᠢ ᠰᠤᠷᠤᠯᠴᠠᠨ ᠣᠢᠯᠠᠭᠠᠵᠤ᠂ ᠦᠢᠯᠡᠳᠦᠯᠭᠡ᠎ᠶᠢᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ᠎ᠶᠢᠨ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ᠎ᠢᠶᠠᠨ ᠴᠢᠩᠭᠠᠳᠭᠠᠵᠤ ᠪᠣᠯᠤᠨ᠎ᠠ᠃

 

                    ᠥᠪᠦᠷ ᠮᠣᠩᠭᠤᠯ᠎ᠤᠨ ᠡᠳᠦᠷ᠎ᠦᠨ ᠰᠣᠨᠢᠨ᠎ᠠᠴᠠ ᠱᠢᠯᠵᠢᠭᠦᠯᠦᠨ ᠨᠡᠢᠳᠡᠯᠡᠪᠡ

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604