ᠳᠡᠯᠡᠬᠡᠢ᠎ᠶᠢᠨ ᠬᠡᠦᠬᠡᠳ᠎ᠤᠨ ᠰᠤᠩᠭᠤᠳᠠᠭ ᠤᠷᠠᠨ ᠵᠤᠬᠢᠶᠠᠯ᠎ᠤᠨ ᠲᠡᠭᠡᠵᠢᠰ — ᠡᠷᠡᠯᠬᠡᠭ ᠷᠣᠪᠢᠨᠽᠤᠨ᠎ᠤ ᠬᠢᠨ

  • ᠬᠡᠪᠯᠡᠯ᠎ᠦᠨ ᠬᠣᠷᠢᠶ᠎ᠠ:ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶ᠎ᠠ
  • ᠵᠣᠬᠢᠶᠠᠭᠴᠢ:[ᠰᠸᠢᠰ] ᠶᠣᠬᠠᠨ ᠳ᠋ᠠᠸᠢᠳ᠋ ᠸᠢᠰᠰ
  • ᠬᠡᠪᠯᠡᠭᠰᠡᠨ ᠤᠳᠠᠭ᠎ᠠ:2018 ᠣᠨ᠎ᠤ 4 ᠰᠠᠷ᠎ᠠ
  • ᠠᠭᠤᠯᠭ᠎ᠠ᠎ᠶᠢᠨ ᠲᠣᠪᠴᠢ ᠲᠠᠨᠢᠯᠴᠠᠭᠤᠯᠭ᠎ᠠ

  《ᠳᠡᠯᠡᠬᠡᠢ᠎ᠶᠢᠨ ᠬᠡᠦᠬᠡᠳ᠎ᠤᠨ ᠰᠤᠩᠭᠤᠳᠠᠭ ᠤᠷᠠᠨ ᠵᠤᠬᠢᠶᠠᠯ᠎ᠤᠨ ᠲᠡᠭᠡᠵᠢᠰ》 ᠭᠡᠮᠡᠬᠦ 108 ᠲᠡᠪᠳᠡᠷ ᠪᠤᠯ ᠮᠠᠨ᠎ᠦ ᠤᠯᠤᠰ᠎ᠤᠨ 《ᠠᠷᠪᠠᠨ ᠬᠤᠶᠠᠳᠤᠭᠠᠷ ᠲᠠᠪᠤᠨ ᠵᠢᠯ᠎ᠤᠨ ᠲᠦᠯᠦᠪᠵᠢᠬᠦᠯᠬᠡ》᠎ᠶᠢᠨ ᠴᠦᠭᠡᠨ ᠲᠤᠭᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢᠶᠠᠷ ᠬᠡᠪᠯᠡᠭᠦᠯᠬᠦ ᠢᠨᠵᠸᠨ᠋ᠸᠷᠢᠩ᠎ᠤᠨ ᠲᠦᠷᠦᠯ ᠵᠦᠢᠯ ᠮᠦᠨ᠃ ᠮᠤᠩᠭᠤᠯ ᠤᠯᠤᠰ᠎ᠤᠨ ᠨᠡᠷᠡᠲᠦ ᠤᠷᠴᠢᠭᠤᠯᠤᠭᠴᠢᠳ᠎ᠦᠨ ᠳᠡᠯᠡᠬᠡᠢ᠎ᠵᠢᠨ ᠠᠯᠳᠠᠷᠳᠤ ᠬᠡᠦᠬᠡᠳ᠎ᠤᠨ ᠤᠷᠠᠨ ᠵᠤᠬᠢᠶᠠᠯ᠎ᠡᠴᠡ ᠰᠤᠩᠭᠤᠨ ᠤᠷᠴᠢᠭᠤᠯᠤᠭᠠᠳ ᠺᠢᠷᠢᠯ ᠦᠰᠦᠭ᠎ᠢᠶᠠᠷ ᠬᠡᠪᠯᠡᠬᠦᠯᠦᠭᠰᠡᠨ ᠨᠤᠮ᠎ᠦᠳ᠎ᠢ ᠦᠪᠦᠷ ᠮᠤᠩᠭᠤᠯ᠎ᠤᠨ ᠰᠤᠷᠭᠠᠨ ᠬᠦᠮᠦᠵᠢᠯ᠎ᠤᠨ ᠬᠡᠪᠯᠡᠯ᠎ᠤᠨ ᠬᠤᠷᠢᠶᠠᠨ᠎ᠤ ᠬᠢᠨ ᠤᠢᠭᠤᠷᠵᠢᠨ ᠮᠤᠩᠭᠤᠯ ᠦᠰᠦᠭ ᠲᠣ᠌ ᠬᠦᠷᠪᠡᠬᠦᠯᠵᠤ ᠬᠡᠪᠯᠡᠭᠦᠯᠦᠭᠰᠡᠨ᠎ᠶᠤᠮ᠃ ᠲᠤᠰ ᠴᠤᠪᠤᠷᠠᠯ᠎ᠳᠦ ᠭᠤᠤᠯᠳᠠᠭᠤ ᠦᠯᠢᠭᠡᠷ᠂ ᠶᠤᠭᠲᠠ ᠦᠯᠢᠭᠡᠷ᠂ ᠦᠭᠦᠯᠡᠯᠭᠡ᠂ ᠬᠡᠦᠬᠡᠳ᠎ᠤᠨ ᠦᠯᠢᠭᠡᠷ ᠵᠡᠷᠬᠡ᠎ᠶᠢ ᠪᠠᠭᠳᠠᠭᠠᠵᠤ᠂ ᠡᠳᠡᠬᠡᠷ ᠦᠯᠢᠭᠡᠷ ᠲᠤᠮᠤᠭ᠎ᠨᠢ ᠬᠡᠤᠬᠡᠳ ᠪᠠᠭᠠᠴᠤᠳ ᠳᠡᠯᠡᠬᠡᠢ᠎ᠵᠢᠨ ᠤᠯᠠᠨ ᠦᠨᠳᠦᠰᠦᠳᠡᠨ᠎ᠦ ᠰᠤᠶᠤᠯ ᠵᠠᠩ ᠦᠢᠯᠡ ᠳᠠᠢ ᠳᠠᠨᠢᠯᠴᠠᠬᠤ᠎ᠳᠦ ᠬᠦᠬᠦᠷᠬᠡ ᠪᠤᠯᠬᠤ ᠳᠡᠳᠦᠢ ᠪᠢᠰᠢ᠂ ᠬᠠᠷᠢᠨ ᠤᠷᠠᠨ ᠵᠤᠬᠢᠶᠠᠯ᠎ᠦᠨ ᠮᠡᠳᠡᠯᠬᠡ ᠪᠤᠯᠪᠠᠰᠤᠷᠠᠯ ᠵᠢᠡᠨ ᠳᠡᠬᠡᠭᠱᠢᠯᠡᠬᠦᠯᠬᠦ᠎ᠳᠦ ᠮᠠᠱᠢ ᠶᠡᠬᠡ ᠠᠴᠢ ᠬᠤᠯᠪᠤᠭᠳᠠᠯ ᠳᠠᠢ ᠪᠤᠯᠬᠤ᠎ᠨᠢ ᠭᠠᠷᠴᠠᠭ᠎ᠠ ᠦᠬᠡᠢ ᠶᠤᠮ᠃

  ᠲᠤᠰ ᠨᠣᠮ᠎ᠳᠤ᠂ ᠳᠠᠯᠠᠢ᠎ᠪᠠᠷ ᠠᠶᠠᠯᠠᠵᠤ ᠶᠠᠪᠤᠭᠰᠠᠨ ᠨᠢᠭᠡᠨ ᠭᠡᠷ ᠪᠦᠯᠢ᠎ᠶᠢᠨ ᠬᠢᠨ ᠬᠥᠯᠭᠡ ᠣᠩᠭᠤᠴᠠ᠎ᠨᠢ ᠰᠦᠢᠷᠡᠭᠰᠡᠨ᠎ᠡᠴᠡ ᠪᠤᠯᠤᠭᠠᠳ ᠡᠵᠡᠭᠦᠢ ᠠᠷᠠᠯ ᠳᠡᠭᠡᠷ᠎ᠡ ᠦᠯᠡᠳᠡᠳᠡᠭ᠃ ᠲᠡᠭᠡᠭᠡᠳ ᠳᠣᠯᠤᠭ᠎ᠠ᠎ᠠᠴᠠ ᠠᠷᠪᠠᠨ ᠬᠡᠳᠦᠨ ᠨᠠᠰᠤ᠎ᠲᠠᠢ ᠳᠥᠷᠪᠡᠨ ᠬᠦᠦ᠂ ᠡᠵᠢ ᠠᠪᠤ᠋᠂ ᠨᠣᠬᠠᠳ ᠪᠣᠯᠤᠨ ᠪᠤᠰᠤᠳ ᠠᠮᠢᠲᠠᠳ᠎ᠲᠠᠢ᠎ᠪᠠᠨ ᠬᠠᠮᠲᠤ᠎ᠪᠠᠷ ᠠᠯᠢᠪᠠ ᠪᠦᠬᠦᠨ᠎ᠢ ᠱᠢᠨ᠎ᠡ᠎ᠪᠡᠷ ᠢᠯᠡᠷᠡᠭᠦᠯᠳᠡᠭ᠃ ᠡᠬᠢᠯᠡᠭᠡᠳ ᠲᠡᠳᠡᠨ᠎ᠳᠦ ᠣᠷᠤᠨ ᠪᠠᠢᠷᠢ᠂ ᠬᠣᠭᠤᠯᠠ ᠤᠮᠳᠠ᠂ ᠠᠮᠢᠳᠤᠷᠠᠯ᠎ᠤᠨ ᠨᠠᠭᠠᠳᠤ ᠵᠠᠬ᠎ᠠ᠎ᠶᠢᠨ ᠬᠡᠷᠡᠭᠴᠡᠭᠡᠲᠦ ᠵᠦᠢᠯᠡᠰ ᠪᠦᠷ ᠪᠠᠢᠬᠤ᠎ᠦᠭᠡᠢ ᠪᠠᠢᠳᠠᠭ᠃ ᠲᠡᠭᠡᠭᠡᠳ ᠠᠪᠤ᠋᠎ᠨᠢ ᠲᠡᠳᠡᠨ᠎ᠳᠦ 《ᠪᠢᠳᠡ ᠳᠠᠰᠴᠤ ᠦᠯᠡᠳᠡᠬᠦ᠎ᠶᠢᠨ ᠲᠤᠯᠠᠳᠠ ᠴᠢᠳᠠᠯ᠎ᠤ᠋ᠨ᠎ᠢᠶ᠋ᠠᠨ ᠬᠢᠷᠢ᠎ᠪᠡᠷ ᠬᠥᠳᠡᠯᠮᠦᠷᠢᠯᠡᠬᠦ ᠬᠡᠷᠡᠭᠲᠡᠢ》 ᠭᠡᠵᠦ ᠬᠡᠦᠬᠡᠳ᠎ᠲᠦ᠎ᠪᠡᠨ ᠬᠡᠯᠡᠳᠡᠭ ᠠᠵᠢ᠃ ᠲᠡᠭᠡᠭᠡᠳ ᠲᠡᠳᠡ ᠡᠳᠦᠷ ᠪᠣᠯᠭᠠᠨ ᠱᠢᠨ᠎ᠡ ᠱᠢᠨ᠎ᠡ ᠬᠡᠷᠡᠭ ᠶᠠᠪᠤᠳᠠᠯ᠎ᠲᠠᠢ ᠲᠣᠬᠢᠶᠠᠯᠳᠤᠵᠤ᠂ ᠠᠮᠢᠳᠤᠷᠠᠯ᠎ᠤ᠋ᠨ᠎ᠢᠶ᠋ᠠᠨ ᠬᠣᠷᠤᠮ ᠪᠦᠷᠢ᠎ᠶᠢ ᠮᠠᠱᠢ ᠠᠵᠠ ᠵᠢᠷᠭᠠᠯ᠎ᠲᠠᠢ ᠪᠣᠯᠭᠠᠨ ᠬᠤᠪᠢᠷᠠᠭᠤᠯᠵᠤ ᠴᠢᠳᠠᠭᠰᠠᠨ᠎ᠠᠴᠠ ᠡᠴᠦᠰ᠎ᠲᠦ᠎ᠪᠡᠨ ᠡᠵᠡᠭᠦᠢ ᠠᠷᠠᠯ ᠳᠡᠭᠡᠷ᠎ᠡ ᠴᠣ ᠱᠢᠨ᠎ᠡ ᠠᠮᠢᠳᠤᠷᠠᠯ᠎ᠢᠶ᠋ᠠᠨ ᠴᠣᠭᠴᠠᠯᠠᠨ ᠪᠠᠢᠭᠤᠯᠵᠤ ᠴᠢᠳᠠᠭᠰᠠᠨ ᠪᠠᠢᠳᠠᠭ᠃ ᠲᠤᠰ ᠵᠣᠬᠢᠶᠠᠯ ᠨᠢ 1812 ᠣᠨ᠎ᠳᠤ ᠬᠡᠪᠯᠡᠭᠳᠡᠵᠦ᠂ ᠬᠣᠶᠠᠷ ᠵᠢᠯ᠎ᠦᠨ ᠬᠢᠨᠢ ᠳᠠᠷᠠᠭ᠎ᠠ ᠠᠩᠭ᠌ᠯᠢ ᠬᠡᠯᠡ᠎ᠪᠡᠷ ᠣᠷᠴᠢᠭᠤᠯᠤᠭᠳᠠᠭᠰᠠᠨ ᠪᠢᠯᠡ᠃

  ᠭᠠᠷᠴᠠᠭ᠄

  1. ᠬᠥᠯᠭᠡ ᠣᠩᠭᠤᠴᠠᠨ᠎ᠤ ᠰᠦᠢᠷᠡᠯ

  2. ᠱᠢᠨ᠎ᠡ ᠶᠢᠷᠲᠢᠨᠴᠦ

  3. ᠳᠣᠪᠲᠤᠯᠭ᠎ᠠ

  4. ᠭᠡᠷ᠎ᠢᠶ᠋ᠡᠨ ᠮᠣᠳᠤᠨ ᠳᠡᠭᠡᠷ᠎ᠡ ᠪᠠᠷᠢᠯ᠎ᠠ

  5. ᠶᠡᠷᠦ ᠪᠤᠰᠤ᠎ᠶᠢᠨ ᠬᠣᠭᠤᠯᠠ

  6. ᠡᠷᠭᠢ᠎ᠳᠦ ᠬᠦᠷᠭᠡᠭᠰᠡᠨ ᠴᠢᠷᠦᠭᠴᠢ

  7. ᠰᠫᠤᠷᠲ᠎ᠤᠨ ᠡᠳᠦᠷ

  8. ᠳᠡᠯᠪᠡᠷᠡᠯᠲᠡ

  9. ᠠᠮᠠ ᠪᠦᠯᠢ ᠨᠡᠮᠡᠭᠰᠡᠭᠡᠷ

  10. ᠱᠠᠲᠤ᠎ᠲᠠᠢ ᠮᠣᠳᠤ

  11. ᠳᠤᠯᠠᠭᠠᠬᠠᠨ ᠠᠭᠤᠢ

  12. ᠱᠢᠪᠡᠷ

  13. ᠤᠷᠲᠤ ᠡᠪᠦᠯ

  14. ᠨᠠᠢᠵᠠ᠎ᠲᠠᠢ᠎ᠪᠠᠨ ᠰᠠᠯᠬᠤ ᠶᠣᠰᠤ ᠬᠢᠭᠰᠡᠨ ᠮᠢᠨᠢ

  15. ᠴᠢᠨᠤ᠎ᠠ᠎ᠶᠢᠨ ᠠᠮᠠᠨ᠎ᠠᠴᠠ ᠪᠠᠷᠰ᠎ᠤᠨ ᠠᠮᠠᠨ᠎ᠳ᠋ᠤ

  16. ᠲᠡᠮᠡᠭᠡᠨ ᠬᠢᠷᠭᠤᠤᠯ ᠣᠨᠤᠭᠰᠠᠨ ᠨᠢ

  17. ᠱᠢᠨ᠎ᠡ ᠵᠠᠪᠢ

  18. ᠠᠷᠠᠯ᠎ᠤᠨ ᠱᠢᠤᠳᠠᠨ

  19. ᠭᠠᠭᠴᠠᠭᠠᠷ᠎ᠢᠶ᠋ᠠᠨ ᠪᠢᠱᠢ

  20. ᠱᠢᠨ᠎ᠡ ᠬᠥᠮᠦᠨ

  21. ᠰᠠᠢᠨ ᠪᠠᠢᠨ᠎ᠠ᠎ᠦᠦ ᠂ ᠪᠠᠶᠠᠷᠲᠠᠢ

  ᠴᠢ ᠶᠠᠭᠤ ᠭᠡᠵᠦ ᠪᠣᠳᠤᠵᠤ ᠪᠠᠢᠨ᠎ᠠ ᠪᠣᠢ

  ᠲᠡᠭᠦᠰᠬᠡᠯ᠎ᠦᠨ ᠦᠭᠡ

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604