ᠳᠡᠯᠡᠬᠡᠢ᠎ᠶᠢᠨ ᠬᠡᠦᠬᠡᠳ᠎ᠤᠨ ᠰᠤᠩᠭᠤᠳᠠᠭ ᠤᠷᠠᠨ ᠵᠤᠬᠢᠶᠠᠯ᠎ᠤᠨ ᠲᠡᠭᠡᠵᠢᠰ — ᠠᠤᠭ᠎ᠠ ᠮᠥᠷᠳᠡᠭᠴᠢ ᠱᠸᠷᠯᠦᠺ ᠾᠤᠯᠮᠰ

  • ᠬᠡᠪᠯᠡᠯ᠎ᠦᠨ ᠬᠣᠷᠢᠶ᠎ᠠ:ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶ᠎ᠠ
  • ᠵᠣᠬᠢᠶᠠᠭᠴᠢ:[ᠠᠩᠭ᠌ᠯᠢ] ᠠᠷᠲ᠋ᠦ᠋ᠷ ᠺᠠᠨᠤᠨ ᠳ᠋ᠦᠢᠯ
  • ᠬᠡᠪᠯᠡᠭᠰᠡᠨ ᠤᠳᠠᠭ᠎ᠠ:2013 ᠣᠨ᠎ᠤ 11 ᠰᠠᠷ᠎ᠠ
  • ᠠᠭᠤᠯᠭ᠎ᠠ᠎ᠶᠢᠨ ᠲᠣᠪᠴᠢ ᠲᠠᠨᠢᠯᠴᠠᠭᠤᠯᠭ᠎ᠠ

  《ᠳᠡᠯᠡᠬᠡᠢ᠎ᠶᠢᠨ ᠬᠡᠦᠬᠡᠳ᠎ᠤᠨ ᠰᠤᠩᠭᠤᠳᠠᠭ ᠤᠷᠠᠨ ᠵᠤᠬᠢᠶᠠᠯ᠎ᠤᠨ ᠲᠡᠭᠡᠵᠢᠰ》 ᠭᠡᠮᠡᠬᠦ 108 ᠲᠡᠪᠳᠡᠷ ᠪᠤᠯ ᠮᠠᠨ᠎ᠦ ᠤᠯᠤᠰ᠎ᠤᠨ 《ᠠᠷᠪᠠᠨ ᠬᠤᠶᠠᠳᠤᠭᠠᠷ ᠲᠠᠪᠤᠨ ᠵᠢᠯ᠎ᠤᠨ ᠲᠦᠯᠦᠪᠵᠢᠬᠦᠯᠬᠡ》᠎ᠶᠢᠨ ᠴᠦᠭᠡᠨ ᠲᠤᠭᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢᠶᠠᠷ ᠬᠡᠪᠯᠡᠭᠦᠯᠬᠦ ᠢᠨᠵᠸᠨ᠋ᠸᠷᠢᠩ᠎ᠤᠨ ᠲᠦᠷᠦᠯ ᠵᠦᠢᠯ ᠮᠦᠨ᠃ ᠮᠤᠩᠭᠤᠯ ᠤᠯᠤᠰ᠎ᠤᠨ ᠨᠡᠷᠡᠲᠦ ᠤᠷᠴᠢᠭᠤᠯᠤᠭᠴᠢᠳ᠎ᠦᠨ ᠳᠡᠯᠡᠬᠡᠢ᠎ᠵᠢᠨ ᠠᠯᠳᠠᠷᠳᠤ ᠬᠡᠦᠬᠡᠳ᠎ᠤᠨ ᠤᠷᠠᠨ ᠵᠤᠬᠢᠶᠠᠯ᠎ᠡᠴᠡ ᠰᠤᠩᠭᠤᠨ ᠤᠷᠴᠢᠭᠤᠯᠤᠭᠠᠳ ᠺᠢᠷᠢᠯ ᠦᠰᠦᠭ᠎ᠢᠶᠠᠷ ᠬᠡᠪᠯᠡᠬᠦᠯᠦᠭᠰᠡᠨ ᠨᠤᠮ᠎ᠦᠳ᠎ᠢ ᠦᠪᠦᠷ ᠮᠤᠩᠭᠤᠯ᠎ᠤᠨ ᠰᠤᠷᠭᠠᠨ ᠬᠦᠮᠦᠵᠢᠯ᠎ᠤᠨ ᠬᠡᠪᠯᠡᠯ᠎ᠤᠨ ᠬᠤᠷᠢᠶᠠᠨ᠎ᠤ ᠬᠢᠨ ᠤᠢᠭᠤᠷᠵᠢᠨ ᠮᠤᠩᠭᠤᠯ ᠦᠰᠦᠭ ᠲᠣ᠌ ᠬᠦᠷᠪᠡᠬᠦᠯᠵᠤ ᠬᠡᠪᠯᠡᠭᠦᠯᠦᠭᠰᠡᠨ᠎ᠶᠤᠮ᠃ ᠲᠤᠰ ᠴᠤᠪᠤᠷᠠᠯ᠎ᠳᠦ ᠭᠤᠤᠯᠳᠠᠭᠤ ᠦᠯᠢᠭᠡᠷ᠂ ᠶᠤᠭᠲᠠ ᠦᠯᠢᠭᠡᠷ᠂ ᠦᠭᠦᠯᠡᠯᠭᠡ᠂ ᠬᠡᠦᠬᠡᠳ᠎ᠤᠨ ᠦᠯᠢᠭᠡᠷ ᠵᠡᠷᠬᠡ᠎ᠶᠢ ᠪᠠᠭᠳᠠᠭᠠᠵᠤ᠂ ᠡᠳᠡᠬᠡᠷ ᠦᠯᠢᠭᠡᠷ ᠲᠤᠮᠤᠭ᠎ᠨᠢ ᠬᠡᠤᠬᠡᠳ ᠪᠠᠭᠠᠴᠤᠳ ᠳᠡᠯᠡᠬᠡᠢ᠎ᠵᠢᠨ ᠤᠯᠠᠨ ᠦᠨᠳᠦᠰᠦᠳᠡᠨ᠎ᠦ ᠰᠤᠶᠤᠯ ᠵᠠᠩ ᠦᠢᠯᠡ ᠳᠠᠢ ᠳᠠᠨᠢᠯᠴᠠᠬᠤ᠎ᠳᠦ ᠬᠦᠬᠦᠷᠬᠡ ᠪᠤᠯᠬᠤ ᠳᠡᠳᠦᠢ ᠪᠢᠰᠢ᠂ ᠬᠠᠷᠢᠨ ᠤᠷᠠᠨ ᠵᠤᠬᠢᠶᠠᠯ᠎ᠦᠨ ᠮᠡᠳᠡᠯᠬᠡ ᠪᠤᠯᠪᠠᠰᠤᠷᠠᠯ ᠵᠢᠡᠨ ᠳᠡᠬᠡᠭᠱᠢᠯᠡᠬᠦᠯᠬᠦ᠎ᠳᠦ ᠮᠠᠱᠢ ᠶᠡᠬᠡ ᠠᠴᠢ ᠬᠤᠯᠪᠤᠭᠳᠠᠯ ᠳᠠᠢ ᠪᠤᠯᠬᠤ᠎ᠨᠢ ᠭᠠᠷᠴᠠᠭ᠎ᠠ ᠦᠬᠡᠢ ᠶᠤᠮ᠃

  《ᠠᠤᠭ᠎ᠠ ᠮᠥᠷᠳᠡᠭᠴᠢ ᠱᠸᠷᠯᠦᠺ ᠾᠤᠯᠮᠰ》 ᠪᠣᠯ ᠠᠤᠭ᠎ᠠ ᠶᠡᠬᠡ ᠮᠥᠷᠳᠡᠭᠴᠢ ᠱᠸᠷᠯᠦᠺ ᠾᠤᠯᠮᠠᠰ ᠪᠣᠯᠤᠨ ᠲᠡᠭᠦᠨ᠎ᠦ ᠬᠠᠮᠲᠤᠷᠠᠨ ᠵᠢᠳᠬᠦᠭᠴᠢ ᠠᠨᠳᠠ ᠨᠥᠬᠦᠷ ᠳ᠋ᠤᠺᠲ᠋ᠤᠷ ᠸᠠᠲᠰᠤᠨ ᠨᠠᠷ᠎ᠤᠨ ᠠᠳᠠᠯ ᠶᠠᠪᠤᠳᠠᠯ᠎ᠤᠨ ᠲᠤᠬᠠᠢ ᠪᠢᠴᠢᠳᠡᠭ᠃ ᠲᠤᠰ ᠨᠣᠮ᠎ᠨᠢ ᠳᠡᠯᠡᠬᠡᠢ᠎ᠶᠢᠨ 60 ᠭᠠᠷᠤᠢ ᠣᠷᠤᠨ᠎ᠤ ᠬᠡᠯᠡ᠎ᠪᠡᠷ ᠣᠷᠴᠢᠭᠤᠯᠤᠭᠳᠠᠨ ᠨᠡᠢᠲᠡᠯᠡᠭᠳᠡᠵᠦ ᠪᠢᠯᠡ᠃ ᠲᠤᠰ ᠵᠣᠬᠢᠶᠠᠯ᠎ᠳᠤ ᠨᠠᠷᠢᠨ ᠠᠳᠠᠷᠠᠮ᠎ᠠ᠎ᠲᠠᠢ ᠬᠡᠷᠡᠭ ᠶᠠᠪᠤᠳᠠᠯ᠎ᠢ ᠮᠥᠷᠳᠡᠭᠴᠢ ᠱᠸᠷᠯᠦᠺ ᠾᠤᠯᠮᠰ ᠪᠤᠰᠤᠳ᠎ᠠᠴᠠ ᠬᠡᠲᠦᠢᠳᠦᠭᠰᠡᠨ ᠣᠶᠤᠨ ᠤᠬᠠᠭᠠᠨ ᠠᠵᠢᠭᠴᠢ ᠭᠢᠷᠠᠬᠠᠢ ᠵᠠᠩ ᠴᠢᠨᠠᠷ᠂ ᠱᠢᠢᠳᠦᠮᠡᠬᠡᠢ ᠣᠪᠤᠷ᠎ᠲᠤ᠎ᠪᠠᠨ ᠲᠦᠱᠢᠭᠯᠡᠨ ᠭᠠᠢᠬᠠᠮᠱᠢᠭᠲᠠᠢ᠎ᠪᠠᠷ ᠢᠯᠠᠯᠲᠠ ᠣᠯᠵᠤ᠂  ᠮᠠᠱᠢ ᠣᠯᠠᠨ ᠡᠭᠡᠳᠡᠷᠡᠭᠡ᠎ᠲᠡᠢ ᠠᠰᠠᠭᠤᠳᠠᠯ᠎ᠢ ᠲᠠᠢᠯᠤᠭᠰᠠᠨ 56 ᠪᠣᠭᠤᠨᠢ ᠥᠭᠦᠯᠡᠯᠭᠡ᠂ ᠳᠥᠷᠪᠡᠨ ᠲᠣᠭᠤᠵᠢ ᠪᠠᠢᠳᠠᠭ᠎ᠢ ᠱᠤᠲ᠋ᠠᠯᠠᠨᠳ᠋᠎ᠤᠨ ᠵᠣᠬᠢᠶᠠᠯᠴᠢ ᠠᠷᠲ᠋ᠦ᠋ᠷ ᠺᠠᠨᠤᠨ ᠳ᠋ᠦᠢᠯ ᠬᠡᠮᠡᠬᠦ ᠬᠥᠮᠦᠨ ᠪᠢᠴᠢᠭᠰᠡᠨ ᠪᠠᠢᠳᠠᠭ᠃  ᠭᠡᠪᠡᠴᠦ ᠲᠤᠰ ᠨᠣᠮ᠎ᠳᠤ ᠵᠥᠪᠬᠡᠨ ᠭᠤᠷᠪᠠᠨ ᠦᠯᠢᠭᠡᠷ᠎ᠢ᠎ᠨᠢ ᠰᠣᠩᠭᠤᠭᠰᠠᠨ ᠪᠠᠢᠳᠠᠭ᠃

  ᠭᠠᠷᠴᠠᠭ᠄

  1. ᠤᠯᠠᠭᠠᠨ ᠦᠰᠦᠳᠡᠨ᠎ᠦ ᠨᠡᠢᠭᠡᠮᠯᠢᠭ

  2. ᠴᠣᠬᠤᠷ ᠣᠯᠤᠰᠤᠨ᠎ᠤ ᠠᠳᠠᠯ ᠶᠠᠪᠤᠳᠠᠯ

  3. ᠺᠣᠫᠫᠸᠷ ᠪᠢᠢᠴᠰ ᠲᠡᠬᠢ ᠠᠳᠠᠯ ᠶᠠᠪᠤᠳᠠᠯ

  ᠴᠢ ᠶᠠᠭᠤ ᠭᠡᠵᠦ ᠪᠣᠳᠤᠵᠤ ᠪᠠᠢᠨ᠎ᠠ ᠪᠣᠢ?

  ᠲᠡᠭᠦᠰᠬᠡᠯ᠎ᠦᠨ ᠦᠭᠡ

ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604