ᠠᠮᠢᠯᠠᠯ᠎ᠢᠶᠠᠷ ᠪᠢᠯᠬᠠᠭᠰᠠᠨ ᠵᠤᠨ᠎ᠤ ᠡᠬᠢᠨ ᠰᠠᠷ᠎ᠠ  ᠬᠥᠪᠴᠢ ᠣᠢ ᠬᠥᠬᠡᠮᠳᠦᠭ ᠠᠭᠤᠯᠠᠨ᠎ᠳᠤ ᠵᠣᠷᠢᠭᠰᠠᠨ᠎ᠨᠢ
2019.06.13

      《ᠡᠷᠡᠭᠦᠯ ᠴᠢᠭᠢᠷᠠᠭ ᠳᠤᠮᠳᠠᠳᠦ ᠤᠯᠤᠰ》᠎ᠢᠶᠠᠨ ᠪᠦᠲᠦᠭᠡᠨ ᠪᠠᠢᠭᠤᠯᠵᠤ᠂ 《ᠪᠤᠬᠢᠷᠳᠤᠯ᠎ᠦᠭᠡᠢ ᠬᠥᠭᠵᠢᠯᠲᠡ》᠎ᠶᠢᠨ ᠦᠵᠡᠯᠲᠡ᠎ᠶᠢ ᠰᠠᠨᠠᠭᠠᠴᠢᠯᠠᠨ᠂ ᠠᠵᠢᠯᠲᠠᠨ ᠠᠵᠢᠯᠴᠢᠨ᠎ᠤ ᠰᠣᠶᠤᠯ᠎ᠤᠨ ᠠᠮᠢᠳᠤᠷᠠᠯ᠎ᠢ ᠪᠠᠶᠠᠯᠢᠭᠵᠢᠭᠤᠯᠵᠤ᠂ ᠠᠵᠢᠯ᠎ᠤᠨ ᠤᠷᠮᠠᠱᠢᠯ᠎ᠢ  ᠳᠠᠢᠴᠢᠯᠠᠨ᠂ ᠱᠢᠨ᠎ᠡ ᠴᠠᠭ ᠡᠷᠢᠨ᠎ᠤ ᠱᠢᠨ᠎ᠡ ᠠᠵᠤ ᠠᠬᠤᠢᠯᠠᠯ᠎ᠤᠨ ᠰᠣᠶᠤᠯ᠎ᠢ ᠰᠤᠷᠲᠠᠯᠴᠢᠯᠠᠨ᠂ ᠥᠪᠦᠷ ᠮᠣᠩᠭᠤᠯ᠎ᠤᠨ ᠭᠡᠪᠯᠡᠯ᠎ᠦᠨ ᠪᠦᠯᠦᠭᠯᠡᠯ᠎ᠤᠨ ᠴᠢᠨᠠᠷᠯᠢᠭ ᠬᠥᠭᠵᠢᠯᠲᠡ᠎ᠶᠢ ᠨᠡᠩ ᠰᠠᠢᠨ ᠠᠬᠢᠭᠤᠯᠬᠤ᠎ᠶᠢᠨ ᠲᠥᠯᠦᠭᠡ᠂ 5 ᠰᠠᠷ᠎ᠠ᠎ᠶᠢᠨ 31᠎ᠤ ᠡᠳᠦᠷ ᠪᠦᠯᠦᠭᠯᠡᠯ᠎ᠦᠨ ᠠᠵᠢᠯᠴᠢᠨ᠎ᠤ ᠡᠪᠯᠡᠯ᠎ᠡᠴᠡ ᠵᠢᠯ᠎ᠤᠨ ᠠᠵᠢᠯ᠎ᠤᠨ ᠲᠥᠯᠦᠪᠯᠡᠭᠡ ᠶᠣᠰᠤᠭᠠᠷ ᠪᠦᠬᠦ ᠺᠠᠲᠷ ᠠᠵᠢᠯᠲᠠᠨ᠎ᠢᠶᠠᠨ ᠵᠣᠬᠢᠶᠠᠨ ᠪᠠᠢᠭᠤᠯᠵᠤ᠂ ᠤᠰᠤᠳᠦ᠎ᠶᠢᠨ ᠤᠯᠤᠰ᠎ᠤᠨ ᠤᠢᠲᠤ ᠴᠡᠴᠡᠷᠯᠢᠭ᠎ᠲᠤ ᠬᠥᠳᠡᠭᠡ ᠭᠠᠳᠠᠨ᠎ᠠ ᠪᠡᠶ᠎ᠠ ᠮᠠᠬᠠᠪᠤᠳ᠎ᠢᠶᠠᠨ ᠴᠢᠬᠢᠷᠠᠭᠵᠢᠭᠤᠯᠬᠤ ᠬᠥᠳᠡᠯᠭᠡᠭᠡᠨ ᠥᠷᠨᠢᠭᠦᠯᠦᠭᠰᠡᠨ ᠪᠠᠢᠨ᠎ᠠ᠃   ᠡᠨᠡ ᠤᠳᠠᠭᠠᠨ᠎ᠤ ᠬᠥᠳᠡᠯᠭᠡᠭᠡᠨ᠎ᠤ ᠠᠮᠵᠢᠯᠲᠠ ᠳᠠᠢ ᠶᠠᠪᠤᠭᠳ᠋ᠠᠬᠤ᠎ᠶᠢ ᠪᠠᠲᠤᠯᠠᠬᠤ᠎ᠶᠢᠨ ᠲᠥᠯᠦᠭᠡ ᠠᠵᠢᠯᠴᠢᠨ᠎ᠤ ᠡᠪᠯᠡᠯ᠎ᠤᠨ ᠬᠢᠨ ᠬᠥᠳᠡᠯᠭᠡᠭᠡᠨ᠎ᠤ ᠨᠠᠷᠢᠨ ᠨᠢᠭᠲᠠ ᠲᠥᠰᠦᠯ  ᠪᠠ ᠠᠮᠤᠷ ᠲᠦᠪᠱᠢᠨ᠎ᠢ ᠪᠠᠲᠤᠯᠠᠬᠤ ᠲᠥᠯᠦᠪᠯᠡᠭᠡ ᠲᠤᠭᠳᠠᠭᠠᠪᠠ᠃

       ᠳᠤᠰ ᠤᠳᠠᠭᠠᠨ᠎ᠤ ᠬᠥᠳᠡᠯᠭᠡᠭᠡᠨ᠎ᠨᠢ ᠥᠪᠦᠷ ᠮᠣᠩᠭᠤᠯ᠎ᠤᠨ ᠭᠡᠪᠯᠡᠯ᠎ᠦᠨ ᠪᠦᠯᠦᠭᠯᠡᠯ᠎ᠦᠨ ᠺᠠᠲᠷ ᠠᠵᠢᠯᠲᠠᠨ᠎ᠤ᠎ᠠᠪᠢᠶᠠᠰ᠎ᠢ ᠪᠠᠳᠠᠷᠠᠭᠤᠯᠵᠤ᠂ ᠬᠠᠷᠢᠴᠠᠭ᠎ᠠ᠎ᠶᠢ ᠨᠢᠭᠲᠠᠷᠠᠭᠤᠯᠤᠨ᠂ ᠨᠥᠬᠦᠷᠯᠡᠯ᠎ᠢ ᠵᠤᠵᠠᠭᠠᠳᠭᠠᠭᠰᠠᠨ ᠪᠥᠭᠡᠳ ᠡᠷᠡᠮᠡᠭᠡᠢᠯᠡᠨ ᠤᠷᠤᠭᠱᠢᠯᠠᠵᠤ᠂ ᠪᠦᠯᠬᠦᠮᠳᠡᠨ ᠨᠢᠭᠲᠠᠷᠠᠨ᠂ ᠨᠠᠢᠷᠠᠮᠲᠠᠨ ᠲᠡᠮᠡᠴᠡᠬᠦ ᠵᠣᠷᠢᠭ ᠰᠠᠨᠠᠭ᠎ᠠ᠎ᠶᠢ ᠬᠠᠷᠠᠭᠤᠯᠵᠤ ᠴᠢᠳᠠᠭᠰᠠᠨ ᠪᠠᠢᠨ᠎ᠠ᠃ ᠡᠯᠪᠡᠭ ᠪᠠᠶᠠᠯᠢᠭ ᠰᠣᠨᠢᠷᠬᠠᠯᠲᠠᠢ ᠲᠣᠭᠯᠠᠭᠠᠮ᠎ᠨᠢ ᠬᠥᠳᠡᠯᠭᠡᠭᠡᠨ᠎ᠳᠦ ᠣᠷᠤᠯᠴᠠᠭᠰᠠᠳ᠎ᠤᠨ ᠶᠠᠳᠠᠷᠠᠭ᠎ᠠ᠎ᠶᠢ ᠤᠮᠠᠷᠳᠠᠭᠤᠯᠵᠤ᠂ ᠳᠠᠷᠤᠭᠠᠰᠤ᠎ᠶᠢ ᠬᠥᠩᠭᠡᠯᠡᠨ᠂ ᠰᠡᠳᠭᠢᠯ᠎ᠢ ᠰᠡᠷᠭᠦᠭᠡᠨ᠂ ᠥᠪᠦᠷ ᠮᠣᠩᠭᠤᠯ᠎ᠤᠨ ᠭᠡᠪᠯᠡᠯ᠎ᠦᠨ ᠪᠦᠯᠦᠭᠯᠡᠯ᠎ᠦᠨ ᠨᠢᠭᠳᠠᠷᠠᠯ ᠪᠦᠯᠬᠦᠮᠳᠡᠯ᠎ᠢ ᠤᠯᠠᠮ ᠨᠢᠭᠡ ᠠᠯᠬᠤᠮ ᠠᠬᠢᠭᠤᠯᠤᠭᠰᠠᠨ ᠪᠠᠢᠨ᠎ᠠ᠃

 

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604