《ᠯᠢ ᠱᠢ ᠵᠸᠨ᠎ᠦ ᠦᠯᠢᠭᠡᠷ》 《ᠯᠢ ᠰᠧ ᠭᠤᠸᠠᠩ᠎ᠤᠨ ᠦᠯᠢᠭᠡᠷ》᠎ᠤᠨ ᠺᠢᠷᠢᠯ ᠮᠣᠩᠭᠤᠯ ᠬᠡᠪᠯᠡᠯ᠎ᠦᠨ ᠡᠷᠬᠡ᠎ᠶᠢ ᠮᠣᠩᠭᠤᠯ ᠤᠯᠤᠰ᠎ᠲᠤ ᠭᠠᠷᠭᠠᠬᠤ ᠭᠡᠷ᠎ᠡ ᠳᠤᠭᠳᠠᠬᠤ ᠶᠣᠰᠤᠯᠠᠯ
2019.08.24

  8 ᠰᠠᠷ᠎ᠠ᠎ᠶᠢᠨ 22᠎ᠤᠨ ᠡᠳᠦᠷ ᠠᠯᠤᠰ᠎ᠤᠨ᠎ᠪᠠᠷ᠎ᠠ ᠬᠡᠪᠯᠡᠯ᠎ᠦᠨ ᠬᠣᠷᠢᠶ᠎ᠠ᠎ᠶᠢᠨᠯᠢ ᠱᠢ ᠵᠸᠨ᠎ᠦ ᠦᠯᠢᠭᠡᠷ》 《ᠯᠢ ᠰᠧ ᠭᠤᠸᠠᠩ᠎ᠤᠨ ᠦᠯᠢᠭᠡᠷ᠎ᠤᠨ ᠺᠢᠷᠢᠯ ᠮᠣᠩᠭᠤᠯ ᠬᠡᠪᠯᠡᠯ᠎ᠦᠨ ᠡᠷᠬᠡ᠎ᠶᠢ ᠮᠣᠩᠭᠤᠯ ᠤᠯᠤᠰ᠎ᠲᠤ ᠭᠠᠷᠭᠠᠬᠤ ᠭᠡᠷ᠎ᠡ ᠳᠤᠭᠳᠠᠬᠤ ᠶᠣᠰᠤᠯᠠᠯ᠎ᠢ ᠳᠤᠮᠳᠠᠳᠤ ᠤᠯᠤᠰ᠎ᠤᠨ ᠤᠯᠠᠨ ᠤᠯᠤᠰ᠎ᠤᠨ ᠦᠵᠡᠰᠭᠦᠯᠡᠩ᠎ᠦᠨ ᠲᠥᠪ᠎ᠲᠦ ᠶᠠᠪᠤᠭᠳᠠᠭᠤᠯᠪᠠ᠃

  ᠠᠯᠤᠰ᠎ᠤᠨ᠎ᠪᠠᠷ᠎ᠠ ᠬᠡᠪᠯᠡᠯ᠎ᠦᠨ ᠬᠣᠷᠢᠶ᠎ᠠ ᠪᠣᠯᠤᠨ ᠮᠣᠩᠭᠤᠯ ᠤᠯᠤᠰ᠎ᠤᠨ Bizway LLCᠯᠢ ᠱᠢ ᠵᠸᠨ᠎ᠦ ᠦᠯᠢᠭᠡᠷ》 《ᠯᠢ ᠰᠧ ᠭᠤᠸᠠᠩ᠎ᠤᠨ ᠦᠯᠢᠭᠡᠷ᠎ᠤᠨ ᠬᠡᠪᠯᠡᠯ᠎ᠦᠨ ᠡᠷᠬᠡ᠎ᠶᠢ ᠭᠠᠳᠠᠭᠱᠢ ᠭᠠᠷᠭᠠᠬᠤ ᠳᠤᠬᠠᠢ ᠭᠡᠷ᠎ᠡ ᠳᠤᠭᠳᠠᠵᠦ ᠪᠠᠢᠨ᠎ᠠ᠃

  ᠥᠪᠦᠷ ᠮᠣᠩᠭᠤᠯ᠎ᠤᠨ ᠦᠪᠡᠷᠳᠡᠬᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠳᠡᠰ᠎ᠦᠨ ᠳᠡᠳ᠋ ᠳᠠᠷᠤᠭ᠎ᠠ᠂ ᠺᠢᠨᠤ᠋᠎ᠶᠢᠨ ᠳᠤᠪᠴᠢᠶᠠᠨ᠎ᠤ ᠳᠠᠷᠤᠭ᠎ᠠ ᠦᠨᠡᠨᠴᠢ; ᠥᠪᠦᠷ ᠮᠣᠩᠭᠤᠯ᠎ᠤᠨ ᠦᠪᠡᠷᠳᠡᠬᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠳᠡᠰ᠎ᠦᠨ ᠬᠡᠪᠯᠡᠯ ᠳᠠᠷᠤᠮᠠᠯᠯᠠᠯ ᠳᠠᠷᠬᠠᠭᠠᠯᠳᠠ᠎ᠶᠢᠨ ᠬᠡᠯᠳᠡᠰ᠎ᠦᠨ ᠳᠠᠷᠤᠭ᠎ᠠ ᠸᠠᠩ ᠶᠢᠩ ᠵᠦᠩ; ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ; ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠨᠠᠢᠷᠠᠭᠤᠯᠤᠭᠴᠢ ᠴᠡᠴᠡᠭ; ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠪᠠᠢᠩᠭᠤ᠎ᠶᠢᠨ ᠳᠡᠳ᠋ ᠶᠡᠷᠦᠩᠬᠡᠢ ᠳᠠᠭᠠᠭᠠᠮᠠᠯ᠂ ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶᠠᠨ᠎ᠤ ᠳᠠᠷᠤᠭ᠎ᠠ ᠰᠣᠶᠤᠯ; ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠨᠠᠢᠷᠠᠭᠤᠯᠤᠭᠴᠢ᠎ᠶᠢᠨ ᠳᠤᠰᠠᠯᠠᠭᠴᠢ᠂ ᠶᠡᠷᠦᠩᠬᠡᠢ ᠠᠵᠢᠯ ᠶᠠᠪᠤᠳᠠᠯ᠎ᠤᠨ ᠬᠡᠯᠳᠡᠰ᠎ᠦᠨ ᠡᠷᠬᠢᠯᠡᠭᠴᠢ ᠬᠤᠸᠠᠩ ᠲᠤᠤ; ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠠᠵᠢᠯ ᠶᠠᠪᠤᠳᠠᠯ᠎ᠤᠨ ᠬᠡᠯᠳᠡᠰ᠎ᠦᠨ ᠳᠡᠳ᠋ ᠡᠷᠬᠢᠯᠡᠭᠴᠢ ᠯᠢᠦ ᠱᠢ᠎ᠰᠠᠨ; ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶᠠᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠰᠠᠢᠯᠤᠩᠬᠤᠸᠠᠷ; ᠥᠪᠦᠷ ᠮᠣᠩᠭᠤᠯ᠎ᠤᠨ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠬᠡᠪᠯᠡᠯ᠎ᠦᠨ ᠬᠣᠷᠢᠶᠠᠨ᠎ᠤ ᠳᠠᠷᠤᠭ᠎ᠠ ᠪᠠᠳᠤᠪᠠᠶᠠᠷ; ᠠᠯᠤᠰ᠎ᠤᠨ᠎ᠪᠠᠷ᠎ᠠ ᠬᠡᠪᠯᠡᠯ᠎ᠦᠨ ᠬᠣᠷᠢᠶᠠᠨ᠎ᠤ ᠳᠠᠷᠤᠭ᠎ᠠ ᠭᠦᠸᠧ ᡁᠢ ᠴᠤᠤ; ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶᠠᠨ᠎ᠤ ᠳᠡᠳ᠋ ᠳᠠᠷᠤᠭ᠎ᠠ ᠢᠪᠡᠭᠡᠯᠳᠦ; ᠮᠣᠩᠭᠤᠯ ᠤᠯᠤᠰ᠎ᠤᠨ Bizway ᠪᠦᠷᠢᠨ ᠪᠤᠰᠤ ᠬᠠᠷᠢᠭᠤᠴᠠᠯᠭᠠᠳᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠪ᠊·ᠴᠢᠩᠪᠠᠭᠠᠳᠤᠷ; ᠮᠣᠩᠭᠤᠯ ᠤᠯᠤᠰ᠎ᠤᠨ Bizway ᠪᠦᠷᠢᠨ ᠪᠤᠰᠤ ᠬᠠᠷᠢᠭᠤᠴᠠᠯᠭᠠᠳᠤ ᠺᠣᠮᠫᠠᠨᠢ᠎ᠶᠢᠨ ᠵᠢᠷᠤᠭ ᠳᠦᠰᠦᠪᠯᠡᠯ᠎ᠦᠨ ᠬᠡᠯᠳᠡᠰ᠎ᠦᠨ ᠳᠠᠷᠤᠭ᠎ᠠ ᠊ᠪ᠊·ᠡᠩᠬᠡᠳᠦᠱᠢᠭ᠎ᠨᠠᠷ ᠭᠡᠷ᠎ᠡ ᠳᠤᠭᠳᠠᠬᠤ ᠠᠵᠢᠯᠯᠠᠭᠠᠨ᠎ᠳᠤ ᠣᠷᠤᠯᠴᠠᠪᠠ᠃

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠨᠠᠢᠷᠠᠭᠤᠯᠤᠭᠴᠢ᠎ᠶᠢᠨ ᠳᠤᠰᠠᠯᠠᠭᠴᠢ᠂ ᠶᠡᠷᠦᠩᠬᠡᠢ ᠠᠵᠢᠯ ᠶᠠᠪᠤᠳᠠᠯ᠎ᠤᠨ ᠬᠡᠯᠳᠡᠰ᠎ᠦᠨ ᠡᠷᠬᠢᠯᠡᠭᠴᠢ ᠬᠤᠸᠠᠩ ᠲᠤᠤ ᠬᠤᠷᠠᠯ᠎ᠢ ᠡᠷᠬᠢᠯᠡᠪᠡ᠃

  ᠠᠯᠤᠰ᠎ᠤᠨ᠎ᠪᠠᠷ᠎ᠠ ᠬᠡᠪᠯᠡᠯ᠎ᠦᠨ ᠬᠣᠷᠢᠶ᠎ᠠ ᠣᠢᠷ᠎ᠠ᠎ᠶᠢᠨ ᠵᠢᠯ᠎ᠡᠴᠡ ᠨᠠᠭᠠᠱᠢ ᠳᠤᠮᠳᠠᠳᠤ ᠤᠯᠤᠰ᠎ᠤᠨ ᠰᠣᠶᠤᠯ᠎ᠢ ᠭᠠᠳᠠᠭᠱᠢ ᠭᠠᠷᠭᠠᠬᠤ᠎ᠳᠤ ᠬᠦᠴᠦᠯᠡᠨ ᠴᠢᠷᠮᠠᠢᠵᠦ᠂ ᠤᠯᠤᠰ᠎ᠤᠨᠭᠠᠳᠠᠭᠱᠢ ᠭᠠᠷᠭᠠᠬᠤᠪᠠᠢᠯᠳᠤᠬᠤ ᠪᠣᠳᠤᠯᠭ᠎ᠠ᠎ᠶᠢᠨ ᠳᠤᠭᠤᠷᠢᠨ᠎ᠳᠤᠨᠢᠭᠡ ᠪᠦᠰᠡ ᠨᠢᠭᠡ ᠵᠠᠮ᠎ᠤᠨ ᠰᠠᠨᠠᠭᠠᠴᠢᠯᠠᠭ᠎ᠠ᠎ᠶᠢ ᠦᠢᠯᠡᠳᠦᠯᠭᠡᠵᠢᠭᠦᠯᠦᠨ᠂ ᠦᠨᠳᠦᠰᠦᠳᠡᠨ᠎ᠦ ᠰᠣᠶᠤᠯ᠂ ᠠᠮᠢ ᠠᠬᠤᠢ᠎ᠶᠢᠨ ᠰᠣᠶᠤᠯ᠂ ᠱᠢᠯᠢᠳᠡᠭ ᠬᠥᠮᠦᠰ᠎ᠦᠨ ᠦᠢᠯᠡ ᠠᠵᠢᠯᠯᠠᠭ᠎ᠠ ᠵᠡᠷᠭᠡ ᠳᠤᠮᠳᠠᠳᠤ᠎ᠶᠢᠨ ᠦᠨᠳᠦᠰᠦᠳᠡᠨ᠎ᠦ ᠣᠨᠴᠠᠯᠢᠭ ᠪᠦᠬᠦᠢ ᠰᠣᠶᠤᠯ᠎ᠤᠨ ᠱᠢᠯᠢᠳᠡᠭ ᠬᠡᠪᠯᠡᠯ᠎ᠦᠨ ᠡᠬᠢ ᠪᠠᠶᠠᠯᠢᠭ᠎ᠢ ᠦᠷᠭᠦᠯᠵᠢᠯᠡᠨ ᠬᠦᠨᠵᠡᠬᠡᠢ ᠠᠭᠤᠳᠠᠯᠤᠨ᠂ ᠦᠵᠡᠯᠳᠡ ᠣᠢᠯᠠᠭᠠᠭᠳᠠᠬᠤᠨ᠎ᠢᠶᠠᠨ ᠱᠢᠨᠡᠴᠢᠯᠠᠨ᠂ ᠤᠯᠠᠨ ᠲᠠᠯ᠎ᠠ᠎ᠶᠢᠨ ᠠᠷᠭ᠎ᠠ ᠬᠡᠮᠵᠢᠶ᠎ᠡ ᠠᠪᠴᠤ᠂ ᠱᠢᠯᠢᠳᠡᠭ ᠪᠦᠳᠦᠬᠡᠯ᠎ᠦᠨ ᠬᠡᠪᠯᠡᠯ᠎ᠦᠨ ᠡᠷᠬᠡ᠎ᠶᠢ ᠳᠠᠳᠠᠨ ᠣᠷᠤᠭᠤᠯᠬᠤ ᠪᠠ ᠭᠠᠳᠠᠭᠱᠢ ᠭᠠᠷᠭᠠᠬᠤ ᠠᠵᠢᠯ᠎ᠢ ᠳᠦᠯᠬᠢᠨ ᠠᠬᠢᠭᠤᠯᠵᠦ᠂ ᠤᠮᠠᠷᠠᠱᠢ ᠨᠡᠭᠡᠭᠡᠬᠦᠬᠥᠭᠦᠷᠭᠡᠨ ᠪᠡᠬᠢᠯᠡᠯᠳᠡᠶᠢᠨ ᠦᠢᠯᠡᠳᠦᠯ᠎ᠢ ᠪᠠᠳᠠᠷᠠᠭᠤᠯᠬᠤ᠎ᠳᠤ ᠢᠳᠡᠪᠬᠢᠳᠡᠢ ᠣᠷᠤᠯᠴᠠᠨ ᠵᠢᠳᠭᠦᠵᠦ ᠪᠤᠢ᠃

  ᠡᠨᠡ ᠤᠳᠠᠭᠠᠨ᠎ᠤ ᠭᠡᠷ᠎ᠡ ᠲᠤᠭᠳᠠᠬᠤ᠎ᠳᠤ ᠰᠣᠩᠭᠤᠨ ᠣᠷᠤᠭᠤᠯᠤᠭᠰᠠᠨ ᠪᠦᠳᠦᠬᠡᠯᠯᠢ ᠱᠢ ᠵᠸᠨ᠎ᠦ ᠦᠯᠢᠭᠡᠷ》 《ᠯᠢ ᠰᠧ ᠭᠤᠸᠠᠩ᠎ᠤᠨ ᠦᠯᠢᠭᠡᠷ ᠪᠣᠯᠳᠤᠮᠳᠠᠳᠤ᠎ᠶᠢᠨ ᠱᠢᠯᠢᠳᠡᠭ ᠦᠯᠢᠭᠡᠷᠳᠤᠳᠤᠷᠠᠬᠢ ᠭᠠᠷᠮᠠᠭᠠᠢ ᠳᠦᠯᠦᠭᠡᠯᠡᠭᠴᠢ ᠪᠦᠳᠦᠬᠡᠯ᠎ᠦ᠋ᠳ ᠪᠣᠯᠤᠨ᠎ᠠ᠃ ᠳᠡᠳᠡᠨ᠎ᠦ ᠦᠯᠢᠭᠡᠷ ᠪᠠ ᠳᠦᠯᠦᠭᠡᠯᠡᠭᠴᠢ ᠪᠦᠳᠦᠬᠡᠯ᠎ᠨᠢ ᠳᠤᠮᠳᠠᠳᠤ᠎ᠶᠢᠨ ᠦᠨᠳᠦᠰᠦᠳᠡᠨ᠎ᠦ ᠱᠢᠯᠢᠳᠡᠭ ᠤᠯᠠᠮᠵᠢᠯᠠᠯᠳᠤ ᠰᠣᠶᠤᠯ᠎ᠢ ᠬᠤᠷᠢᠶᠠᠩᠭᠤᠢᠯᠠᠨ ᠳᠤᠰᠭᠠᠵᠦ᠂ ᠠᠭᠤᠯᠭ᠎ᠠ᠎ᠶᠢᠨ ᠬᠤᠪᠢ᠎ᠳᠤ ᠬᠥᠮᠦᠰ᠎ᠢ ᠤᠷᠮᠠᠱᠢᠭᠤᠯᠤᠨ ᠤᠷᠤᠭᠱᠢ ᠳᠠᠪᠱᠢᠭᠤᠯᠳᠠᠭ ᠵᠥᠪ ᠡᠨᠧᠷᠬᠢ᠎ᠪᠡᠷ ᠳᠦᠭᠦᠷᠡᠩ ᠪᠣᠯᠬᠤᠷ ᠬᠥᠮᠦᠰ᠎ᠦᠨ ᠰᠡᠳᠭᠢᠯ᠎ᠳᠤ ᠬᠠᠳᠠᠩᠱᠢᠭᠰᠠᠨ ᠴᠠᠭ ᠦᠶ᠎ᠡ᠎ᠶᠢᠨ ᠰᠣᠩᠭᠤᠳᠠᠭ ᠪᠦᠳᠦᠬᠡᠯ ᠪᠣᠯᠵᠠᠢ᠃ ᠶᠡᠷᠦᠩᠬᠡᠢ ᠱᠦᠵᠢ ᠰᠢ᠎ᠵᠢᠨ ᠫᠢᠩᠨᠢᠭᠡ ᠪᠦᠰᠡ ᠨᠢᠭᠡ ᠵᠠᠮ᠎ᠤᠨ ᠤᠯᠠᠨ ᠤᠯᠤᠰ᠎ᠤᠨ ᠬᠠᠮᠳᠤᠷᠠᠨ ᠠᠵᠢᠯᠯᠠᠬᠤ ᠳᠦᠷᠦᠬᠦᠴᠦᠳ᠎ᠦᠨ ᠶᠠᠷᠢᠯᠴᠠᠭᠠᠨ᠎ᠤ ᠲᠠᠪᠴᠠᠩ᠎ᠳᠤ ᠢᠯᠡᠳᠭᠡᠯ ᠬᠢᠬᠦ᠎ᠳᠤ᠎ᠪᠠᠨ᠄ ᠤᠯᠤᠰ᠎ᠤᠨ ᠬᠠᠷᠢᠯᠴᠠᠭ᠎ᠠ ᠠᠨᠤ ᠠᠷᠠᠳ᠎ᠤᠨ ᠢᠳᠡᠬᠡᠯᠴᠡᠯ᠎ᠳᠤᠨᠢ ᠠᠮᠤᠢ᠂ ᠠᠷᠠᠳ᠎ᠤᠨ ᠢᠳᠡᠬᠡᠯᠴᠡᠯ ᠢᠨᠦ ᠰᠡᠳᠭᠢᠯ᠎ᠦᠨ ᠨᠡᠪᠳᠡᠷᠡᠯᠴᠡᠯ᠎ᠳ᠋ᠦᠷ ᠠᠮᠤᠢᠭᠡᠪᠡ᠃ ᠠᠷᠠᠳ ᠤᠯᠠᠨ᠎ᠤ ᠰᠡᠳᠭᠢᠯ᠎ᠦᠨ ᠨᠡᠪᠳᠡᠷᠡᠯᠴᠡᠯ᠂ ᠰᠣᠶᠤᠯ᠎ᠤᠨ ᠣᠢᠯᠠᠭᠠᠯᠴᠠᠯ ᠪᠣᠯ ᠵᠠᠩᠭᠢᠯᠠᠭ᠎ᠠ ᠪᠣᠯᠤᠨ᠎ᠠ᠃

  ᠡᠨᠡ ᠤᠳᠠᠭᠠᠨ᠎ᠤ ᠠᠯᠤᠰ᠎ᠤᠨ᠎ᠪᠠᠷ᠎ᠠ ᠬᠡᠪᠯᠡᠯ᠎ᠦᠨ ᠬᠣᠷᠢᠶ᠎ᠠ ᠪᠣᠯᠤᠨ ᠮᠣᠩᠭᠤᠯ ᠤᠯᠤᠰ᠎ᠤᠨ Bizway  LLC᠎ᠤᠨ ᠬᠠᠮᠳᠤᠷᠠᠨ ᠠᠵᠢᠯᠯᠠᠯᠳᠠ᠎ᠨᠢ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠪᠣᠯᠤᠨ ᠮᠣᠩᠭᠤᠯ ᠤᠯᠤᠰ᠎ᠤᠨ ᠬᠡᠪᠯᠡᠯ᠎ᠦᠨ ᠬᠢᠨ᠎ᠤ ᠰᠣᠶᠤᠯ᠎ᠤᠨ ᠰᠣᠯᠢᠯᠴᠠᠭ᠎ᠠ ᠪᠠ ᠬᠠᠮᠳᠤᠷᠠᠨ ᠠᠵᠢᠯᠯᠠᠯᠳᠠ᠎ᠶᠢ ᠲᠡᠯᠡᠨ ᠬᠥᠭᠵᠢᠭᠦᠯᠬᠦ᠎ᠳᠤ ᠠᠱᠢᠭᠳᠠᠢ ᠨᠥᠬᠦᠴᠡᠯ ᠬᠠᠩᠭᠠᠭᠰᠠᠨ ᠮᠦᠷᠳᠡᠬᠡᠨ ᠳᠤᠮᠳᠠᠳᠤ ᠭᠠᠳᠠᠭᠠᠳᠤ᠎ᠶᠢᠨ ᠰᠣᠶᠤᠯ᠎ᠤᠨ ᠢᠳᠡᠭᠡᠱᠢᠯ᠂ ᠠᠷᠠᠳ᠎ᠤᠨ ᠰᠡᠳᠭᠢᠯ᠎ᠤᠨ ᠨᠡᠪᠳᠡᠷᠡᠯᠴᠡᠯ᠎ᠳᠤ ᠱᠢᠨ᠎ᠡ ᠬᠥᠭᠦᠷᠭᠡ ᠬᠣᠯᠪᠤᠭᠠᠰᠤ ᠡᠭᠦᠳᠴᠦ ᠥᠭᠴᠡᠢ᠃ ᠲᠡᠷᠡ᠎ᠨᠢ ᠳᠤᠮᠳᠠᠳᠤ ᠤᠯᠤᠰ᠎ᠤᠨ ᠰᠣᠶᠤᠯ᠎ᠢᠭᠠᠳᠠᠭᠱᠢ ᠭᠠᠷᠭᠠᠵᠦ᠂ ᠳᠡᠯᠡᠬᠡᠢ᠎ᠶᠢᠨ ᠬᠡᠪᠴᠢᠶᠡᠨ᠎ᠡ ᠳᠤᠮᠳᠠᠳᠤ᠎ᠶᠢᠨ ᠳᠠᠭᠤᠨ᠎ᠢ ᠳᠠᠭᠤᠷᠢᠰᠤᠭᠤᠯᠵᠦ᠂ ᠳᠤᠮᠳᠠᠳᠤ᠎ᠶᠢᠨ ᠦᠯᠢᠭᠡᠷ᠎ᠢ ᠰᠠᠢᠬᠠᠨ ᠶᠠᠷᠢᠵᠦ᠂ ᠳᠡᠯᠡᠬᠡᠢ ᠳᠡᠭᠡᠷ᠎ᠡ ᠳᠤᠮᠳᠠᠳᠤ ᠤᠯᠤᠰ᠎ᠤᠨ ᠳᠦᠷᠦ᠎ᠶᠢᠨ ᠳᠥᠷᠬᠦ᠎ᠶᠢ ᠳᠡᠭᠡᠭᠱᠢᠯᠡᠭᠦᠯᠦᠨ᠂ ᠳᠤᠮᠳᠠᠳᠤ ᠤᠯᠤᠰ᠎ᠤᠨ ᠰᠣᠶᠤᠯ᠎ᠤᠨ ᠵᠥᠭᠡᠯᠡᠨ ᠪᠤᠳᠠᠳᠤ ᠬᠦᠴᠦᠨ᠎ᠢ ᠳᠡᠭᠡᠭᠱᠢᠯᠡᠭᠦᠯᠬᠦ᠎ᠳᠤ ᠴᠢᠬᠤᠯᠠ ᠠᠴᠢ ᠬᠣᠯᠪᠤᠭᠳᠠᠯ᠎ᠲᠠᠢ᠎ᠶᠤᠮ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604