ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠄ ᠲᠣᠭᠠᠴᠢᠯᠠᠭᠰᠠᠨ ᠮᠡᠳᠡᠭᠡ᠎ᠨᠢ ᠤᠯᠠᠮᠵᠢᠯᠠᠯᠲᠤ ᠬᠡᠪᠯᠡᠯ᠎ᠳᠦ ᠬᠦᠴᠦ ᠨᠡᠮᠡᠷᠢᠯᠡᠨ᠂ ᠴᠣ ᠱᠢᠨ᠎ᠡ ᠦᠷ᠎ᠡ ᠪᠦᠲᠦᠭᠡᠯ᠎ᠢ ᠲᠡᠯᠭᠡᠨ ᠦᠵᠡᠭᠦᠯᠦᠨ᠎ᠡ
2019.09.25

    ᠳᠥᠷᠪᠡᠳᠦᠭᠡᠷ ᠬᠤᠭᠤᠴᠠᠭᠠᠨ᠎ᠤ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ

    ᠰᠣᠶᠤᠯ᠎ᠤᠨ ᠠᠵᠤ ᠦᠢᠯᠡᠰ᠎ᠦᠨ ᠦᠵᠡᠰᠬᠦᠯᠡᠩ ᠪᠠ ᠠᠷᠠᠯᠵᠢᠶᠠᠨ᠎ᠤ ᠴᠤᠭᠯᠠᠭᠠᠨ ᠡᠬᠢᠯᠡᠪᠡ

 

  9 ᠰᠠᠷ᠎ᠠ᠎ᠶᠢᠨ 20᠎ᠤ ᠡᠳᠦᠷ ᠳᠥᠷᠪᠡᠳᠦᠭᠡᠷ ᠬᠤᠭᠤᠴᠠᠭᠠᠨ᠎ᠤ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠰᠣᠶᠤᠯ᠎ᠤᠨ ᠠᠵᠤ ᠦᠢᠯᠡᠰ᠎ᠦᠨ ᠦᠵᠡᠰᠬᠦᠯᠡᠩ ᠪᠠ ᠠᠷᠠᠯᠵᠢᠶᠠᠨ᠎ᠤ ᠴᠤᠭᠯᠠᠭᠠᠨ ᠬᠦᠬᠡᠬᠤᠲᠠ᠎ᠶᠢᠨ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠡᠬᠢᠯᠡᠪᠡ᠃

  ᠲᠣᠰ ᠬᠤᠭᠤᠴᠠᠭᠠᠨ᠎ᠤ ᠰᠣᠶᠤᠯ᠎ᠤᠨ ᠦᠵᠡᠰᠬᠦᠯᠡᠩ᠎ᠦᠨ ᠴᠤᠭᠯᠠᠭᠠᠨ᠎ᠨᠢ 《ᠨᠣᠮᠢᠨ ᠨᠣᠭᠤᠭᠠᠨ ᠤᠮᠠᠷᠠᠲᠤ ᠬᠢᠯᠢ᠎ᠶᠢᠨ ᠰᠣᠶᠤᠯ᠎ᠤᠨ ᠪᠦᠲᠦᠭᠡᠯᠴᠢ ᠠᠵᠤ ᠦᠢᠯᠡᠰ᠎ᠤᠨ ᠰᠠᠷᠠᠭᠤᠯ ᠢᠷᠡᠭᠡᠳᠦᠢ》᠎ᠪᠠᠷ ᠭᠣᠣᠯ ᠰᠡᠳᠦᠪ᠎ᠢᠶᠠᠨ ᠪᠣᠯᠭᠠᠭᠰᠠᠨ ᠪᠠᠢᠨ᠎ᠠ᠂ ᠦᠵᠡᠭᠦᠯᠭᠡ᠎ᠨᠢ 2019 ᠣᠨ᠎ᠤ 9 ᠰᠠᠷ᠎ᠠ᠎ᠶᠢᠨ 20᠎ᠦ ᠡᠳᠦᠷ - 24᠎ᠦ ᠡᠳᠦᠷ ᠪᠣᠯᠲᠠᠯ᠎ᠠ ᠶᠠᠪᠤᠭᠳᠠᠨ᠎ᠠ᠃ ᠭᠣᠣᠯ ᠬᠤᠷᠠᠯ᠎ᠤᠨ ᠲᠠᠯᠠᠪᠠᠢ᠎ᠶᠢ ᠥᠪᠦᠷ ᠮᠣᠩᠭᠤᠯ᠎ᠤᠨ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠲᠣᠬᠢᠷᠠᠭᠤᠯᠵᠤ᠂ ᠦᠵᠡᠰᠬᠦᠯᠡᠩ᠎ᠦᠨ ᠲᠠᠯᠠᠪᠠᠢ᠎ᠨᠢ 2 ᠲᠦᠮᠡᠨ ᠲᠡᠭᠱᠢ ᠳᠥᠷᠪᠡᠯᠵᠢᠨ ᠮᠧᠲᠷ᠂ ᠨᠡᠢᠲᠡ 8 ᠶᠡᠬᠡ ᠭᠣᠣᠯ ᠰᠡᠳᠦᠪ᠎ᠲᠠᠢ ᠪᠠᠢᠵᠤ᠂ ᠲᠣᠰ ᠪᠦᠷᠢ ᠰᠣᠶᠤᠯ᠎ᠤᠨ ᠠᠵᠤ ᠦᠢᠯᠡᠰ᠎ᠦᠨ ᠶᠡᠷᠦᠩᠬᠡᠢ ᠣᠷᠳᠤᠨ᠂ 《ᠨᠢᠭᠡ ᠪᠦᠰᠡ ᠨᠢᠭᠡ ᠵᠠᠮ》᠎ᠤᠨ ᠣᠯᠠᠨ ᠤᠯᠤᠰ᠎ᠤᠨ ᠣᠷᠳᠤᠨ᠂ ᠰᠣᠶᠤᠯ ᠵᠢᠭᠤᠯᠴᠢᠯᠠᠯ᠎ᠤᠨ ᠪᠦᠲᠦᠭᠡᠯᠴᠢ ᠠᠮᠢᠳᠤᠷᠠᠯ᠎ᠤᠨ ᠣᠷᠳᠤᠨ᠂ ᠲᠣᠭᠠᠴᠢᠯᠠᠭᠰᠠᠨ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢ ᠪᠡᠶᠡᠴᠢᠯᠡᠨ ᠣᠢᠯᠠᠭᠠᠬᠤ ᠣᠷᠳᠤᠨ᠂ 《ᠮᠣᠩᠭᠤᠯ ᠮᠣᠷᠢᠨ᠎ᠤ ᠵᠣᠷᠢᠭ ᠰᠠᠨᠠᠭ᠎ᠠ᠎ᠶᠢ ᠪᠠᠳᠠᠷᠠᠭᠤᠯᠬᠤ》 ᠭᠣᠣᠯ ᠰᠡᠳᠦᠪᠲᠦ ᠣᠷᠳᠤᠨ᠂ ᠤᠷᠠᠨ ᠬᠠᠳᠭᠤᠮᠠᠯ ᠥᠪᠦᠷ ᠮᠣᠩᠭᠤᠯ᠎ᠤᠨ ᠣᠷᠳᠤᠨ᠂ ᠰᠣᠶᠤᠯ᠎ᠤᠨ ᠰᠣᠳᠤᠨ ᠪᠦᠲᠦᠭᠡᠯ᠎ᠤᠨ ᠣᠷᠳᠤᠨ᠂ ᠭᠠᠷ ᠤᠷᠠᠯᠠᠯ ᠤᠷᠠᠨ ᠵᠢᠷᠤᠭ᠎ᠤᠨ ᠪᠦᠲᠦᠭᠡᠭᠳᠡᠬᠦᠨ᠎ᠦ ᠣᠷᠳᠤᠨ᠎ᠢ ᠲᠣᠬᠢᠷᠠᠭᠤᠯᠵᠠᠢ᠃ ᠬᠣᠶᠠᠷ ᠬᠤᠪᠢᠶᠠᠷᠢ ᠬᠤᠷᠠᠯ᠎ᠤᠨ ᠲᠠᠯᠠᠪᠠᠢ᠎ᠨᠢ ᠲᠣᠰ ᠲᠣᠰ ᠬᠦᠬᠡᠬᠤᠲᠠ᠎ᠶᠢᠨ ᠮᠤᠨᠢ ᠠᠭᠤᠯᠠ᠎ᠶᠢᠨ ᠪᠣᠳᠠᠰ᠎ᠤᠨ ᠪᠤᠰᠤ ᠰᠣᠶᠤᠯ᠎ᠤᠨ ᠥᠪ᠎ᠦᠨ ᠵᠢᠵᠢᠭ ᠪᠠᠯᠭᠠᠰᠤ᠂ ᠢᠦᠢ ᠴᠢᠤᠧᠠᠨ ᠲᠣᠭᠤᠷᠢᠭ᠎ᠤᠨ ᠳ᠋ᠠ ᠱᠧᠩ ᠺᠦᠢ ᠰᠣᠶᠤᠯ᠎ᠤᠨ ᠪᠦᠲᠦᠭᠡᠯᠴᠢ ᠠᠵᠤ ᠦᠢᠯᠡᠰ᠎ᠤᠨ ᠬᠦᠷᠢᠶᠡᠯᠡᠩ᠎ᠤᠨ ᠰᠣᠶᠤᠯ᠎ᠤᠨ ᠴᠤᠭᠯᠠᠭ᠎ᠠ ᠮᠠᠢᠮᠠᠢ ᠪᠣᠯᠤᠨ᠎ᠠ᠃  

  ᠲᠣᠰ ᠬᠤᠭᠤᠴᠠᠭᠠᠨ᠎ᠤ ᠥᠪᠦᠷ ᠮᠣᠩᠭᠤᠯ᠎ᠤᠨ ᠰᠣᠶᠤᠯ᠎ᠤᠨ ᠦᠵᠡᠰᠬᠦᠯᠡᠩ᠎ᠦᠨ ᠴᠤᠭᠯᠠᠭᠠᠨ ᠲᠡᠭᠡᠷ᠎ᠡ᠂ ᠬᠡᠪᠯᠡᠯ᠎ᠦᠨ ᠪᠦᠯᠦᠭᠯᠡᠯ᠎ᠨᠢ ᠥᠪᠦᠷ ᠮᠣᠩᠭᠤᠯ᠎ᠤᠨ ᠬᠡᠪᠯᠡᠯ᠎ᠦᠨ ᠬᠦᠷᠢᠶᠡᠨ᠎ᠳᠠᠬᠢ ᠴᠣ ᠱᠢᠨ᠎ᠡ ᠦᠷ᠎ᠡ ᠪᠦᠲᠦᠭᠡᠯ᠎ᠢ ᠠᠪᠴᠢᠷᠠᠨ᠂ ᠲᠠᠶᠠᠭᠠᠷ ᠣᠯᠠᠨ᠎ᠳᠤ ᠠᠵᠤ ᠠᠬᠤᠢᠯᠠᠯ᠎ᠤᠨ ᠢᠯᠭᠤᠮ ᠲᠣᠳᠤ ᠣᠨᠴᠠᠯᠢᠭ᠎ᠢ ᠲᠡᠯᠭᠡᠨ ᠦᠵᠡᠭᠦᠯᠬᠦ ᠪᠣᠯᠤᠨ᠎ᠠ᠃

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ 2009 ᠣᠨ᠎ᠤ 12 ᠰᠠᠷ᠎ᠠ᠎ᠳᠤ ᠪᠠᠢᠭᠤᠯᠤᠭᠳᠠᠪᠠ᠃ ᠠᠷᠪᠠ ᠱᠢᠬᠠᠮ ᠵᠢᠯ᠎ᠤᠨ ᠥᠭᠡᠷᠡᠴᠢᠯᠡᠯᠲᠡ ᠬᠥᠭᠵᠢᠯᠲᠡ᠎ᠪᠡᠷ ᠲᠠᠮᠵᠢᠨ᠂ ᠣᠳᠤᠬᠠᠨ᠎ᠳᠤ ᠪᠦᠯᠦᠭᠯᠡᠯ᠎ᠨᠢ 12 ᠱᠢᠭᠤᠳ ᠬᠠᠷᠢᠶ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ 17 ᠭᠤᠷᠪᠠ ᠳᠥᠷᠪᠡᠳᠦᠭᠡᠷ ᠲᠡᠰ᠎ᠤᠨ ᠡᠵᠡᠩᠨᠡᠯᠲᠡ᠎ᠶᠢᠨ ᠴᠢᠨᠠᠷᠲᠠᠢ ᠠᠵᠤ ᠠᠬᠤᠢᠯᠠᠯ᠂ 31 ᠲᠤᠰᠠᠭᠠᠷ ᠲᠣᠭᠠᠴᠠᠭ᠎ᠠ ᠬᠢᠬᠦ ᠪᠣᠳᠠᠲᠤ ᠴᠣᠭᠴᠠ᠎ᠶᠢ ᠬᠠᠷᠢᠶᠠᠯᠠᠵᠤ᠂ 8 ᠵᠦᠢᠯ᠎ᠦᠨ ᠰᠣᠨᠢᠨ᠂ 14 ᠵᠦᠢᠯ᠎ᠤᠨ ᠰᠡᠳᠬᠦᠯ᠎ᠢ ᠡᠷᠬᠢᠯᠡᠨ ᠬᠠᠮᠢᠶᠠᠷᠬᠤ ᠪᠤᠶᠤ ᠭᠣᠤᠯᠴᠢᠯᠠᠨ ᠡᠷᠬᠢᠯᠡᠵᠦ᠂ ᠨᠡᠢᠲᠡ 1820 ᠭᠠᠷᠤᠢ ᠠᠵᠢᠯᠲᠠᠨ ᠠᠵᠢᠯᠴᠢᠨ᠎ᠲᠠᠢ ᠪᠠᠢᠳᠠᠭ᠃

 

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ ᠬᠢᠯᠢ ᠬᠢᠵᠠᠭᠠᠷ᠎ᠤᠨ ᠴᠥᠭᠡᠨ ᠲᠣᠭᠠᠲᠤ ᠦᠨᠳᠦᠰᠦᠲᠡᠨ᠎ᠦ ᠭᠠᠵᠠᠷ ᠣᠷᠤᠨ᠎ᠤ ᠠᠵᠤ ᠠᠬᠤᠢᠯᠠᠯᠴᠢᠯᠠᠭᠰᠠᠨ ᠪᠠᠢᠭᠤᠯᠤᠯ᠎ᠤᠨ ᠥᠭᠡᠷᠡᠴᠢᠯᠡᠯᠲᠡ᠎ᠶᠢ ᠡᠩ ᠲᠡᠷᠢᠭᠦᠨ᠎ᠳᠦ ᠬᠡᠷᠡᠭᠵᠢᠭᠦᠯᠦᠭᠰᠡᠨ ᠬᠡᠪᠯᠡᠯ ᠪᠠ ᠵᠠᠭᠤᠴᠢ᠎ᠶᠢᠨ ᠠᠵᠤ ᠠᠬᠤᠢᠯᠠᠯ ᠪᠣᠯᠤᠭᠰᠠᠨ᠎ᠤ ᠬᠤᠪᠢ᠎ᠳᠤ ᠥᠪᠡᠷᠲᠡᠭᠡᠨ ᠵᠠᠰᠠᠬᠤ ᠣᠷᠤᠨ᠎ᠤ ᠡᠬᠢ ᠪᠠᠶᠠᠯᠢᠭ᠎ᠤᠨ ᠲᠠᠪᠠᠭᠤᠯᠢᠭ ᠪᠠ ᠭᠠᠵᠠᠷ ᠣᠷᠤᠨ᠎ᠤ ᠲᠠᠪᠠᠭᠤᠯᠢᠭ᠎ᠲᠤ ᠰᠠᠭᠤᠷᠢᠯᠠᠨ᠂ 《ᠨᠢᠭᠡ ᠦᠢᠯᠡᠰ᠎ᠢᠶᠡᠷ ᠭᠣᠤᠯ ᠪᠣᠯᠭᠠᠵᠤ᠂ ᠣᠯᠠᠨ ᠡᠱᠢᠴᠢᠯᠡᠨ ᠬᠥᠭᠵᠢᠭᠦᠯᠬᠦ》 ᠰᠡᠳᠬᠢᠮᠵᠢ᠎ᠶᠢ ᠢᠮᠠᠭᠲᠠ ᠪᠠᠷᠢᠮᠲᠠᠯᠠᠵᠤ᠂ ᠤᠯᠤᠰ ᠲᠥᠷᠦᠴᠢᠨ ᠬᠡᠪᠯᠡᠯ᠎ᠦᠨ ᠠᠵᠢᠯ ᠡᠷᠬᠢᠯᠡᠬᠦ ᠵᠠᠷᠴᠢᠮ᠎ᠢ ᠪᠠᠷᠢᠮᠲᠠᠯᠠᠨ᠂ ᠨᠠᠮ᠎ᠤᠨ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠭᠠᠵᠤ᠂ 《ᠳᠥᠷᠪᠡᠨ ᠤᠬᠠᠮᠰᠠᠷ》᠎ᠢ ᠪᠠᠲᠤ ᠪᠣᠢ ᠪᠣᠯᠭᠠᠵᠤ᠂ 《ᠳᠥᠷᠪᠡᠨ ᠢᠲᠡᠭᠡᠯ》᠎ᠢᠶᠡᠨ ᠪᠠᠲᠤᠳᠭᠠᠨ᠂ 《ᠬᠣᠶᠠᠷ᠎ᠢ ᠬᠠᠮᠠᠭᠠᠯᠠᠬᠤ》᠎ᠶᠢ ᠴᠢᠩᠭᠠᠳᠭᠠᠵᠤ᠂ ᠤᠳᠤᠷᠢᠳᠤᠮᠵᠢ᠎ᠶᠢᠨ ᠪᠣᠭᠤᠮᠲᠠ᠎ᠶᠢ ᠴᠢᠩᠭ᠎ᠠ ᠠᠳᠭᠤᠨ᠂ ᠭᠣᠣᠯ ᠠᠵᠢᠯ᠎ᠢᠶᠠᠨ ᠨᠠᠷᠢᠯᠢᠭ ᠬᠢᠵᠦ᠂ ᠰᠣᠳᠤᠨ ᠪᠦᠲᠦᠭᠡᠯ᠎ᠢ ᠡᠭᠦᠳᠦᠨ᠂ ᠬᠡᠪᠯᠡᠯ᠎ᠦᠨ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠢ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠬᠡᠪᠯᠡᠯ᠎ᠦᠨ ᠭᠣᠣᠯ ᠦᠢᠯᠡᠰ᠎ᠦᠨ ᠲᠣᠭᠲᠠᠭᠤᠨ᠎ᠢᠶᠠᠷ ᠬᠥᠭᠵᠢᠬᠦ᠎ᠶᠢ ᠪᠠᠲᠤᠯᠠᠪᠠ; ᠠᠭᠤᠰᠤᠯᠴᠠᠯ ᠪᠠ ᠱᠢᠨ᠎ᠡ ᠡᠭᠦᠳᠦᠯᠲᠡ᠎ᠪᠡᠷ ᠬᠦᠴᠦᠯᠡᠬᠦ ᠴᠡᠭ ᠪᠣᠯᠭᠠᠬᠤ᠎ᠶᠢ ᠪᠠᠷᠢᠮᠲᠠᠯᠠᠵᠤ᠂ ᠲᠥᠷᠦᠯ ᠵᠦᠢᠯ᠎ᠢᠶᠡᠷ ᠲᠠᠢᠴᠢᠯᠠᠬᠤ ᠪᠠᠢᠯᠳᠤᠬᠤ ᠪᠣᠳᠤᠯᠭ᠎ᠠ᠎ᠶᠢ ᠬᠡᠷᠡᠭᠵᠢᠭᠦᠯᠦᠨ᠂ ᠰᠣᠶᠤᠯ ᠬᠢᠭᠡᠳ ᠣᠯᠠᠨ ᠡᠯᠧᠮᠧᠨ᠋ᠲ᠎ᠦᠨ ᠭᠦᠨᠵᠡᠭᠡᠢ ᠠᠭᠤᠰᠤᠯᠴᠠᠯ᠎ᠢ ᠬᠦᠴᠦᠯᠡᠨ ᠠᠬᠢᠭᠤᠯᠵᠤ᠂ ᠤᠯᠠᠮᠵᠢᠯᠠᠯᠲᠤ ᠬᠡᠪᠯᠡᠯ᠎ᠦᠨ ᠲᠣᠭᠠᠴᠢᠯ᠎ᠤᠨ ᠬᠡᠯᠪᠡᠷᠢ᠎ᠶᠢ᠎ᠨᠢ ᠬᠤᠪᠢᠷᠠᠭᠤᠯᠤᠨ ᠲᠡᠰ ᠲᠡᠪᠱᠢᠭᠦᠯᠬᠦ᠎ᠶᠢ ᠠᠬᠢᠭᠤᠯᠵᠤ᠂ ᠠᠵᠤ ᠦᠢᠯᠡᠰ᠎ᠤᠨ ᠬᠡᠯᠬᠢᠶ᠎ᠡ᠎ᠶᠢ ᠢᠳᠡᠪᠬᠢᠲᠡᠢ ᠦᠷᠭᠡᠳᠬᠡᠨ᠂ ᠰᠣᠶᠤᠯ᠎ᠤᠨ ᠠᠵᠤ ᠠᠬᠤᠢᠯᠠᠯ᠎ᠤᠨ ᠨᠡᠢᠭᠡᠮ᠎ᠦᠨ ᠬᠠᠷᠢᠭᠤᠴᠠᠯᠭ᠎ᠠ᠎ᠶᠢ ᠬᠢᠨᠠᠮᠠᠭᠠᠢ ᠦᠢᠯᠡᠳᠦᠯᠭᠡᠵᠢᠭᠦᠯᠵᠦ᠂ ᠨᠡᠢᠭᠡᠮ᠎ᠦᠨ ᠦᠷ᠎ᠡ ᠠᠱᠢᠭ ᠪᠠ ᠠᠵᠤ ᠠᠬᠤᠢ᠎ᠶᠢᠨ ᠦᠷ᠎ᠡ ᠠᠱᠢᠭ᠎ᠤᠨ ᠬᠣᠣᠰ ᠠᠮᠵᠢᠯᠲᠠ᠎ᠶᠢ ᠣᠯᠵᠤ᠂ ᠡᠳᠦᠭᠡ ᠥᠪᠦᠷ ᠮᠣᠩᠭᠤᠯ ᠬᠡᠪᠯᠡᠯ᠎ᠦᠨ ᠪᠦᠯᠦᠭᠯᠡᠯ᠎ᠨᠢ ᠨᠢᠭᠡᠨᠲᠡ ᠥᠪᠡᠷᠲᠡᠭᠡᠨ ᠵᠠᠰᠠᠬᠤ ᠣᠷᠤᠨ᠎ᠤ ᠭᠣᠣᠯᠯᠠᠭᠴᠢ ᠰᠣᠶᠤᠯ᠎ᠤᠨ ᠠᠵᠤ ᠠᠬᠤᠢᠯᠠᠯ ᠪᠣᠯᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠤᠯ᠎ᠤᠨ ᠹᠷᠤᠨᠲ᠎ᠤᠨ ᠴᠢᠬᠤᠯᠠ ᠬᠦᠴᠦᠨ ᠪᠣᠯᠵᠤ ᠬᠥᠭᠵᠢᠪᠡ᠃  

  ᠪᠦᠯᠦᠭᠯᠡᠯ ᠪᠠᠢᠭᠤᠯᠤᠭᠳᠠᠭᠰᠠᠨ 10 ᠵᠢᠯ᠎ᠦᠨ ᠲᠤᠷᠱᠢ ᠨᠡᠢᠲᠡ 30000 ᠭᠠᠷᠤᠢ ᠣᠯᠠᠨ ᠲᠥᠷᠦᠯ᠎ᠦᠨ ᠨᠣᠮ ᠪᠢᠴᠢᠭ᠂ ᠲᠠᠭᠤ ᠳᠦᠷᠰᠦ ᠱᠢᠩᠭᠡᠭᠡᠯᠲᠡ᠎ᠶᠢᠨ ᠦᠢᠯᠡᠳᠬᠦᠨ ᠪᠠ ᠡᠯᠧᠺᠲᠷᠤᠨ ᠬᠡᠪᠯᠡᠭᠳᠡᠬᠦᠨ᠎ᠢ ᠵᠣᠬᠢᠶᠠᠨ ᠪᠠᠢᠭᠤᠯᠵᠤ ᠬᠡᠪᠯᠡᠭᠦᠯᠵᠡᠢ᠃ ᠵᠢᠯ᠎ᠤᠨ ᠳᠤᠮᠳᠠᠴᠢ ᠬᠡᠪᠯᠡᠯ᠎ᠦᠨ ᠬᠡᠮᠵᠢᠶ᠎ᠡ᠎ᠶᠢ 3400 ᠵᠦᠢᠯ ᠣᠷᠴᠢᠮ᠎ᠢᠶᠡᠷ ᠪᠠᠲᠤᠯᠠᠵᠤ᠂ ᠬᠡᠪᠯᠡᠭᠳᠡᠬᠦᠨ᠎ᠦ ᠰᠣᠳᠤᠨ ᠪᠦᠲᠦᠭᠡᠯ᠎ᠦᠨ ᠨᠣᠷᠮ᠎ᠠ᠎ᠶᠢ 20%᠎ᠡᠴᠡ ᠲᠡᠭᠡᠭᠱᠢ ᠪᠠᠢᠯᠭᠠᠵᠤ᠂ ᠬᠡᠪᠯᠡᠭᠳᠡᠬᠦᠨ᠎ᠤ ᠨᠡᠢᠲᠡ ᠪᠣᠷᠤᠯᠠᠭᠤᠯᠤᠭᠰᠠᠨ ᠦᠨ᠎ᠡ᠎ᠨᠢ 40 ᠳ᠋ᠦᠩᠱᠢᠭᠤᠷ ᠲᠥᠭᠦᠷᠢᠭ᠎ᠢ ᠲᠠᠪᠠᠵᠤ᠂ ᠨᠠᠢ᠍ᠮᠠᠨ ᠮᠣᠵᠢ ᠣᠷᠤᠨ ᠬᠣᠲᠠ᠎ᠶᠢᠨ ᠮᠣᠩᠭᠤᠯ᠎ᠢᠶᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ᠎ᠶᠢᠨ ᠵᠢᠭᠠᠬᠤ ᠮᠠᠲᠧᠷᠢᠶᠠᠯ ᠵᠢᠭᠠᠬᠤ ᠬᠠᠪᠰᠤᠷᠤᠮᠵᠢ ᠪᠢᠴᠢᠭ᠎ᠢ ᠬᠡᠪᠯᠡᠭᠦᠯᠬᠦ ᠡᠭᠦᠷᠭᠡ᠎ᠶᠢ ᠭᠠᠷᠮᠠᠭᠠᠢ ᠪᠡᠶᠡᠯᠡᠭᠦᠯᠪᠡ᠃ 2016 ᠣᠨ᠎ᠳᠤ᠂ 《ᠤᠯᠤᠰ᠎ᠤᠨ ᠥᠪᠦᠷ ᠮᠣᠩᠭᠤᠯ᠎ᠤᠨ ᠦᠨᠳᠦᠰᠦᠲᠡᠨ᠎ᠦ ᠬᠡᠯᠡᠨ᠎ᠦ ᠬᠡᠪᠯᠡᠯ᠎ᠦᠨ ᠰᠠᠭᠤᠷᠢᠨ ᠭᠠᠵᠠᠷ》᠎ᠨᠢ ᠪᠦᠯᠦᠭᠯᠡᠯ᠎ᠳᠦ ᠪᠠᠢᠭᠤᠯᠤᠭᠳᠠᠵᠤ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠮᠣᠩᠭᠤᠯ ᠬᠡᠯᠡᠨ᠎ᠦ ᠬᠡᠪᠯᠡᠯ᠎ᠦᠨ ᠲᠥᠪ ᠪᠣᠯᠬᠤ ᠪᠠᠢᠷᠢ ᠰᠠᠭᠤᠷᠢ᠎ᠶᠢ ᠤᠯᠠᠮ ᠴᠢᠨᠠᠭᠱᠢᠲᠠ ᠪᠠᠲᠤᠳᠭᠠᠪᠠ᠃ ᠪᠦᠯᠦᠭᠯᠡᠯ ᠪᠠᠢᠭᠤᠯᠤᠭᠳᠠᠭᠰᠠᠨ᠎ᠠᠴᠠ ᠨᠠᠭᠠᠱᠢ᠂ ᠵᠠᠭᠤ ᠭᠠᠷᠤᠢ ᠲᠥᠷᠦᠯ᠎ᠦᠨ ᠬᠡᠪᠯᠡᠭᠳᠡᠬᠦᠨ᠎ᠨᠢ ᠲᠤᠰ ᠲᠤᠰ 《ᠳᠤᠮᠳᠠᠳᠤ ᠤᠯᠤᠰ᠎ᠤᠨ ᠬᠡᠪᠯᠡᠯ᠎ᠤᠨ ᠵᠠᠰᠠᠭ᠎ᠤᠨ ᠣᠷᠳᠤᠨ᠎ᠤ ᠱᠠᠩᠨᠠᠯ》 《ᠤᠯᠤᠰ᠎ᠤᠨ ᠨᠣᠮ ᠪᠢᠴᠢᠭ᠎ᠦᠨ ᠱᠠᠩᠨᠠᠯ》 《ᠲᠠᠪᠤᠨ ᠨᠢᠭᠡ ᠢᠨᠵᠧᠨᠧᠷᠢᠩ᠎ᠤᠨ ᠱᠠᠩᠨᠠᠯ》 《ᠳᠤᠮᠳᠠᠳᠤ᠎ᠶᠢᠨ ᠱᠢᠯᠢᠳᠡᠭ ᠬᠡᠪᠯᠡᠭᠳᠡᠬᠦᠨ᠎ᠦ ᠱᠠᠩᠨᠠᠯ》 《ᠯᠦ᠍ ᠱᠢᠶᠦ᠋ᠨ᠎ᠤ ᠤᠳᠬ᠎ᠠ ᠵᠣᠬᠢᠶᠠᠯ᠎ᠤᠨ ᠱᠠᠩᠨᠠᠯ》᠂ ᠥᠪᠡᠷᠲᠡᠭᠡᠨ ᠵᠠᠰᠠᠬᠤ ᠣᠷᠤᠨ᠎ᠤ 《ᠲᠠᠪᠤᠨ ᠨᠢᠭᠡ ᠢᠨᠵᠧᠨᠧᠷᠢᠩ᠎ᠤᠨ ᠱᠠᠩᠨᠠᠯ》 ᠵᠡᠷᠭᠡ ᠤᠯᠤᠰ ᠪᠠ ᠮᠣᠵᠢ ᠶᠠᠮᠤᠨ᠎ᠤ ᠲᠡᠰ᠎ᠤᠨ ᠣᠯᠠᠨ ᠱᠠᠩᠨᠠᠯ ᠵᠢᠴᠢ ᠠᠵᠢᠯ ᠲᠥᠷᠦᠯ᠎ᠦᠨ ᠨᠡᠢᠭᠡᠮᠯᠢᠭ᠎ᠦᠨ ᠱᠠᠩᠨᠠᠯ᠎ᠢ ᠬᠦᠷᠲᠡᠵᠦ᠂ ᠰᠠᠢᠨ ᠰᠠᠢᠬᠠᠨ ᠲᠥᠷᠦᠯ ᠲᠡᠮᠳᠡᠭ᠎ᠢ ᠪᠣᠢ ᠪᠣᠯᠭᠠᠨ᠂ ᠣᠷᠤᠨ᠎ᠤ ᠲᠤᠲᠤᠷ ᠭᠠᠳᠠᠨᠠᠬᠢ ᠤᠩᠱᠢᠭᠴᠢᠳ᠎ᠤᠨ ᠥᠷᠭᠡᠨ ᠲᠡᠯᠭᠡᠷ ᠰᠠᠢᠨ ᠦᠨᠡᠯᠡᠯᠲᠡ᠎ᠶᠢ ᠣᠯᠵᠠᠢ᠃  

  ᠠᠷᠪᠠᠨ ᠵᠢᠯ᠎ᠦᠨ ᠬᠥᠭᠵᠢᠯᠲᠡ᠎ᠪᠡᠷ ᠲᠠᠮᠵᠢᠨ᠂ ᠬᠡᠪᠯᠡᠯ᠎ᠦᠨ ᠪᠦᠯᠦᠭᠯᠡᠯ᠎ᠦᠨ ᠠᠵᠤ ᠦᠢᠯᠡᠰ᠎ᠦᠨ ᠬᠡᠪᠴᠢᠶ᠎ᠡ᠂  ᠵᠠᠬ᠎ᠠ ᠲᠡᠯᠭᠡᠭᠦᠷ᠎ᠦᠨ ᠭᠣᠣᠯ ᠴᠣᠭᠴᠠ ᠠᠯᠬᠤᠮ ᠠᠯᠬᠤᠮ᠎ᠢᠶᠠᠷ ᠬᠥᠭᠵᠢᠨ ᠪᠤᠵᠠᠭᠠᠢᠷᠠᠪᠠ᠃ ᠠᠩᠬ᠎ᠠ ᠪᠠᠢᠭᠤᠯᠤᠭᠳᠠᠭᠰᠠᠨ ᠦᠶ᠎ᠡ᠎ᠶᠢᠨ ᠬᠣᠶᠠᠳᠤᠭᠠᠷ ᠲᠡᠰ᠎ᠤᠨ 9 ᠨᠢᠭᠡᠴᠢ ᠪᠠᠢᠭᠰᠠᠨ᠎ᠠᠴᠠ᠎ᠪᠠᠨ 13 ᠨᠢᠭᠡᠴᠢ᠂ 31 ᠲᠤᠰᠠᠭᠠᠷ ᠲᠣᠭᠠᠴᠠᠭ᠎ᠠ ᠬᠢᠬᠦ ᠪᠣᠳᠠᠲᠤ ᠴᠣᠭᠴᠠ᠎ᠲᠠᠢ ᠪᠣᠯᠵᠤ᠂ ᠣᠳᠤ ᠨᠢᠭᠡᠨᠲᠡ ᠨᠣᠮ᠂ ᠰᠣᠨᠢᠨ ᠰᠡᠳᠬᠦᠯ᠂ ᠡᠯᠧᠺᠲᠷᠤᠨ ᠲᠠᠭᠤ ᠳᠦᠷᠰᠦ ᠱᠢᠩᠭᠡᠭᠡᠯᠲᠡ᠂ ᠰᠦᠯᠵᠢᠶ᠎ᠡ᠂ ᠲᠣᠭᠠᠴᠢᠯᠠᠭᠰᠠᠨ ᠬᠡᠪᠯᠡᠯ᠂ ᠵᠥᠭᠡᠯᠡᠨ ᠲᠣᠨᠤᠭ᠎ᠤᠨ ᠨᠡᠭᠡᠭᠡᠨ ᠬᠥᠭᠵᠢᠭᠦᠯᠦᠯᠲᠡ᠂ ᠬᠡᠪᠯᠡᠭᠳᠡᠭᠦᠨ᠎ᠤ ᠬᠡᠪᠯᠡᠬᠦ᠎ᠡᠴᠡ ᠡᠮᠦᠨᠡᠬᠢ ᠦᠢᠯᠡᠳᠬᠡᠯ᠂ ᠬᠡᠪᠯᠡᠬᠦ᠂ ᠲᠠᠷᠬᠠᠭᠠᠬᠤ᠂ ᠶᠡᠷᠦᠩᠬᠡᠢ ᠠᠭᠤᠯᠭ᠎ᠠ᠎ᠶᠢᠨ ᠳ᠋ᠠᠢᠲ᠋ᠠ ᠬᠥᠮᠦᠷᠭᠡ᠎ᠶᠢᠨ ᠨᠡᠭᠡᠭᠡᠨ ᠬᠥᠭᠵᠢᠭᠦᠯᠦᠯᠲᠡ᠂ ᠬᠡᠪᠯᠡᠯ᠎ᠦᠨ ᠡᠷᠬᠡ ᠪᠠ ᠠᠷᠠᠯᠵᠢᠶ᠎ᠠ᠎ᠶᠢᠨ ᠨᠢᠭᠡ ᠴᠣᠭᠴᠠᠵᠢᠭᠤᠯᠤᠯᠲᠠ᠂ ᠵᠣᠴᠢᠳ᠎ᠤᠨ ᠪᠠᠭᠤᠳᠠᠯ᠂ ᠰᠣᠶᠤᠯ᠎ᠤᠨ ᠭᠠᠵᠠᠷ ᠬᠥᠷᠦᠩᠭᠡ᠂ ᠰᠣᠶᠤᠯ᠎ᠤᠨ ᠪᠦᠲᠦᠭᠡᠯᠴᠢ ᠰᠡᠳᠬᠢᠮᠵᠢ᠂ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠴᠢᠯᠡᠭᠡ ᠵᠡᠷᠭᠡ ᠱᠢᠨ᠎ᠡ᠎ᠪᠡᠷ ᠬᠥᠭᠵᠢᠭᠰᠡᠨ ᠲᠤᠬᠠᠢᠯᠠᠭᠰᠠᠨ ᠠᠵᠢᠯ᠎ᠢ ᠣᠯᠠᠨ ᠡᠱᠢᠴᠢᠯᠡᠨ ᠬᠥᠭᠵᠢᠭᠦᠯᠬᠦ ᠪᠠᠢᠷᠢᠱᠢᠯ᠎ᠢ ᠪᠣᠢ ᠪᠣᠯᠭᠠᠪᠠ᠃  

  ᠲᠣᠰ ᠬᠤᠭᠤᠴᠠᠭᠠᠨ᠎ᠤ ᠰᠣᠶᠤᠯ᠎ᠤᠨ ᠦᠵᠡᠰᠬᠦᠯᠡᠩ᠎ᠳᠤ ᠥᠪᠦᠷ ᠮᠣᠩᠭᠤᠯ᠎ᠤᠨ ᠠᠷᠠᠳ᠎ᠤᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠪᠠᠭᠠᠴᠤᠳ ᠬᠡᠦᠬᠡᠳ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠰᠣᠶᠤᠯ᠎ᠤᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠸᠧᠨ ᠶᠤᠧᠠᠨ ᠰᠤᠷᠭᠠᠨ ᠬᠥᠮᠦᠵᠢᠯ᠎ᠦᠨ ᠬᠡᠪᠯᠡᠯ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠠᠯᠤᠰ᠎ᠤᠨ᠎ᠪᠠᠷ᠎ᠠ ᠬᠡᠪᠯᠡᠯ᠎ᠦᠨ ᠬᠣᠷᠢᠶ᠎ᠠ ᠪᠣᠯᠤᠨ ᠥᠪᠦᠷ ᠮᠣᠩᠭᠤᠯ᠎ᠤᠨ ᠮᠤᠨᠢ ᠨᠡᠷᠡᠮᠵᠢᠲᠦ ᠰᠣᠶᠤᠯ᠎ᠤᠨ ᠵᠠᠭᠤᠴᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠱᠢᠭᠤᠳ ᠬᠠᠷᠢᠶ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠡᠵᠡᠩᠨᠡᠯᠲᠡ᠎ᠶᠢᠨ ᠴᠢᠨᠠᠷᠲᠠᠢ ᠠᠵᠤ ᠠᠬᠤᠢᠯᠠᠯ᠎ᠴᠦ ᠠᠯᠢ ᠣᠯᠠᠨ ᠲᠥᠷᠦᠯ ᠵᠦᠢᠯ ᠡᠯᠪᠡᠭ ᠪᠠᠶᠠᠯᠢᠭ ᠨᠣᠮ ᠪᠢᠴᠢᠭ᠎ᠦᠨ ᠰᠣᠳᠤᠨ ᠪᠦᠲᠦᠭᠡᠯ᠎ᠢ ᠠᠪᠴᠢᠷᠠᠵᠤ᠂ ᠱᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ᠎ᠦᠨ ᠤᠢ᠎ᠳᠤ ᠪᠡᠯᠡᠭ ᠬᠦᠷᠭᠡᠬᠦ ᠪᠣᠯᠤᠨ᠎ᠠ!

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604