ᠥᠪᠤᠷ ᠮᠣᠩᠭᠤᠯ᠎ᠤᠨ ᠬᠡᠪᠯᠡᠯ᠎ᠦᠨ ᠪᠦᠯᠦᠭᠯᠡᠯ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠤᠷᠠᠯ ᠬᠤᠷᠠᠯᠳᠤᠪᠠ
2020.03.19

  ᠥᠪᠤᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ 3 ᠰᠠᠷ᠎ᠠ᠎ᠶᠢᠨ 19᠎ᠤ ᠡᠳᠦᠷ᠎ᠦᠨ ᠦᠳᠡ᠎ᠶᠢᠨ ᠡᠮᠦᠨ᠎ᠡ᠎ᠶᠢᠨ 9 ᠴᠠᠭ᠎ᠲᠤ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠤᠷᠠᠯᠳᠤᠭᠠᠨ ᠬᠤᠷᠠᠯᠳᠤᠭᠤᠯᠪᠠ᠃ ᠬᠤᠷᠠᠯ᠎ᠨᠢ ᠲᠦᠷᠰᠦ ᠱᠢᠩᠭᠡᠭᠡᠯᠳᠡ᠎ᠶᠢᠨ ᠬᠤᠷᠠᠯ᠎ᠤᠨ ᠬᠡᠯᠪᠡᠷᠢ᠎ᠪᠡᠷ ᠶᠠᠪᠤᠭᠳᠠᠵᠤ᠂ ᠨᠢᠭᠡ ᠭᠣᠤᠯ ᠬᠤᠷᠠᠯ᠎ᠤᠨ ᠲᠠᠯᠠᠪᠠᠢ ᠪᠠ ᠭᠤᠷᠪᠠᠨ ᠬᠤᠪᠢᠶᠠᠷᠢ ᠬᠤᠷᠠᠯ᠎ᠤᠨ ᠲᠠᠯᠠᠪᠠᠢ᠎ᠶᠢ ᠲᠣᠬᠢᠷᠠᠭᠤᠯᠵᠠᠢ᠃

ᠭᠣᠤᠯ ᠬᠤᠷᠠᠯ᠎ᠤᠨ ᠲᠠᠯᠠᠪᠠᠢ

  ᠥᠪᠤᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠨᠠᠢᠷᠠᠭᠤᠯᠤᠭᠴᠢ ᠴᠡᠴᠡᠭ ᠨᠥᠬᠦᠷ ᠬᠤᠷᠠᠯ᠎ᠢ ᠡᠷᠬᠢᠯᠡᠵᠤ᠂ ᠥᠪᠤᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠨᠥᠬᠦᠷ ᠬᠡᠪᠯᠡᠯ᠎ᠦᠨ ᠪᠦᠯᠦᠭᠯᠡᠯ᠎ᠦᠨ 2019 ᠣᠨ᠎ᠤ ᠨᠠᠮ᠎ᠦᠨ ᠪᠠᠢᠭᠤᠯᠤᠯᠲᠠ᠎ᠶᠢᠨ ᠠᠵᠢᠯ᠎ᠢ ᠪᠥᠬᠦ ᠲᠠᠯ᠎ᠠ᠎ᠪᠠᠷ ᠳ᠋ᠦᠩᠨᠠᠵᠤ᠂ 2020 ᠣᠨ᠎ᠤ ᠨᠠᠮ᠎ᠤᠨ ᠪᠠᠢᠭᠤᠯᠤᠯᠳᠠ᠎ᠶᠢᠨ ᠠᠵᠢᠯ᠎ᠳᠤ ᠨᠠᠷᠢᠨ ᠪᠠᠢᠷᠢᠯᠠᠭᠤᠯᠤᠯᠳᠠ ᠬᠢᠭᠰᠡᠨ ᠪᠠᠢᠨ᠎ᠠ᠃

ᠥᠪᠤᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠶᠠᠷᠢᠶ᠎ᠠ ᠲᠠᠯᠪᠢᠵᠤ ᠪᠠᠢᠭ᠎ᠠ᠎ᠨᠢ

  ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠨᠥᠬᠦᠷ ᠠᠵᠢᠯ᠎ᠤᠨ ᠳ᠋ᠦᠩᠨᠡᠯᠲᠡ᠎ᠳᠦ᠎ᠪᠡᠨ᠄ 《ᠬᠡᠪᠯᠡᠯ᠎ᠦᠨ ᠪᠦᠯᠦᠭᠯᠡᠯ᠎ᠨᠢ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ᠎ᠤ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠦᠵᠡᠯ ᠰᠠᠨᠠᠭ᠎ᠠ᠎ᠶᠢ ᠲᠤᠭᠤᠱᠢᠯᠠᠭᠤᠯᠵᠤ᠂ ᠰᠢ᠎ᠶᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠰᠢ᠎ᠵᠢᠨ ᠫᠢᠩ ᠶᠡᠷᠦᠩᠬᠡᠢ ᠱᠦᠵᠢ᠎ᠶᠢᠨ ᠥᠪᠤᠷ ᠮᠣᠩᠭᠤᠯ᠎ᠳᠤ ᠪᠠᠢᠴᠠᠭᠠᠨ ᠰᠤᠳᠤᠯᠤᠯᠳᠠ ᠬᠢᠬᠦ ᠦᠶ᠎ᠡ᠎ᠶᠢᠨ ᠴᠢᠬᠤᠯᠡ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠵᠤ ᠪᠠᠳᠤᠳᠠᠢ ᠲᠤᠭᠤᠱᠢᠯᠠᠭᠤᠯᠤᠨ᠂ ᠦᠪᠡᠷᠳᠡᠭᠡᠨ ᠵᠠᠰᠠᠬᠤ ᠣᠷᠤᠨ᠎ᠤ ᠨᠠᠮ᠎ᠤᠨ ᠬᠤᠷᠢᠶ᠎ᠠ ᠵᠠᠰᠠᠭ᠎ᠦᠨ ᠣᠷᠳᠤᠨ᠎ᠤ ᠱᠢᠢᠳᠪᠦᠷᠢᠲᠦ ᠪᠣᠳᠤᠯᠭ᠎ᠠ᠎ᠶᠢᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠤᠨ᠂ ᠤᠳᠤᠷᠢᠳᠤᠯᠭ᠎ᠠ᠎ᠶᠢᠨ ᠬᠡᠪ ᠳᠠᠭᠤᠷᠢᠶᠠᠯ ᠦᠵᠡᠭᠦᠯᠬᠦ᠎ᠶᠢ ᠴᠢᠩᠭᠠᠳᠭᠠᠨ᠂ ᠳᠥᠷᠪᠡᠨ ᠤᠬᠠᠮᠰᠠᠷ᠎ᠢ ᠪᠠᠲᠦ ᠪᠤᠢ ᠪᠣᠯᠭᠠᠨ᠂ ᠲᠦᠷᠪᠡᠨ ᠢᠳᠡᠭᠡᠯ᠎ᠢ ᠪᠠᠲᠤᠵᠢᠭᠤᠯᠤᠨ᠂ ᠬᠤᠶᠠᠷ᠎ᠢ ᠬᠠᠮᠠᠭᠠᠯᠠᠬᠤ᠎ᠶᠢ ᠦᠨᠡᠨᠴᠢ᠎ᠪᠠᠷ ᠦᠢᠯᠡᠳᠦᠯᠭᠡᠵᠢᠭᠦᠯᠵᠦ᠂ ᠤᠭ ᠰᠠᠨᠠᠭ᠎ᠠ᠎ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ᠎ᠪᠠᠨ ᠪᠠᠲᠦ ᠴᠡᠭᠡᠵᠢᠯᠡᠬᠦ ᠭᠣᠤᠯ ᠰᠡᠳᠦᠪᠲᠦ ᠰᠤᠷᠤᠯᠴᠠᠯᠭ᠎ᠠ᠎ᠶᠢ ᠨᠠᠷᠢᠨ ᠬᠢᠨᠠᠮᠠᠭᠠᠢ ᠥᠷᠨᠢᠭᠦᠯᠵᠦ᠂ ᠪᠦᠬᠦ ᠲᠠᠯ᠎ᠠ᠎ᠪᠡᠷ ᠨᠠᠮ᠎ᠤᠨ ᠪᠠᠢᠭᠤᠯᠤᠯᠳᠠ᠎ᠶᠢ ᠴᠢᠩᠭᠠᠳᠭᠠᠬᠤ᠎ᠶᠢ ᠲᠦᠯᠬᠢᠨ ᠠᠬᠢᠭᠤᠯᠵᠤ᠂ ᠪᠦᠯᠦᠭᠯᠡᠯ᠎ᠦᠨ ᠥᠨᠳᠦᠷ ᠬᠤᠷᠳᠤᠴᠠᠲᠦ ᠳᠡᠭᠡᠳᠦ ᠪᠠᠷᠢᠮᠵᠢᠶᠠᠲᠦ ᠭᠥᠭᠵᠢᠯᠳᠠ᠎ᠶᠢ ᠪᠠᠲᠤᠯᠠᠵᠤ᠂ ᠠᠵᠤ ᠠᠬᠤᠢᠯᠠᠯ᠎ᠤᠨ ᠠᠮᠢᠯᠠᠯ᠎ᠤᠨ ᠬᠦᠴᠦᠨ ᠪᠠ ᠭᠥᠭᠵᠢᠯᠳᠠ᠎ᠶᠢᠨ ᠬᠦᠴᠦᠨ᠎ᠢ ᠤᠯᠠᠮ ᠨᠢᠭᠡ ᠠᠯᠬᠤᠮ ᠨᠡᠮᠡᠭᠳᠡᠭᠦᠯᠦᠭᠰᠡᠭᠡᠷ ᠢᠷᠡᠵᠠᠢ ᠭᠡᠪᠠ᠃

ᠥᠪᠤᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠨᠠᠢᠷᠠᠭᠤᠯᠤᠭᠴᠢ ᠴᠡᠴᠡᠭ

  ᠳ᠋ᠦᠩᠨᠡᠯᠲᠡ᠎ᠪᠡᠨ ᠵᠢᠷᠭᠤᠭᠠᠨ ᠲᠠᠯ᠎ᠠ᠎ᠡᠴᠡ ᠳᠡᠭᠡᠲᠦ ᠬᠡᠮᠵᠢᠶ᠎ᠡ᠎ᠪᠡᠷ ᠬᠤᠷᠢᠶᠠᠩᠭᠤᠢᠯᠠᠵᠠᠢ᠄ ᠨᠢᠭᠡ᠎ᠳᠦ᠂ ᠭᠣᠤᠯ ᠴᠣᠭᠴᠠ᠎ᠶᠢᠨ ᠡᠭᠦᠷᠭᠡ ᠬᠠᠷᠢᠭᠤᠴᠠᠯᠭ᠎ᠠ᠎ᠪᠠᠨ ᠠᠳᠭᠤᠵᠤ᠂ ᠨᠠᠮ᠎ᠤᠨ ᠤᠳᠤᠷᠢᠳᠭᠤ ᠦᠢᠯᠡᠳᠤᠯ᠎ᠢ ᠪᠠᠳᠠᠷᠠᠭᠤᠯᠪᠠ᠃ ᠬᠤᠶᠠᠷ᠎ᠲᠤ᠂ ᠭᠣᠤᠯ ᠰᠠᠳᠤᠪᠲᠦ ᠬᠥᠮᠦᠵᠢᠯ᠎ᠢ ᠠᠳᠭᠤᠵᠤ᠂ ᠤᠯᠤᠰ ᠲᠥᠷᠦ᠎ᠶᠢᠨ ᠡᠭᠦᠷᠭᠡᠯᠡᠯ᠎ᠢ ᠤᠯᠠᠮ ᠨᠢᠭᠡ ᠠᠯᠬᠤᠮ ᠴᠢᠩᠭᠠᠳᠭᠠᠪᠠ᠃ ᠭᠤᠷᠪᠠ᠎ᠳᠤ᠂ ᠵᠣᠬᠢᠶᠠᠨ ᠪᠠᠢᠭᠤᠯᠤᠯᠲᠠ᠎ᠶᠢᠨ ᠪᠠᠢᠭᠤᠯᠤᠯᠳᠠ᠎ᠶᠢ ᠠᠳᠭᠤᠵᠤ᠂ ᠨᠠᠮ᠎ᠤᠨ ᠡᠭᠦᠷ᠎ᠦᠨ ᠠᠵᠢᠯ᠎ᠢ ᠦᠷᠭᠦᠯᠵᠢᠯᠡᠨ ᠳᠦᠷᠢᠮᠵᠢᠭᠦᠯᠪᠡ᠃ ᠳᠥᠷᠪᠡ᠎ᠳᠦ᠂ ᠱᠢᠨ᠎ᠡ᠎ᠶᠢ ᠡᠭᠦᠳᠬᠦ᠎ᠶᠢ ᠠᠳᠭᠤᠵᠤ᠂ ᠨᠠᠮ᠎ᠤᠨ ᠪᠠᠢᠭᠤᠯᠤᠯᠳᠠ᠎ᠶᠢᠨ ᠬᠥᠳᠡᠯᠭᠡᠭᠡᠨ᠎ᠦ ᠤᠯᠠᠨ ᠶᠠᠩᠵᠤᠲᠦ ᠴᠢᠨᠠᠷ᠎ᠢ ᠪᠠᠲᠤᠯᠠᠪᠠ᠃ ᠲᠠᠪᠤ᠎ᠳᠤ᠂ ᠦᠵᠡᠯ ᠤᠬᠠᠮᠰᠠᠷ᠎ᠤᠨ ᠬᠡᠯᠪᠡᠷᠢ᠎ᠶᠢ ᠠᠳᠭᠤᠵᠤ᠂ ᠠᠵᠢᠯ ᠦᠢᠯᠡᠰ ᠴᠣᠭᠴᠠᠯᠠᠬᠤ ᠤᠷᠮ᠎ᠠ ᠵᠣᠷᠢᠭ᠎ᠢ ᠬᠦᠭᠵᠢᠭᠡᠪᠠ᠃ ᠵᠢᠷᠭᠤᠭ᠎ᠠ᠎ᠳᠤ᠂ ᠰᠠᠬᠢᠯᠭ᠎ᠠ ᠪᠠᠲᠦ᠎ᠶᠢᠨ ᠪᠠᠢᠭᠤᠯᠤᠯᠳᠠ᠎ᠶᠢ ᠠᠳᠭᠤᠵᠤ᠂ ᠨᠠᠮ᠎ᠤᠨ ᠬᠠᠮᠢᠶᠠᠷᠤᠯᠲᠠ ᠨᠠᠮ᠎ᠤᠨ ᠴᠡᠭᠴᠡᠯᠡᠯᠳᠡ᠎ᠶᠢ ᠪᠦᠬᠦ ᠲᠠᠯ᠎ᠠ᠎ᠪᠠᠷ ᠴᠢᠩᠭᠠᠳᠭᠠᠵᠠᠢ᠃

  2020 ᠣᠨ᠎ᠤ ᠨᠠᠮ᠎ᠤᠨ ᠪᠠᠢᠭᠤᠯᠤᠯᠳᠠ᠎ᠶᠢᠨ ᠠᠵᠢᠯ᠎ᠤᠨ ᠪᠠᠢᠷᠢᠯᠠᠭᠤᠯᠤᠯᠲᠠ᠎ᠳᠤ᠎ᠪᠠᠨ᠂ 2020 ᠣᠨ ᠪᠣᠯ 《ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠦᠪᠵᠢᠭᠦᠯᠭᠡ᠎ᠶᠢᠨ ᠰᠡᠭᠦᠯ ᠬᠤᠷᠢᠶᠠᠬᠤ ᠵᠢᠯ ᠮᠦᠷᠳᠡᠭᠡᠨ ᠬᠡᠪᠯᠡᠯ᠎ᠦᠨ ᠪᠦᠯᠦᠭᠯᠡᠯ᠎ᠦᠨ ᠥᠭᠡᠷᠡᠴᠢᠯᠡᠯᠲᠡ ᠭᠦᠭᠵᠢᠯᠳᠡ᠎ᠶᠢᠨ ᠶᠠᠪᠤᠴᠠ᠎ᠳᠡᠬᠢ ᠴᠢᠬᠤᠯᠡ ᠨᠢᠭᠡᠨ ᠵᠢᠯ ᠮᠥᠨ᠃ ᠬᠡᠪᠯᠡᠯ᠎ᠦᠨ ᠪᠦᠯᠦᠭᠯᠡᠯ᠎ᠦᠨ 2020 ᠣᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠡᠷᠦᠩᠬᠡᠢ ᠱᠠᠭᠠᠷᠳᠠᠯᠭ᠎ᠠ ᠪᠣᠯ᠄ ᠰᠢ᠎ᠶᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠦᠵᠡᠯ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠨᠢᠭᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠱᠢᠯᠠᠭᠤᠯᠵᠤ᠂ᠳᠥᠷᠪᠡᠨ ᠤᠬᠠᠮᠰᠠᠷ᠎ᠢ ᠪᠠᠲᠦ ᠪᠤᠢ ᠪᠣᠯᠭᠠᠨ᠂ ᠲᠦᠷᠪᠡᠨ ᠢᠳᠡᠭᠡᠯ᠎ᠢ ᠪᠠᠲᠤᠵᠢᠭᠤᠯᠤᠨ᠂ ᠬᠤᠶᠠᠷ᠎ᠢ ᠬᠠᠮᠠᠭᠠᠯᠠᠬᠤ᠎ᠶᠢ ᠦᠨᠡᠨᠴᠢ᠎ᠪᠠᠷ ᠦᠢᠯᠡᠳᠦᠯᠭᠡᠵᠢᠭᠦᠯᠵᠦ᠂ ᠨᠠᠮ᠎ᠤᠨ ᠤᠯᠤᠰ ᠲᠥᠷᠦ᠎ᠶᠢᠨ ᠵᠣᠬᠢᠶᠠᠨ ᠪᠠᠢᠭᠤᠯᠤᠯᠲᠠ᠎ᠪᠠᠷ ᠵᠢᠯᠤᠭᠤᠳᠤᠭᠤᠯᠵᠤ᠂ ᠤᠭ ᠰᠠᠨᠠᠭ᠎ᠠ᠎ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ᠎ᠪᠠᠨ ᠪᠠᠲᠦ ᠴᠡᠭᠡᠵᠢᠯᠡᠬᠦ᠎ᠪᠠᠷ ᠨᠠᠮ᠎ᠤᠨ ᠪᠠᠢᠭᠤᠯᠤᠯᠲᠠ᠎ᠶᠢ ᠴᠢᠩᠭᠠᠳᠭᠠᠬᠤ ᠦᠨᠢᠲᠡ᠎ᠶᠢᠨ ᠰᠤᠷᠭᠠᠯ᠂ ᠪᠥᠬᠦ ᠨᠠᠮ᠎ᠤᠨ ᠬᠡᠱᠢᠬᠦᠨ ᠺᠠᠳ᠋ᠷ ᠠᠵᠢᠯᠳᠠᠨ᠎ᠤ ᠨᠠᠰᠤᠨ ᠳᠤᠷᠱᠢᠳᠡ᠎ᠶᠢᠨ ᠰᠤᠷᠤᠯᠴᠠᠬᠤ ᠬᠠᠷᠠᠯᠳᠠ᠎ᠪᠠᠨ ᠪᠣᠯᠭᠠᠨᠳᠤᠮᠳᠠᠳᠦ ᠤᠯᠤᠰ᠎ᠤᠨ ᠡᠪ ᠬᠠᠮᠲᠦ ᠨᠠᠮ᠎ᠤᠨ ᠤᠬᠠᠭᠤᠯᠭ᠎ᠠ᠎ᠶᠢᠨ ᠠᠵᠢᠯ᠎ᠤᠨ ᠲᠦᠷᠢᠮ ᠳᠤᠮᠳᠠᠳᠦ ᠤᠯᠤᠰ᠎ᠤᠨ ᠡᠪ ᠬᠠᠮᠲᠦ ᠨᠠᠮ᠎ᠤᠨ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠦᠨᠳᠦᠰᠦᠨ ᠱᠠᠳᠤᠨ᠎ᠤ ᠵᠣᠬᠢᠶᠠᠨ ᠪᠠᠢᠭᠤᠯᠤᠯᠲᠠ᠎ᠶᠢᠨ ᠠᠵᠢᠯ᠎ᠤᠨ ᠲᠦᠷᠢᠮ᠎ᠢ ᠭᠦᠨᠵᠡᠭᠡᠢ ᠲᠤᠭᠤᠱᠢᠯᠠᠭᠤᠯᠤᠨ᠂ ᠨᠠᠮ᠎ᠤᠨ ᠤᠯᠤᠰ ᠲᠥᠷᠦ᠂ ᠦᠵᠡᠯ ᠰᠠᠨᠠᠭ᠎ᠠ᠂ ᠵᠣᠬᠢᠶᠠᠨ ᠪᠠᠢᠭᠤᠯᠤᠯᠲᠠ᠂ ᠰᠤᠷᠳᠠᠯ᠎ᠤᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠴᠢᠩᠭᠠᠳᠭᠠᠵᠤ᠂ ᠦᠨᠳᠦᠰᠦᠨ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠥᠷᠦ᠎ᠶᠢᠨ ᠤᠳᠤᠷᠢᠳᠭᠤ ᠴᠢᠳᠠᠪᠤᠷᠢ᠂ ᠵᠣᠬᠢᠶᠠᠨ ᠪᠠᠢᠭᠤᠯᠤᠯᠲᠠ᠎ᠶᠢᠨ ᠪᠦᠷᠬᠦᠴᠡ᠂ ᠠᠷᠠᠳ ᠤᠯᠠᠨ᠎ᠤ ᠪᠦᠯᠬᠦᠮᠳᠡᠯ᠎ᠤᠨ ᠬᠦᠴᠦᠨ᠂ ᠬᠦᠭᠵᠢᠯᠳᠠ᠎ᠶᠢ ᠠᠬᠢᠭᠤᠯᠬᠤ ᠬᠦᠴᠦᠨ ᠪᠠ ᠱᠢᠨ᠎ᠡ᠎ᠶᠢ ᠡᠭᠦᠳᠬᠦ ᠴᠢᠳᠠᠪᠤᠷᠢ᠎ᠶᠢ ᠦᠨᠡᠨ᠎ᠬᠦ ᠳᠡᠭᠡᠭᠱᠢᠯᠡᠭᠦᠯᠵᠦ᠂ ᠨᠠᠮ᠎ᠤᠨ ᠪᠠᠢᠭᠤᠯᠤᠯᠲᠠ᠎ᠶᠢᠨ ᠱᠢᠰᠲᠧᠮᠲᠦ ᠴᠢᠨᠠᠷ᠂ ᠲᠦᠷᠢᠮᠵᠢᠭᠦᠨ ᠴᠢᠨᠠᠷ ᠪᠠ ᠱᠢᠨᠵᠢᠯᠡᠬᠦ ᠤᠬᠠᠭᠠᠨᠴᠢ ᠴᠢᠨᠠᠷ᠎ᠤᠨ ᠬᠢᠷᠢ ᠲᠦᠪᠱᠢᠨ᠎ᠢ ᠤᠯᠠᠮ ᠨᠢᠭᠡ ᠠᠯᠬᠤᠮ ᠳᠡᠭᠡᠭᠱᠢᠯᠡᠬᠦᠯᠵᠤ᠂ ᠬᠡᠪᠯᠡᠯ᠎ᠦᠨ ᠪᠦᠯᠦᠭᠯᠡᠯ᠎ᠦᠨ ᠦᠷᠭᠦᠯᠵᠢᠯᠡᠨ ᠭᠥᠭᠵᠢᠬᠦ᠎ᠳᠤ ᠤᠯᠤᠰ ᠲᠥᠷᠦ᠂ ᠦᠵᠡᠯ ᠰᠠᠨᠠᠭ᠎ᠠ᠂ ᠵᠣᠬᠢᠶᠠᠨ ᠪᠠᠢᠭᠤᠯᠤᠯᠲᠠ᠎ᠶᠢᠨ ᠪᠠᠳᠤᠳᠠᠢ ᠪᠠᠲᠤᠯᠠᠭ᠎ᠠ ᠬᠠᠩᠭᠠᠨ᠎ᠠ ᠬᠡᠮᠡᠨ ᠢᠯᠡᠷᠬᠡᠢᠯᠡᠪᠠ᠃

  ᠠᠵᠢᠯ᠎ᠤᠨ ᠪᠠᠢᠷᠢᠯᠠᠭᠤᠯᠤᠯᠳᠠ᠎ᠪᠠᠨ ᠳᠣᠯᠤᠭᠠᠨ ᠲᠠᠯ᠎ᠠ  (21 ᠵᠤᠷᠪᠤᠰ) ᠎ᠪᠠᠷ ᠬᠤᠷᠢᠶᠠᠩᠭᠤᠢᠯᠠᠵᠠᠢ᠄ ᠨᠢᠭᠡ᠎ᠳᠦ᠂ 《ᠲᠦᠷᠪᠡᠨ ᠤᠬᠠᠮᠰᠠᠷ᠎ᠢ ᠪᠠᠳᠤᠳᠠᠢ ᠴᠢᠩᠭᠠᠳᠭᠠᠵᠤ᠂ ᠨᠠᠮ᠎ᠤᠨ ᠤᠯᠤᠰ ᠲᠥᠷᠦ᠎ᠶᠢᠨ ᠪᠦᠲᠦᠭᠡᠨ ᠪᠠᠢᠭᠤᠯᠤᠯᠲᠠ᠎ᠶᠢ ᠯᠠᠪᠳᠠᠭᠤᠨ ᠠᠬᠢᠭᠤᠯᠤᠨ᠎ᠠ᠃ ᠬᠤᠶᠠᠷ᠎ᠲᠤ᠂ ᠣᠷᠤᠯᠳᠤᠯᠭ᠎ᠠ ᠰᠤᠷᠤᠯᠴᠠᠯᠭ᠎ᠠ ᠲᠤᠭᠤᠱᠢᠯᠠᠭᠤᠯᠭ᠎ᠠ ᠳᠡᠭᠡᠷ᠎ᠡ ᠬᠦᠴᠦ ᠲᠠᠯᠪᠢᠵᠤ᠂ ᠰᠢ᠎ᠶᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠵᠤ ᠪᠠᠳᠤᠳᠠᠢ ᠲᠤᠭᠤᠱᠢᠯᠠᠭᠤᠯᠤᠨ᠎ᠠ᠃ ᠭᠤᠷᠪᠠ᠎ᠳᠤ᠂ ᠦᠨᠳᠦᠰᠦᠨ ᠱᠠᠳᠤᠨ᠎ᠤ ᠨᠠᠮ᠎ᠤᠨ ᠡᠭᠦᠷ᠎ᠦᠨ ᠴᠣᠭᠴᠠᠯᠠᠨ ᠪᠠᠢᠭᠤᠯᠤᠯᠲᠠ᠎ᠶᠢ ᠴᠢᠩᠭᠠᠳᠭᠠᠵᠤ᠂ ᠪᠦᠯᠦᠭᠯᠡᠯ᠎ᠦᠨ ᠦᠨᠳᠦᠰᠦᠨ ᠱᠠᠳᠤᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ ᠪᠥᠬᠦ ᠲᠠᠯ᠎ᠠ᠎ᠪᠠᠷ ᠪᠠᠲᠤᠳᠭᠠᠨ᠎ᠠ᠃ ᠳᠦᠷᠪᠠ᠎ᠳᠤ᠂ ᠦᠷᠭᠦᠯᠵᠢᠯᠡᠨ ᠲᠥᠪ ᠴᠢᠬᠡᠴᠢ ᠰᠠᠬᠢᠯᠭ᠎ᠠ ᠪᠠᠲᠦ᠎ᠶᠢ ᠪᠠᠷᠢᠮᠳᠠᠯᠠᠨ᠂ ᠨᠠᠮ ᠵᠠᠰᠠᠭ᠎ᠤᠨ ᠰᠤᠷᠳᠠᠯ᠎ᠤᠨ ᠪᠠᠢᠭᠤᠯᠤᠯᠲᠠ᠎ᠶᠢ ᠪᠥᠬᠦ ᠲᠠᠯ᠎ᠠ᠎ᠡᠴᠡ ᠭᠦᠨᠴᠡ᠎ᠲᠠᠢ ᠳᠦᠯᠬᠢᠨ ᠠᠬᠢᠭᠤᠯᠤᠨ᠎ᠠ᠃ ᠲᠠᠪᠤ᠎ᠳᠤ᠂ ᠲᠦᠷᠢᠮ ᠳᠤᠭᠳᠠᠭᠠᠯ᠎ᠤᠨ ᠪᠦᠳᠦᠭᠡᠨ ᠪᠠᠢᠭᠤᠯᠤᠯᠲᠠ᠎ᠶᠢ ᠴᠢᠩᠭᠠᠳᠭᠠᠵᠤ᠂ ᠨᠠᠮ᠎ᠤᠨ ᠪᠠᠢᠭᠤᠯᠤᠯᠲᠠ᠎ᠶᠢᠨ ᠠᠵᠢᠯ᠎ᠢ ᠠᠯᠬᠤᠮ ᠳᠠᠷᠠᠭ᠎ᠠ ᠳᠤᠳᠤᠷᠬᠠᠢ᠂ ᠥᠨᠳᠦᠷ ᠪᠦᠲᠦᠮᠵᠢᠲᠠᠢ ᠠᠬᠢᠭᠤᠯᠤᠨ᠎ᠠ᠃ ᠵᠢᠷᠭᠤᠭ᠎ᠠ᠎ᠳᠤ᠂ ᠤᠯᠤᠰ ᠲᠥᠷᠦ᠎ᠶᠢᠨ ᠬᠥᠲᠦᠯᠬᠦ ᠬᠦᠴᠦᠨ᠎ᠢ ᠴᠢᠩᠭᠠᠳᠭᠠᠵᠤ᠂ ᠤᠯᠠᠨ ᠲᠦᠮᠡᠨ᠎ᠦ ᠠᠵᠢᠯ᠎ᠢ ᠪᠤᠳᠠᠳᠠᠢ ᠲᠦᠯᠬᠢᠨ ᠠᠬᠢᠭᠤᠯᠤᠨ᠎ᠠ᠃ ᠳᠣᠯᠤᠭ᠎ᠠ᠎ᠳᠤ᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠪᠦᠯᠦᠭᠯᠡᠯ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠲᠦᠯᠬᠢᠨ ᠠᠬᠢᠭᠤᠯᠬᠤ ᠬᠦᠴᠦᠲᠦ ᠡᠩᠨᠡᠭᠡ᠎ᠶᠢ ᠪᠦᠷᠢᠯᠳᠦᠭᠦᠯᠬᠦ ᠬᠡᠷᠡᠭᠳᠠᠢ ᠬᠡᠵᠠᠢ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604