ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠤᠨ 2020 ᠣᠨ᠎ᠤ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢᠭᠤᠯᠤᠯᠳᠠ ᠵᠢᠴᠢ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠤᠨ ᠬᠤᠷᠠᠯ
2020.03.19

2020 ᠣᠨ᠎ᠤ 3 ᠰᠠᠷ᠎ᠠ᠎ᠶᠢᠨ 19 ᠎ᠤ ᠦᠳᠡ᠎ᠶᠢᠨ ᠡᠮᠦᠨ᠎ᠡ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ 2020 ᠣᠨ᠎ᠤ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢᠭᠤᠯᠤᠯᠳᠠ ᠵᠢᠴᠢ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠤᠨ ᠬᠤᠷᠠᠯᠳᠤᠭᠠᠨ᠎ᠢ ᠬᠤᠷᠠᠯᠳᠤᠭᠤᠯᠵᠦ᠂ ᠬᠡᠪᠯᠡᠯ᠎ᠦᠨ ᠪᠦᠯᠦᠭᠯᠡᠯ᠎ᠦᠨ 2019 ᠣᠨ᠎ᠤ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢᠭᠤᠯᠤᠯᠳᠠ ᠵᠢᠴᠢ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠢ ᠳ᠋ᠦᠩᠨᠡᠨ᠂ 2020 ᠣᠨ᠎ᠤ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢᠭᠤᠯᠤᠯᠳᠠ ᠵᠢᠴᠢ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠠᠵᠢᠯ᠎ᠤᠨ ᠡᠭᠦᠷᠭᠡ᠎ᠳᠤ ᠪᠠᠢᠷᠢᠯᠠᠭᠤᠯᠤᠯᠳᠠ ᠬᠢᠪᠡ᠃ ᠦᠪᠡᠷᠳᠡᠬᠡᠨ ᠵᠠᠰᠠᠬᠤ ᠣᠷᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠤᠨ ᠨᠠᠮ᠎ᠤᠨ ᠬᠣᠷᠢᠶᠠᠨ᠎ᠤ ᠤᠬᠠᠭᠤᠯᠬᠤ ᠬᠡᠯᠳᠡᠰ᠎ᠲᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠡᠳ᠋ ᠳᠠᠷᠤᠭ᠎ᠠ ᠮᠠ ᠵᠢᠶᠦ᠋ᠨ ᠸᠸᠢ᠂ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠬᠤᠷᠠᠯ᠎ᠳᠤ ᠰᠠᠭᠠᠳᠠᠪᠠ᠃ ᠪᠦᠯᠦᠭᠯᠡᠯ᠎ᠦᠨ ᠶᠡᠷᠦᠩᠬᠡᠢ ᠨᠠᠢᠷᠠᠭᠤᠯᠤᠭᠴᠢ ᠴᠡᠴᠡᠭ ᠬᠤᠷᠠᠯ ᠡᠷᠬᠢᠯᠡᠵᠦ᠂ ᠪᠦᠯᠦᠭᠯᠡᠯ᠎ᠦᠨ ᠰᠠᠬᠢᠯᠭ᠎ᠠ ᠪᠠᠳᠤ ᠪᠠᠢᠴᠠᠭᠠᠬᠤ ᠬᠣᠷᠢᠶᠠᠨ᠎ᠤ ᠱᠦᠵᠢ ᠯᠢ ᠮᠸᠩ ᡁᠢ ᠠᠵᠢᠯ᠎ᠦᠨ ᠬᠠᠷᠢᠭᠤ ᠮᠡᠳᠡᠬᠦᠯᠦᠯᠳᠡ ᠬᠢᠬᠦ᠎ᠶᠢᠨ ᠬᠠᠮᠳᠤ᠂ ᠳᠠᠷᠠᠭ᠎ᠠ ᠠᠯᠬᠤᠮ᠎ᠤᠨ ᠭᠣᠤᠯᠳᠠᠯᠭ᠎ᠠ᠎ᠲᠠᠢ ᠠᠵᠢᠯ᠎ᠳᠤ ᠪᠠᠢᠷᠢᠯᠠᠭᠤᠯᠤᠯᠳᠠ ᠬᠢᠵᠡᠢ᠃ ᠬᠢᠵᠢᠭ᠎ᠤᠨ ᠪᠠᠢᠳᠠᠯ᠎ᠢ ᠰᠡᠷᠭᠡᠢᠯᠡᠬᠦ ᠴᠢᠬᠤᠯᠠ ᠱᠠᠭᠠᠷᠳᠠᠯᠭ᠎ᠠ᠎ᠠᠴᠠ ᠪᠣᠯᠵᠤ ᠬᠤᠷᠠᠯᠳᠤᠭᠠᠨ᠎ᠢ ᠭᠣᠤᠯ ᠬᠤᠷᠠᠯ᠎ᠤᠨ ᠳᠠᠯᠠᠪᠠᠢ ᠪᠣᠯᠤᠨ ᠬᠤᠪᠢᠶᠠᠷᠢ ᠬᠤᠷᠠᠯ᠎ᠤᠨ ᠳᠠᠯᠠᠪᠠᠢ ᠬᠤᠪᠢᠶᠠᠵᠦ ᠬᠤᠷᠠᠯ᠎ᠤᠨ ᠠᠭᠤᠯᠭ᠎ᠠ᠎ᠶᠢ ᠰᠦᠯᠵᠢᠶ᠎ᠡ᠎ᠪᠠᠷ ᠳᠠᠮᠵᠢᠭᠤᠯᠤᠨ ᠡᠯ᠎ᠡ ᠬᠤᠪᠢᠶᠠᠷᠢ ᠬᠤᠷᠠᠯ᠎ᠤᠨ ᠳᠠᠯᠠᠪᠠᠢ᠎ᠳᠤ ᠱᠢᠭᠤᠳ ᠨᠡᠪᠳᠡᠷᠡᠬᠦᠯᠵᠡᠢ

 

 

            ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ
            ᠬᠡᠷᠡᠭ ᠮᠡᠳᠡᠭᠴᠢᠳ᠎ᠦᠨ ᠳᠠᠷᠤᠭ᠎ᠠ   ᠱᠤᠸᠠᠩ ᠯᠦᠩ

  

 

            ᠦᠪᠡᠷᠳᠡᠬᠡᠨ ᠵᠠᠰᠠᠬᠤ ᠣᠷᠤᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ
            ᠬᠢᠨᠠᠨ ᠪᠠᠢᠴᠠᠭᠠᠬᠤ ᠵᠥᠪᠯᠡᠯ᠎ᠤᠨ ᠨᠠᠮ᠎ᠤᠨ ᠬᠣᠷᠢᠶᠠᠨ᠎ᠤ ᠤᠬᠠᠭᠤᠯᠬᠤ
            ᠬᠡᠯᠳᠡᠰ᠎ᠲᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ
            ᠳᠤᠭᠤᠢᠯᠠᠩ᠎ᠤᠨ ᠳᠡᠳ᠋ ᠳᠠᠷᠤᠭ᠎ᠠ   ᠮᠠ ᠵᠢᠶᠦ᠋ᠨ ᠸᠸᠢ

  

 

  ᠯᠢ ᠮᠸᠩ ᡁᠢ ᠶᠠᠷᠢᠭᠰᠠᠨ᠎ᠨᠢ᠂ 2019 ᠣᠨ᠎ᠳᠤ ᠦᠪᠡᠷᠳᠡᠬᠡᠨ ᠵᠠᠰᠠᠬᠤ ᠣᠷᠤᠨ᠎ᠤ ᠰᠠᠬᠢᠯᠭ᠎ᠠ ᠪᠠᠳᠤ ᠪᠠᠢᠴᠠᠭᠠᠬᠤ ᠬᠣᠷᠢᠶ᠎ᠠ ᠪᠣᠯᠤᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠣᠤᠷ᠎ᠠ ᠪᠦᠯᠦᠭᠯᠡᠯ᠎ᠦᠨ ᠰᠠᠬᠢᠯᠭ᠎ᠠ ᠪᠠᠳᠤ ᠪᠠᠢᠴᠠᠭᠠᠬᠤ ᠬᠣᠷᠢᠶ᠎ᠠ᠎ᠨᠢ ᠰᠢ᠎ᠵᠢᠨ ᠫᠢᠩ᠎ᠤᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠡᠷ ᠵᠢᠯᠤᠭᠤᠳᠤᠯᠭ᠎ᠠ ᠪᠣᠯᠭᠠᠵᠤ᠂ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠳᠤ ᠪᠠᠢᠴᠠᠭᠠᠬᠤ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ ᠪᠣᠯᠤᠨ ᠦᠪᠡᠷᠳᠡᠬᠡᠨ ᠵᠠᠰᠠᠬᠤ ᠣᠷᠤᠨ᠎ᠤ ᠰᠠᠬᠢᠯᠭ᠎ᠠ ᠪᠠᠳᠤ ᠪᠠᠢᠴᠠᠭᠠᠬᠤ ᠬᠣᠷᠢᠶᠠᠨ᠎ᠤ ᠠᠷᠪᠠᠳᠤᠭᠠᠷ ᠬᠤᠭᠤᠴᠠᠭᠠᠨ᠎ᠤ ᠳᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠬᠦᠨᠵᠡᠬᠡᠢ ᠳᠤᠭᠤᠱᠢᠯᠠᠭᠤᠯᠤᠨ ᠨᠠᠢᠳᠠᠪᠤᠷᠢᠵᠢᠭᠤᠯᠵᠦ᠂ 《ᠳᠥᠷᠪᠡᠨ ᠤᠬᠠᠮᠰᠠᠷ》᠎ᠢ᠎ᠴᠢᠩᠭᠠᠳᠭᠠᠨ᠂ 《ᠳᠥᠷᠪᠡᠨ ᠢᠳᠡᠭᠡᠯ》᠎ᠢ ᠪᠠᠲᠤᠵᠢᠭᠤᠯᠵᠤ᠂ 《ᠬᠤᠶᠠᠷ᠎ᠢ ᠬᠠᠮᠠᠭᠠᠯᠠᠬᠤ》᠎ᠶᠢ ᠦᠨᠡᠨᠴᠢ᠎ᠪᠡᠷ ᠦᠢᠯᠡᠳᠦᠯᠭᠡᠵᠢᠭᠦᠯᠵᠦ ᠯᠠᠪᠳᠠᠭᠤᠨ ᠪᠠᠳᠤᠳᠠᠢ ᠤᠷᠤᠭᠱᠢᠯᠠᠬᠤ ᠠᠵᠢᠯ᠎ᠤᠨ ᠵᠠᠷᠴᠢᠮ᠎ᠢ ᠪᠠᠷᠢᠮᠳᠠᠯᠠᠵᠤ᠂ ᠨᠠᠮ᠎ᠤᠨ ᠳᠦᠷᠢᠮ ᠪᠣᠯᠤᠨ ᠦᠨᠳᠦᠰᠦᠨ ᠬᠠᠤᠯᠢ᠎ᠡᠴᠡ ᠣᠯᠭᠤᠭᠰᠠᠨ ᠬᠢᠨᠠᠯᠳᠠ ᠳᠠᠯᠪᠢᠬᠤ ᠳᠤᠱᠢᠶᠠᠯ ᠬᠠᠷᠢᠭᠤᠴᠠᠯᠭ᠎ᠠ᠎ᠶᠢ ᠦᠨᠡᠨᠴᠢ᠎ᠪᠡᠷ ᠬᠦᠢᠴᠡᠳᠬᠡᠵᠦ᠂ ᠨᠠᠮ᠎ᠤᠨ ᠤᠯᠤᠰ ᠳᠦᠷᠦ᠎ᠶᠢᠨ ᠪᠦᠳᠦᠬᠡᠨ ᠪᠠᠢᠭᠤᠯᠤᠯᠳᠠ᠎ᠪᠡᠷ ᠶᠡᠷᠦᠩᠬᠡᠢ ᠵᠢᠯᠤᠭᠤᠳᠤᠯᠭ᠎ᠠ ᠪᠣᠯᠭᠠᠨ᠂ ᠨᠠᠮ᠎ᠡᠴᠡ ᠨᠠᠮ᠎ᠢ ᠬᠠᠮᠢᠶᠠᠷᠬᠤ ᠪᠠ ᠨᠠᠮ᠎ᠢ ᠪᠦᠬᠦ ᠲᠠᠯ᠎ᠠ᠎ᠪᠡᠷ ᠴᠢᠩᠭ᠎ᠠ ᠵᠠᠰᠠᠬᠤ᠎ᠶᠢ ᠠᠬᠢᠭᠤᠯᠤᠨ᠂ 《ᠤᠭ ᠰᠠᠨᠠᠭ᠎ᠠ᠎ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠬᠡᠵᠢᠯᠡᠬᠦ》 ᠭᠣᠤᠯ ᠰᠡᠳᠦᠪᠳᠤ ᠬᠥᠮᠦᠵᠢᠯ᠎ᠢ ᠥᠷᠨᠢᠭᠦᠯᠵᠦ᠂ ᠬᠡᠪ ᠰᠤᠷᠳᠠᠯ᠎ᠢ ᠲᠦᠪᠱᠢᠷᠡᠭᠦᠯᠦᠨ ᠰᠠᠬᠢᠯᠭ᠎ᠠ ᠪᠠᠳᠤ᠎ᠶᠢ ᠴᠢᠩᠭᠠᠳᠭᠠᠬᠤ᠎ᠶᠢ ᠭᠤᠢᠪᠢᠱᠢ᠎ᠦᠭᠡᠢ ᠪᠠᠷᠢᠮᠳᠠᠯᠠᠵᠦ᠂ ᠪᠦᠯᠦᠭᠯᠡᠯ᠎ᠦᠨ ᠨᠠᠮ᠎ᠤᠨ ᠬᠣᠷᠢᠶ᠎ᠠ᠎ᠶᠢ ᠬᠠᠮᠵᠢᠨ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢᠭᠤᠯᠤᠯᠳᠠ ᠪᠣᠯᠤᠨ ᠢᠯᠵᠡᠷᠡᠯ᠎ᠢ ᠡᠰᠡᠷᠭᠦᠴᠡᠬᠦ ᠠᠵᠢᠯ᠎ᠢ ᠬᠦᠨᠵᠡᠬᠡᠢᠷᠡᠬᠦᠯᠵᠦ᠂ ᠲᠥᠪ ᠴᠢᠬᠡᠴᠢ ᠬᠡᠪ ᠰᠤᠷᠳᠠᠯ ᠪᠦᠬᠦᠢ ᠤᠯᠤᠰ ᠳᠦᠷᠦ᠎ᠶᠢᠨ ᠠᠮᠢ ᠠᠬᠤᠢ ᠪᠣᠯᠤᠨ ᠠᠵᠢᠯ᠎ᠳᠤ᠎ᠪᠠᠨ ᠱᠢᠮᠳᠠᠵᠦ ᠦᠢᠯᠡᠰ ᠪᠣᠰᠭᠠᠬᠤ ᠰᠠᠢᠨ ᠰᠠᠢᠬᠠᠨ ᠣᠷᠴᠢᠨ ᠲᠣᠭᠤᠷᠢᠨ᠎ᠢ ᠢᠳᠡᠪᠬᠢᠳᠡᠢ᠎ᠪᠡᠷ ᠴᠣᠭᠴᠠᠯᠠᠪᠠ᠃

 

 

            ᠪᠦᠯᠦᠭᠯᠡᠯ᠎ᠦᠨ ᠰᠠᠬᠢᠯᠭ᠎ᠠ ᠪᠠᠳᠤ ᠪᠠᠢᠴᠠᠭᠠᠬᠤ ᠬᠣᠷᠢᠶᠠᠨ᠎ᠤ ᠱᠦᠵᠢ

            ᠯᠢ ᠮᠸᠩ ᡁᠢ ᠠᠵᠢᠯ᠎ᠦᠨ ᠮᠡᠳᠡᠬᠦᠯᠦᠯᠳᠡ ᠬᠢᠪᠡ

 

            ᠪᠦᠯᠦᠭᠯᠡᠯ᠎ᠦᠨ ᠶᠡᠷᠦᠩᠬᠡᠢ ᠨᠠᠢᠷᠠᠭᠤᠯᠤᠭᠴᠢ ᠴᠡᠴᠡᠭ ᠬᠤᠷᠠᠯ ᠡᠷᠬᠢᠯᠡᠪᠡ

 

  ᠪᠦᠯᠦᠭᠯᠡᠯ᠎ᠦᠨ ᠰᠠᠬᠢᠯᠭ᠎ᠠ ᠪᠠᠳᠤ ᠪᠠᠢᠴᠠᠭᠠᠬᠤ ᠬᠣᠷᠢᠶᠠᠨ᠎ᠤ ᠱᠦᠵᠢ ᠯᠢ ᠮᠸᠩ ᡁᠢ᠂ 2019 ᠣᠨ᠎ᠤ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢᠭᠤᠯᠤᠯᠳᠠ ᠵᠢᠴᠢ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠪᠦᠬᠦ ᠲᠠᠯ᠎ᠠ᠎ᠪᠡᠷ ᠳ᠋ᠦᠩᠨᠡᠭᠰᠡᠨ ᠰᠠᠭᠤᠷᠢᠨ ᠳᠡᠭᠡᠷ᠎ᠡ 2020 ᠣᠨ᠎ᠤ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢᠭᠤᠯᠤᠯᠳᠠ ᠵᠢᠴᠢ ᠪᠦᠯᠦᠭᠯᠡᠯ᠎ᠦᠨ ᠰᠠᠬᠢᠯᠭ᠎ᠠ ᠪᠠᠲᠤ ᠪᠠᠢᠴᠠᠭᠠᠬᠤ ᠠᠵᠢᠯ᠎ᠳᠤ ᠪᠠᠢᠷᠢᠯᠠᠭᠤᠯᠤᠯᠳᠠ ᠬᠢᠵᠡᠢ᠃ 2020 ᠣᠨ᠎ᠳᠤ ᠪᠦᠯᠦᠭᠯᠡᠯ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠨᠢ ᠰᠢ᠎ᠵᠢᠨ ᠫᠢᠩ᠎ᠤᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠡᠷ ᠵᠢᠯᠤᠭᠤᠳᠤᠯᠭ᠎ᠠ ᠪᠤᠯᠭᠠᠵᠦ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠵᠦ᠂ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠳᠤ ᠪᠠᠢᠴᠠᠭᠠᠬᠤ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ ᠪᠣᠯᠤᠨ ᠦᠪᠡᠷᠳᠡᠬᠡᠨ ᠵᠠᠰᠠᠬᠤ ᠣᠷᠤᠨ᠎ᠤ ᠰᠠᠬᠢᠯᠭ᠎ᠠ ᠪᠠᠳᠤ ᠪᠠᠢᠴᠠᠭᠠᠬᠤ ᠬᠣᠷᠢᠶᠠᠨ᠎ᠤ ᠠᠷᠪᠠᠳᠤᠭᠠᠷ ᠬᠤᠭᠤᠴᠠᠭᠠᠨ᠎ᠤ ᠵᠢᠷᠭᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠬᠦᠨᠵᠡᠬᠡᠢ ᠳᠤᠭᠤᠱᠢᠯᠠᠭᠤᠯᠤᠨ ᠨᠠᠢᠳᠠᠪᠤᠷᠢᠵᠢᠭᠤᠯᠵᠦ᠂ 《ᠳᠥᠷᠪᠡᠨ ᠤᠬᠠᠮᠰᠠᠷ》᠎ᠢ ᠴᠢᠩᠭᠠᠳᠭᠠᠨ᠂ 《ᠳᠥᠷᠪᠡᠨ ᠢᠳᠡᠭᠡᠯ》᠎ᠢ ᠪᠠᠲᠤᠵᠢᠭᠤᠯᠵᠤ᠂ 《ᠬᠤᠶᠠᠷ᠎ᠢ ᠬᠠᠮᠠᠭᠠᠯᠠᠬᠤ》᠎ᠶᠢ ᠦᠨᠡᠨᠴᠢ᠎ᠪᠠᠷ ᠦᠢᠯᠡᠳᠦᠯᠭᠡᠵᠢᠭᠦᠯᠵᠦ ᠪᠦᠯᠦᠭᠯᠡᠯ᠎ᠦᠨ ᠨᠠᠮ᠎ᠤᠨ ᠬᠣᠷᠢᠶ᠎ᠠ᠎ᠶᠢ ᠬᠠᠮᠵᠢᠨ ᠨᠠᠮ᠎ᠢ ᠪᠦᠬᠦ ᠲᠠᠯ᠎ᠠ᠎ᠪᠡᠷ ᠴᠢᠩᠭ᠎ᠠ ᠵᠠᠰᠠᠬᠤ᠎ᠶᠢ ᠬᠦᠨᠵᠡᠬᠡᠢᠷᠡᠬᠦᠯᠦᠨ᠂ ᠳᠡᠭᠡᠷ᠎ᠡ ᠱᠠᠳᠤᠨ᠎ᠤ ᠠᠵᠢᠯ᠎ᠤᠨ ᠪᠠᠢᠷᠢᠯᠠᠭᠤᠯᠤᠯᠳᠠ᠎ᠶᠢ ᠨᠠᠢᠳᠠᠪᠤᠷᠢᠵᠢᠭᠤᠯᠵᠦ᠂ ᠤᠯᠤᠰ ᠳᠦᠷᠦ᠎ᠶᠢᠨ ᠵᠣᠭᠰᠤᠴᠠ᠎ᠪᠠᠨ ᠳᠡᠭᠡᠭᠱᠢᠯᠡᠭᠦᠯᠦᠨ᠂ ᠡᠭᠦᠷᠭᠡ ᠬᠠᠷᠢᠭᠤᠴᠠᠯᠭ᠎ᠠ᠎ᠪᠠᠨ ᠪᠠᠳᠤ ᠰᠠᠬᠢᠵᠦ᠂ ᠨᠠᠷᠢᠨ ᠣᠨᠤᠪᠴᠢᠲᠠᠢ ᠬᠢᠨᠠᠯᠳᠠ ᠳᠠᠯᠪᠢᠵᠦ᠂ ᠰᠠᠬᠢᠯᠭ᠎ᠠ ᠪᠠᠲᠦ ᠬᠢᠨᠠᠨ ᠪᠠᠢᠴᠠᠭᠠᠬᠤ ᠪᠠᠢᠭᠤᠯᠤᠮᠵᠢ᠎ᠶᠢᠨ ᠦᠬᠡᠷᠡᠴᠢᠯᠡᠯᠳᠡ᠎ᠶᠢ ᠤᠯᠠᠮ ᠬᠦᠨᠵᠡᠬᠡᠢᠷᠡᠬᠦᠯᠵᠦ᠂ ᠪᠦᠯᠦᠭᠯᠡᠯ᠎ᠤᠨ ᠰᠠᠬᠢᠯᠭ᠎ᠠ ᠪᠠᠳᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠦᠷᠭᠦᠯᠵᠢᠯᠡᠨ ᠨᠡᠩ ᠴᠢᠨᠠᠷᠳᠠᠢ ᠬᠥᠭᠵᠢᠭᠦᠯᠦᠨ᠎ᠡ》 ᠭᠡᠪᠡ᠃

  ᠬᠤᠷᠠᠯᠳᠤᠭᠠᠨ᠎ᠡᠴᠡ 《ᠪᠦᠯᠦᠭᠯᠡᠯ᠎ᠦᠨ ᠰᠠᠬᠢᠯᠭ᠎ᠠ ᠪᠠᠳᠤ ᠪᠠᠢᠴᠠᠭᠠᠬᠤ ᠺᠠᠳ᠋ᠷᠴᠤᠳ ᠡᠷᠬᠡᠪᠱᠢ ᠤᠯᠤᠰ ᠳᠦᠷᠦ᠎ᠶᠢᠨ ᠤᠬᠠᠮᠰᠠᠷ᠎ᠢᠶᠠᠨ ᠳᠠᠰᠤᠷᠠᠯᠳᠠ᠎ᠦᠭᠡᠢ ᠳᠡᠭᠡᠭᠱᠢᠯᠡᠭᠦᠯᠵᠦ᠂ ᠬᠢᠨᠠᠯᠳᠠ ᠳᠠᠯᠪᠢᠬᠤ ᠠᠵᠢᠯ᠎ᠢ ᠦᠨᠡᠨ ᠪᠤᠳᠠᠳᠠᠢ᠂ ᠨᠠᠷᠢᠨ ᠨᠢᠭᠳᠠ ᠬᠢᠵᠦ᠂ ᠨᠠᠷᠢᠨ ᠤᠨᠤᠴᠠᠳᠠᠢ᠂ ᠪᠦᠳᠦᠬᠡᠯᠴᠢ ᠱᠢᠨᠡᠴᠢᠯᠡᠯ᠎ᠲᠠᠢ᠎ᠪᠡᠷ ᠬᠢᠨᠠᠯᠳᠠ ᠳᠠᠯᠪᠢᠵᠦ᠂ ᠡᠭᠦᠷᠭᠡᠯᠡᠨ ᠳᠠᠭᠠᠭᠠᠬᠤ ᠵᠣᠷᠢᠭ ᠰᠠᠨᠠᠭ᠎ᠠ᠎ᠶᠢ ᠴᠢᠩᠭᠠᠳᠭᠠᠨ᠂ ᠠᠵᠢᠯ᠎ᠤᠨ ᠴᠢᠳᠠᠪᠤᠷᠢ᠎ᠪᠠᠨ ᠳᠡᠭᠡᠭᠱᠢᠯᠡᠭᠦᠯᠵᠦ᠂ ᠬᠡᠪᠯᠡᠯ᠎ᠦᠨ ᠪᠦᠯᠦᠭᠯᠡᠯ᠎ᠦᠨ 2020 ᠣᠨ᠎ᠤ ᠰᠠᠬᠢᠯᠭ᠎ᠠ ᠪᠠᠳᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠦᠨᠡᠨ᠎ᠬᠦ ᠰᠠᠢᠳᠤᠷ ᠬᠢᠵᠦ᠂ ᠬᠡᠪᠯᠡᠯ᠎ᠦᠨ ᠪᠦᠯᠦᠭᠯᠡᠯ᠎ᠦᠨ ᠤᠯᠠᠮ ᠰᠠᠢᠨ ᠬᠥᠭᠵᠢᠭᠦ᠎ᠳᠤ ᠪᠠᠲᠦ ᠴᠢᠩᠭ᠎ᠠ ᠰᠠᠬᠢᠯᠭ᠎ᠠ ᠪᠠᠳᠤ᠎ᠶᠢᠨ ᠪᠠᠳᠤᠯᠠᠭ᠎ᠠ ᠬᠠᠩᠭ᠋ᠠᠰᠤᠭᠠᠢ》 ᠭᠡᠮᠡᠨ ᠴᠢᠬᠤᠯᠠᠴᠢᠯᠠᠪᠠ᠃

                 (ᠵᠣᠬᠢᠶᠠᠭᠴᠢ᠄ ᠲᠡᠷᠭᠡᠯ)

(ᠬᠠᠷᠢᠭᠤᠴᠠᠭᠰᠠᠨ ᠨᠠᠢᠷᠠᠭᠤᠯᠤᠭᠴᠢ : ᠱᠦ᠍ ᠭᠤᠸᠠᠩ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604