ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠬᠣᠶᠠᠳᠤᠭᠠᠷ ᠬᠤᠭᠤᠴᠠᠭᠠᠨ᠎ᠤ ᠠᠵᠢᠯᠲᠠᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠦᠨ ᠨᠢᠭᠡᠳᠦᠭᠡᠷ ᠤᠳᠠᠭᠠᠨ᠎ᠤ ᠬᠤᠷᠠᠯ᠎ᠢ ᠬᠤᠷᠠᠯᠳᠤᠭᠤᠯᠪᠠ
2020.03.20

  2020 ᠣᠨ᠎ᠤ 3 ᠰᠠᠷ᠎ᠠ᠎ᠶᠢᠨ 20᠎ᠤ ᠡᠳᠦᠷ᠎ᠦᠨ 9 ᠴᠠᠭ᠎ᠲᠤ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠣᠶᠠᠳᠤᠭᠠᠷ ᠬᠤᠭᠤᠴᠠᠭᠠᠨ᠎ᠤ ᠠᠵᠢᠯᠲᠠᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠤᠨ ᠨᠢᠭᠡᠳᠦᠭᠡᠷ ᠤᠳᠠᠭᠠᠨ᠎ᠤ ᠬᠤᠷᠠᠯ᠎ᠢ ᠬᠤᠷᠠᠯᠳᠤᠭᠤᠯᠪᠡ᠃ ᠬᠤᠷᠠᠯ᠎ᠨᠢ ᠳᠦᠷᠰᠦ ᠱᠢᠩᠭᠡᠭᠡᠯᠲᠡ᠎ᠶᠢᠨ ᠬᠤᠷᠠᠯ᠎ᠤᠨ ᠬᠡᠯᠪᠡᠷᠢ᠎ᠪᠡᠷ ᠶᠠᠪᠤᠭᠳᠠᠵᠤ᠂ ᠨᠢᠭᠡ ᠭᠣᠤᠯ ᠬᠤᠷᠠᠯ᠎ᠤᠨ ᠲᠠᠯᠠᠪᠠᠢ ᠪᠠ ᠲᠠᠪᠤᠨ ᠬᠤᠪᠢᠶᠠᠷᠢ ᠲᠠᠯᠠᠪᠠᠢ ᠲᠣᠬᠢᠷᠠᠭᠤᠯᠵᠠᠢ᠃ ᠬᠡᠪᠯᠡᠯ᠎ᠦᠨ ᠪᠦᠯᠦᠭᠯᠡᠯ᠎ᠦᠨ ᠬᠣᠶᠠᠳᠤᠭᠠᠷ ᠬᠤᠭᠤᠴᠠᠭᠠᠨ᠎ᠤ ᠠᠵᠢᠯᠲᠠᠨ᠎ᠤ ᠲᠥᠯᠦᠭᠡᠯᠡᠭᠴᠢᠳ ᠨᠡᠢᠲᠡ 83 ᠬᠥᠮᠦᠨ ᠬᠤᠷᠠᠯ᠎ᠳᠤ ᠣᠷᠤᠯᠴᠠᠵᠤ᠂ ᠬᠡᠪᠯᠡᠯ᠎ᠦᠨ ᠪᠦᠯᠦᠭᠯᠡᠯ ᠵᠢᠴᠢ ᠬᠠᠷᠢᠶ᠎ᠠ ᠨᠢᠭᠡᠴᠢ᠎ᠶᠢᠨ ᠤᠳᠤᠷᠢᠳᠤᠯᠭ᠎ᠠ 26  ᠬᠥᠮᠦᠨ ᠬᠤᠷᠠᠯ᠎ᠳᠤ ᠰᠤᠯᠠ ᠣᠷᠤᠯᠴᠠᠵᠠᠢ᠃

 

ᠬᠤᠷᠠᠯ᠎ᠤᠨ ᠠᠬᠤᠢ ᠲᠠᠯᠠᠪᠠᠢ

  

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠭᠡᠱᠢᠭᠦᠨ᠂ ᠶᠡᠷᠦᠩᠬᠡᠢ ᠨᠠᠢᠷᠠᠭᠤᠯᠤᠭᠴᠢ᠎ᠶᠢᠨ ᠲᠤᠰᠠᠯᠠᠭᠴᠢ᠂ ᠠᠵᠢᠯᠲᠠᠨ᠎ᠤ ᠡᠪᠯᠡᠯ᠎ᠦᠨ ᠳᠡᠳ᠋ ᠲᠡᠷᠢᠭᠦᠯᠡᠭᠴᠢ ᠬᠤᠸᠠᠩ ᠲᠤᠤ ᠬᠤᠷᠠᠯ ᠡᠷᠬᠢᠯᠡᠪᠡ᠃ ᠬᠤᠷᠠᠯ᠎ᠳᠤ᠂ 《ᠠᠵᠤ ᠦᠢᠯᠡᠳᠪᠦᠷᠢ᠎ᠶᠢᠨ ᠪᠡᠶᠡᠰ᠎ᠦᠨ ᠰᠦᠯᠵᠢᠶᠡᠨ᠎ᠳᠤ ᠰᠠᠭᠤᠷᠢᠯᠠᠭᠰᠠᠨ ᠪᠦᠷᠢᠨ ᠠᠦ᠋ᠲ᠋ᠤᠴᠢᠯᠠᠭᠰᠠᠨ ᠣᠶᠤᠨᠲᠤ ᠬᠡᠪᠯᠡᠯ᠎ᠦᠨ ᠦᠢᠯᠡᠳᠪᠦᠷᠢ᠎ᠶᠢᠨ ᠪᠦᠲᠦᠭᠡᠨ ᠪᠠᠢᠭᠤᠯᠤᠯᠲᠠ ᠵᠢᠴᠢ ᠵᠠᠩᠭᠢᠯᠠᠭ᠎ᠠ᠎ᠶᠢᠨ ᠮᠡᠷᠭᠡᠵᠢᠯ᠎ᠤᠨ ᠰᠤᠳᠤᠯᠭᠠᠨ ᠪᠠ ᠬᠡᠷᠡᠭᠯᠡᠭᠡᠬᠢᠲᠠᠳ ᠮᠣᠩᠭᠤᠯ ᠺᠣᠮᠫᠢᠦ᠋ᠲᠧᠷ ᠲᠤᠰᠠᠯᠠᠮᠵᠢᠲᠤ ᠣᠷᠴᠢᠭᠤᠯᠭ᠎ᠠ᠎ᠶᠢᠨ ᠲᠠᠪᠴᠠᠩ ᠵᠢᠴᠢ ᠦᠢᠯᠡᠴᠢᠯᠡᠭᠡᠨ᠎ᠤ ᠱᠢᠰᠲᠧᠮ᠎ᠤᠨ ᠪᠠᠢᠭᠤᠯᠤᠯᠲᠠ᠎ᠶᠢᠨ ᠲᠥᠰᠦᠪ ᠵᠢᠴᠢ ᠠᠵᠢᠯ᠎ᠤᠨ ᠠᠬᠢᠴᠠ᠎ᠶᠢ ᠵᠠᠷᠯᠠᠪᠠ᠃ 《ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠠᠵᠤ ᠠᠬᠤᠢᠯᠠᠯ᠎ᠤᠨ ᠡᠮ ᠡᠮᠨᠡᠯᠭᠡ᠎ᠶᠢᠨ ᠨᠥᠬᠦᠪᠦᠷᠢ ᠳᠠᠭᠠᠳᠭᠠᠯ᠎ᠢ ᠬᠡᠷᠡᠭᠵᠢᠭᠦᠯᠬᠦ ᠲᠤᠬᠠᠢ ᠵᠢᠯᠤᠭᠤᠳᠭᠤ ᠰᠠᠨᠠᠯ》᠂ ᠪᠦᠯᠦᠭᠯᠡᠯ᠎ᠦᠨ ᠶᠡᠷᠦᠩᠬᠡᠢ ᠵᠠᠬᠢᠷᠭᠠᠨ᠎ᠤ 2019 ᠣᠨ᠎ᠤ ᠱᠠᠩᠨᠠᠯ᠎ᠤᠨ ᠦᠷ᠎ᠡ ᠪᠦᠲᠦᠮᠵᠢ᠎ᠶᠢᠨ ᠴᠠᠯᠢᠩ᠎ᠤᠨ ᠬᠤᠪᠢᠶᠠᠷᠢᠯᠠᠯᠲᠠ᠎ᠶᠢᠨ ᠲᠥᠰᠦᠪ᠂ 《ᠮᠣᠩᠭᠤᠯ ᠳ᠋ᠢᠭᠢᠲ ᠰᠤᠷᠬᠤ ᠪᠢᠴᠢᠭ᠎ᠦᠨ ᠪᠦᠲᠦᠭᠡᠨ ᠪᠠᠢᠭᠤᠯᠤᠯᠲᠠ》᠎ᠶᠢᠨ ᠲᠥᠰᠦᠪ᠂ 《ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠣᠮ ᠬᠡᠪᠯᠡᠯ᠎ᠦᠨ ᠠᠵᠢᠯ᠎ᠤᠨ ᠬᠠᠮᠢᠶᠠᠷᠤᠯᠲᠠ᠎ᠶᠢᠨ ᠲᠠᠪᠴᠠᠩ》 ᠪᠠᠢᠭᠤᠯᠬᠤ ᠲᠥᠰᠦᠪ᠎ᠢ ᠬᠢᠨᠠᠨ ᠪᠠᠲᠤᠯᠠᠪᠠ᠃

 

ᠬᠤᠷᠠᠯ᠎ᠤᠨ ᠬᠥᠲᠦᠯᠦᠭᠴᠢ ᠬᠤᠸᠠᠩ ᠲᠤᠤ

 

  ᠬᠤᠷᠠᠯ᠎ᠤᠨ ᠡᠴᠦᠰ᠎ᠲᠤ᠂ ᠠᠵᠢᠯᠲᠠᠨ᠎ᠤ ᠡᠪᠯᠡᠯ᠎ᠦᠨ ᠲᠡᠷᠢᠭᠦᠯᠡᠭᠴᠢ ᠮᠥᠩᠬᠡ ᠠᠵᠢᠯ᠎ᠤᠨ ᠮᠡᠳᠡᠭᠦᠯᠦᠯᠲᠡ ᠬᠢᠵᠦ 2019 ᠣᠨ᠎ᠤ ᠠᠵᠢᠯᠲᠠᠨ᠎ᠤ ᠡᠪᠯᠡᠯ᠎ᠦᠨ ᠠᠵᠢᠯ᠎ᠢᠶᠠᠨ ᠡᠷᠭᠢᠴᠡᠭᠦᠯᠦᠨ᠂ 2020᠎ᠤᠨ᠎ᠤ ᠠᠵᠢᠯ᠎ᠢᠶᠠᠨ ᠪᠠᠢᠷᠢᠯᠠᠭᠤᠯᠪᠠ᠃ ᠮᠡᠳᠡᠭᠦᠯᠦᠯᠲᠡ᠎ᠳᠤ᠂ 2019 ᠣᠨ᠎ᠳᠤ ᠪᠦᠯᠦᠭᠯᠡᠯ᠎ᠦᠨ ᠠᠵᠢᠯᠲᠠᠨ᠎ᠤ ᠡᠪᠯᠡᠯ᠎ᠨᠢ ᠪᠦᠯᠦᠭᠯᠡᠯ᠎ᠦᠨ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠣᠤᠷ᠎ᠠ᠂ ᠰᠢ᠎ᠶᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠪᠠᠲᠤᠳᠠᠢ ᠲᠤᠭᠤᠱᠢᠯᠠᠭᠤᠯᠵᠤ᠂ ᠡᠯ᠎ᠡ ᠲᠠᠯ᠎ᠠ᠎ᠶᠢᠨ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠦᠭᠰᠡᠨ᠎ᠢᠶᠡᠷ ᠪᠦᠯᠦᠭᠯᠡᠯ᠎ᠦᠨ ᠡᠶ᠎ᠡ ᠵᠣᠬᠢᠴᠠᠩᠭᠤᠢ᠂ ᠡᠷᠡᠭᠦᠯ ᠡᠩᠬᠡ᠂ ᠪᠥᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ᠎ᠳᠤ ᠴᠢᠬᠤᠯᠠ ᠪᠠᠲᠤᠯᠠᠭ᠎ᠠ ᠬᠠᠩᠭᠠᠪᠠ ᠭᠡᠵᠦ ᠳ᠋ᠦᠩᠨᠡᠯᠲᠡ ᠬᠢᠵᠦ᠂ ᠴᠢᠨᠠᠷ ᠰᠠᠢᠳᠠᠢ ᠬᠥᠭᠵᠢᠯᠲᠡ ᠵᠡᠷᠭᠡ ᠲᠠᠯ᠎ᠠ᠎ᠪᠠᠷ ᠪᠤᠲᠠᠲᠠᠢ ᠱᠠᠭᠠᠷᠳᠠᠯᠭ᠎ᠠ ᠳᠤᠷᠠᠳᠴᠠᠢ᠃

 

ᠠᠵᠢᠯᠲᠠᠨ᠎ᠤ ᠡᠪᠯᠡᠯ᠎ᠦᠨ ᠲᠡᠷᠢᠭᠦᠯᠡᠭᠴᠢ ᠮᠥᠩᠬᠡ

  

  ᠠᠵᠢᠯᠲᠠᠨ᠎ᠤ ᠡᠪᠯᠡᠯ᠎ᠦᠨ ᠲᠡᠷᠢᠭᠦᠯᠡᠭᠴᠢ ᠮᠥᠩᠬᠡ ᠶᠠᠷᠢᠶᠠᠨ᠎ᠤ᠎ᠪᠠᠨ ᠲᠡᠭᠦᠰᠭᠡᠯ᠎ᠳᠤ᠂ 《ᠰᠢ᠎ᠶᠢᠨ ᠫᠢᠩ ᠨᠥᠬᠦᠷ᠎ᠢᠶᠡᠷ ᠭᠣᠤᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠲᠣᠭᠤᠷᠢᠨ᠎ᠳᠤ ᠨᠢᠭᠲᠠᠷᠠᠨ ᠪᠦᠯᠬᠦᠮᠳᠡᠵᠦ᠂ ᠪᠦᠯᠦᠭᠯᠡᠯ᠎ᠦᠨ ᠭᠣᠤᠯᠯᠠᠬᠤ ᠦᠢᠯᠡᠰ᠎ᠦᠨ ᠲᠣᠭᠤᠷᠢᠨ᠎ᠳᠤ ᠠᠵᠢᠯᠲᠠᠨ᠎ᠤ ᠡᠪᠯᠡᠯ᠎ᠦᠨ ᠬᠥᠭᠦᠷᠭᠡ ᠬᠣᠯᠪᠤᠭᠠᠰᠤ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠪᠦᠬᠦ ᠵᠢᠯ᠎ᠦᠨ ᠠᠵᠢᠯ᠎ᠤᠨ ᠬᠠᠷᠠᠯᠲᠠ᠎ᠪᠠᠨ ᠪᠡᠶᠡᠯᠡᠭᠦᠯᠬᠦ᠎ᠪᠠᠷ ᠲᠡᠮᠡᠴᠡᠨ᠂ ᠪᠦᠬᠦ ᠲᠠᠯ᠎ᠠ᠎ᠪᠠᠷ ᠴᠢᠨᠡᠭᠡᠯᠢᠭ ᠨᠡᠢᠭᠡᠮ᠎ᠢ ᠪᠠᠢᠭᠤᠯᠬᠤ ᠱᠢᠢᠳᠪᠦᠷᠢᠲᠦ ᠢᠯᠠᠯᠲᠠ᠎ᠶᠢ ᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠎ᠪᠡᠷ ᠴᠢᠷᠮᠠᠢᠵᠠᠭᠠᠶ᠎ᠠ》 ᠭᠡᠵᠦ ᠤᠷᠢᠶᠠᠯᠠᠪᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604