ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ 2020 ᠣᠨ᠎ᠤ ᠠᠵᠢᠯ᠎ᠤᠨ ᠬᠤᠷᠠᠯ ᠵᠢᠴᠢ ᠠᠵᠢᠯᠲᠠᠨ᠎ᠤ ᠲᠥᠯᠦᠭᠡᠯᠡᠭᠴᠢᠳ᠎ᠦᠨ ᠬᠤᠷᠠᠯ᠎ᠢᠶᠠᠨ ᠠᠮᠵᠢᠯᠲᠠ᠎ᠲᠠᠢ᠎ᠪᠠᠷ ᠡᠬᠢᠯᠡᠭᠦᠯᠪᠡ
2020.03.19

  ᠱᠢᠨ᠎ᠡ ᠬᠡᠯᠪᠡᠷᠢ᠎ᠶᠢᠨ ᠲᠢᠲᠢᠮᠯᠢᠭ ᠸᠢᠷᠦ᠋ᠰ ᠳᠡᠯᠭᠡᠷᠡᠭᠰᠡᠨ ᠴᠠᠭ ᠦᠶ᠎ᠡ᠎ᠳᠤ ᠪᠥᠬᠦ ᠤᠯᠤᠰ᠎ᠤᠨ ᠠᠷᠠᠳ ᠲᠦᠮᠡᠨ ᠬᠠᠮᠲᠤ᠎ᠪᠠᠷ ᠴᠢᠷᠮᠠᠢᠵᠤ᠂ ᠡᠷᠡᠯᠬᠡᠭ᠎ᠢᠶᠡᠷ ᠲᠡᠮᠡᠴᠡᠵᠦ᠂ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠎ᠪᠠᠨ ᠦᠯᠦ ᠮᠠᠷᠲᠠᠨ᠂ ᠠᠵᠢᠯ᠎ᠤᠨ ᠪᠠᠢᠷᠢ᠎ᠪᠠᠨ ᠴᠢᠩᠭ᠎ᠠ ᠰᠠᠬᠢᠵᠤ᠂ ᠬᠢᠵᠢᠭ᠎ᠲᠠᠢ ᠲᠡᠮᠡᠴᠡᠬᠦ ᠲᠠᠢᠨ᠎ᠤ ᠢᠯᠠᠯᠲᠠ᠎ᠶᠢ ᠤᠯᠬᠤ᠎ᠪᠠᠷ ᠴᠢᠷᠮᠠᠢᠵᠤ ᠪᠠᠢᠭ᠎ᠠ ᠡᠨᠡ ᠮᠥᠴᠡ᠎ᠳᠦ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ ᠪᠦᠬᠦ ᠠᠵᠢᠯᠲᠠᠳ᠎ᠢᠶᠠᠨ ᠳᠠᠢᠴᠢᠯᠠᠨ ᠬᠢᠵᠢᠭ᠎ᠢ ᠰᠡᠷᠭᠡᠢᠯᠡᠵᠦ ᠬᠢᠵᠢᠭ᠎ᠲᠠᠢ ᠲᠡᠮᠡᠴᠡᠬᠦ᠎ᠶᠢᠨ ᠳᠠᠭᠠᠤ ᠠᠯᠪᠠᠨ ᠠᠵᠢᠯ᠎ᠢᠶᠠᠨ ᠦᠷᠭᠦᠯᠵᠢᠯᠡᠭᠦᠯᠦᠭᠰᠡᠭᠡᠷ ᠪᠠᠢᠭ᠎ᠠ᠎ᠶᠤᠮ᠃

  ᠰᠢ᠎ᠶᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠪᠠᠲᠤᠲᠠᠢ ᠲᠤᠭᠤᠱᠢᠯᠠᠭᠤᠯᠵᠤ᠂ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠤᠨ᠎ᠤ ᠱᠢᠢᠳᠪᠦᠷᠢᠲᠤ ᠪᠣᠳᠤᠯᠭ᠎ᠠ᠎ᠶᠢᠨ ᠪᠠᠢᠷᠢᠯᠠᠭᠤᠯᠤᠯᠲᠠ᠎ᠶᠢ ᠨᠠᠢᠳᠠᠪᠦᠷᠢᠵᠢᠭᠤᠯᠤᠨ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠨᠢᠭᠡᠳᠦᠭᠡᠷ ᠬᠤᠷᠠᠯ᠎ᠤᠨ ᠵᠣᠷᠢᠭ ᠰᠠᠨᠠᠭ᠎ᠠ ᠵᠢᠴᠢ ᠪᠥᠬᠦ ᠣᠷᠤᠨ᠎ᠤ ᠠᠵᠤ ᠠᠬᠤᠢ᠎ᠶᠢᠨ ᠠᠵᠢᠯ᠎ᠤᠨ ᠬᠤᠷᠠᠯ᠂ ᠪᠥᠬᠦ ᠣᠷᠤᠨ᠎ᠤ ᠤᠬᠠᠭᠤᠯᠬᠤ ᠬᠡᠯᠲᠡᠰ᠎ᠦᠨ ᠳᠠᠷᠤᠭ᠎ᠠ᠎ᠶᠢᠨ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 2019 ᠣᠨ᠎ᠤ ᠨᠠᠮ᠎ᠤᠨ ᠪᠠᠢᠭᠤᠯᠤᠯᠲᠠ᠎ᠶᠢᠨ ᠠᠵᠢᠯ᠂ ᠨᠠᠮ᠎ᠤᠨ ᠰᠤᠷᠲᠠᠯ ᠪᠠ ᠰᠠᠬᠢᠯᠭ᠎ᠠ ᠪᠠᠲᠤ ᠪᠠᠢᠴᠠᠭᠠᠬᠤ ᠠᠵᠢᠯ ᠵᠢᠴᠢ ᠡᠵᠡᠩᠨᠡᠯᠲᠡ᠎ᠶᠢᠨ ᠠᠵᠢᠯ᠎ᠢ ᠡᠷᠭᠢᠴᠡᠭᠦᠯᠬᠦ᠎ᠶᠢᠨ ᠬᠠᠮᠲᠤ 2020 ᠣᠨ᠎ᠤ ᠭᠣᠤᠯᠳᠠᠯᠭ᠎ᠠ᠎ᠲᠠᠢ᠎ᠠᠵᠢᠯ᠎ᠢᠶᠠᠨ ᠪᠠᠢᠷᠢᠯᠠᠭᠤᠯᠬᠤ᠎ᠶᠢᠨ ᠲᠥᠯᠦᠭᠡ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ 2020 ᠣᠨ᠎ᠤ 3 ᠰᠠᠷ᠎ᠠ᠎ᠶᠢᠨ 19᠎ᠤ ᠡᠳᠦᠷ᠎ᠦᠨ 9 ᠴᠠᠭ᠎ᠲᠤ 2020 ᠣᠨ᠎ᠤ ᠠᠵᠢᠯ᠎ᠤᠨ ᠬᠤᠷᠠᠯ ᠵᠢᠴᠢ ᠬᠣᠶᠠᠳᠤᠭᠠᠷ ᠬᠤᠭᠤᠴᠠᠭᠠᠨ᠎ᠤ ᠠᠵᠢᠯᠲᠠᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠤᠳᠠᠭᠠᠨ᠎ᠤ ᠬᠤᠷᠠᠯ᠎ᠢᠶᠠᠨ ᠠᠮᠵᠢᠯᠲᠠ᠎ᠲᠠᠢ ᠡᠬᠢᠯᠡᠭᠦᠯᠦᠭᠰᠡᠨ᠎ᠶᠤᠮ᠃

  ᠲᠤᠰ ᠤᠳᠠᠭᠠᠨ᠎ᠤ ᠬᠤᠷᠠᠯ᠎ᠨᠢ ᠳᠦᠷᠰᠦ ᠱᠢᠩᠭᠡᠭᠡᠯᠲᠡ᠎ᠶᠢᠨ ᠬᠤᠷᠠᠯ ᠪᠠ ᠠᠬᠤᠢ ᠲᠠᠯᠠᠪᠠᠢ᠎ᠶᠢᠨ ᠬᠤᠷᠠᠯ᠎ᠢ ᠤᠶᠠᠯᠳᠤᠭᠤᠯᠬᠤ ᠬᠡᠯᠪᠡᠷᠢ᠎ᠪᠡᠷ ᠶᠠᠪᠤᠭᠳᠠᠵᠤ᠂ ᠨᠢᠭᠡ ᠭᠣᠤᠯ ᠬᠤᠷᠠᠯ᠎ᠤᠨ ᠲᠠᠯᠠᠪᠠᠢ ᠪᠠ ᠲᠠᠪᠤᠨ ᠬᠤᠪᠢᠶᠠᠷᠢ ᠬᠤᠷᠠᠯ᠎ᠤᠨ ᠲᠠᠯᠠᠪᠠᠢ ᠲᠣᠬᠢᠷᠠᠭᠤᠯᠵᠠᠢ᠃ ᠬᠤᠷᠠᠯ᠎ᠨᠢ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠤᠷᠠᠯ᠂ ᠨᠠᠮ᠎ᠤᠨ ᠰᠤᠷᠲᠠᠯ ᠪᠠ ᠰᠠᠬᠢᠯᠭ᠎ᠠ ᠪᠠᠲᠤ᠎ᠶᠢ ᠪᠠᠢᠴᠠᠭᠠᠬᠤ ᠠᠵᠢᠯ᠎ᠤᠨ ᠬᠤᠷᠠᠯ᠂ ᠡᠵᠡᠩᠨᠡᠯᠲᠡ᠎ᠶᠢᠨ ᠠᠵᠢᠯ᠎ᠤᠨ ᠬᠤᠷᠠᠯ᠂ ᠬᠣᠶᠠᠳᠤᠭᠠᠷ ᠬᠤᠭᠤᠴᠠᠭᠠᠨ᠎ᠤ ᠠᠵᠢᠯᠲᠠᠨ᠎ᠤ ᠲᠥᠯᠦᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠵᠡᠷᠭᠡ ᠳᠥᠷᠪᠡᠨ ᠠᠭᠤᠯᠭ᠎ᠠ᠎ᠶᠢ ᠪᠠᠭᠲᠠᠭᠠᠵᠤ᠂ ᠬᠡᠪᠯᠡᠯ᠎ᠦᠨ ᠪᠦᠯᠦᠭᠯᠡᠯ᠎ᠦᠨ ᠤᠳᠤᠷᠢᠳᠤᠯᠭ᠎ᠠ᠂ ᠪᠦᠯᠦᠭᠯᠡᠯ᠎ᠦᠨ ᠶᠡᠷᠦᠩᠬᠡᠢ ᠵᠠᠬᠢᠷᠭᠠᠨ᠎ᠤ ᠡᠯ᠎ᠡ ᠬᠡᠯᠲᠦᠰ᠎ᠤᠨ ᠲᠥᠯᠦᠭᠡᠯᠡᠭᠴᠢ᠂ ᠬᠠᠷᠢᠶ᠎ᠠ ᠨᠢᠭᠡᠴᠢ᠎ᠶᠢᠨ ᠤᠳᠤᠷᠢᠳᠭᠤ ᠪᠠᠭ᠎ᠤᠨ ᠭᠡᠱᠢᠭᠦᠨ ᠵᠢᠴᠢ ᠬᠠᠮᠢᠶ᠎ᠠ ᠪᠦᠬᠦᠢ ᠰᠠᠯᠠᠭᠠᠨ᠎ᠤ ᠡᠷᠬᠢᠯᠡᠭᠴᠢ ᠵᠡᠷᠭᠡ ᠬᠥᠮᠦᠰ ᠬᠤᠷᠠᠯ᠎ᠳᠤ ᠣᠷᠤᠯᠴᠠᠬᠤ᠎ᠶᠢᠨ ᠬᠠᠮᠲᠤ᠂ ᠲᠤᠰᠭᠠᠢᠯᠠᠨ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠬᠠᠮᠢᠶ᠎ᠠ ᠪᠦᠬᠦᠢ ᠤᠳᠤᠷᠢᠳᠤᠯᠭ᠎ᠠ᠎ᠨᠠᠷ᠎ᠢ ᠤᠷᠢᠵᠤ ᠣᠷᠤᠯᠴᠠᠭᠤᠯᠤᠭᠰᠠᠨ ᠪᠠᠢᠨ᠎ᠠ᠃

  2020 ᠣᠨ ᠪᠣᠯ 《ᠠᠷᠪᠠᠨ ᠭᠤᠷᠪᠠᠳᠤᠭᠠᠷ ᠲᠠᠪᠤᠨ ᠵᠢᠯ᠎ᠤᠨ ᠲᠥᠯᠦᠪᠵᠢᠭᠦᠯᠭᠡ》᠎ᠶᠢᠨ ᠰᠡᠭᠦᠯ ᠬᠤᠷᠢᠶᠠᠬᠤ ᠵᠢᠯ ᠮᠥᠷᠲᠡᠭᠡᠨ ᠴᠢᠨᠡᠭᠡᠯᠢᠭ ᠨᠡᠢᠭᠡᠮ᠎ᠢ ᠪᠦᠬᠦ ᠲᠠᠯ᠎ᠠ᠎ᠪᠠᠷ ᠪᠠᠢᠭᠤᠯᠬᠤ ᠴᠢᠬᠤᠯᠠ ᠨᠢᠭᠡᠨ ᠵᠢᠯ᠂ ᠮᠥᠨ᠎ᠴᠦ ᠬᠡᠪᠯᠡᠯ᠎ᠦᠨ ᠪᠦᠯᠦᠭᠯᠡᠯ᠎ᠦᠨ ᠬᠣᠶᠠᠳᠤᠭᠠᠷ ᠠᠷᠪᠠᠨ ᠵᠢᠯ᠎ᠤᠨ ᠠᠵᠢᠯ᠎ᠤᠨ ᠡᠬᠢᠯᠡᠯᠲᠡ᠎ᠶᠢᠨ ᠵᠢᠯ ᠮᠥᠨ᠃ ᠡᠨᠡ᠎ᠬᠦ ᠵᠠᠩᠭᠢᠯᠠᠭ᠎ᠠ᠎ᠶᠢᠨ ᠴᠠᠭ ᠦᠶ᠎ᠡ᠎ᠳᠤ᠂ ᠬᠡᠪᠯᠡᠯ᠎ᠦᠨ ᠪᠦᠯᠦᠭᠯᠡᠯ᠎ᠨᠢ ᠬᠦᠴᠢᠷᠳᠡᠯ᠎ᠢ ᠢᠯᠠᠨ ᠳᠠᠪᠠᠵᠤ᠂ ᠠᠵᠢᠯ᠎ᠢᠶᠠᠨ ᠴᠠᠭ ᠲᠤᠬᠠᠢ᠎ᠳᠤ᠎ᠨᠢ ᠪᠠᠢᠷᠢᠯᠠᠭᠤᠯᠤᠨ᠂ ᠡᠯ᠎ᠡ ᠱᠠᠲᠤᠨ᠎ᠤ ᠡᠭᠦᠷᠭᠡ᠎ᠪᠠᠨ ᠠᠮᠵᠢᠯᠲᠠ᠎ᠲᠠᠢ᠎ᠪᠡᠷ ᠪᠡᠶᠡᠯᠡᠭᠦᠯᠵᠦ᠂ ᠱᠢᠨ᠎ᠡ ᠨᠢᠭᠡᠨ ᠵᠢᠯ᠎ᠳᠤ᠎ᠪᠠᠨ ᠭᠠᠨᠵᠤᠭ᠎ᠠ ᠳᠦᠭᠦᠷᠡᠩ ᠠᠮᠵᠢᠯᠲᠠ ᠤᠯᠬᠤ᠎ᠪᠠᠷ ᠮᠡᠷᠡᠢᠨ ᠴᠢᠷᠮᠠᠢᠵᠤ ᠪᠠᠢᠨ᠎ᠠ᠃

 

ᠭᠣᠤᠯ ᠬᠤᠷᠠᠯ᠎ᠤᠨ ᠲᠠᠯᠠᠪᠠᠢ

 

ᠥᠪᠦᠷ ᠮᠣᠩᠭᠤᠯ᠎ᠤᠨ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠪᠯᠡᠯ᠎ᠦᠨ ᠬᠣᠷᠢᠶ᠎ᠠ

 

ᠥᠪᠦᠷ ᠮᠣᠩᠭᠤᠯ᠎ᠤᠨ ᠪᠠᠭᠠᠴᠤᠳ ᠬᠡᠤᠬᠡᠳ᠎ᠦᠨ ᠬᠡᠪᠯᠡᠯ᠎ᠦᠨ ᠬᠣᠷᠢᠶ᠎ᠠ

  

ᠥᠪᠦᠷ ᠮᠣᠩᠭᠤᠯ᠎ᠤᠨ ᠰᠣᠶᠤᠯ᠎ᠤᠨ ᠬᠡᠪᠯᠡᠯ᠎ᠦᠨ ᠬᠣᠷᠢᠶ᠎ᠠ
(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604