ᠥᠪᠤᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ 2020 ᠣᠨ᠎ᠤ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢᠭᠤᠯᠤᠯᠲᠠ᠎ᠶᠢᠨ ᠠᠵᠢᠯ᠎ᠤᠨ ᠲᠤᠰᠭᠠᠢ ᠰᠠᠳᠦᠪᠲᠦ ᠬᠤᠷᠠᠯ ᠬᠤᠷᠠᠯᠳᠤᠪᠠ
2020.04.21

  ᠰᠢ᠎ᠵᠢᠨ ᠫᠢᠩ᠎ᠤᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠥᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠴᠢ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ᠎ᠤ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ ᠰᠠᠨᠠᠭ᠎ᠠ᠎ᠶᠢ ᠬᠦᠨᠵᠡᠭᠡᠢ ᠰᠤᠷᠤᠯᠴᠠᠨ᠂ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠳᠦ ᠪᠠᠢᠴᠠᠭᠠᠬᠤ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ ᠰᠠᠨᠠᠭ᠎ᠠ ᠪᠣᠯᠤᠨ ᠦᠪᠡᠷᠳᠡᠭᠡᠨ ᠵᠠᠰᠠᠬᠤ ᠣᠷᠤᠨ᠎ᠤ ᠰᠠᠬᠢᠯᠭ᠎ᠠ ᠪᠠᠳᠦ ᠪᠠᠢᠴᠠᠭᠠᠬᠤ ᠬᠣᠷᠢᠶᠠᠨ᠎ᠤ ᠠᠷᠪᠠᠳᠤᠭᠠᠷ ᠬᠤᠭᠤᠴᠠᠭᠠᠨ᠎ᠤ ᠵᠢᠷᠭᠤᠳᠤᠭᠠᠷ ᠪᠦᠭᠦᠳᠡ ᠬᠤᠷᠠᠯᠳᠤᠭᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ᠂ 2020 ᠣᠨ᠎ᠤ ᠬᠡᠪᠯᠡᠯ᠎ᠦᠨ ᠪᠦᠯᠦᠭᠯᠡᠯ᠎ᠦᠨ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢᠭᠤᠯᠤᠯᠲᠠ᠎ᠶᠢᠨ ᠠᠵᠢᠯ᠎ᠢ ᠰᠠᠢᠳᠤᠷ ᠬᠢᠬᠦ᠎ᠶᠢᠨ ᠲᠥᠯᠦᠭᠡ᠂ 4 ᠰᠠᠷ᠎ᠠ᠎ᠶᠢᠨ 14᠎ᠤ ᠡᠳᠦᠷ᠎ᠦᠨ ᠦᠳᠡ᠎ᠶᠢᠨ ᠬᠣᠢᠨ᠎ᠠ᠂ ᠥᠪᠤᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ ᠳᠤᠰᠭᠠᠢ ᠰᠠᠳᠤᠪᠲᠦ ᠬᠤᠷᠠᠯ ᠬᠤᠷᠠᠯᠳᠤᠭᠤᠯᠪᠠ᠃ ᠲᠤᠰ ᠬᠤᠷᠠᠯ᠎ᠨᠢ ᠬᠡᠪᠯᠡᠯ᠎ᠦᠨ ᠪᠦᠯᠦᠭᠯᠡᠯ᠎ᠦᠨ ᠵᠢᠯ᠎ᠦᠨ ᠡᠬᠢᠨ᠎ᠦ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢᠭᠤᠯᠤᠯᠲᠠ ᠵᠢᠴᠢ ᠰᠠᠬᠢᠯᠭ᠎ᠠ ᠪᠠᠳᠦ ᠪᠠᠢᠴᠠᠭᠠᠬᠤ ᠬᠣᠷᠢᠶᠠᠨ᠎ᠤ ᠠᠵᠢᠯ᠎ᠤᠨ ᠬᠤᠷᠠᠯ᠎ᠢᠶᠡᠷ᠂ 2020 ᠣᠨ᠎ᠤ ᠠᠵᠢᠯ᠎ᠳᠤ ᠪᠥᠬᠦ ᠲᠠᠯ᠎ᠠ᠎ᠪᠠᠷ ᠪᠠᠢᠷᠢᠯᠠᠭᠤᠯᠤᠯᠲᠠ ᠬᠢᠭᠰᠡᠨ᠎ᠦ ᠰᠡᠭᠦᠯᠡᠷ᠂ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢᠭᠤᠯᠤᠯᠲᠠ᠎ᠶᠢᠨ 《ᠬᠤᠶᠠᠷ ᠬᠠᠷᠢᠭᠤᠴᠠᠯᠭ᠎ᠠ》᠎ᠶᠢ ᠴᠢᠩᠭ᠎ᠠ ᠨᠠᠢᠳᠠᠪᠤᠷᠢᠵᠢᠭᠤᠯᠬᠤ ᠠᠵᠢᠯ᠎ᠢᠶᠡᠨ ᠭᠦᠨᠵᠡᠭᠡᠢ ᠰᠤᠳᠤᠯᠤᠨ ᠪᠠᠢᠷᠢᠯᠠᠭᠤᠯᠵᠤ᠂ ᠬᠡᠪᠯᠡᠯ᠎ᠦᠨ ᠪᠦᠯᠦᠭᠯᠡᠯ᠎ᠦᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠦᠷᠭᠦᠯᠵᠢᠯᠡᠨ ᠲᠦᠯᠬᠢᠨ ᠠᠬᠢᠭᠤᠯᠬᠤ ᠬᠤᠷᠠᠯᠳᠤᠭᠠᠨ ᠪᠣᠯᠤᠨ᠎ᠠ᠃

  ᠥᠪᠡᠷᠲᠡᠭᠡᠨ ᠵᠠᠰᠠᠬᠤ ᠣᠷᠤᠨ᠎ᠤ ᠰᠠᠬᠢᠯᠭ᠎ᠠ ᠪᠠᠲᠦ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠲᠦ ᠰᠠᠭᠤᠭ᠎ᠠ ᠰᠠᠬᠢᠯᠭ᠎ᠠ ᠪᠠᠲᠦ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠳᠠᠷᠤᠭ᠎ᠠ ᠴᠣᠯᠮᠤᠨ ᠬᠤᠷᠠᠯ᠎ᠳᠤ ᠰᠠᠭᠠᠲᠠᠪᠠ᠃ ᠬᠡᠪᠯᠡᠯ᠎ᠦᠨ ᠪᠦᠯᠦᠭᠯᠡᠯ᠎ᠦᠨ ᠤᠳᠤᠷᠢᠳᠭᠤ ᠪᠠᠭ᠎ᠤᠨ ᠪᠥᠬᠦ ᠬᠡᠱᠢᠬᠦᠳ᠂ ᠬᠥᠬᠡᠬᠤᠲᠠ᠎ᠳᠤ ᠰᠠᠭᠤᠭ᠎ᠠ ᠬᠠᠷᠢᠶ᠎ᠠ ᠪᠠᠢᠭᠤᠯᠭ᠎ᠠ᠎ᠶᠢᠨ ᠭᠣᠤᠯ ᠬᠠᠷᠢᠭᠤᠴᠠᠯᠭᠠᠲᠠᠨ ᠬᠤᠷᠠᠯ᠎ᠳᠤ ᠣᠷᠤᠯᠴᠠᠪᠠ᠃ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠬᠤᠷᠠᠯ᠎ᠢ ᠡᠷᠬᠢᠯᠡᠵᠤ ᠶᠠᠷᠢᠶ᠎ᠠ ᠲᠠᠯᠪᠢᠪᠠ᠃ 

  ᠬᠤᠷᠠᠯ ᠳᠡᠭᠡᠷ᠎ᠡ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠽᠸᠩ ᠬᠠᠨ ᠰᠢ᠎ᠵᠢᠨ ᠫᠢᠩ ᠶᠡᠷᠦᠩᠬᠡᠢ ᠱᠦᠵᠢ᠎ᠶᠢᠨ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠳᠦ ᠪᠠᠢᠴᠠᠭᠠᠬᠤ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ ᠳᠡᠭᠡᠷᠡᠬᠢ ᠶᠠᠷᠢᠶ᠎ᠠ ᠪᠣᠯᠤᠨ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠱᠦᠵᠢ ᠱᠢ᠎ᠲᠠᠢ ᠹᠸᠩ᠎ᠤᠨ ᠥᠪᠡᠷᠲᠡᠭᠡᠨ ᠵᠠᠰᠠᠬᠤ ᠣᠷᠤᠨ᠎ᠤ ᠰᠠᠬᠢᠯᠭ᠎ᠠ ᠪᠠᠳᠦ ᠪᠠᠢᠴᠠᠭᠠᠬᠤ ᠬᠣᠷᠢᠶᠠᠨ᠎ᠤ ᠠᠷᠪᠠᠳᠤᠭᠠᠷ ᠬᠤᠭᠤᠴᠠᠭᠠᠨ᠎ᠤ ᠵᠢᠷᠭᠤᠳᠤᠭᠠᠷ ᠪᠦᠭᠦᠳᠡ ᠬᠤᠷᠠᠯᠳᠤᠭᠠᠨ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ᠎ᠶᠢ ᠳᠠᠮᠵᠢᠭᠤᠯᠤᠨ ᠰᠤᠷᠤᠯᠴᠠᠵᠠᠢ᠃

  ᠬᠡᠪᠯᠡᠯ᠎ᠦᠨ ᠪᠦᠯᠦᠭᠯᠡᠯ᠎ᠦᠨ ᠰᠠᠬᠢᠯᠭ᠎ᠠ ᠪᠠᠲᠦ ᠪᠠᠢᠴᠠᠭᠠᠬᠤ ᠬᠣᠷᠢᠶᠠᠨ᠎ᠤ ᠱᠦᠵᠢ ᠯᠢ ᠮᠧᠩ ᡁᠢ ᠦᠪᠡᠷᠳᠡᠭᠡᠨ ᠵᠠᠰᠠᠬᠤ ᠣᠷᠤᠨ᠎ᠤ ᠰᠠᠬᠢᠯᠭ᠎ᠠ ᠪᠠᠳᠦ ᠪᠠᠢᠴᠠᠭᠠᠬᠤ ᠬᠣᠷᠢᠶᠠᠨ᠎ᠤ ᠱᠦᠵᠢ ᠯᠢᠤ ᠴᠢ ᠹᠠᠨ᠎ᠤ ᠥᠪᠡᠷᠲᠡᠭᠡᠨ ᠵᠠᠰᠠᠬᠤ ᠣᠷᠤᠨ᠎ᠤ ᠰᠠᠬᠢᠯᠭ᠎ᠠ ᠪᠠᠳᠦ ᠪᠠᠢᠴᠠᠭᠠᠬᠤ ᠬᠣᠷᠢᠶᠠᠨ᠎ᠤ ᠠᠷᠪᠠᠳᠤᠭᠠᠷ ᠬᠤᠭᠤᠴᠠᠭᠠᠨ᠎ᠤ ᠵᠢᠷᠭᠤᠳᠤᠭᠠᠷ ᠪᠦᠭᠦᠳᠡ ᠬᠤᠷᠠᠯᠳᠤᠭᠠᠨ ᠳᠡᠭᠡᠷ᠎ᠡ ᠬᠢᠭᠰᠡᠨ ᠠᠵᠢᠯ᠎ᠤᠨ ᠮᠡᠳᠡᠭᠦᠯᠦᠯᠲᠡ᠎ᠶᠢ ᠳᠠᠮᠵᠢᠭᠤᠯᠤᠭᠰᠠᠨ ᠪᠠᠢᠨ᠎ᠠ᠃

  ᠬᠤᠷᠠᠯ ᠳᠡᠭᠡᠷ᠎ᠡ᠂ 《ᠬᠡᠪᠯᠡᠯ᠎ᠶᠢᠨ ᠪᠦᠯᠦᠭᠯᠡᠯ᠎ᠦᠨ 2020 ᠣᠨ᠎ᠤ ᠨᠠᠮ᠎ᠤᠨ ᠰᠤᠷᠳᠠᠯ ᠴᠢᠭᠡᠴᠢ ᠵᠠᠰᠠᠭ᠎ᠤᠨ ᠪᠠᠢᠭᠤᠯᠤᠯᠲᠠ᠎ᠶᠢᠨ <ᠬᠣᠶᠠᠷ ᠬᠠᠷᠢᠭᠤᠴᠠᠯᠭ᠎ᠠ>᠎ᠶᠢᠨ ᠨᠠᠷᠢᠨ ᠬᠠᠭᠤᠳᠠᠰᠦ ᠵᠢᠴᠢ ᠠᠵᠢᠯ᠎ᠤᠨ ᠳᠠᠩᠰᠠ》᠎ᠶᠢ ᠳᠤᠰᠭᠠᠢ ᠰᠠᠳᠤᠪ᠎ᠢᠶᠠᠷ ᠰᠤᠳᠤᠯᠤᠨ ᠶᠠᠷᠢᠯᠴᠠᠭᠰᠠᠨ᠎ᠤ ᠳᠠᠷᠠᠭ᠎ᠠ᠂ ᠱᠤᠸᠠᠩ ᠯᠦᠩ ᠱᠦᠵᠢ ᠶᠡᠷᠦᠩᠬᠡᠢᠯᠡᠨ ᠳ᠋ᠦᠩᠨᠡᠭᠰᠡᠨ ᠪᠠᠢᠨ᠎ᠠ᠃

  ᠱᠤᠸᠠᠩ ᠯᠦᠩ ᠱᠦᠵᠢ ᠶᠠᠷᠢᠶᠠᠨ᠎ᠳᠤ᠎ᠪᠠᠨ᠂ ᠪᠦᠯᠦᠭᠯᠡᠯ᠎ᠦᠨ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠡᠮᠡᠯ᠎ᠢ ᠡᠰᠡᠷᠭᠦᠴᠡᠬᠦ ᠠᠵᠢᠯ᠎ᠢ ᠲᠦᠯᠬᠢᠨ ᠠᠬᠢᠭᠤᠯᠵᠤ ᠪᠤᠳᠠᠳᠠᠢ ᠦᠷ᠎ᠡ ᠪᠦᠲᠦᠮᠵᠢ ᠤᠯᠬᠤ᠎ᠶᠢᠨ ᠵᠠᠩᠭᠢᠯᠠᠭ᠎ᠠ᠎ᠨᠢ ᠡᠯ᠎ᠡ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠪᠥᠬᠦ ᠨᠠᠮ᠎ᠤᠨ ᠬᠡᠱᠢᠬᠦᠨ ᠤᠳᠤᠷᠢᠳᠭᠤ ᠺᠠᠳ᠋ᠷ᠎ᠲᠤ ᠪᠠᠢᠨ᠎ᠠ᠂ ᠡᠯ᠎ᠡ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠭᠣᠤᠯ ᠬᠠᠷᠢᠭᠤᠴᠠᠯᠭᠠᠲᠠᠨ ᠰᠢ᠎ᠵᠢᠨ ᠫᠢᠩ ᠶᠡᠷᠦᠩᠬᠡᠢ ᠱᠦᠵᠢ᠎ᠶᠢᠨ ᠴᠢᠬᠤᠯᠠ ᠶᠠᠷᠢᠶᠠᠨ᠎ᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ᠂ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠳᠦ ᠪᠠᠢᠴᠠᠭᠠᠬᠤ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯᠳᠤᠭᠠᠨ᠎ᠤ ᠵᠣᠷᠢᠭ ᠰᠠᠨᠠᠭ᠎ᠠ ᠪᠣᠯᠤᠨ ᠦᠪᠡᠷᠳᠡᠭᠡᠨ ᠵᠠᠰᠠᠬᠤ ᠣᠷᠤᠨ᠎ᠤ ᠰᠠᠬᠢᠯᠭ᠎ᠠ ᠪᠠᠳᠦ ᠪᠠᠢᠴᠠᠭᠠᠬᠤ ᠬᠣᠷᠢᠶᠠᠨ᠎ᠤ ᠠᠷᠪᠠᠳᠤᠭᠠᠷ ᠬᠤᠭᠤᠴᠠᠭᠠᠨ᠎ᠤ ᠵᠢᠷᠭᠤᠳᠤᠭᠠᠷ ᠪᠦᠭᠦᠳᠡ ᠬᠤᠷᠠᠯᠳᠤᠭᠠᠨ᠎ᠤ ᠵᠣᠷᠢᠭ ᠰᠠᠨᠠᠭ᠎ᠠ᠎ᠶᠢ ᠨᠠᠢᠳᠠᠪᠤᠷᠢᠵᠢᠭᠤᠯᠤᠨ᠂ ᠪᠥᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠤᠬᠠᠮᠰᠠᠷᠲᠤ ᠴᠢᠨᠠᠷ ᠪᠠ ᠡᠷᠡᠰ ᠭᠤᠢᠪᠢᠱᠢ᠎ᠦᠭᠡᠢ ᠴᠢᠨᠠᠷ᠎ᠢ ᠦᠨᠡᠨ᠎ᠬᠦ ᠪᠡᠬᠢᠵᠢᠭᠦᠯᠬᠦ ᠬᠡᠷᠡᠭᠲᠡᠢ ᠬᠡᠵᠠᠢ᠃ 

  ᠱᠤᠸᠠᠩ ᠯᠦᠩ ᠱᠦᠵᠢ ᠱᠠᠭᠠᠷᠳᠠᠭᠰᠠᠨ᠎ᠨᠢ᠂ ᠬᠡᠪᠯᠡᠯ᠎ᠦᠨ ᠪᠦᠯᠦᠭᠯᠡᠯ᠎ᠦᠨ ᠡᠯ᠎ᠡ ᠱᠠᠳᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠨᠠᠮ᠎ᠤᠨ ᠬᠡᠱᠢᠬᠦᠨ ᠤᠳᠤᠷᠢᠳᠭᠤ ᠺᠠᠳ᠋ᠷ ᠤᠯᠤᠰ ᠲᠥᠷᠦ᠎ᠶᠢᠨ ᠲᠠᠯ᠎ᠠ᠎ᠪᠠᠷ 《ᠬᠤᠶᠠᠷ᠎ᠢ ᠬᠠᠮᠠᠭᠠᠯᠠᠬᠤ》᠎ᠶᠢ ᠪᠠᠷᠢᠮᠲᠠᠯᠠᠨ᠂ ᠤᠯᠤᠰ ᠲᠥᠷᠦ᠎ᠶᠢᠨ ᠵᠣᠬᠢᠶᠠᠨ ᠪᠠᠢᠭᠤᠯᠤᠯᠲᠠ᠎ᠶᠢ ᠪᠣᠳᠠᠲᠠᠢᠵᠢᠭᠤᠯᠤᠨ᠂ ᠠᠵᠢᠯ᠎ᠤᠨ ᠪᠠᠢᠷᠢᠨ ᠳᠡᠭᠡᠷᠡᠬᠢ 《ᠡᠭᠦᠷᠭᠡᠯᠡᠯ》᠎ᠢᠶᠡᠨ ᠲᠣᠪᠤᠢᠯᠭᠠᠵᠤ᠂ ᠭᠣᠤᠯ ᠴᠣᠭᠴᠠ᠎ᠶᠢᠨ ᠡᠭᠦᠷᠭᠡ ᠬᠠᠷᠢᠭᠤᠴᠠᠯᠭ᠎ᠠ᠎ᠪᠠᠨ ᠪᠡᠶᠡᠯᠡᠭᠦᠯᠵᠤ᠂ ᠡᠵᠡᠩᠨᠡᠨ ᠬᠠᠮᠢᠶᠠᠷᠤᠯᠲᠠ ᠳᠡᠭᠡᠷ᠎ᠡ ᠪᠥᠬᠦ ᠲᠠᠯ᠎ᠠ᠎ᠶᠢ ᠬᠠᠮᠤᠷᠴᠤ᠂ ᠬᠢᠨᠠᠯᠳᠠ ᠲᠠᠯᠪᠢᠬᠤ ᠬᠠᠷᠢᠭᠤᠴᠠᠯᠭ᠎ᠠ᠎ᠪᠠᠨ ᠴᠢᠩᠭᠠᠳᠭᠠᠵᠤ᠂ ᠬᠢᠨᠠᠯᠲᠠ ᠳᠠᠯᠪᠢᠬᠤ ᠪᠠᠢᠭᠤᠯᠤᠯ᠎ᠢᠶᠠᠨ ᠢᠳᠡᠪᠬᠢᠳᠠᠢ ᠱᠢᠨᠡᠴᠢᠯᠡᠨ᠂ ᠬᠢᠨᠠᠯᠲᠠ ᠲᠠᠯᠪᠢᠬᠤ ᠳᠦᠷᠢᠮ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠭᠦᠷᠭᠡ ᠲᠤᠱᠢᠶᠠᠯ᠎ᠳᠤ ᠬᠦᠴᠦ ᠲᠠᠯᠪᠢᠬᠤ ᠬᠡᠷᠡᠭᠳᠠᠢ ᠬᠡᠵᠠᠢ᠃

  ᠱᠤᠸᠠᠩ ᠯᠦᠩ ᠱᠦᠵᠢ ᠴᠢᠩᠭᠠᠳᠭᠠᠭᠰᠠᠨ᠎ᠨᠢ᠂ ᠪᠥᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠨᠢ ᠡᠭᠦᠷᠢᠳᠡ᠎ᠶᠢᠨ ᠠᠵᠢᠯ᠂ ᠪᠦᠯᠦᠭᠯᠡᠯ᠎ᠦᠨ ᠪᠥᠬᠦ ᠨᠠᠮ᠎ᠤᠨ ᠬᠡᠱᠢᠬᠦᠨ ᠰᠢ᠎ᠵᠢᠨ ᠫᠢᠩ ᠶᠡᠷᠦᠩᠬᠡᠢ ᠱᠦᠵᠢ᠎ᠪᠡᠷ ᠭᠣᠤᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠲᠣᠭᠤᠷᠢᠨ᠎ᠳᠤ ᠨᠢᠭᠳᠠᠷᠠᠨ ᠪᠥᠯᠬᠦᠮᠳᠡᠵᠤ᠂ ᠤᠭ ᠰᠠᠨᠠᠭ᠎ᠠ᠎ᠪᠠᠨ ᠥᠯᠦ ᠮᠠᠷᠳᠠᠨ ᠡᠭᠦᠷᠭᠡ ᠬᠠᠷᠢᠭᠤᠴᠠᠯᠭ᠎ᠠ᠎ᠪᠠᠨ ᠪᠠᠲᠦ ᠴᠡᠭᠡᠵᠢᠯᠡᠨ᠂ ᠨᠠᠮ᠎ᠤᠨ ᠰᠤᠷᠳᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠡᠮᠡᠯ᠎ᠢ ᠡᠰᠡᠷᠭᠦᠴᠡᠬᠦ ᠲᠡᠮᠡᠴᠡᠯ᠎ᠢ ᠡᠷᠡᠰ ᠭᠤᠢᠪᠢᠱᠢ᠎ᠦᠭᠡᠢ ᠲᠦᠯᠬᠢᠨ ᠠᠬᠢᠭᠤᠯᠵᠤ᠂ ᠱᠢᠨ᠎ᠡ ᠴᠠᠭ ᠦᠶ᠎ᠡ᠎ᠶᠢᠨ ᠪᠥᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠢᠨ᠎ᠡ ᠪᠠᠢᠳᠠᠯ᠎ᠢ ᠲᠠᠰᠤᠷᠠᠯᠲᠠ᠎ᠦᠭᠡᠢ ᠪᠤᠢ ᠪᠣᠯᠭᠠᠵᠤ᠂ ᠪᠦᠯᠦᠭᠯᠡᠯ᠎ᠦᠨ ᠴᠢᠨᠠᠷ ᠰᠠᠢᠳᠠᠢ ᠭᠥᠭᠵᠢᠯᠳᠡ᠎ᠳᠦ ᠵᠣᠬᠢᠶᠠᠨ ᠪᠠᠢᠭᠤᠯᠤᠯᠳᠡ᠎ᠶᠢᠨ ᠪᠠᠳᠤᠯᠠᠭ᠎ᠠ ᠪᠠ ᠰᠠᠬᠢᠯᠭ᠎ᠠ ᠪᠠᠲᠦ᠎ᠶᠢᠨ ᠪᠠᠲᠤᠯᠠᠭ᠎ᠠ ᠬᠠᠩᠭᠠᠬᠤ ᠬᠡᠷᠡᠭᠳᠠᠢ ᠬᠡᠪᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604