《ᠬᠥᠬᠡ ᠲᠠᠯ᠎ᠠ·ᠰᠣᠨᠤᠰᠳᠠᠭ ᠨᠣᠮ》 ᠬᠡᠷᠡᠭᠯᠡᠭᠴᠢᠳ᠎ᠲᠠᠢ ᠪᠠᠨ ᠵᠣᠯᠭᠠᠯ᠎ᠠ
2020.08.05

  2020 ᠣᠨ᠎ᠤ 7 ᠰᠠᠷ᠎ᠠ᠎ᠶᠢᠨ 13᠎ᠦ ᠡᠳᠤᠷ᠎ᠤᠨ ᠦᠳᠡ᠎ᠶᠢᠨ ᠡᠮᠦᠨ᠎ᠡ᠂ ᠦᠪᠦᠷ ᠮᠤᠩᠭᠤᠯ᠎ᠤᠨ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠬᠡᠪᠯᠡᠯ᠎ᠤᠨ ᠬᠣᠷᠢᠶᠠᠨ᠎ᠠᠴᠠ ᠡᠷᠬᠢᠯᠡᠭᠰᠡᠨ 《ᠬᠥᠬᠡ ᠲᠠᠯ᠎ᠠ·ᠰᠣᠨᠤᠰᠳᠠᠭ ᠨᠣᠮ ᠲᠠᠪᠴᠠᠩ》᠎ᠤᠨ ᠬᠦᠱᠢᠭᠡ ᠰᠡᠬᠦᠬᠦ ᠶᠤᠰᠤᠯᠠᠯ ᠤᠯᠠᠭᠠᠨᠬᠠᠳᠠ ᠬᠤᠳᠠ᠎ᠳᠤ ᠦᠪᠡᠳᠡᠭᠱᠢ ᠶᠡᠬᠡ᠎ᠪᠠᠷ ᠶᠠᠪᠤᠭᠳᠠᠯ᠎ᠠ᠃    

 

 

   《ᠬᠥᠬᠡ ᠲᠠᠯ᠎ᠠ·ᠰᠣᠨᠤᠰᠳᠠᠭ ᠨᠣᠮ ᠲᠠᠪᠴᠠᠩ》 ᠪᠣᠯ ᠦᠪᠦᠷ ᠮᠣᠩᠭᠤᠯ᠎ᠤᠨ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠬᠡᠪᠯᠡᠯ᠎ᠤᠨ ᠬᠣᠷᠢᠶᠠᠨ᠎ᠠᠴᠠ ᠪᠦᠳᠦᠭᠡᠨ ᠴᠣᠭᠴᠠᠯᠠᠵᠤ ᠪᠦᠬᠦᠢ 《ᠣᠩᠱᠢᠬᠤᠢ ᠰᠣᠨᠤᠰᠭᠤᠢ᠎ᠶᠢᠨ ᠲᠠᠪᠴᠠᠩ᠎ᠢ ᠴᠣᠭᠴᠠᠯᠠᠵᠤ᠂ ᠦᠭᠡᠳᠡᠯᠡᠬᠦᠢ ᠰᠤᠶᠤᠯᠵᠢᠬᠤᠢ᠎ᠶᠢᠨ ᠱᠢᠮ᠎ᠠ᠎ᠶᠢ ᠤᠯᠠᠮᠵᠢᠯᠠᠬᠤ》 ᠵᠤᠷᠢᠯᠲᠠ᠎ᠪᠡᠷ ᠦᠷᠭᠡᠨ ᠤᠯᠠᠨ ᠬᠡᠷᠡᠭᠯᠡᠭᠴᠢᠳ᠎ᠲᠤ᠎ᠪᠠᠨ ᠬᠠᠨᠳᠤᠭᠤᠯᠤᠭᠰᠠᠨ ᠮᠤᠩᠭᠤᠯ ᠨᠤᠮ ᠰᠤᠨᠤᠰᠭᠤ ᠳᠠᠪᠴᠠᠩ ᠪᠣᠯᠬᠤ ᠪᠦᠭᠡᠳ ᠮᠣᠩᠭᠤᠯ ᠨᠣᠮ ᠬᠡᠪᠯᠡᠯ᠎ᠤᠨ ᠠᠭᠤᠰᠤᠯᠴᠠᠯ ᠬᠦᠭᠵᠢᠯ᠎ᠤᠨ ᠴᠢᠬᠤᠯᠠ ᠦᠷ᠎ᠡ ᠪᠦᠲᠦᠭᠡᠯ ᠪᠤᠯᠤᠨ᠎ᠠ᠃ ᠲᠡᠷᠡ᠎ᠨᠢ ᠥᠪᠦᠷ ᠮᠣᠩᠭᠤᠯ᠎ᠤᠨ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠬᠡᠪᠯᠡᠯ᠎ᠤᠨ ᠬᠣᠷᠢᠶᠠᠨ᠎ᠤ ᠬᠢᠨ ᠥᠪᠡᠷᠲᠡᠭᠡᠨ ᠵᠠᠰᠠᠬᠤ ᠣᠷᠤᠨ᠎ᠤ ᠮᠣᠩᠭᠤᠯ ᠦᠭᠡ ᠬᠡᠯᠡ ᠦᠰᠦᠭ ᠪᠢᠴᠢᠭ᠎ᠤᠨ ᠰᠤᠷᠠᠭ ᠵᠠᠩᠭᠢᠴᠢᠯᠠᠯᠲᠠ᠎ᠶᠢᠨ ᠫᠷᠤᠵᠸᠺᠲ ᠪᠣᠯᠬᠤ 《ᠮᠣᠩᠭᠤᠯ ᠬᠡᠦᠬᠡᠳ᠎ᠤᠨ ᠰᠣᠩᠭᠤᠳᠠᠭ ᠠᠮᠠᠨ ᠵᠣᠬᠢᠶᠠᠯ᠎ᠤᠨ ᠳᠠᠭᠤᠲᠤ ᠡᠬᠢ ᠪᠠᠶᠠᠯᠢᠭ᠎ᠤᠨ ᠬᠥᠮᠦᠷᠭᠡ ᠪᠠᠢᠭᠤᠯᠬᠤ ᠵᠢᠴᠢ ᠭᠣᠤᠯ ᠮᠡᠷᠭᠡᠵᠢᠯ᠎ᠤᠨ ᠰᠤᠳᠤᠯᠭ᠎ᠠ》᠂ 《ᠵᠠᠯᠠᠭᠤ ᠪᠠᠭᠠᠴᠤᠳ᠎ᠤᠨ ᠱᠢᠨᠵᠢᠯᠡᠬᠦ ᠤᠬᠠᠭᠠᠨ ᠢᠷᠭᠡᠨᠱᠢᠯ᠎ᠦᠨ ᠳᠠᠭᠤᠲᠤ ᠡᠬᠢ ᠪᠠᠶᠠᠯᠢᠭ᠎ᠤᠨ ᠬᠥᠮᠦᠷᠭᠡ ᠪᠠᠢᠭᠤᠯᠬᠤ ᠵᠢᠴᠢ ᠭᠣᠤᠯ ᠮᠡᠷᠭᠡᠵᠢᠯ᠎ᠤᠨ ᠰᠤᠳᠤᠯᠭ᠎ᠠ》᠎ᠶᠢ 2014 ᠣᠨ ᠪᠠ 2016 ᠣᠨ᠎ᠳᠤ ᠲᠤᠰ ᠲᠤᠰ ᠳᠠᠭᠠᠭᠠᠴᠢᠯᠠᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠪᠠᠢᠭᠤᠯᠤᠭᠰᠠᠨ ᠲᠣᠮᠤ ᠬᠡᠪᠴᠢᠶᠡᠨ᠎ᠤ ᠮᠣᠩᠭᠤᠯ ᠰᠣᠨᠤᠰᠳᠠᠭ ᠨᠣᠮ᠎ᠤᠨ APP ᠲᠠᠪᠴᠠᠩ ᠪᠣᠯᠬᠤ᠎ᠶᠤᠮ᠃    

 

  ᠦᠪᠦᠷ ᠮᠣᠩᠭᠤᠯ᠎ᠤᠨ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠬᠡᠪᠯᠡᠯ᠎ᠤᠨ ᠬᠣᠷᠢᠶ᠎ᠠ APP ᠡᠭᠦᠳᠬᠦ᠂ ᠰᠦᠯᠵᠢᠶᠡᠨ ᠥᠷᠲᠡᠭᠡ ᠪᠠᠢᠭᠤᠯᠬᠤ᠂ ᠬᠡᠰᠡᠭ ᠳᠠᠭᠤᠲᠤ ᠡᠬᠢ ᠪᠠᠶᠠᠯᠢᠭ ᠪᠦᠲᠦᠭᠡᠬᠦ ᠪᠠ ᠰᠦᠯᠵᠢᠶᠡᠨ᠎ᠦ᠎ᠨᠡᠷ᠎ᠡ ᠪᠦᠷᠢᠳᠬᠡᠭᠦᠯᠬᠦ᠂ ᠮᠧᠩ ᠳ᠋ᠦᠩ ᠡᠭᠦᠯᠡᠨᠴᠢᠷ᠎ᠲᠤ ᠣᠷᠤᠭᠤᠯᠤᠨ ᠲᠣᠬᠢᠷᠠᠭᠤᠯᠬᠤ ᠵᠡᠷᠭᠡ ᠠᠵᠢᠯ᠎ᠢ ᠪᠡᠶᠡᠯᠡᠭᠦᠯᠦᠭᠡᠳ 2018 ᠣᠨ᠎ᠤ 8 ᠰᠠᠷ᠎ᠠ᠎ᠳᠤ ᠠᠩᠬᠠᠳᠠᠭᠴᠢ ᠬᠤᠭᠤᠴᠠᠭᠠᠨ᠎ᠤ 《ᠬᠥᠬᠡ ᠲᠠᠯ᠎ᠠ·ᠰᠣᠨᠤᠰᠳᠠᠭ ᠨᠣᠮ ᠲᠠᠪᠴᠠᠩ》᠎ᠢᠶᠡᠨ ᠠᠵᠢᠯᠯᠠᠭᠤᠯᠵᠠᠢ᠃ ᠭᠡᠪᠡᠴᠦ ᠠᠩᠬᠠᠳᠠᠭᠴᠢ ᠬᠤᠭᠤᠴᠠᠭᠠᠨ᠎ᠤ ᠢᠨᠵᠸᠨ᠋ᠸᠷᠢᠩ᠎ᠢᠶᠡᠷ ᠪᠦᠲᠦᠭᠡᠭᠰᠡᠨ ᠲᠠᠪᠴᠠᠩ᠎ᠳᠤ ᠪᠠᠰᠠ ᠨᠡᠯᠢᠶᠡᠳ ᠳᠤᠲᠠᠭᠳᠠᠯ᠎ᠲᠠᠢ ᠪᠠᠢᠭᠰᠠᠨ᠎ᠢᠶᠠᠷ ᠥᠷᠭᠡᠨ ᠬᠡᠪᠴᠢᠶᠡᠨ᠎ᠡ ᠳᠡᠯᠭᠡᠷᠡᠭᠦᠯᠵᠦ ᠴᠢᠳᠠᠭᠰᠠᠨ᠎ᠦᠭᠡᠢ᠃ ᠡᠳᠦᠭᠡ ᠰᠦᠯᠵᠢᠶᠡᠨ᠎ᠳᠤ ᠭᠠᠷᠭᠠᠨ ᠨᠡᠢᠲᠡᠯᠡᠵᠦ ᠪᠠᠢᠭ᠎ᠠ ᠬᠤᠶᠠᠳᠠᠭᠴᠢ ᠬᠤᠭᠤᠴᠠᠭᠠᠨ᠎ᠤ ᠢᠨᠵᠸᠨ᠋ᠸᠷᠢᠩ᠎ᠨᠢ ᠠᠩᠬᠠᠳᠠᠭᠴᠢ ᠬᠤᠭᠤᠴᠠᠭᠠᠨ᠎ᠤ ᠢᠨᠵᠸᠨ᠋ᠸᠷᠢᠩ᠎ᠤᠨ ᠰᠠᠭᠤᠷᠢᠨ ᠳᠡᠭᠡᠷ᠎ᠡ ᠰᠣᠹᠲ᠎ᠤᠨ ᠴᠢᠳᠠᠪᠬᠢ᠎ᠶᠢ ᠱᠢᠯᠢᠳᠡᠭᠵᠢᠭᠦᠯᠵᠦ᠂ ᠬᠡᠷᠡᠭᠯᠡᠭᠴᠢᠳ᠎ᠤᠨ ᠮᠡᠳᠡᠷᠡᠮᠵᠢ᠎ᠶᠢ ᠶᠡᠬᠡᠲᠡ ᠳᠡᠭᠡᠭᠱᠢᠯᠡᠭᠦᠯᠦᠭᠰᠡᠨ᠎ᠶᠤᠮ᠃ ᠲᠤᠰ ᠲᠠᠪᠴᠠᠩ᠎ᠳᠤ ᠤᠳᠬ᠎ᠠ ᠵᠤᠬᠢᠶᠠᠯ᠂ ᠬᠡᠤᠬᠡᠳ᠎ᠤᠨ ᠤᠷᠠᠨ ᠵᠤᠬᠢᠶᠠᠯ᠂ ᠱᠢᠨᠵᠢᠯᠡᠬᠦ ᠤᠬᠠᠭᠠᠨ ᠳᠡᠯᠭᠡᠷᠡᠭᠦᠯᠦᠯᠲᠡ᠂ ᠬᠤᠭᠤᠷ᠎ᠤᠨ ᠦᠯᠢᠭᠡᠷ᠂ ᠭᠡᠰᠡᠷ᠂ ᠵᠠᠩᠭᠠᠷ᠂ ᠬᠤᠯᠪᠤᠭ᠎ᠠ᠂ ᠲᠡᠤᠬᠡ ᠰᠤᠶᠤᠯ᠂ ᠢᠷᠦᠭᠡᠯ ᠮᠠᠭᠳᠠᠭᠠᠯ᠂ ᠤᠯᠠᠮᠵᠢᠯᠠᠯᠲᠤ ᠵᠠᠩ ᠵᠠᠩᠱᠢᠯ ᠵᠡᠷᠭᠡ ᠤᠯᠠᠨ ᠠᠭᠤᠯᠭ᠎ᠠ᠎ᠶᠢ ᠬᠠᠮᠤᠷᠤᠭᠰᠠᠨ ᠪᠠᠢᠨ᠎ᠠ᠃ ᠣᠳᠤᠬᠠᠨ᠎ᠳᠤ 8 ᠲᠦᠮᠡᠨ ᠮᠢᠨᠦ᠋ᠲ᠎ᠤᠨ ᠱᠢᠩᠭᠡᠭᠡᠯᠲᠡ᠎ᠶᠢ ᠨᠡᠢᠲᠡᠯᠡᠭᠰᠡᠨ ᠪᠦᠭᠡᠳ ᠪᠠᠰᠠ 6 ᠲᠦᠮᠡᠨ ᠮᠢᠨᠦ᠋ᠲ᠎ᠤᠨ ᠱᠢᠩᠭᠡᠭᠡᠯᠲᠡ᠎ᠶᠢ ᠨᠡᠢᠲᠡᠯᠡᠬᠦ᠎ᠪᠡᠷ ᠪᠡᠯᠡᠳᠬᠡᠭᠡᠳ ᠪᠠᠢᠨ᠎ᠠ᠃  

 

 

 

  

  ᠦᠪᠦᠷ ᠮᠣᠩᠭᠤᠯ᠎ᠤᠨ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠬᠡᠪᠯᠡᠯ᠎ᠤᠨ ᠬᠤᠷᠢᠶᠠᠨ᠎ᠤ ᠬᠤᠷᠢᠶᠠᠨ ᠳᠠᠷᠤᠭ᠎ᠠ ᠪᠠᠲᠤᠪᠠᠶᠠᠷ ᠬᠤᠷᠠᠯ᠎ᠳᠤ ᠤᠷᠤᠯᠴᠠᠭᠰᠠᠨ ᠸᠠᠩ ᠶᠢᠩ ᠵᠦᠩ᠂ ᠰᠤᠶᠤᠯᠲᠦ᠂ ᠬᠣ᠌ ᠵᠢᠩ ᠵᠠᠨ᠂ ᠡᠦ ᠯᠢ ᠱᠢᠨ᠂ ᠭᠧᠨᠵᠦᠦᠷ ᠵᠡᠷᠭᠡ ᠤᠳᠤᠷᠢᠳᠤᠯᠭ᠎ᠠ᠎ᠲᠠᠢ ᠬᠠᠮᠲᠤ 《ᠬᠥᠬᠡ ᠲᠠᠯ᠎ᠠ·ᠰᠣᠨᠤᠰᠳᠠᠭ ᠨᠣᠮ ᠲᠠᠪᠴᠠᠩ》 ᠵᠢᠩᠭᠢᠨᠢ᠎ᠪᠡᠷ ᠠᠱᠢᠭᠯᠠᠯᠲᠠ᠎ᠳᠤ ᠤᠷᠤᠭᠰᠠᠨ ᠬᠦᠱᠢᠭᠡ᠎ᠶᠢ ᠰᠡᠬᠦᠵᠡᠢ᠃

 

 

  ᠬᠦᠱᠢᠭᠡ ᠰᠡᠬᠦᠬᠦ ᠶᠤᠰᠤᠯᠠᠯ᠎ᠳᠤ᠂ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠬᠡᠪᠯᠡᠨ ᠲᠠᠷᠬᠠᠭᠠᠬᠤ ᠭᠠᠵᠠᠷ᠎ᠤᠨ ᠳᠠᠷᠤᠭ᠎ᠠ ᠸᠠᠩ ᠶᠢᠩ ᠵᠦᠩ᠂ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠴᠦᠭᠡᠨ ᠲᠤᠭᠠᠲᠦ ᠦᠨᠳᠦᠰᠦᠲᠡᠨ᠎ᠦ ᠡᠷᠲᠡᠨ᠎ᠦ ᠰᠤᠳᠤᠷ ᠪᠤᠯᠤᠨ 《ᠭᠡᠰᠡᠷ》 ᠴᠤᠭᠯᠠᠭᠤᠯᠤᠨ ᠰᠤᠳᠤᠯᠬᠤ ᠭᠠᠵᠠᠷ᠎ᠤᠨ ᠡᠷᠬᠢᠯᠡᠭᠴᠢ ᠰᠤᠶᠤᠯᠲᠦ᠂ ᠤᠯᠠᠭᠠᠨᠬᠠᠳᠠ ᠬᠤᠳᠠ᠎ᠶᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ ᠬᠣ᠌ ᠵᠢᠩ ᠵᠠᠨ᠂ ᠤᠯᠠᠭᠠᠨᠬᠠᠳᠠ ᠬᠤᠳᠠ᠎ᠶᠢᠨ ᠠᠷᠤ ᠬᠤᠷᠴᠢᠨ ᠬᠤᠱᠢᠭᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠳᠡᠳ᠋ ᠡᠷᠬᠢᠯᠡᠭᠴᠢ ᠭᠧᠨᠵᠦᠦᠷ ᠵᠢᠴᠢ ᠤᠯᠠᠭᠠᠨᠬᠠᠳᠠ ᠬᠣᠲᠠ᠎ᠶᠢᠨ ᠰᠣᠶᠤᠯ ᠵᠢᠭᠤᠯᠴᠢᠯᠠᠯ᠎ᠤᠨ ᠲᠤᠪᠴᠢᠶ᠎ᠠ᠂ ᠤᠯᠠᠭᠠᠨᠬᠠᠳᠠ᠎ᠶᠢᠨ ᠷᠠᠳᠢᠣ᠋ ᠲᠸᠯᠸᠢᠰ ᠬᠤᠷᠢᠶ᠎ᠠ᠂ ᠤᠯᠠᠭᠠᠨᠬᠠᠳᠠ᠎ᠶᠢᠨ ᠡᠳᠦᠷ᠎ᠤᠨ ᠰᠤᠨᠢᠨ᠎ᠤ ᠬᠤᠷᠢᠶ᠎ᠠ᠂ ᠤᠯᠠᠭᠠᠨᠬᠠᠳᠠ᠎ᠶᠢᠨ ᠬᠣᠩ ᠱᠠᠨ ᠲᠤᠭᠤᠷᠢᠭ᠎ᠤᠨ ᠤᠬᠠᠭᠤᠯᠬᠤ ᠬᠡᠯᠲᠡᠰ᠂ ᠤᠯᠠᠭᠠᠨᠬᠠᠳᠠ ᠳᠡᠭᠡᠳᠦ ᠰᠤᠷᠭᠠᠭᠤᠯᠢ᠂ ᠤᠯᠠᠭᠠᠨᠬᠠᠳᠠ ᠬᠤᠲᠠ᠎ᠶᠢᠨ ᠮᠤᠩᠭᠤᠯ ᠦᠨᠳᠦᠰᠦᠲᠡᠨ᠎ᠤ ᠳᠤᠮᠳᠠᠳᠤ ᠰᠤᠷᠭᠠᠭᠤᠯᠢ᠂ ᠤᠯᠠᠭᠠᠨᠬᠠᠳᠠ ᠬᠤᠲᠠ᠎ᠶᠢᠨ ᠮᠤᠩᠭᠤᠯ ᠪᠠᠭ᠎ᠠ ᠰᠤᠷᠭᠠᠭᠤᠯᠢ᠂ ᠤᠯᠠᠭᠠᠨᠬᠠᠳᠠ ᠬᠤᠲᠠ᠎ᠶᠢᠨ ᠲᠤᠷᠱᠢᠯᠲᠠ᠎ᠶᠢᠨ ᠮᠤᠩᠭᠤᠯ ᠪᠠᠭ᠎ᠠ ᠰᠤᠷᠭᠠᠭᠤᠯᠢ᠂ ᠤᠯᠠᠭᠠᠨᠬᠠᠳᠠ ᠬᠣᠲᠠ᠎ᠶᠢᠨ ᠨᠤᠮ᠎ᠤᠨ ᠰᠠᠩ᠂ ᠤᠯᠠᠭᠠᠨᠬᠠᠳᠠ ᠬᠣᠲᠠ᠎ᠶᠢᠨ ᠮᠦᠽᠧᠢ᠂ ᠤᠯᠠᠭᠠᠨᠬᠠᠳᠠ ᠬᠣᠲᠠ᠎ᠶᠢᠨ ᠮᠸᠩ ᠳ᠋ᠦᠩ ᠡᠭᠦᠯᠡᠨ ᠪᠤᠳᠤᠯᠲᠠ᠎ᠶᠢᠨ ᠠᠵᠦ ᠦᠢᠯᠡᠰ᠎ᠤᠨ ᠬᠦᠭᠵᠢᠭᠦᠯᠦᠯᠲᠡ᠎ᠶᠢᠨ ᠲᠦᠪ ᠵᠡᠷᠭᠡ ᠪᠠᠢᠭᠤᠯᠭ᠎ᠠ ᠨᠢᠭᠡᠴᠢ᠎ᠶᠢᠨ ᠤᠳᠤᠷᠢᠳᠤᠯᠭ᠎ᠠ᠂ ᠡᠯ᠎ᠡ ᠵᠠᠭᠤᠴᠢᠯᠠᠭᠤᠷ᠎ᠤᠨ ᠬᠢᠨ ᠪᠠ ᠲᠤᠰ ᠬᠤᠷᠢᠶᠠᠨ᠎ᠤ ᠬᠡᠰᠡᠭ ᠨᠠᠢᠷᠠᠭᠤᠯᠤᠭᠴᠢ ᠣᠷᠤᠯᠴᠠᠭᠰᠠᠨ ᠪᠠᠢᠨ᠎ᠠ᠃  

  ᠶᠤᠰᠤᠯᠠᠯ ᠳᠡᠭᠡᠷ᠎ᠡ᠂ ᠣᠯᠠᠭᠠᠨᠬᠠᠳᠠ᠎ᠶᠢᠨ ᠡᠳᠦᠷ᠎ᠤᠨ ᠰᠣᠨᠢᠨ᠎ᠤ ᠬᠤᠷᠢᠶ᠎ᠠ᠎ᠲᠠᠢ ᠬᠠᠮᠲᠤᠷᠠᠨ ᠡᠷᠬᠢᠯᠡᠭᠰᠡᠨ 《ᠬᠥᠬᠡ ᠲᠠᠯ᠎ᠠ》 ᠬᠡᠦᠬᠡᠳ ᠪᠠᠭᠠᠴᠤᠳ᠎ᠤᠨ ᠤᠷᠠᠨ ᠲᠤᠳᠦ ᠤᠩᠱᠢᠯᠭ᠎ᠠ᠎ᠶᠢᠨ ᠤᠷᠤᠯᠳᠤᠭᠠᠨ᠎ᠢᠶᠠᠷ ᠱᠢᠯᠭᠠᠷᠠᠭᠰᠠᠨ ᠪᠦᠲᠦᠭᠡᠯ᠎ᠳᠤ ᠱᠠᠩᠨᠠᠯ ᠤᠯᠭᠤᠬᠤ ᠶᠤᠰᠤᠯᠠᠯ ᠶᠠᠪᠤᠭᠳᠠᠵᠤ᠂ ᠣᠷᠤᠯᠳᠤᠭᠠᠨ᠎ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ᠎ᠲᠦ ᠱᠢᠯᠭᠠᠷᠠᠭᠰᠠᠳ᠎ᠲᠤ ᠱᠠᠩᠨᠠᠯ᠎ᠤᠨ ᠦᠨᠡᠮᠯᠡᠯ ᠭᠠᠷᠳᠠᠭᠤᠯᠵᠤ᠂ ᠲᠣᠰ ᠬᠤᠷᠢᠶᠠᠨ᠎ᠠᠴᠠ ᠬᠡᠪᠯᠡᠭᠦᠯᠦᠭᠰᠡᠨ ᠨᠤᠮ ᠳᠡᠪᠲᠡᠷ ᠱᠠᠩᠨᠠᠭᠰᠠᠨ ᠪᠦᠭᠡᠳ ᠤᠷᠤᠯᠳᠤᠭᠠᠨ᠎ᠳᠤ ᠤᠷᠤᠯᠴᠠᠭᠰᠠᠳ᠎ᠲᠤ 《ᠬᠥᠬᠡ ᠲᠠᠯ᠎ᠠ·ᠰᠣᠨᠤᠰᠳᠠᠭ ᠨᠣᠮ》᠎ᠤᠨ ᠨᠢᠭᠡ ᠵᠢᠯ ᠲᠦᠯᠦᠪᠦᠷᠢ᠎ᠦᠭᠡᠢ ᠰᠣᠨᠤᠰᠭᠤ ᠡᠷᠬᠡ ᠣᠯᠭᠤᠵᠠᠢ᠃

 

  ᠶᠤᠰᠤᠯᠠᠯ᠎ᠳᠤ ᠪᠠᠰᠠ 《ᠬᠥᠬᠡ ᠲᠠᠯ᠎ᠠ·ᠰᠣᠨᠤᠰᠳᠠᠭ ᠨᠣᠮ ᠲᠠᠪᠴᠠᠩ》᠎ᠤᠨ ᠡᠬᠢ ᠪᠠᠶᠠᠯᠢᠭ ᠪᠦᠲᠦᠭᠡᠨ ᠪᠠᠢᠭᠤᠯᠤᠯᠲᠠ᠎ᠶᠢᠨ ᠭᠡᠷ᠎ᠡ ᠪᠠᠢᠭᠤᠯᠬᠤ ᠶᠤᠰᠤᠯᠠᠯ ᠶᠠᠪᠤᠭᠳᠠᠭᠰᠠᠨ ᠪᠦᠭᠡᠳ ᠱᠠᠩᠨᠠᠯ ᠭᠠᠷᠳᠠᠭᠰᠠᠨ ᠲᠦᠯᠦᠭᠡᠯᠡᠭᠴᠢ᠂ ᠰᠣᠨᠤᠰᠳᠠᠭ ᠨᠣᠮ ᠱᠢᠩᠭᠡᠭᠡᠭᠴᠢ᠎ᠶᠢᠨ ᠲᠦᠯᠦᠭᠡᠯᠡᠭᠴᠢ ᠪᠤᠯᠤᠨ ᠭᠡᠰᠡᠷ ᠬᠠᠢᠯᠠᠭᠴᠢᠳ ᠭᠣᠢᠲᠠ ᠰᠠᠢᠬᠠᠨ ᠲᠤᠭᠯᠠᠯᠲᠠ᠎ᠪᠠᠷ᠎ᠢᠶᠠᠨ ᠤᠯᠠᠨ᠎ᠤ ᠬᠠᠷᠠᠭ᠎ᠠ ᠰᠤᠨᠤᠷ᠎ᠢ ᠮᠢᠯᠢᠶᠠᠭᠰᠠᠨ ᠪᠠᠢᠨ᠎ᠠ᠃

 

   《ᠬᠥᠬᠡ ᠲᠠᠯ᠎ᠠ·ᠰᠣᠨᠤᠰᠳᠠᠭ ᠨᠣᠮ ᠲᠠᠪᠴᠠᠩ》᠎ᠤᠨ ᠬᠦᠱᠢᠭᠡ ᠰᠡᠬᠦᠬᠦ ᠶᠤᠰᠤᠯᠠᠯ ᠠᠮᠵᠢᠯᠳᠡ ᠲᠡᠭᠦᠯᠳᠡᠷ ᠶᠠᠪᠤᠭᠳᠠᠵᠤ᠂ 《ᠬᠥᠬᠡ ᠲᠠᠯ᠎ᠠ·ᠰᠣᠨᠤᠰᠳᠠᠭ ᠨᠣᠮ ᠲᠠᠪᠴᠠᠩ》 ᠮᠤᠩᠭᠤᠯ ᠲᠦᠮᠡᠨ᠎ᠲᠠᠢ᠎ᠪᠠᠨ ᠵᠤᠯᠭᠠᠯ᠎ᠠ᠃ ᠲᠤᠰ ᠲᠠᠪᠴᠠᠩ ᠎ᠤᠨ ᠡᠰᠡᠨᠢᠨ ᠮᠡᠨᠳᠦᠯᠡᠭᠰᠡᠨ᠎ᠨᠢ ᠥᠷᠭᠡᠨ ᠤᠯᠠᠨ ᠮᠠᠯᠴᠢᠨ ᠲᠦᠮᠡᠨ᠎ᠤ ᠰᠣᠶᠤᠯ᠎ᠤᠨ ᠠᠮᠢᠳᠤᠷᠠᠯ᠎ᠤᠨ ᠪᠤᠲᠠᠲᠤ ᠬᠡᠷᠡᠭᠴᠡᠭᠡ᠎ᠶᠢ ᠬᠠᠩᠭᠠᠬᠤ᠎ᠪᠡᠷ ᠦᠯᠦ ᠪᠠᠷᠠᠮ ᠮᠣᠩᠭᠤᠯ ᠬᠡᠪᠯᠡᠯ᠎ᠤᠨ ᠡᠲᠡᠭᠡᠳ᠎ᠤᠨ ᠬᠢᠨ᠎ᠳᠤ ᠰᠣᠨᠤᠰᠳᠠᠭ ᠨᠣᠮ ᠳᠠᠪᠴᠠᠩ ᠬᠠᠷᠠᠬᠠᠨ ᠪᠠᠢᠭᠰᠠᠨ᠎ᠦᠭᠡᠢ ᠲᠡᠦᠬᠡ᠎ᠶᠢ᠎ᠴᠤ ᠡᠴᠦᠰᠯᠡᠭᠦᠯᠦᠭᠰᠡᠨ᠎ᠢᠶᠠᠷ᠎ᠢᠶᠠᠨ ᠮᠣᠩᠭᠤᠯ ᠰᠣᠨᠤᠰᠳᠠᠭ ᠨᠣᠮ ᠲᠠᠪᠴᠠᠩ᠎ᠤᠳ᠎ᠤᠨ ᠡᠷᠡᠭᠦᠯ᠎ᠢᠶᠠᠷ ᠬᠥᠭᠵᠢᠨ ᠪᠤᠵᠠᠭᠠᠢᠷᠠᠬᠤ᠎ᠳᠤ ᠦᠯᠢᠭᠡᠷ ᠵᠢᠱ᠌ᠢᠶ᠎ᠡ ᠪᠣᠯᠬᠤ᠎ᠨᠢ ᠯᠠᠪᠲᠠᠢ᠃ ᠲᠤᠰ ᠲᠠᠪᠴᠠᠩ᠎ᠤᠨ ᠨᠡᠢᠲᠡᠯᠡᠨ ᠰᠠᠴᠤᠭᠰᠠᠨ ᠳᠤᠮᠳᠠᠳᠤ᠎ᠶᠢᠨ ᠤᠯᠠᠮᠵᠢᠯᠠᠯᠲᠤ ᠰᠣᠶᠤᠯ ᠪᠠ ᠮᠣᠩᠭᠤᠯ ᠤᠯᠠᠮᠵᠢᠯᠠᠯᠲᠤ ᠱᠢᠯᠢᠳᠡᠭ ᠰᠣᠶᠤᠯ᠎ᠨᠢ ᠳᠤᠮᠳᠠᠳᠤ᠎ᠶᠢᠨ ᠤᠯᠠᠮᠵᠢᠯᠠᠯᠲᠤ ᠰᠣᠶᠤᠯ᠎ᠢ ᠪᠠᠳᠠᠷᠠᠭᠤᠯᠵᠤ ᠮᠠᠨᠳᠤᠭᠤᠯᠬᠤ᠂ ᠦᠨᠳᠦᠰᠦᠲᠡᠨ᠎ᠤ ᠵᠣᠷᠢᠭ ᠰᠠᠨᠠᠭ᠎ᠠ᠎ᠶᠢ ᠤᠷᠮᠠᠱᠢᠭᠤᠯᠤᠨ ᠬᠥᠭᠵᠢᠭᠡᠬᠦ᠂ ᠦᠨᠳᠦᠰᠦᠲᠡᠨ᠎ᠤ ᠤᠯᠠᠮᠵᠢᠯᠠᠯ᠎ᠢ ᠬᠦᠭᠵᠢᠭᠦᠯᠵᠦ ᠠᠬᠢᠭᠤᠯᠬᠤ᠂ ᠱᠢᠨᠵᠢᠯᠡᠬᠦ ᠤᠬᠠᠭᠠᠨᠴᠢ ᠬᠥᠭᠵᠢᠯᠲᠡ᠎ᠶᠢ ᠡᠷᠡᠰ ᠪᠠᠷᠢᠮᠲᠠᠯᠠᠬᠤ ᠵᠢᠴᠢ ᠱᠢᠨ᠎ᠡ ᠵᠠᠭᠤᠨ᠎ᠤ ᠱᠢᠨ᠎ᠡ ᠱᠠᠲᠤᠨ᠎ᠳᠠᠬᠢ ᠦᠨᠳᠦᠰᠦᠲᠡᠨ᠎ᠤ ᠪᠦᠯᠬᠦᠮᠳᠡᠯ ᠲᠠᠪᠱᠢᠯᠲᠠ᠎ᠶᠢ ᠠᠬᠢᠭᠤᠯᠬᠤ ᠦᠢᠯᠡᠰ᠎ᠤᠨ ᠱᠢᠨ᠎ᠡ ᠪᠠᠢᠳᠠᠯ᠎ᠢ ᠡᠭᠦᠳᠦᠨ ᠨᠡᠭᠡᠭᠡᠬᠦ ᠪᠣᠯᠤᠨ ᠥᠪᠡᠷᠲᠡᠭᠡᠨ ᠵᠠᠰᠠᠬᠤ ᠣᠷᠤᠨ᠎ᠤ ᠨᠡᠢᠭᠡᠮ ᠠᠵᠤ ᠠᠬᠤᠢ᠎ᠶᠢᠨ ᠨᠡᠩ ᠰᠠᠢᠨ ᠨᠡᠩ ᠲᠦᠷᠭᠡᠨ ᠬᠥᠭᠵᠢᠯᠲᠡ᠎ᠶᠢ ᠠᠬᠢᠭᠤᠯᠬᠤ᠎ᠳᠤ ᠬᠦᠨᠳᠦ ᠴᠢᠬᠤᠯᠠ ᠠᠴᠢ ᠬᠣᠯᠪᠤᠭᠳᠠᠯ᠎ᠲᠠᠢ᠎ᠶᠤᠮ᠃ ᠡᠭᠦᠨ᠎ᠡᠴᠡ ᠬᠤᠢᠱᠢ᠂ ᠲᠣᠰ ᠬᠤᠷᠢᠶ᠎ᠠ ᠰᠤᠨᠤᠰᠳᠠᠭ ᠨᠤᠮ ᠲᠠᠪᠴᠠᠩ᠎ᠢᠶᠠᠷ᠎ᠢᠶᠠᠨ ᠦᠷᠬᠦᠯᠵᠢᠯᠡᠨ ᠰᠣᠳᠤᠨ ᠪᠦᠲᠦᠭᠡᠯ ᠳᠠᠮᠵᠢᠭᠤᠯᠵᠤ᠂ ᠮᠤᠩᠭᠤᠯ ᠨᠣᠮ ᠬᠡᠪᠯᠡᠯ᠎ᠤᠨ ᠳ᠋ᠢᠭᠢᠲ ᠬᠡᠪᠯᠡᠯ ᠵᠦᠭ᠎ᠤᠨ ᠱᠢᠯᠵᠢᠯᠲᠡ ᠪᠠ ᠦᠭᠡᠳᠡᠯᠡᠨ ᠮᠠᠨᠳᠤᠬᠤ᠎ᠳᠤ ᠬᠤᠪᠢ ᠨᠡᠮᠡᠷᠢ ᠦᠵᠡᠭᠦᠯᠬᠦ᠎ᠪᠠᠷ ᠮᠡᠷᠡᠢᠨ ᠴᠢᠷᠮᠠᠢᠵᠤ ᠪᠠᠢᠨ᠎ᠠ᠃   

                           ᠨᠠᠢᠷᠠᠭᠤᠯᠤᠭᠴᠢ᠄ ᠳ᠋ᠠᠢ ᠴᠦᠨ ᠱᠢᠶᠠ

 

 

 

 

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604