ᠥᠪᠥᠷ ᠮᠣᠩᠭᠣᠯ ᠤ᠋ᠨ ᠬᠡᠪᠯᠡᠯ ᠦ᠋ᠨ ᠪᠦᠯᠦᠭᠯᠡᠯ ᠨᠢ 2021 ᠣᠨ ᠤ᠋ ᠦᠵᠡᠯ ᠤᠬᠠᠮᠰᠠᠷ ᠤ᠋ᠨ ᠠᠵᠢᠯ ᠤ᠋ᠨ ᠬᠤᠷᠠᠯ ᠢ᠋ ᠬᠤᠷᠠᠯᠳᠤᠭᠤᠯᠪᠠ
2021.03.02

  2021 ᠣᠨ ᠤ᠋ 3 ᠰᠠᠷ᠎ᠠ ᠶ᠋ᠢᠨ 2 ᠤ᠋ ᠡᠳᠦᠷ᠂ ᠥᠪᠥᠷ ᠮᠣᠩᠭᠣᠯ ᠤ᠋ᠨ ᠬᠡᠪᠯᠡᠯ ᠦ᠋ᠨ ᠪᠦᠯᠦᠭᠯᠡᠯ ᠨᠢ 2021 ᠣᠨ ᠤ᠋ ᠦᠵᠡᠯ ᠤᠬᠠᠮᠰᠠᠷ ᠤ᠋ᠨ ᠠᠵᠢᠯ ᠤ᠋ᠨ ᠬᠤᠷᠠᠯ ᠢ᠋ ᠬᠤᠷᠠᠯᠳᠤᠭᠤᠯᠵᠤ᠂ ᠠᠵᠢᠯ ᠢ᠋ᠶ᠋ᠠᠨ ᠳ᠋ᠦᠩᠨᠡᠵᠦ᠂ ᠴᠠᠭ ᠤ᠋ᠨ ᠪᠠᠢᠳᠠᠯ ᠢ᠋ ᠵᠠᠳᠠᠯᠵᠤ ᠡᠨᠡ ᠵᠢᠯ ᠦ᠋ᠨ ᠦᠵᠡᠯ ᠤᠬᠠᠮᠰᠠᠷ ᠤ᠋ᠨ ᠠᠵᠢᠯ ᠢ᠋ ᠰᠤᠳᠤᠯᠤᠨ ᠪᠠᠢᠷᠢᠰᠢᠯᠠᠭᠤᠯᠪᠠ᠃ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢᠨ ᠭᠡᠱᠢᠭᠦᠨ᠂ ᠳᠡᠳ᠋ ᠶᠡᠷᠦᠩᠬᠡᠢ ᠳᠠᠭᠠᠭᠠᠮᠠᠯ ᠵᠠᠯᠭᠠᠪᠠᠶᠠᠷ ᠨᠥᠬᠥᠷ ᠬᠤᠷᠠᠯ ᠬᠥᠲᠥᠯᠪᠡ᠃

  ᠬᠤᠷᠠᠯ ᠳᠡᠭᠡᠷ᠎ᠡ᠂ ᠥᠪᠥᠷ ᠮᠣᠩᠭᠣᠯ ᠤ᠋ᠨ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢᠨ ᠱᠦᠵᠢ ᠱᠤᠸᠠᠩ ᠯᠦᠩ ᠄ 《ᠥᠩᠭᠡᠷᠡᠭᠰᠡᠨ ᠨᠢᠭᠡ ᠵᠢᠯ ᠳ᠋ᠦ᠍ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠨᠢ ᠱ᠋ᠢ ᠵᠢᠨ ᠫᠢᠩ ᠶᠡᠷᠦᠩᠬᠡᠢ ᠱᠦᠵᠢ ᠶ᠋ᠢᠨ ᠦᠵᠡᠯ ᠤᠬᠠᠮᠰᠠᠷ ᠤ᠋ᠨ ᠠᠵᠢᠯ ᠤ᠋ᠨ ᠲᠤᠬᠠᠢ ᠱᠢᠷᠢᠰ ᠶᠠᠷᠢᠶᠠᠨ ᠤ᠋ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠵᠤ᠂ ᠦᠵᠡᠯ ᠤᠬᠠᠮᠰᠠᠷ ᠤ᠋ᠨ ᠠᠵᠢᠯ ᠤ᠋ᠨ ᠴᠢᠬᠤᠯᠠ ᠴᠢᠨᠠᠷ ᠢ᠋ ᠤᠯᠠᠮ ᠭᠦᠨᠵᠡᠭᠡᠢ ᠲᠠᠨᠢᠵᠤ᠂ ᠦᠵᠡᠯ ᠤᠬᠠᠮᠰᠠᠷ ᠤ᠋ᠨ ᠠᠵᠢᠯ ᠢ᠋ ᠨᠢᠭᠡᠨ ᠵᠦᠢᠯ ᠦ᠋ᠨ ᠲᠤᠢᠯ ᠤ᠋ᠨ ᠴᠢᠬᠤᠯᠠ ᠠᠵᠢᠯ ᠪᠣᠯᠭᠠᠨ ᠠᠳᠭᠤᠵᠤ᠂ ᠴᠢᠩ ᠰᠡᠳᠭᠢᠯ ᠡᠴᠡ ᠪᠡᠨ ᠬᠠᠨᠳᠤᠵᠤ᠂ ᠪᠣᠳᠠᠲᠠᠢ ᠪᠠᠷ ᠠᠳᠭᠤᠵᠤ᠂ ᠦᠢᠯᠡᠳᠦᠯᠭᠡ ᠪᠡᠷ ᠢ᠋ᠶ᠋ᠡᠨ ᠪᠡᠶᠡᠯᠡᠭᠦᠯᠵᠦ᠂ ᠦᠵᠡᠯ ᠤᠬᠠᠮᠰᠠᠷ ᠤ᠋ᠨ ᠰᠠᠭᠤᠷᠢᠨ ᠭᠠᠵᠠᠷ ᠢ᠋ᠶ᠋ᠠᠨ ᠤᠯᠠᠮ ᠪᠠᠲᠤ ᠪᠡᠬᠢᠵᠢᠭᠦᠯᠵᠦ᠂ ᠦᠵᠡᠯ ᠤᠬᠠᠮᠰᠠᠷ ᠤ᠋ᠨ ᠠᠵᠢᠯ ᠤ᠋ᠨ ᠲᠠᠯ᠎ᠠ ᠪᠠᠷ ᠬᠢ ᠤᠳᠤᠷᠢᠳᠤᠯᠭ᠎ᠠ ᠪᠠ ᠬᠠᠮᠢᠶᠠᠷᠤᠯᠲᠠ ᠶ᠋ᠢ ᠪᠦᠬᠦ ᠲᠠᠯ᠎ᠠ ᠪᠠᠷ ᠴᠢᠩᠭᠠᠳᠭᠠᠵᠤ᠂ ᠦᠵᠡᠯ ᠤᠬᠠᠮᠰᠠᠷ ᠤ᠋ᠨ ᠠᠵᠢᠯ ᠤ᠋ᠨ ᠶᠡᠷᠦᠩᠬᠡᠢ ᠪᠠᠢᠳᠠᠯ ᠨᠢ ᠲᠣᠭᠲᠠᠭᠤᠨ ᠢ᠋ᠶ᠋ᠠᠷ ᠰᠠᠢᠵᠢᠷᠠᠭᠰᠠᠨ ᠪᠠᠢᠨ᠎ᠠ》 ᠭᠡᠮᠡᠨ ᠵᠢᠭᠠᠵᠤ ᠭᠠᠷᠭᠠᠪᠠ ᠃

  ᠱᠤᠸᠠᠩ ᠯᠦᠩ ᠄ 《2021 ᠣᠨ ᠪᠣᠯ ᠦᠵᠡᠯ ᠤᠬᠠᠮᠰᠠᠷ ᠤ᠋ᠨ ᠠᠵᠢᠯ ᠤ᠋ᠨ ᠬᠠᠷᠢᠭᠤᠴᠠᠯᠭ᠎ᠠ ᠶ᠋ᠢᠨ ᠳᠦᠷᠢᠮ ᠢ᠋ ᠤᠯᠠᠮ ᠨᠠᠷᠢᠯᠢᠭ ᠣᠨᠣᠪᠴᠢᠲᠠᠢ ᠬᠡᠷᠡᠭᠵᠢᠭᠦᠯᠵᠦ ᠬᠢᠨᠠᠨ ᠪᠠᠢᠴᠠᠭᠠᠬᠤ ᠵᠢᠯ ᠪᠣᠯᠤᠨ᠎ᠠ᠃  ᠡᠨᠡ ᠵᠢᠯ ᠦ᠋ᠨ ᠦᠵᠡᠯ ᠤᠬᠠᠮᠰᠠᠷ ᠤ᠋ᠨ ᠠᠵᠢᠯ ᠢ᠋ ᠰᠠᠢᠲᠤᠷ ᠬᠢᠬᠦ ᠳ᠋ᠦ᠍  ᠡᠷᠬᠡᠪᠱᠢ  〈ᠲᠣᠭᠲᠠᠭᠤᠨ〉 ᠭᠡᠳᠡᠭ ᠦᠭᠡ ᠶ᠋ᠢ ᠴᠢᠩᠭ᠎ᠠ ᠠᠳᠭᠤᠬᠤ ᠬᠡᠷᠡᠭᠲᠡᠢ᠃ ᠲᠦᠭᠰᠢᠭᠦᠷᠢ ᠶ᠋ᠢᠨ ᠤᠬᠠᠮᠰᠠᠷ᠂ ᠰᠠᠭᠤᠷᠢ ᠤᠳᠠᠰᠦ ᠶ᠋ᠢᠨ ᠰᠡᠳᠭᠢᠬᠦᠢ᠂ ᠡᠷᠲᠡᠬᠡᠨ ᠲᠣᠬᠢᠷᠠᠭᠤᠯᠤᠯᠲᠠ ᠬᠢᠬᠦ᠂ ᠵᠥᠪ ᠣᠨᠣᠪᠴᠢᠲᠠᠢ ᠰᠤᠳᠤᠯᠤᠨ ᠲᠣᠭᠲᠠᠭᠠᠬᠤ᠂ ᠴᠢᠩᠭ᠎ᠠ ᠬᠢᠨᠠᠮᠠᠭᠠᠢ ᠬᠠᠮᠢᠶᠠᠷᠬᠤ ᠶ᠋ᠢ ᠴᠢᠩᠭᠠᠳᠭᠠᠵᠤ᠂ ᠬᠡᠪᠯᠡᠯ ᠦ᠋ᠨ ᠪᠦᠯᠦᠭᠯᠡᠯ ᠦ᠋ᠨ ᠦᠵᠡᠯ ᠤᠬᠠᠮᠰᠠᠷ ᠤ᠋ᠨ ᠠᠮᠤᠷ ᠲᠦᠪᠱᠢᠨ ᠦ᠌ ᠪᠠᠲᠤᠯᠠᠭ᠎ᠠ ᠶ᠋ᠢ ᠪᠣᠢ ᠪᠣᠯᠭᠠᠬᠤ ᠬᠡᠷᠡᠭᠳᠡᠢ》 ᠭᠡᠮᠡᠨ ᠴᠢᠩᠭᠠᠳᠭᠠᠪᠠ ᠃

  ᠱᠤᠸᠠᠩ ᠯᠦᠩ ᠄ 《ᠡᠨᠡ ᠵᠢᠯ ᠦ᠋ᠨ ᠦᠵᠡᠯ ᠤᠬᠠᠮᠰᠠᠷ ᠤ᠋ᠨ ᠠᠵᠢᠯ ᠤ᠋ᠨ ᠡᠭᠦᠷᠭᠡ ᠨᠦᠰᠡᠷ ᠬᠦᠨᠳᠦ᠂ ᠬᠠᠷᠢᠭᠤᠴᠠᠯᠭ᠎ᠠ ᠶᠡᠬᠡ᠂ ᠡᠯ᠎ᠡ ᠪᠠᠢᠭᠤᠯᠭ᠎ᠠ ᠨᠢᠭᠡᠴᠢ ᠡᠯ᠎ᠡ ᠬᠡᠯᠲᠡᠰ ᠨᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠬᠡᠳᠬᠡᠵᠤ᠂ ᠴᠠᠭ ᠤ᠋ᠨ ᠪᠠᠢᠳᠠᠯ ᠢ᠋ ᠵᠥᠪ ᠲᠣᠳᠣᠷᠬᠠᠢ ᠲᠠᠨᠢᠵᠤ᠂ ᠭᠣᠣᠯᠳᠠᠯᠭ᠎ᠠ ᠪᠠᠨ ᠳᠣᠪᠣᠢᠯᠭᠠᠵᠤ᠂ ᠠᠷᠭ᠎ᠠ ᠬᠡᠮᠵᠢᠶ᠎ᠡ ᠪᠡᠨ ᠴᠢᠩᠭᠠᠳᠭᠠᠵᠤ᠂ ᠣᠮᠣᠭ ᠵᠣᠷᠢᠭ ᠢ᠋ᠶ᠋ᠠᠨ ᠤᠯᠠᠮ ᠳᠠᠢᠴᠢᠯᠠᠵᠤ᠂ ᠪᠣᠳᠠᠲᠠᠢ ᠶ᠋ᠢ ᠡᠷᠬᠢᠮᠯᠡᠬᠦ ᠰᠤᠷᠲᠠᠯ ᠢ᠋ᠶ᠋ᠠᠨ ᠤᠯᠠᠮ ᠨᠡᠮᠡᠭᠳᠡᠭᠦᠯᠵᠦ ᠵᠣᠷᠢᠭᠲᠠᠢ ᠪᠠᠷ ᠤᠷᠤᠭᠱᠢᠯᠠᠨ ᠲᠠᠪᠱᠢᠵᠤ᠂ ᠬᠡᠪᠯᠡᠯ ᠦ᠋ᠨ ᠪᠦᠯᠦᠭᠯᠡᠯ ᠦ᠋ᠨ ᠦᠵᠡᠯ ᠤᠬᠠᠮᠰᠠᠷ ᠤ᠋ᠨ ᠠᠵᠢᠯ ᠢ᠋ ᠴᠢᠩᠭ᠎ᠠ ᠠᠳᠭᠤᠬᠤ᠂ ᠪᠣᠳᠠᠲᠠᠢ ᠶ᠋ᠢ ᠠᠳᠭᠤᠬᠤ᠂ ᠦᠨᠡᠨ ᠪᠣᠳᠠᠲᠤ ᠦᠷ᠎ᠡ ᠠᠱᠢᠭ ᠢ᠋ ᠠᠳᠭᠤᠬᠤ ᠶ᠋ᠢ ᠪᠣᠳᠠᠲᠠᠢᠵᠢᠭᠤᠯᠵᠤ᠂ ᠱᠢᠯᠢᠳᠡᠭ ᠰᠠᠢᠬᠠᠨ ᠬᠢᠷᠢ ᠪᠦᠲᠦᠮᠵᠢ ᠪᠡᠷ ᠢ᠋ᠶ᠋ᠡᠨ ᠨᠠᠮ ᠪᠠᠢᠭᠤᠯᠤᠭᠳᠠᠭᠰᠠᠨ ᠵᠠᠭᠤᠨ ᠵᠢᠯ ᠦ᠋ᠨ ᠣᠢ ᠶ᠋ᠢ ᠪᠠᠶᠠᠷᠯᠠᠨ ᠪᠡᠯᠭᠡᠯᠡᠨ᠎ᠡ》 ᠭᠡᠮᠡᠨ ᠵᠢᠭᠠᠵᠤ ᠭᠠᠷᠭᠠᠪᠠ ᠃

  ᠬᠤᠷᠠᠯ ᠳ᠋ᠤ᠌᠂ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢᠨ ᠳᠡᠳ᠋ ᠱᠦᠵᠢ ᠽᠧᠩ ᠬᠠᠨ 2021 ᠣᠨ ᠤ᠋ ᠬᠡᠪᠯᠡᠯ ᠦ᠋ᠨ ᠪᠦᠯᠦᠭᠯᠡᠯ ᠦ᠋ᠨ ᠦᠵᠡᠯ ᠤᠬᠠᠮᠰᠠᠷ ᠤ᠋ᠨ ᠠᠵᠢᠯ ᠤ᠋ᠨ ᠲᠤᠬᠠᠢ ᠪᠣᠳᠠᠲᠠᠢ ᠲᠣᠬᠢᠷᠠᠭᠤᠯᠤᠯᠲᠠ ᠬᠢᠪᠡ ᠃ ᠽᠧᠩ ᠬᠠᠨ ᠵᠢᠭᠠᠵᠤ ᠭᠠᠷᠭᠠᠭᠰᠠᠨ ᠨᠢ ᠄ 《2021 ᠣᠨ ᠤ᠋ ᠬᠡᠪᠯᠡᠯ ᠦ᠋ᠨ ᠪᠦᠯᠦᠭᠯᠡᠯ ᠦ᠋ᠨ ᠦᠵᠡᠯ ᠤᠬᠠᠮᠰᠠᠷ ᠤ᠋ᠨ ᠠᠵᠢᠯ ᠤ᠋ᠨ ᠶᠡᠷᠦᠩᠬᠡᠢ ᠰᠡᠳᠭᠢᠮᠵᠢ ᠪᠠ ᠱᠠᠭᠠᠷᠳᠠᠯᠭ᠎ᠠ ᠪᠣᠯ ᠄ ᠱ᠋ᠢ ᠵᠢᠨ ᠫᠢᠩ ᠦ᠋ᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠵᠤ᠂ ᠨᠠᠮ ᠤ᠋ᠨ ᠠᠷᠪᠠᠨ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠤᠳᠠᠭᠠᠨ ᠤ᠋ ᠬᠣᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠪᠦᠬᠦ ᠲᠠᠯ᠎ᠠ ᠪᠠᠷ ᠲᠤᠭᠤᠱᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠶ᠋ᠢᠨ ᠠᠷᠪᠠᠳᠤᠭᠠᠷ ᠬᠤᠭᠤᠴᠠᠭᠠᠨ ᠤ᠋ ᠠᠷᠪᠠᠨ ᠭᠤᠷᠪᠠᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠲᠤᠭᠤᠱᠢᠯᠠᠭᠤᠯᠵᠤ᠂ ᠲᠤᠭ ᠢ᠋ᠶ᠋ᠠᠨ ᠡᠷᠭᠦᠬᠦ᠂ ᠠᠷᠠᠳ ᠤ᠋ᠨ ᠰᠡᠳᠭᠢᠯ ᠢ᠋  ᠨᠢᠭᠡᠳᠭᠡᠬᠦ᠂ ᠱᠢᠨ᠎ᠡ ᠬᠥᠮᠦᠨ ᠢ᠋ ᠬᠥᠮᠦᠵᠢᠭᠦᠯᠬᠦ᠂ ᠰᠣᠶᠣᠯ ᠢ᠋ ᠬᠥᠭᠵᠢᠭᠦᠯᠬᠦ᠂ ᠳᠦᠷᠢ ᠲᠥᠷᠬᠦ ᠶ᠋ᠢ ᠢᠯᠡᠷᠡᠭᠦᠯᠬᠦ ᠳ᠋ᠦ᠍ ᠭᠣᠣᠯ ᠠᠩᠬᠠᠷᠤᠯ ᠢ᠋ᠶ᠋ᠠᠨ ᠲᠥᠪᠯᠡᠷᠡᠭᠦᠯᠬᠦ ᠪᠡᠷ ᠭᠣᠣᠯ ᠡᠭᠦᠷᠭᠡ ᠪᠡᠨ ᠪᠣᠯᠭᠠᠨ᠎ᠠ᠃ ᠱ᠋ᠢ ᠵᠢᠨ ᠫᠢᠩ ᠦ᠋ᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠤᠬᠠᠭᠤᠯᠬᠤ ᠶ᠋ᠢ ᠲᠤᠭᠤᠱᠢᠯᠠᠭᠤᠯᠬᠤ ᠠᠵᠢᠯ ᠤ᠋ᠨ ᠲᠣᠭᠣᠷᠢᠨ ᠳ᠋ᠤ᠌᠂ ᠱ᠋ᠢ ᠵᠢᠨ ᠫᠢᠩ ᠶᠡᠷᠦᠩᠬᠡᠢ ᠱᠦᠵᠢ ᠶ᠋ᠢᠨ ᠥᠪᠥᠷ ᠮᠣᠩᠭᠣᠯ ᠳ᠋ᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠪᠠ ᠱ᠋ᠢ ᠵᠢᠨ ᠫᠢᠩ ᠶᠡᠷᠦᠩᠬᠡᠢ ᠱᠦᠵᠢ ᠶ᠋ᠢᠨ ᠦᠵᠡᠯ ᠰᠠᠨᠠᠭ᠎ᠠ ᠤᠬᠠᠭᠤᠯᠭ᠎ᠠ ᠶ᠋ᠢᠨ ᠠᠵᠢᠯ᠂ ᠦᠵᠡᠯ ᠤᠬᠠᠮᠰᠠᠷ ᠤ᠋ᠨ ᠠᠵᠢᠯ ᠤ᠋ᠨ ᠴᠢᠬᠤᠯᠠ ᠵᠢᠭᠠᠪᠤᠷᠢ ᠲᠠᠢᠯᠪᠤᠷᠢ ᠶ᠋ᠢ  ᠭᠦᠨᠵᠡᠭᠡᠢᠷᠡᠭᠦᠯᠦᠨ ᠰᠤᠷᠤᠯᠴᠠᠨ ᠲᠤᠭᠤᠱᠢᠯᠠᠭᠤᠯᠵᠤ᠂ ᠵᠥᠪ ᠣᠨᠣᠪᠴᠢᠲᠠᠢ ᠤᠯᠤᠰ ᠲᠥᠷᠥ ᠶ᠋ᠢᠨ ᠴᠢᠭᠯᠡᠯᠲᠡ ᠲᠥᠷᠥ ᠶ᠋ᠢᠨ ᠪᠣᠳᠣᠯᠭ᠎ᠠ ᠪᠠ ᠬᠡᠪᠯᠡᠯ ᠦ᠋ᠨ ᠴᠢᠭᠯᠡᠯ ᠢ᠋ ᠴᠢᠩᠭ᠎ᠠ ᠪᠠᠷᠢᠮᠲᠠᠯᠠᠵᠤ᠂ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠭᠣᠣᠯᠯᠠᠭᠴᠢ ᠥᠷᠲᠡᠭ ᠦ᠋ᠨ ᠦᠵᠡᠯᠲᠡ ᠶ᠋ᠢ ᠬᠥᠮᠦᠵᠢᠭᠦᠯᠬᠦ ᠪᠡᠷ ᠭᠣᠣᠯ ᠪᠣᠯᠭᠠᠵᠤ᠂ ᠳᠤᠮᠳᠠᠳᠤ ᠶ᠋ᠢᠨ ᠦᠨᠳᠦᠰᠦᠲᠡᠨ ᠦ᠌ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠣᠢ ᠪᠣᠯᠭᠠᠬᠤ ᠶ᠋ᠢ ᠳᠣᠪᠣᠢᠯᠭᠠᠵᠤ᠂ ᠲᠦᠭᠰᠢᠭᠦᠷᠢ ᠶ᠋ᠢᠨ ᠤᠬᠠᠮᠰᠠᠷ᠂ ᠰᠠᠭᠤᠷᠢ ᠤᠳᠠᠰᠦ ᠶ᠋ᠢᠨ ᠰᠡᠳᠭᠢᠬᠦᠢ ᠶ᠋ᠢ ᠴᠢᠩᠭᠠᠭᠳᠬᠠᠵᠤ᠂ ᠦᠵᠡᠯ ᠤᠬᠠᠮᠰᠠᠷ ᠤ᠋ᠨ ᠠᠵᠢᠯ ᠤ᠋ᠨ ᠬᠠᠷᠢᠭᠤᠴᠠᠯᠭ᠎ᠠ ᠶ᠋ᠢᠨ ᠳᠦᠷᠢᠮ ᠢ᠋ ᠪᠦᠬᠦ ᠲᠠᠯ᠎ᠠ ᠪᠠᠷ ᠬᠡᠷᠡᠭᠵᠢᠭᠦᠯᠵᠦ᠂ ᠬᠡᠪᠯᠡᠯ ᠦ᠋ᠨ ᠪᠦᠯᠦᠭᠯᠡᠯ ᠦ᠋ᠨ ᠡᠯ᠎ᠡ ᠲᠥᠷᠦᠯ ᠵᠦᠢᠯ ᠦ᠋ᠨ ᠠᠵᠢᠯ ᠦᠢᠯᠡᠰ ᠦ᠋ᠨ ᠡᠷᠡᠭᠦᠯ ᠢ᠋ᠶ᠋ᠡᠷ ᠬᠥᠭᠵᠢᠬᠦ ᠳ᠋ᠦ᠍ ᠪᠠᠲᠤ ᠴᠢᠩᠭ᠎ᠠ ᠦᠵᠡᠯ ᠰᠠᠨᠠᠭᠠᠨ ᠤ᠋ ᠪᠠᠲᠤᠯᠠᠭ᠎ᠠ ᠪᠠ ᠠᠤᠭ᠎ᠠ ᠶᠡᠬᠡ ᠣᠶᠤᠨ ᠤ᠋ ᠬᠦᠴᠦᠨ ᠢ᠋ ᠬᠠᠩᠭᠠᠬᠤ ᠪᠣᠯᠤᠨ᠎ᠠ》 ᠭᠡᠪᠡ ᠃

  ᠬᠢᠵᠢᠭ ᠢ᠋ ᠰᠡᠷᠭᠡᠢᠯᠡᠬᠦ ᠱᠠᠭᠠᠷᠳᠠᠯᠭ᠎ᠠ ᠠ᠋ᠴᠠ ᠪᠣᠯᠤᠭᠠᠳ ᠲᠤᠰ ᠤᠳᠠᠭᠠᠨ ᠤ᠋ ᠬᠤᠷᠠᠯ ᠢ᠋ ᠸᠢᠳᠢᠣ᠋ ᠬᠤᠷᠠᠯ ᠤ᠋ᠨ ᠬᠡᠯᠪᠡᠷᠢ ᠪᠡᠷ ᠶᠠᠪᠤᠭᠳᠠᠭᠤᠯᠪᠠ ᠃ ᠶᠡᠷᠦᠩᠬᠡᠢ ᠬᠤᠷᠠᠯ ᠤ᠋ᠨ ᠲᠠᠯᠠᠪᠠᠢ ᠶ᠋ᠢ ᠬᠡᠪᠯᠡᠯ ᠦ᠋ᠨ ᠪᠦᠯᠦᠭᠯᠡᠯ ᠦ᠋ᠨ ᠶᠡᠷᠦᠩᠬᠡᠢ ᠬᠡᠯᠲᠡᠰ ᠲᠦ᠍ ᠪᠠᠢᠷᠢᠯᠠᠭᠤᠯᠵᠤ ᠂ ᠭᠤᠷᠪᠠᠨ ᠬᠤᠪᠢᠶᠠᠷᠢ ᠬᠤᠷᠠᠯ ᠤ᠋ᠨ ᠲᠠᠯᠠᠪᠠᠢ ᠶ᠋ᠢ ᠥᠪᠥᠷ ᠮᠣᠩᠭᠣᠯ ᠤ᠋ᠨ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ ᠦ᠋ᠨ ᠬᠡᠪᠯᠡᠯ ᠦ᠋ᠨ ᠬᠣᠷᠢᠶ᠎ᠠ᠂ ᠥᠪᠥᠷ ᠮᠣᠩᠭᠣᠯ ᠤ᠋ᠨ ᠪᠠᠭᠠᠴᠤᠳ ᠬᠡᠦᠬᠡᠳ ᠦ᠋ᠨ ᠬᠡᠪᠯᠡᠯ ᠦ᠋ᠨ ᠬᠣᠷᠢᠶ᠎ᠠ᠂ ᠥᠪᠥᠷ ᠮᠣᠩᠭᠣᠯ ᠤ᠋ᠨ ᠰᠣᠶᠣᠯ ᠤ᠋ᠨ ᠬᠡᠪᠯᠡᠯ ᠦ᠋ᠨ ᠬᠣᠷᠢᠶ᠎ᠠ ᠳ᠋ᠤ᠌ ᠲᠤᠰ ᠲᠤᠰ ᠪᠠᠢᠷᠢᠯᠠᠭᠤᠯᠵᠠᠢ᠂ ᠬᠡᠪᠯᠡᠯ ᠦ᠋ᠨ ᠪᠦᠯᠦᠭᠯᠡᠯ ᠦ᠋ᠨ ᠤᠳᠤᠷᠢᠳᠬᠤ ᠪᠠᠭ᠂ ᠶᠡᠷᠦᠩᠬᠡᠢ ᠬᠡᠯᠲᠡᠰ ᠦ᠋ᠨ ᠡᠯ᠎ᠡ ᠬᠡᠯᠲᠡᠰ ᠤ᠋ᠨ ᠭᠣᠣᠯ ᠬᠠᠷᠢᠭᠤᠴᠠᠯᠭᠠᠲᠠᠨ᠂ ᠡᠯ᠎ᠡ ᠬᠠᠷᠢᠶ᠎ᠠ ᠪᠠᠢᠭᠤᠯᠭ᠎ᠠ ᠶ᠋ᠢᠨ ᠤᠳᠤᠷᠢᠳᠬᠤ ᠪᠠᠭ᠂ ᠡᠯ᠎ᠡ ᠲᠠᠰᠤᠭ ᠤ᠋ᠨ ᠭᠣᠣᠯ ᠬᠠᠷᠢᠭᠤᠴᠠᠯᠭ᠎ᠠ ᠪᠦᠬᠦᠢ ᠬᠥᠮᠦᠰ ᠬᠤᠷᠠᠯ ᠳ᠋ᠤ᠌ ᠣᠷᠣᠯᠴᠠᠪᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ