ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ 2021 ᠣᠨ᠎ᠤ ᠠᠵᠢᠯ᠎ᠤᠨ ᠬᠤᠷᠠᠯ ᠵᠢᠴᠢ ᠠᠵᠢᠯᠲᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠢ ᠬᠤᠷᠠᠯᠳᠤᠭᠤᠯᠪᠠ
2021.03.02

  2021 ᠣᠨ᠎ᠤ 3 ᠰᠠᠷ᠎ᠠ᠎ᠶᠢᠨ 2᠎ᠦᠨ ᠡᠳᠦᠷ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ 2021 ᠣᠨ᠎ᠤ ᠠᠵᠢᠯ᠎ᠤᠨ ᠬᠤᠷᠠᠯ᠎ᠨᠢ ᠬᠥᠬᠡᠬᠤᠲᠠ᠎ᠳᠤ ᠬᠤᠷᠠᠯᠳᠤᠪᠠ᠃ ᠬᠤᠷᠠᠯ᠎ᠨᠢ ᠱ᠋ᠢ ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠪᠠᠨ ᠶᠢᠰᠦᠳᠦᠭᠡᠷ ᠶᠡᠬᠡ ᠬᠤᠷᠠᠯ ᠪᠠ ᠠᠷᠪᠠᠨ ᠶᠢᠰᠦᠳᠦᠭᠡᠷ ᠬᠤᠭᠤᠴᠠᠭᠠᠨ᠎ᠤ ᠬᠣᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠣᠷᠤᠨ᠎ᠤ ᠤᠬᠠᠭᠤᠯᠬᠤ ᠬᠡᠯᠲᠡᠰ᠎ᠦᠨ ᠳᠠᠷᠤᠭ᠎ᠠ᠎ᠶᠢᠨ ᠬᠤᠷᠠᠯ᠎ᠤᠨ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ 2020 ᠣᠨ᠎ᠤ ᠠᠵᠢᠯ᠎ᠢᠶᠠᠨ ᠳ᠋ᠦᠩᠨᠡᠵᠦ 2021 ᠣᠨ᠎ᠤ ᠠᠵᠢᠯ᠎ᠤᠨ ᠡᠭᠦᠷᠭᠡ᠎ᠪᠡᠨ ᠲᠣᠬᠢᠷᠠᠭᠤᠯᠤᠨ ᠪᠠᠢᠷᠢᠰᠢᠭᠤᠯᠵᠤ᠂ ᠬᠡᠪᠯᠡᠯ᠎ᠦᠨ ᠪᠦᠯᠦᠭᠯᠡᠯ᠎ᠦᠨ 《ᠠᠷᠪᠡᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠥᠭᠡᠷᠡᠴᠢᠯᠡᠯᠲᠡ ᠬᠥᠭᠵᠢᠯᠲᠡ᠎ᠶᠢᠨ ᠱᠢᠨ᠎ᠡ ᠠᠶᠠᠨ᠎ᠢᠶᠠᠨ ᠡᠬᠢᠯᠡᠭᠦᠯᠪᠡ᠃

  ᠲᠤᠰ ᠤᠳᠠᠭᠠᠨ᠎ᠤ ᠬᠤᠷᠠᠯ᠎ᠨᠢ ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠂ ᠰᠠᠬᠢᠯᠭ᠎ᠠ ᠪᠠᠲᠤ ᠬᠢᠨᠠᠨ ᠪᠠᠢᠴᠠᠭᠠᠬᠤ ᠠᠵᠢᠯ᠂ ᠦᠵᠡᠯ ᠤᠬᠠᠮᠰᠠᠷ᠎ᠤᠨ ᠠᠵᠢᠯ᠂ ᠡᠵᠡᠩᠨᠡᠯᠲᠡ᠎ᠵᠢᠨ ᠠᠵᠢᠯ᠎ᠤᠨ ᠬᠤᠷᠠᠯ ᠪᠠ ᠠᠵᠢᠯᠴᠢᠳ᠎ᠤᠨ ᠲᠥᠯᠦᠭᠡᠯᠡᠭᠴᠢᠳ᠎ᠦᠨ ᠶᠡᠬᠡ ᠬᠤᠷᠠᠯ ᠵᠡᠷᠭᠡ ᠲᠠᠪᠤᠨ ᠬᠤᠷᠠᠯ᠎ᠢᠶᠠᠷ ᠪᠦᠷᠢᠯᠳᠦᠵᠡᠢ᠃ 

ᠬᠡᠪᠯᠡᠯ᠎ᠦᠨ ᠪᠦᠯᠦᠭᠯᠡᠯ ᠊᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ

 

ᠬᠡᠪᠯᠡᠯ᠎ᠦᠨ ᠪᠦᠯᠦᠭᠯᠡᠯ ᠊᠎ᠦᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠶᠡᠷᠦᠩᠬᠡᠢ ᠳᠠᠭᠠᠭᠠᠮᠠᠯ ᠽᠧᠩ ᠬᠠᠨ
ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠭᠡᠰᠢᠭᠦᠨ ᠳᠡᠳ᠋ ᠶᠡᠷᠦᠩᠬᠡᠢ ᠳᠠᠭᠠᠭᠠᠮᠠᠯ ᠵᠠᠯᠭᠠᠪᠠᠶᠠᠷ

  ᠦᠳᠡ᠎ᠶᠢᠨ ᠡᠮᠦᠨ᠎ᠡ᠎ᠶᠢᠨ 9 ᠴᠠᠭ᠎ᠲᠤ᠂ ᠶᠠᠭᠤᠨ᠎ᠤ ᠤᠷᠢᠳ ᠬᠡᠪᠯᠡᠯ᠎ᠦᠨ ᠪᠦᠯᠦᠭᠯᠡᠯ᠎ᠦᠨ ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠭᠡᠰᠢᠭᠦᠨ ᠳᠡᠳ᠋ ᠶᠡᠷᠦᠩᠬᠡᠢ ᠳᠠᠭᠠᠭᠠᠮᠠᠯ ᠵᠠᠯᠭᠠᠪᠠᠶᠠᠷ ᠬᠤᠷᠠᠯ᠎ᠢ ᠬᠥᠲᠦᠯᠵᠦ᠂ ᠬᠡᠪᠯᠡᠯ᠎ᠦᠨ ᠪᠦᠯᠦᠭᠯᠡᠯ᠎ᠤᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠬᠡᠪᠯᠡᠯ᠎ᠦᠨ ᠪᠦᠯᠦᠭᠯᠡᠯ᠎ᠦᠨ 2020 ᠣᠨ᠎ᠤ ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠎ᠳᠤ ᠪᠦᠬᠦ ᠲᠠᠯ᠎ᠠ᠎ᠪᠠᠷ ᠳ᠋ᠦᠩᠨᠡᠯᠲᠡ ᠬᠢᠬᠦ᠎ᠶᠢᠨ ᠳᠠᠭᠠᠤ 2021 ᠣᠨ᠎ᠤ ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠡᠭᠦᠷᠭᠡ᠎ᠶᠢ ᠲᠣᠬᠢᠷᠠᠭᠤᠯᠤᠨ ᠪᠠᠢᠷᠢᠰᠢᠭᠤᠯᠪᠠ᠃ ᠬᠡᠪᠯᠡᠯ᠎ᠦᠨ ᠪᠦᠯᠦᠭᠯᠡᠯ᠎ᠤᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠶᠡᠷᠦᠩᠬᠡᠢ ᠳᠠᠭᠠᠭᠠᠮᠠᠯ ᠽᠧᠩ ᠬᠠᠨ ᠬᠡᠪᠯᠡᠯ᠎ᠦᠨ ᠪᠦᠯᠦᠭᠯᠡᠯ᠎ᠦᠨ 2021 ᠣᠨ᠎ᠤ ᠨᠠᠮ᠎ᠤᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠲᠠᠯ᠎ᠠ᠎ᠪᠠᠷ ᠪᠣᠳᠠᠲᠠᠢ ᠱᠠᠭᠠᠷᠳᠠᠯᠭ᠎ᠠ᠎ᠶᠢ ᠳᠤᠷᠠᠳᠤᠨ ᠭᠠᠷᠭᠠᠪᠠ᠃ 

  ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠰᠠᠬᠢᠯᠭ᠎ᠠ ᠪᠠᠲᠤ ᠪᠠᠢᠴᠠᠭᠠᠬᠤ ᠳᠤᠭᠤᠢᠯᠠᠩ᠎ᠤᠨ ᠳᠡᠳ᠋ ᠳᠤᠭᠤᠢᠯᠠᠩ᠎ᠤᠨ ᠳᠠᠷᠤᠭ᠎ᠠ ᠮᠠ ᠵᠢᠶᠦ᠋ᠨ ᠸᠧᠢ ᠬᠡᠪᠯᠡᠯ᠎ᠦᠨ ᠪᠦᠯᠦᠭᠯᠡᠯ᠎ᠦᠨ ᠰᠠᠬᠢᠯᠭ᠎ᠠ ᠪᠠᠲᠤ ᠪᠠᠢᠴᠠᠭᠠᠬᠤ ᠠᠵᠢᠯ᠎ᠤᠨ ᠬᠤᠷᠠᠯ᠎ᠳᠤ ᠣᠷᠤᠯᠴᠠᠵᠤ᠂ ᠬᠤᠷᠠᠯ᠎ᠢ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠭᠡᠰᠢᠭᠦᠨ ᠳᠡᠳ᠋ ᠶᠡᠷᠦᠩᠬᠡᠢ ᠳᠠᠭᠠᠭᠠᠮᠠᠯ ᠵᠠᠯᠭᠠᠪᠠᠶᠠᠷ ᠬᠥᠲᠦᠯᠵᠦ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠭᠡᠰᠢᠭᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠱᠦᠵᠢ ᠸᠠᠩ ᠹᠦ 《ᠡᠭᠦᠷᠭᠡ ᠬᠠᠷᠢᠭᠤᠴᠠᠯᠭ᠎ᠠ᠎ᠶᠢᠨ ᠪᠠᠢᠷᠢᠰᠢᠯ᠎ᠢᠶᠠᠨ ᠴᠢᠩᠭ᠎ᠠ ᠰᠠᠬᠢᠵᠤ᠂ ᠬᠢᠨᠠᠨ ᠪᠠᠢᠴᠠᠭᠠᠬᠤ ᠡᠭᠦᠷᠭᠡ᠎ᠪᠡᠨ ᠲᠣᠳᠤᠷᠬᠠᠢᠯᠠᠵᠤ᠂ ᠬᠡᠪᠯᠡᠯ᠎ᠦᠨ ᠪᠦᠯᠦᠭᠯᠡᠯ᠎ᠦᠨ ᠰᠠᠬᠢᠯᠭ᠎ᠠ ᠪᠠᠲᠤ ᠬᠢᠨᠠᠨ ᠪᠠᠢᠴᠠᠭᠠᠬᠤ ᠠᠵᠢᠯ᠎ᠤᠨ ᠴᠢᠨᠠᠷ ᠰᠠᠢᠳᠠᠢ ᠬᠥᠭᠵᠢᠯᠲᠡ᠎ᠶᠢ ᠯᠠᠪᠳᠠᠭᠤᠨ᠎ᠢᠶᠠᠷ ᠲᠦᠯᠬᠢᠨ ᠠᠬᠢᠭᠤᠯᠤᠶ᠎ᠠ》 ᠭᠡᠰᠡᠨ ᠰᠡᠳᠦᠪ᠎ᠢᠶᠡᠷ ᠠᠵᠢᠯ᠎ᠤᠨ ᠬᠠᠷᠢᠭᠤ ᠮᠡᠳᠡᠭᠦᠯᠦᠯᠲᠡ ᠬᠢᠵᠦ᠂ 2021 ᠣᠨ᠎ᠤ ᠬᠡᠪᠯᠡᠯ᠎ᠦᠨ ᠪᠦᠯᠦᠭᠯᠡᠯ᠎ᠦᠨ ᠰᠠᠬᠢᠯᠭ᠎ᠠ ᠪᠠᠲᠤ ᠪᠠᠢᠴᠠᠭᠠᠬᠤ ᠠᠵᠢᠯ᠎ᠤᠨ ᠲᠠᠯ᠎ᠠ᠎ᠪᠠᠷ ᠲᠣᠳᠤᠷᠬᠠᠢ ᠱᠠᠭᠠᠷᠳᠠᠯᠭ᠎ᠠ᠎ᠶᠢ ᠳᠤᠷᠠᠳᠤᠨ ᠭᠠᠷᠭᠠᠪᠠ᠃

ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠰᠠᠬᠢᠯᠭ᠎ᠠ ᠪᠠᠲᠤ ᠪᠠᠢᠴᠠᠭᠠᠬᠤ ᠳᠤᠭᠤᠢᠯᠠᠩ᠎ᠤᠨ ᠳᠡᠳ᠋ ᠳᠤᠭᠤᠢᠯᠠᠩ᠎ᠤᠨ ᠳᠠᠷᠤᠭ᠎ᠠ ᠮᠠ ᠵᠢᠶᠦ᠋ᠨ ᠸᠧᠢ
ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠭᠡᠰᠢᠭᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠱᠦᠵᠢ ᠸᠠᠩ ᠹᠦ

  ᠦᠵᠡᠯ ᠤᠬᠠᠮᠰᠠᠷ᠎ᠤᠨ ᠠᠵᠢᠯ᠎ᠤᠨ ᠬᠤᠷᠠᠯ ᠳᠡᠭᠡᠷ᠎ᠡ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ᠂ 2020 ᠣᠨ᠎ᠤ ᠦᠵᠡᠯ ᠤᠬᠠᠮᠰᠠᠷ᠎ᠤᠨ ᠠᠵᠢᠯ᠎ᠤᠨ ᠳ᠋ᠦᠩᠨᠡᠯᠲᠡ ᠬᠢᠬᠦ᠎ᠶᠢᠨ ᠳᠠᠭᠠᠤ 2021 ᠣᠨ᠎ᠤ ᠦᠵᠡᠯ ᠤᠬᠠᠮᠰᠠᠷ᠎ᠤᠨ ᠭᠣᠤᠯᠳᠠᠯᠭ᠎ᠠ᠎ᠲᠠᠢ ᠠᠵᠢᠯ᠎ᠤᠨ ᠲᠤᠬᠠᠢ ᠱᠢᠨ᠎ᠡ ᠱᠠᠭᠠᠷᠳᠠᠯᠭ᠎ᠠ ᠳᠤᠷᠠᠳᠪᠠ᠃ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠶᠡᠷᠦᠩᠬᠡᠢ ᠳᠠᠭᠠᠭᠠᠮᠠᠯ ᠽᠧᠩ ᠬᠠᠨ᠂ ᠬᠡᠪᠯᠡᠯ᠎ᠦᠨ ᠪᠦᠯᠦᠭᠯᠡᠯ᠎ᠦᠨ 2021 ᠣᠨ᠎ᠤ ᠦᠵᠡᠯ ᠤᠬᠠᠮᠰᠠᠷ᠎ᠤᠨ ᠠᠵᠢᠯ᠎ᠤᠨ ᠲᠠᠯ᠎ᠠ᠎ᠪᠠᠷ ᠪᠣᠳᠠᠲᠠᠢ ᠪᠠᠢᠷᠢᠰᠢᠭᠤᠯᠤᠯᠲᠠ ᠬᠢᠪᠠ᠃ 

ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠭᠡᠰᠢᠭᠦᠨ ᠪᠠᠢᠩᠭᠤ᠎ᠶᠢᠨ ᠳᠡᠳ᠋ ᠶᠡᠷᠦᠩᠬᠡᠢ ᠳᠠᠭᠠᠭᠠᠮᠠᠯ᠎ᠦ᠊·ᠰᠣᠶᠤᠯ

  ᠦᠳᠡ᠎ᠶᠢᠨ ᠬᠣᠢᠨ᠎ᠠ 2 ᠴᠠᠭ 30᠎ᠲᠤ᠂ ᠬᠡᠪᠯᠡᠯ᠎ᠦᠨ ᠪᠦᠯᠦᠭᠯᠡᠯ᠎ᠦᠨ ᠡᠵᠡᠩᠨᠡᠯᠲᠡ᠎ᠶᠢᠨ ᠠᠵᠢᠯ᠎ᠤᠨ ᠬᠤᠷᠠᠯ ᠬᠤᠷᠠᠯᠳᠤᠭᠤᠯᠪᠠ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠭᠡᠰᠢᠭᠦᠨ ᠪᠠᠢᠩᠭᠤ᠎ᠶᠢᠨ ᠳᠡᠳ᠋ ᠶᠡᠷᠦᠩᠬᠡᠢ ᠳᠠᠭᠠᠭᠠᠮᠠᠯ᠎ᠦ᠊·ᠰᠣᠶᠤᠯ ᠬᠤᠷᠠᠯ ᠡᠷᠬᠢᠯᠡᠪᠡ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ 《ᠱᠢᠨ᠎ᠡ ᠬᠥᠭᠵᠢᠯᠲᠡ᠎ᠶᠢᠨ ᠱᠠᠲᠤ ᠦᠶ᠎ᠡ᠎ᠶᠢ ᠵᠥᠪ ᠣᠨᠤᠪᠴᠢᠲᠠᠢ᠎ᠪᠠᠷ ᠡᠵᠡᠮᠳᠡᠵᠦ᠂ ᠱᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠤᠱᠢᠯᠠᠭᠤᠯᠵᠤ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠴᠢᠨᠠᠷ ᠰᠠᠢᠳᠠᠢ ᠬᠥᠭᠵᠢᠯᠲᠡ᠎ᠶᠢᠨ ᠱᠢᠨ᠎ᠡ ᠪᠠᠢᠳᠠᠯ᠎ᠢ ᠴᠢᠷᠮᠠᠢᠨ ᠪᠤᠢ ᠪᠣᠯᠭᠠᠶ᠎ᠠ》 ᠭᠡᠰᠡᠨ ᠰᠡᠳᠦᠪ᠎ᠢᠶᠡᠷ ᠠᠵᠢᠯ᠎ᠤᠨ ᠬᠠᠷᠢᠭᠤ ᠮᠡᠳᠡᠭᠦᠯᠦᠯᠲᠡ ᠬᠢᠪᠡ᠂ ᠬᠠᠷᠢᠭᠤ ᠮᠡᠳᠡᠭᠦᠯᠦᠯᠲᠡ᠎ᠳᠦ᠎ᠪᠡᠨ ᠬᠡᠪᠯᠡᠯ᠎ᠦᠨ ᠪᠦᠯᠦᠭᠯᠡᠯ᠎ᠦᠨ 2020 ᠣᠨ᠎ᠤ ᠠᠵᠢᠯ᠎ᠤᠨ ᠲᠣᠢᠮᠤ᠎ᠶᠢ 《ᠬᠣᠶᠠᠷ ᠨᠢᠭᠡᠳᠦᠯᠲᠡᠢ ᠲᠣᠬᠢᠷᠠᠭᠤᠯᠭ᠎ᠠ᠎ᠶᠢ ᠪᠡᠶᠡᠯᠡᠭᠦᠯᠵᠦ᠂ ᠬᠣᠶᠠᠷ ᠮᠠᠰᠢ ᠴᠢᠬᠤᠯᠠ ᠤᠯᠤᠰ ᠲᠥᠷᠦ᠎ᠶᠢᠨ ᠰᠣᠷᠢᠯᠲᠠ᠎ᠶᠢ ᠥᠩᠭᠡᠷᠡᠭᠡᠵᠦ᠂ ᠨᠢᠭᠡ ᠴᠢᠬᠤᠯᠠ ᠲᠥᠰᠦᠯ᠎ᠢ ᠪᠡᠶᠡᠯᠡᠭᠦᠯᠵᠦ᠂ ᠬᠣᠶᠠᠷ ᠴᠢᠬᠤᠯᠠ ᠲᠥᠯᠦᠪᠵᠢᠭᠦᠯᠭᠡ᠎ᠶᠢ ᠵᠣᠬᠢᠶᠠᠵᠤ᠂ ᠬᠡᠪᠯᠡᠯ᠎ᠦᠨ ᠭᠣᠤᠯ ᠠᠵᠤ ᠦᠢᠯᠡᠰ᠎ᠦᠨ ᠲᠣᠭᠲᠠᠭᠤᠨ ᠦᠨᠳᠦᠰᠦᠨ ᠪᠠᠢᠳᠠᠯ᠎ᠢ ᠦᠷᠭᠦᠯᠵᠢᠯᠡᠨ ᠪᠠᠲᠤᠯᠠᠵᠤ᠂ ᠭᠣᠤᠯᠳᠠᠯᠭ᠎ᠠ᠎ᠲᠠᠢ ᠲᠥᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠣᠭᠲᠠᠭᠤᠨ᠎ᠢᠶᠠᠷ ᠲᠦᠯᠬᠢᠨ ᠠᠬᠢᠭᠤᠯᠵᠤ᠂ ᠵᠠᠩᠭᠢᠴᠢᠯᠠᠯᠲᠠ ᠳ᠋ᠢᠬᠢᠲᠴᠢᠯᠠᠯᠳᠡ᠎ᠶᠢᠨ ᠠᠵᠢᠯ᠎ᠨᠢ ᠵᠠᠩᠭᠢᠯᠠᠭ᠎ᠠ᠎ᠶᠢᠨ ᠨᠢᠭᠡᠨ ᠠᠯᠬᠤᠮ᠎ᠢᠶᠠᠨ ᠠᠯᠬᠤᠵᠤ᠂ ᠬᠡᠪᠯᠡᠯ᠎ᠦᠨ ᠪᠦᠯᠦᠭᠯᠡᠯ᠎ᠦᠨ ᠡᠯ᠎ᠡ ᠲᠠᠯ᠎ᠠ᠎ᠶᠢᠨ ᠠᠵᠢᠯ ᠪᠦᠬᠦᠢ᠎ᠯᠡ ᠴᠣᠭᠴᠠ᠎ᠶᠢᠨ ᠬᠠᠪᠢ᠎ᠳᠤ ᠲᠣᠭᠲᠠᠭᠤᠨ᠎ᠢᠶᠠᠷ ᠤᠷᠤᠭᠰᠢᠯᠠᠵᠤ᠂ ᠰᠠᠢᠨ᠎ᠢᠶᠠᠷ ᠦᠷᠭᠦᠯᠵᠢᠯᠡᠵᠦ᠂ ᠰᠢᠯᠢᠳᠡᠭ ᠰᠠᠢᠬᠠᠨ ᠬᠥᠭᠵᠢᠯᠲᠡ᠎ᠶᠢᠨ ᠪᠠᠢᠳᠠᠯ᠎ᠢ ᠪᠠᠲᠤᠯᠠᠵᠠᠢ》 ᠭᠡᠵᠦ᠂ ᠬᠡᠪᠯᠡᠯ᠎ᠦᠨ ᠪᠦᠯᠦᠭᠯᠡᠯ᠎ᠦᠨ 2021 ᠣᠨ᠎ᠤ ᠠᠵᠢᠯ᠎ᠤᠨ ᠭᠣᠤᠯ ᠰᠡᠳᠭᠢᠮᠵᠢ ᠬᠠᠷᠠᠯᠲᠠ᠎ᠳᠤ ᠲᠣᠳᠤᠷᠬᠠᠢ ᠱᠠᠭᠠᠷᠳᠠᠯᠭ᠎ᠠ ᠳᠤᠷᠠᠳᠪᠠ᠃ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠶᠡᠷᠦᠩᠬᠡᠢ ᠳᠠᠭᠠᠭᠠᠮᠠᠯ ᠽᠧᠩ ᠬᠠᠨ 《ᠲᠣᠭᠲᠠᠭᠤᠨ᠎ᠢᠶᠡᠷ ᠤᠷᠤᠭᠱᠢᠯᠠᠬᠤ ᠠᠵᠢᠯ᠎ᠤᠨ ᠶᠡᠷᠦᠩᠬᠡᠢ ᠬᠥᠭ ᠠᠢᠵᠠᠮ᠎ᠢ ᠪᠠᠷᠢᠮᠲᠠᠯᠠᠵᠤ᠂ ᠲᠥᠪ ᠭᠣᠤᠯᠴᠢ᠎ᠪᠠᠷ ᠱᠢᠨ᠎ᠡ᠎ᠶᠢ ᠡᠭᠦᠳᠬᠦ ᠱᠠᠭᠠᠷᠳᠠᠯᠭ᠎ᠠ᠎ᠶᠢ ᠪᠡᠶᠡᠯᠡᠭᠦᠯᠬᠦ᠎ᠪᠠᠷ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠦᠪᠵᠢᠭᠦᠯᠭᠡ᠎ᠶᠢᠨ ᠴᠢᠨᠠᠷ ᠰᠠᠢᠳᠠᠢ ᠬᠥᠭᠵᠢᠯᠲᠡ᠎ᠶᠢᠨ ᠰᠠᠢᠨ ᠰᠠᠢᠬᠠᠨ ᠡᠬᠢᠯᠡᠯᠲᠡ ᠪᠣᠯᠭᠠᠶ᠎ᠠ》 ᠭᠡᠳᠡᠭ ᠰᠡᠳᠦᠪ᠎ᠢᠶᠡᠷ ᠠᠵᠢᠯ᠎ᠤᠨ ᠬᠠᠷᠢᠭᠤ ᠮᠡᠳᠡᠭᠦᠯᠦᠯᠲᠡ ᠬᠢᠵᠦ᠂ 2020 ᠣᠨ᠎ᠤ ᠡᠵᠡᠩᠨᠡᠯᠲᠡ᠎ᠶᠢᠨ ᠠᠵᠢᠯ᠎ᠢ ᠲᠣᠪᠴᠢᠬᠠᠨ ᠳ᠋ᠦᠩᠨᠡᠬᠦ᠎ᠶᠢᠨ ᠳᠠᠭᠠᠤ᠂ 2021 ᠣᠨ᠎ᠤ ᠡᠵᠡᠩᠨᠡᠯᠲᠡ᠎ᠶᠢᠨ ᠭᠣᠤᠯᠳᠠᠯᠭ᠎ᠠ᠎ᠲᠠᠢ ᠠᠵᠢᠯ᠎ᠤᠨ ᠪᠠᠢᠷᠢᠯᠠᠭᠤᠯᠤᠯᠲᠠ ᠬᠢᠪᠡ᠃ 

  ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠭᠡᠰᠢᠭᠦᠨ ᠪᠠᠢᠩᠭᠤ᠎ᠶᠢᠨ ᠳᠡᠳ᠋ ᠶᠡᠷᠦᠩᠬᠡᠢ ᠳᠠᠭᠠᠭᠠᠮᠠᠯ᠎ᠦ᠊·ᠰᠣᠶᠤᠯ ᠬᠡᠪᠯᠡᠯ᠎ᠦᠨ ᠪᠦᠯᠦᠭᠯᠡᠯ᠎ᠦᠨ 2020 ᠣᠨ᠎ᠤ ᠲᠡᠷᠢᠭᠦᠨ᠎ᠦ ᠪᠠᠢᠭᠤᠯᠭ᠎ᠠ ᠨᠢᠭᠡᠴᠢ ᠪᠠ ᠲᠡᠷᠢᠭᠦᠨ᠎ᠦ ᠬᠤᠪᠢ ᠬᠥᠮᠦᠨ᠎ᠢᠶᠡᠷ ᠰᠣᠩᠭᠤᠭᠳᠠᠭᠰᠠᠳ᠎ᠢ ᠨᠡᠢᠲᠡᠯᠡᠬᠦ᠎ᠶᠢᠨ ᠳᠠᠭᠠᠤ ᠬᠡᠪᠯᠡᠯ᠎ᠦᠨ ᠪᠦᠯᠦᠭᠯᠡᠯ᠎ᠦᠨ 2020 ᠣᠨ᠎ᠤ 《ᠬᠡᠪᠯᠡᠯ᠎ᠦᠨ ᠱᠢᠨ᠎ᠡ ᠡᠭᠦᠳᠤᠯᠲᠡ᠂ ᠰᠣᠶᠤᠯ᠎ᠤᠨ ᠱᠢᠨ᠎ᠡ ᠰᠠᠳᠤᠯᠳᠡ》 ᠡᠬᠡ ᠪᠢᠴᠢᠭ ᠡᠯᠰᠡᠬᠦ ᠬᠥᠳᠡᠯᠭᠡᠭᠡᠨ᠎ᠦ ᠱᠠᠩᠨᠠᠯ ᠬᠦᠷᠲᠡᠭᠰᠡᠨ ᠦᠷ᠎ᠡ ᠳ᠋ᠦᠩ᠎ᠢ ᠨᠡᠢᠲᠡᠯᠡᠪᠡ᠃ 

  ᠬᠠᠮᠤᠭ᠎ᠤᠨ ᠰᠡᠭᠦᠯ᠎ᠳᠦ ᠶᠡᠬᠡ ᠬᠤᠷᠠᠯ᠎ᠤᠨ ᠲᠣᠬᠢᠷᠠᠭᠤᠯᠤᠯᠲᠠ᠎ᠪᠠᠷ ᠬᠡᠪᠯᠡᠯ᠎ᠦᠨ ᠪᠦᠯᠦᠭᠯᠡᠯ᠎ᠦᠨ ᠠᠵᠢᠯᠲᠠᠨ᠎ᠤ ᠡᠪᠯᠡᠯ᠎ᠦᠨ ᠣᠷᠤᠯᠠᠭᠴᠢ ᠲᠡᠷᠢᠭᠦᠯᠡᠭᠴᠢ ᠶᠡᠷᠦᠩᠬᠡᠢ ᠨᠠᠢᠷᠠᠭᠤᠯᠤᠭᠴᠢ᠎ᠶᠢᠨ ᠲᠤᠰᠠᠯᠠᠭᠴᠢ ᠶᠡᠷᠦᠩᠬᠡᠢᠯᠡᠭᠰᠡᠨ ᠠᠵᠢᠯ ᠦᠢᠯᠡᠰ᠎ᠦᠨ ᠬᠡᠯᠲᠡᠰ᠎ᠦᠨ ᠡᠷᠬᠢᠯᠡᠭᠴᠢ ᠬᠤᠸᠠᠩ ᠲᠤᠤ᠂ ᠬᠡᠪᠯᠡᠯ᠎ᠦᠨ ᠪᠦᠯᠦᠭᠯᠡᠯ᠎ᠦᠨ ᠬᠣᠶᠠᠳᠤᠭᠠᠷ ᠬᠤᠭᠤᠴᠠᠭᠠᠨ᠎ᠤ ᠠᠵᠢᠯᠲᠠᠨ᠎ᠤ ᠡᠪᠯᠡᠯ᠎ᠦᠨ ᠲᠥᠯᠦᠭᠡᠯᠡᠭᠴᠢ᠎ᠶᠢᠨ ᠬᠣᠶᠠᠳᠤᠭᠠᠷ ᠬᠤᠭᠤᠴᠠᠭᠠᠨ᠎ᠤ ᠬᠤᠷᠠᠯ᠎ᠢ ᠬᠥᠲᠦᠯᠪᠡ᠃ ᠬᠤᠷᠠᠯ ᠳᠡᠭᠡᠷ᠎ᠡ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠶᠡᠷᠦᠩᠬᠡᠢ ᠳᠠᠭᠠᠭᠠᠮᠠᠯ ᠽᠧᠩ ᠬᠠᠨ 《ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ 2020 ᠣᠨ᠎ᠤ ᠡᠳ᠋᠎ᠦᠨ ᠵᠠᠰᠠᠭ᠎ᠤᠨ ᠠᠵᠢᠯ᠎ᠤᠨ ᠬᠠᠷᠢᠭᠤ ᠮᠡᠳᠡᠭᠦᠯᠦᠯᠲᠡ》 ᠬᠢᠵᠦ᠂ ᠬᠡᠪᠯᠡᠯ᠎ᠦᠨ ᠪᠦᠯᠦᠭᠯᠡᠯ᠎ᠦᠨ ᠬᠠᠮᠢᠶ᠎ᠠ ᠪᠦᠬᠦᠢ ᠴᠢᠬᠤᠯᠠ ᠬᠡᠷᠡᠭ ᠤᠴᠢᠷ᠂ ᠬᠢᠨᠠᠨ ᠬᠡᠯᠡᠯᠴᠡᠬᠦ᠂ ᠰᠠᠨᠠᠯ ᠥᠭᠬᠦ ᠬᠠᠮᠢᠶ᠎ᠠ ᠪᠦᠬᠦᠢ ᠫᠢᠶᠤᠤ ᠥᠭᠬᠦ ᠠᠵᠢᠯ᠎ᠢ ᠢᠯᠡ ᠨᠡᠢᠲᠡᠯᠡᠵᠦ᠂ ᠠᠵᠢᠯᠲᠠᠨ᠎ᠤ ᠡᠪᠯᠡᠯ᠎ᠦᠨ ᠣᠷᠤᠯᠠᠭᠴᠢ ᠲᠡᠷᠢᠭᠦᠯᠡᠭᠴᠢ ᠬᠤᠸᠠᠩ ᠲᠤᠤ 《ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠠᠵᠢᠯᠲᠠᠨ᠎ᠤ ᠡᠪᠯᠡᠯ᠎ᠦᠨ ᠭᠡᠰᠢᠭᠦᠨ᠎ᠦ ᠠᠵᠢᠯ᠎ᠤᠨ ᠬᠠᠷᠢᠭᠤ ᠮᠡᠳᠡᠭᠦᠯᠦᠯᠲᠡ》 ᠬᠢᠵᠦ᠂ 《2021 ᠣᠨ᠎ᠳᠤ ᠰᠡᠳᠭᠢᠯ᠎ᠢᠶᠡᠨ ᠨᠢᠭᠡᠳᠭᠡᠨ ᠬᠦᠴᠦᠨ᠎ᠢᠶᠡᠨ ᠬᠠᠮᠲᠤᠳᠭᠠᠵᠤ᠂ ᠱᠢᠨ᠎ᠡ᠎ᠶᠢ ᠡᠭᠦᠳᠦᠨ ᠥᠷᠭᠡᠨ ᠣᠯᠠᠨ ᠭᠡᠰᠢᠭᠦᠳ᠎ᠢᠶᠡᠨ ᠪᠦᠯᠬᠦᠮᠳᠡᠬᠦᠯᠦᠨ ᠳᠠᠢᠴᠢᠯᠠᠵᠤ᠂ ᠬᠡᠪᠯᠡᠯ᠎ᠦᠨ ᠪᠦᠯᠦᠭᠯᠡᠯ᠎ᠦᠨ ᠱᠢᠨ᠎ᠡ ᠳᠠᠪᠠᠯᠲᠠ᠎ᠳᠤ ᠠᠬᠢᠨ ᠱᠢᠨ᠎ᠡ ᠬᠤᠪᠢ ᠨᠡᠮᠡᠷᠢ ᠣᠷᠤᠭᠤᠯᠬᠤ ᠬᠡᠷᠡᠭᠲᠡᠢ》 ᠭᠡᠮᠡᠨ ᠴᠢᠩᠭᠠᠳᠭᠠᠪᠠ᠃

ᠬᠡᠪᠯᠡᠯ᠎ᠦᠨ ᠪᠦᠯᠦᠭᠯᠡᠯ᠎ᠦᠨ ᠠᠵᠢᠯᠲᠠᠨ᠎ᠤ ᠡᠪᠯᠡᠯ᠎ᠦᠨ ᠣᠷᠤᠯᠠᠭᠴᠢ ᠲᠡᠷᠢᠭᠦᠯᠡᠭᠴᠢ ᠶᠡᠷᠦᠩᠬᠡᠢ ᠨᠠᠢᠷᠠᠭᠤᠯᠤᠭᠴᠢ᠎ᠶᠢᠨ ᠲᠤᠰᠠᠯᠠᠭᠴᠢ ᠶᠡᠷᠦᠩᠬᠡᠢᠯᠡᠭᠰᠡᠨ ᠠᠵᠢᠯ ᠦᠢᠯᠡᠰ᠎ᠦᠨ ᠬᠡᠯᠲᠡᠰ᠎ᠦᠨ ᠡᠷᠬᠢᠯᠡᠭᠴᠢ ᠬᠤᠸᠠᠩ ᠲᠤᠤ

 

  ᠬᠤᠷᠠᠯ ᠳᠡᠭᠡᠷ᠎ᠡ ᠬᠡᠪᠯᠡᠯ᠎ᠦᠨ ᠪᠦᠯᠦᠭᠯᠡᠯ᠎ᠦᠨ 《ᠳᠠᠶᠠᠩ》 ᠳ᠋ᠢᠭᠢᠲᠴᠢᠯᠡᠭᠰᠡᠨ ᠪᠦᠲᠦᠭᠡᠭᠳᠡᠬᠦᠨ᠎ᠦ ᠨᠡᠷᠡᠲᠦ ᠲᠡᠮᠳᠡᠭ᠎ᠦᠨ ᠪᠦᠲᠦᠭᠡᠨ ᠪᠠᠢᠭᠤᠯᠤᠯᠲᠠ᠎ᠶᠢᠨ ᠲᠤᠬᠠᠢ ᠬᠠᠮᠢᠶ᠎ᠠ ᠪᠦᠬᠦᠢ ᠪᠠᠢᠳᠠᠯ ᠪᠠ ᠬᠡᠪᠯᠡᠯ᠎ᠦᠨ ᠪᠦᠯᠦᠭᠯᠡᠯ᠎ᠦᠨ ᠠᠵᠤ ᠦᠢᠯᠡᠰ ᠪᠠ ᠠᠵᠤ ᠠᠬᠤᠢᠯᠠᠯ᠎ᠢ ᠰᠠᠯᠭᠠᠬᠤ ᠥᠭᠡᠷᠡᠴᠢᠯᠡᠯᠲᠡ ᠵᠢᠴᠢ ᠥᠪᠦᠷ ᠮᠣᠩᠭᠤᠯ᠎ᠤᠨ ᠶᠡᠷᠦᠩᠬᠡᠢ ᠬᠡᠪᠯᠡᠯ᠎ᠦᠨ ᠬᠣᠷᠢᠶ᠎ᠠ᠎ᠶᠢ ᠪᠦᠲᠦᠭᠡᠨ ᠪᠠᠢᠭᠤᠯᠬᠤ ᠲᠥᠰᠦᠯ (ᠡᠬᠡ ᠨᠣᠤᠷᠠᠭ)᠎ᠢ ᠮᠡᠳᠡᠭᠳᠡᠬᠦ᠎ᠶᠢᠨ ᠳᠠᠭᠠᠤ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠬᠠᠷᠢᠶ᠎ᠠ ᠡᠯ᠎ᠡ ᠪᠠᠢᠭᠤᠯᠭ᠎ᠠ ᠨᠢᠭᠡᠴᠢ᠎ᠶᠢᠨ ᠤᠳᠤᠷᠢᠳᠤᠯᠭ᠎ᠠ᠎ᠶᠢᠨ ᠪᠠᠭ᠎ᠤᠨ ᠭᠡᠰᠢᠭᠦᠨ ᠵᠢᠴᠢ ᠶᠡᠷᠦᠩᠬᠡᠢ ᠬᠡᠯᠲᠡᠰ᠎ᠦᠨ ᠡᠯ᠎ᠡ ᠲᠠᠰᠤᠭ᠎ᠤᠨ ᠬᠠᠷᠢᠭᠤᠴᠠᠯᠭᠠᠲᠠᠨ᠎ᠤ 2020 ᠣᠨ᠎ᠤ ᠬᠢᠨᠠᠨ ᠰᠢᠯᠭᠠᠯᠲᠠ᠎ᠶᠢᠨ ᠦᠷ᠎ᠡ ᠳ᠋ᠦᠩ᠎ᠦᠨ ᠨᠥᠬᠦᠪᠦᠷᠢ ᠲᠣᠭᠲᠠᠭᠠᠯ ᠵᠢᠴᠢ ᠥᠪᠦᠷ ᠮᠣᠩᠭᠤᠯ᠎ᠤᠨ ᠠᠰᠢᠳᠠ ᠰᠤᠷᠭᠠᠨ ᠬᠥᠮᠦᠵᠢᠯ᠎ᠦᠨ ᠬᠡᠪᠯᠡᠯ᠎ᠦᠨ ᠦᠢᠯᠡᠰ᠎ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠭᠠᠵᠠᠷ ᠨᠤᠲᠤᠭ ᠬᠤᠳᠠᠯᠳᠤᠨ ᠠᠪᠬᠤ ᠨᠡᠭᠦᠯᠭᠡᠬᠦ ᠠᠰᠠᠭᠤᠳᠠᠯ᠎ᠢ ᠬᠢᠨᠠᠨ ᠬᠡᠯᠡᠯᠴᠡᠪᠡ᠃

  ᠶᠡᠬᠡ ᠬᠤᠷᠠᠯ᠎ᠨᠢ ᠸᠢᠳᠢᠣ᠋ ᠬᠤᠷᠠᠯ᠎ᠤᠨ ᠬᠡᠯᠪᠡᠷᠢ᠎ᠪᠡᠷ ᠶᠠᠪᠤᠭᠳᠠᠪᠠ᠃ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠬᠡᠯᠲᠡᠰ ᠵᠢᠴᠢ ᠬᠥᠬᠡᠬᠤᠲᠠ᠎ᠳᠤ ᠪᠠᠢᠭ᠎ᠠ ᠡᠯ᠎ᠡ ᠪᠠᠢᠭᠤᠯᠭ᠎ᠠ ᠨᠢᠭᠡᠴᠢ᠎ᠶᠢᠨ ᠲᠥᠯᠦᠭᠡᠯᠡᠭᠴᠢᠳ᠎ᠨᠢ ᠭᠣᠤᠯ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠤᠯᠴᠠᠵᠤ᠂ ᠥᠪᠦᠷ ᠮᠣᠩᠭᠤᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠪᠠᠭᠠᠴᠤᠳ ᠬᠡᠦᠬᠡᠳ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠰᠣᠶᠤᠯ᠎ᠤᠨ ᠬᠡᠪᠯᠡᠯ᠎ᠦᠨ ᠬᠣᠷᠢᠶ᠎ᠠ᠎ᠨᠢ ᠲᠤᠰ ᠲᠤᠰ ᠬᠤᠪᠢᠶᠠᠷᠢ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠤᠯᠴᠠᠪᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604