ᠱᠢᠨ᠎ᠡ ᠬᠥᠭᠵᠢᠯᠲᠡ᠎ᠶᠢᠨ ᠱᠠᠲᠤ ᠦᠶ᠎ᠡ᠎ᠶᠢ ᠵᠥᠪ ᠣᠨᠤᠪᠴᠢᠲᠠᠢ᠎ᠪᠠᠷ ᠡᠵᠡᠮᠳᠡᠵᠤ᠂ ᠱᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠤᠰᠢᠯᠠᠭᠤᠯᠵᠤ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠴᠢᠨᠠᠷ ᠰᠠᠢᠲᠠᠢ ᠬᠥᠭᠵᠢᠯᠲᠡ᠎ᠶᠢᠨ ᠱᠢᠨ᠎ᠡ ᠪᠠᠢᠳᠠᠯ᠎ᠢ ᠴᠢᠷᠮᠠᠢᠨ ᠪᠣᠢ ᠪᠣᠯᠭᠠᠶ᠎ᠠ
2021.03.02

  3 ᠰᠠᠷ᠎ᠠ᠎ᠶᠢᠨ 2᠎ᠦᠨ ᠡᠳᠦᠷ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠨᠢ 2021 ᠣᠨ᠎ᠤ ᠲᠤᠬᠠᠢᠯᠠᠭᠰᠠᠨ ᠠᠵᠢᠯ᠎ᠤᠨ ᠡᠵᠡᠩᠨᠡᠯᠲᠡ᠎ᠶᠢᠨ ᠬᠤᠷᠠᠯ᠎ᠢ ᠬᠤᠷᠠᠯᠳᠤᠭᠤᠯᠪᠠ᠃

ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠲᠠᠷᠤᠭ᠎ᠠ ᠱᠤᠸᠠᠩ ᠯᠦᠩ

  ᠬᠤᠷᠠᠯ᠎ᠨᠢ᠂ ᠱ᠋ᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠪᠠᠨ ᠶᠢᠰᠦᠳᠦᠭᠡᠷ ᠶᠡᠬᠡ ᠬᠤᠷᠠᠯ᠎ᠤᠨ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠪᠦᠬᠦ ᠣᠷᠤᠨ᠎ᠤ ᠤᠬᠠᠭᠤᠯᠬᠤ ᠬᠡᠯᠲᠡᠰ᠎ᠦᠨ ᠳᠠᠷᠤᠭ᠎ᠠ᠎ᠶᠢᠨ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠬᠡᠷᠡᠭᠵᠢᠭᠦᠯᠵᠦ᠂ 2020 ᠣᠨ᠎ᠤ ᠠᠵᠢᠯ᠎ᠢᠶᠠᠨ ᠬᠤᠷᠢᠶᠠᠩᠭᠤᠢᠯᠠᠨ ᠳ᠋ᠦᠩᠨᠡᠵᠦ᠂ ᠡᠨᠡ ᠵᠢᠯ᠎ᠦᠨ ᠠᠵᠢᠯ᠎ᠤᠨ ᠡᠭᠦᠷᠭᠡ᠎ᠪᠡᠨ ᠲᠣᠬᠢᠷᠠᠭᠤᠯᠤᠨ ᠪᠠᠢᠷᠢᠰᠢᠭᠤᠯᠵᠤ᠂ ᠬᠡᠪᠯᠡᠯ᠎ᠦᠨ ᠪᠦᠯᠦᠭᠯᠡᠯ᠎ᠦᠨ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠥᠭᠡᠷᠡᠴᠢᠯᠡᠯᠲᠡ ᠬᠥᠭᠵᠢᠯᠲᠡ᠎ᠶᠢᠨ ᠱᠢᠨ᠎ᠡ ᠠᠶᠠᠨ᠎ᠢᠶᠠᠨ ᠡᠬᠢᠯᠡᠭᠦᠯᠪᠡ᠃ 

  ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠲᠠᠷᠤᠭ᠎ᠠ ᠱᠤᠸᠠᠩ ᠯᠦᠩ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢ ᠲᠥᠯᠦᠭᠡᠯᠡᠨ 《ᠱᠢᠨ᠎ᠡ ᠬᠥᠭᠵᠢᠯᠲᠡ᠎ᠶᠢᠨ ᠱᠠᠲᠤ ᠦᠶ᠎ᠡ᠎ᠶᠢ ᠵᠥᠪ ᠣᠨᠤᠪᠴᠢᠲᠠᠢ᠎ᠪᠠᠷ ᠡᠵᠡᠮᠳᠡᠵᠦ᠂ ᠱᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠤᠰᠢᠯᠠᠭᠤᠯᠵᠤ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠴᠢᠨᠠᠷ ᠰᠠᠢᠲᠠᠢ ᠬᠥᠭᠵᠢᠯᠲᠡ᠎ᠶᠢᠨ ᠱᠢᠨ᠎ᠡ ᠪᠠᠢᠳᠠᠯ᠎ᠢ ᠴᠢᠷᠮᠠᠢᠨ ᠪᠣᠢ ᠪᠣᠯᠭᠠᠶ᠎ᠠ》 ᠭᠡᠰᠡᠨ ᠭᠣᠤᠯ ᠰᠡᠳᠦᠪ᠎ᠢᠶᠡᠷ ᠠᠵᠢᠯ᠎ᠤᠨ ᠬᠠᠷᠢᠭᠤ ᠮᠡᠳᠡᠭᠦᠯᠦᠯᠲᠡ ᠬᠢᠪᠡ᠃

  ᠬᠡᠷᠡᠭ ᠮᠡᠳᠡᠭᠴᠢᠳ᠎ᠦᠨ ᠲᠠᠷᠤᠭ᠎ᠠ ᠱᠤᠸᠠᠩ ᠯᠦᠩ ᠠᠵᠢᠯ᠎ᠤᠨ ᠬᠠᠷᠢᠭᠤ ᠮᠡᠳᠡᠭᠦᠯᠦᠯᠲᠡ᠎ᠳᠦ᠎ᠪᠡᠨ᠂ 2020 ᠣᠨ᠎ᠤ ᠠᠵᠢᠯ᠎ᠢᠶᠠᠨ ᠬᠤᠷᠢᠶᠠᠩᠭᠤᠢᠯᠠᠨ ᠳ᠋ᠦᠩᠨᠡᠬᠦ᠎ᠳᠦ 《ᠬᠣᠶᠠᠷ᠎ᠢ ᠨᠢᠭᠡᠳᠭᠡᠬᠦ》᠎ᠶᠢ ᠪᠡᠶᠡᠯᠡᠭᠦᠯᠵᠦ᠂ 《ᠬᠣᠶᠠᠷ ᠵᠦᠢᠯ᠎ᠦᠨ ᠮᠠᠰᠢ ᠴᠢᠬᠤᠯᠠ ᠤᠯᠤᠰ ᠲᠥᠷᠦ᠎ᠶᠢᠨ ᠰᠣᠷᠢᠯᠲᠠ》᠎ᠶᠢ ᠥᠩᠭᠡᠷᠡᠭᠡᠵᠦ᠂ 《ᠨᠢᠭᠡ ᠴᠢᠬᠤᠯᠠ ᠲᠣᠮᠤ ᠲᠥᠰᠦᠯ》᠎ᠢ ᠪᠡᠶᠡᠯᠡᠭᠦᠯᠵᠦ᠂ 《ᠬᠣᠶᠠᠷ ᠴᠢᠬᠤᠯᠠ ᠲᠥᠯᠦᠪᠵᠢᠭᠦᠯᠭᠡ》᠎ᠶᠢ ᠨᠠᠢᠷᠠᠭᠤᠯᠤᠨ ᠵᠣᠬᠢᠶᠠᠵᠤ᠂ ᠬᠡᠪᠯᠡᠯ᠎ᠦᠨ ᠠᠵᠢᠯ᠎ᠤᠨ ᠭᠣᠤᠯ ᠦᠢᠯᠡᠰ᠎ᠦᠨ ᠲᠣᠭᠲᠠᠭᠤᠨ᠎ᠢᠶᠠᠷ ᠦᠷᠭᠦᠯᠵᠢᠯᠡᠬᠦ᠎ᠶᠢ ᠪᠠᠲᠤᠯᠠᠵᠤ᠂ ᠭᠣᠤᠯᠳᠠᠯᠭ᠎ᠠ᠎ᠲᠠᠢ ᠲᠥᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠣᠭᠲᠠᠭᠤᠨ᠎ᠢᠶᠠᠷ ᠠᠬᠢᠭᠤᠯᠵᠤ᠂ ᠵᠠᠩᠭᠢᠴᠢᠯᠠᠯᠲᠠ᠎ᠶᠢᠨ ᠠᠵᠢᠯ᠎ᠨᠢ ᠵᠠᠩᠭᠢᠯᠠᠭ᠎ᠠ᠎ᠶᠢᠨ ᠨᠢᠭᠡᠨ ᠠᠯᠬᠤᠮ᠎ᠢ ᠠᠯᠬᠤᠵᠤ᠂ ᠬᠡᠪᠯᠡᠯ᠎ᠦᠨ ᠪᠦᠯᠦᠭᠯᠡᠯ᠎ᠦᠨ ᠡᠯ᠎ᠡ ᠲᠥᠷᠦᠯ᠎ᠦᠨ ᠠᠵᠢᠯ ᠦᠨᠳᠦᠰᠦᠨ᠎ᠳᠦ᠎ᠪᠡᠨ ᠲᠣᠭᠲᠠᠭᠤᠨ᠎ᠢᠶᠠᠷ ᠤᠷᠤᠭᠱᠢᠯᠠᠵᠤ᠂ ᠦᠷᠭᠦᠯᠵᠢᠯᠡᠨ ᠰᠠᠢᠵᠢᠷᠠᠬᠤ ᠪᠠᠢᠳᠠᠯ ᠢᠯᠡᠷᠠᠵᠤ᠂ ᠰᠢᠯᠢᠳᠡᠭ ᠰᠠᠢᠬᠠᠨ ᠬᠥᠭᠵᠢᠯᠲᠡ᠎ᠶᠢᠨ ᠪᠠᠢᠳᠠᠯ᠎ᠢ ᠪᠠᠲᠤᠯᠠᠭᠰᠠᠨ ᠪᠠᠢᠨ᠎ᠠ ᠭᠡᠵᠡᠢ᠃

  ᠬᠡᠷᠡᠭ ᠮᠡᠳᠡᠭᠴᠢᠳ᠎ᠦᠨ ᠲᠠᠷᠤᠭ᠎ᠠ ᠱᠤᠸᠠᠩ ᠯᠦᠩ᠄ 2021 ᠣᠨ᠎ᠤ ᠠᠵᠢᠯ᠎ᠢᠶᠠᠨ ᠰᠠᠢᠳᠤᠷ ᠬᠢᠵᠦ᠂ ᠱ᠋ᠢ᠎ᠵᠢᠨ ᠫᠢᠩ ᠶᠡᠷᠦᠩᠬᠡᠢ ᠱᠦᠵᠢ᠎ᠶᠢᠨ ᠦᠵᠡᠯ ᠰᠠᠨᠠᠭᠠᠨ᠎ᠤ ᠤᠬᠠᠭᠤᠯᠭ᠎ᠠ᠎ᠶᠢᠨ ᠠᠵᠢᠯ᠎ᠤᠨ ᠲᠤᠬᠠᠢ ᠱᠢᠨ᠎ᠡ ᠣᠢᠯᠠᠭᠠᠯᠲᠠ ᠱᠢᠨ᠎ᠡ ᠱᠠᠭᠠᠷᠳᠠᠯᠭ᠎ᠠ᠎ᠶᠢ ᠭᠦᠨᠵᠡᠭᠡᠢᠷᠡᠭᠦᠯᠦᠨ ᠰᠤᠷᠤᠯᠴᠠᠵᠤ ᠣᠢᠯᠠᠭᠠᠨ᠂ ᠤᠯᠠᠮ ᠨᠢᠭᠡ ᠠᠯᠬᠤᠮ ᠦᠵᠡᠯ ᠰᠠᠨᠠᠭᠠᠨ᠎ᠤ ᠲᠠᠨᠢᠯᠲᠠ᠎ᠪᠠᠨ ᠨᠠᠮ᠎ᠤᠨ ᠲᠥᠪ ᠬᠣᠷᠢᠶ᠎ᠠ᠎ᠶᠢᠨ ᠱᠢᠨ᠎ᠡ ᠴᠠᠭ᠎ᠤᠨ ᠪᠠᠢᠳᠠᠯ᠎ᠤᠨ ᠰᠢᠨᠵᠢᠯᠡᠬᠦ ᠤᠬᠠᠭᠠᠨᠴᠢ ᠮᠠᠭᠠᠳᠯᠠᠯᠲᠠ᠎ᠲᠠᠢ ᠨᠢᠭᠡᠳᠭᠡᠵᠦ᠂ ᠱ᠋ᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠠᠷᠪᠠᠨ ᠶᠢᠰᠦᠳᠦᠭᠡᠷ ᠶᠡᠬᠡ ᠬᠤᠷᠠᠯ ᠪᠠ ᠠᠷᠪᠠᠨ ᠶᠢᠰᠦᠳᠦᠭᠡᠷ ᠬᠤᠭᠤᠴᠠᠭᠠᠨ᠎ᠤ ᠬᠣᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠪᠦᠬᠦ ᠣᠷᠤᠨ᠎ᠤ ᠤᠬᠠᠭᠤᠯᠬᠤ ᠬᠡᠯᠲᠡᠰ᠎ᠦᠨ ᠳᠠᠷᠤᠭ᠎ᠠ᠎ᠶᠢᠨ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ᠂ 《ᠳᠥᠷᠪᠡᠨ ᠤᠬᠠᠮᠰᠠᠷ》᠎ᠢᠶᠡᠨ ᠴᠢᠩᠭᠠᠳᠭᠠᠵᠤ᠂ 《ᠳᠥᠷᠪᠡᠨ ᠢᠲᠡᠭᠡᠯ》᠎ᠢᠶᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠤᠯᠤᠰ ᠲᠥᠷᠦ᠎ᠶᠢᠨ ᠵᠥᠪ ᠴᠢᠭᠯᠡᠯ᠎ᠢ ᠪᠠᠷᠢᠮᠲᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠬᠠᠮᠰᠠᠷ᠎ᠢ ᠪᠣᠢ ᠪᠣᠯᠭᠠᠵᠤ᠂ ᠠᠷᠠᠳ ᠲᠦᠮᠡᠨ᠎ᠢᠶᠡᠷ ᠲᠥᠪ ᠪᠣᠯᠭᠠᠭᠰᠠᠨ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ ᠨᠡᠢᠭᠡᠮ᠎ᠦᠨ ᠦᠷ᠎ᠡ ᠠᠰᠢᠭ᠎ᠢ ᠲᠡᠷᠢᠭᠦᠨ ᠪᠠᠢᠷᠢᠨ᠎ᠳᠤ ᠲᠠᠯᠪᠢᠬᠤ᠎ᠶᠢ ᠪᠠᠷᠢᠮᠲᠠᠯᠠᠵᠤ᠂ ᠨᠡᠢᠭᠡᠮ᠎ᠦᠨ ᠦᠷ᠎ᠡ ᠠᠰᠢᠭ ᠪᠠ ᠠᠵᠤ ᠠᠬᠤᠢ᠎ᠶᠢᠨ ᠦᠷ᠎ᠡ ᠠᠰᠢᠭ᠎ᠢ ᠨᠢᠭᠡᠳᠭᠡᠵᠦ᠂ ᠲᠣᠭᠲᠠᠭᠤᠨ᠎ᠢᠶᠡᠷ ᠤᠷᠤᠭᠰᠢᠯᠠᠬᠤ᠎ᠶᠢ ᠪᠠᠷᠢᠮᠲᠠᠯᠠᠵᠤ᠂ ᠲᠥᠪ ᠶᠤᠰᠦ᠎ᠶᠢ ᠪᠠᠷᠢᠮᠲᠠᠯᠠᠵᠤ ᠱᠢᠨ᠎ᠡ᠎ᠶᠢ ᠡᠭᠦᠳᠦᠨ᠂ ᠱᠢᠨ᠎ᠡ ᠬᠥᠭᠵᠢᠯᠲᠡ᠎ᠶᠢᠨ ᠱᠠᠲᠤ ᠦᠶ᠎ᠡ᠎ᠲᠡᠢ ᠵᠣᠬᠢᠴᠠᠬᠤ᠎ᠶᠢ ᠵᠥᠪ ᠣᠨᠤᠪᠴᠢᠲᠠᠢ᠎ᠪᠠᠷ ᠡᠵᠡᠮᠳᠡᠵᠦ᠂ ᠱᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠤᠰᠢᠯᠠᠭᠤᠯᠵᠤ᠂ ᠱᠢᠨ᠎ᠡ ᠬᠥᠭᠵᠢᠯᠲᠡ᠎ᠶᠢᠨ ᠪᠠᠢᠳᠠᠯ᠎ᠤᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠪᠦᠲᠦᠭᠡᠨ ᠪᠠᠢᠭᠤᠯᠵᠤ᠂ ᠴᠢᠨᠠᠷ ᠰᠠᠢᠲᠠᠢ ᠬᠥᠭᠵᠢᠯᠲᠡ᠎ᠪᠡᠷ ᠭᠣᠤᠯ ᠰᠡᠳᠦᠪ ᠪᠣᠯᠭᠠᠬᠤ᠎ᠶᠢ ᠪᠠᠷᠢᠮᠲᠠᠯᠠᠵᠤ᠂  ᠬᠠᠩᠭᠠᠯᠭ᠎ᠠ᠎ᠶᠢᠨ ᠪᠦᠲᠦᠴᠡ᠎ᠶᠢᠨ ᠰᠢᠨᠵᠢ᠎ᠲᠡᠢ ᠥᠭᠡᠷᠡᠴᠢᠯᠡᠯᠲᠡ᠎ᠪᠠᠷ ᠭᠣᠤᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠱᠢᠨ᠎ᠡ᠎ᠶᠢ ᠡᠭᠦᠳᠬᠦ᠎ᠪᠡᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ᠎ᠦ ᠰᠣᠶᠤᠯ᠎ᠤᠨ ᠬᠡᠷᠡᠭᠴᠡᠭᠡ᠎ᠶᠢ ᠬᠠᠩᠭᠠᠬᠤ ᠪᠠ ᠠᠷᠠᠳ ᠲᠦᠮᠡᠨ᠎ᠦ ᠣᠶᠤᠨ᠎ᠤ ᠬᠦᠴᠦᠨ᠎ᠢ ᠨᠡᠮᠡᠭᠳᠡᠭᠦᠯᠬᠦ᠎ᠪᠡᠷ ᠦᠨᠳᠦᠰᠦᠨ ᠬᠠᠷᠠᠯᠲᠠ᠎ᠪᠠᠨ ᠪᠣᠯᠭᠠᠵᠤ᠂ ᠪᠦᠬᠦ ᠵᠢᠯ᠎ᠦᠨ ᠡᠯ᠎ᠡ ᠲᠥᠷᠦᠯ᠎ᠦᠨ ᠡᠵᠡᠩᠨᠡᠯᠲᠡ᠎ᠶᠢᠨ ᠬᠠᠷᠢᠭᠤᠴᠠᠯᠭᠠᠲᠤ ᠬᠠᠷᠠᠯᠲᠠ᠎ᠪᠠᠨ ᠠᠮᠵᠢᠯᠲᠠ᠎ᠲᠠᠢ᠎ᠪᠠᠷ ᠪᠡᠶᠡᠯᠡᠭᠦᠯᠵᠦ᠂ ᠡᠷᠡᠭᠦᠯ ᠬᠥᠭᠵᠢᠯᠲᠡ᠎ᠶᠢᠨ ᠪᠠᠢᠳᠠᠯ᠎ᠢᠶᠡᠨ ᠦᠷᠭᠦᠯᠵᠢᠯᠡᠨ ᠪᠠᠲᠤᠯᠠᠵᠤ᠂ ᠰᠢᠯᠢᠳᠡᠭ ᠬᠢᠷᠢ ᠪᠦᠲᠦᠮᠵᠢ᠎ᠪᠡᠷ ᠨᠠᠮ ᠪᠠᠢᠭᠤᠯᠤᠭᠳᠠᠭᠰᠠᠨ 100 ᠵᠢᠯ᠎ᠦᠨ ᠣᠢ᠎ᠶᠢ ᠪᠡᠯᠭᠡᠯᠡᠨ᠎ᠡ ᠭᠡᠪᠡ᠃   

  ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠵᠢᠭᠠᠵᠤ ᠭᠠᠷᠭᠠᠭᠰᠠᠨ᠎ᠨᠢ᠂ ᠡᠨᠡ ᠵᠢᠯ᠎ᠦᠨ ᠡᠵᠡᠩᠨᠡᠯᠲᠡ᠎ᠶᠢᠨ ᠡᠭᠦᠷᠭᠡ ᠬᠠᠷᠢᠭᠤᠴᠠᠯᠭ᠎ᠠ ᠮᠠᠰᠢ ᠬᠦᠨᠳᠦ᠂ ᠬᠡᠪᠯᠡᠯ᠎ᠦᠨ ᠪᠦᠯᠦᠭᠯᠡᠯ᠎ᠦᠨ ᠬᠥᠭᠵᠢᠯᠲᠡ᠎ᠪᠡᠨ 《ᠬᠣᠶᠠᠷ ᠲᠣᠮᠤ ᠶᠡᠷᠦᠩᠬᠡᠢ ᠪᠠᠢᠳᠠᠯ》᠎ᠠᠴᠠ ᠪᠣᠳᠤᠯᠬᠢᠯᠠᠵᠤ᠂ ᠤᠯᠤᠰ᠎ᠤᠨ ᠳᠣᠲᠤᠭᠠᠳᠤ ᠭᠠᠳᠠᠭᠠᠳᠤ᠎ᠶᠢᠨ ᠬᠥᠭᠵᠢᠯᠲᠡ᠎ᠶᠢᠨ ᠶᠡᠷᠦᠩᠬᠡᠢ ᠬᠠᠨᠳᠤᠰᠢ᠎ᠶᠢ ᠬᠢᠨᠠᠨ ᠦᠵᠡᠵᠦ᠂ ᠱᠢᠨ᠎ᠡ ᠬᠥᠭᠵᠢᠯᠲᠡ᠎ᠶᠢᠨ ᠱᠠᠲᠤ ᠦᠶ᠎ᠡ᠎ᠲᠡᠢ ᠵᠣᠬᠢᠴᠠᠬᠤ᠎ᠶᠢ ᠣᠨᠤᠪᠴᠢᠲᠠᠢ ᠠᠳᠭᠤᠵᠤ᠂ ᠱᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠲᠤᠭᠤᠰᠢᠯᠠᠭᠤᠯᠵᠤ᠂ ᠱᠢᠨ᠎ᠡ ᠬᠥᠭᠵᠢᠯᠲᠡ᠎ᠶᠢᠨ ᠪᠠᠢᠳᠠᠯ᠎ᠢ ᠪᠣᠢ ᠪᠣᠯᠭᠠᠵᠤ᠂ ᠠᠰᠠᠭᠤᠳᠠᠯ᠎ᠤᠨ ᠵᠢᠯᠤᠭᠤᠳᠤᠯᠭ᠎ᠠ ᠪᠠ ᠪᠠᠢᠯᠳᠤᠬᠤ ᠪᠣᠳᠤᠯᠭ᠎ᠠ᠎ᠶᠢᠨ ᠳᠠᠭᠠᠭᠤᠯᠤᠭ᠎ᠠ᠎ᠶᠢ ᠳᠣᠪᠤᠢᠯᠭᠠᠵᠤ᠂ ᠠᠮᠢ ᠠᠬᠤᠢ᠎ᠶᠢᠨ ᠪᠠᠢᠳᠠᠯ᠎ᠢ ᠲᠡᠷᠢᠭᠦᠨ ᠪᠠᠢᠷᠢᠨ᠎ᠳᠤ ᠲᠠᠯᠪᠢᠵᠤ᠂ ᠪᠣᠬᠢᠷᠲᠤᠯᠭᠦᠢ ᠬᠥᠭᠵᠢᠯᠲᠡ᠎ᠪᠡᠷ ᠵᠢᠯᠤᠭᠤᠳᠤᠮᠵᠢ ᠪᠣᠯᠭᠠᠬᠤ ᠴᠢᠨᠠᠷ ᠰᠠᠢᠲᠠᠢ ᠬᠥᠭᠵᠢᠯᠲᠡ᠎ᠶᠢᠨ ᠱᠢᠨ᠎ᠡ ᠵᠠᠮ᠎ᠲᠠᠢ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》 ᠪᠠ 《ᠨᠢᠭᠡ ᠪᠡᠬᠢᠯᠡᠯᠲᠡ》᠎ᠶᠢᠨ ᠪᠠᠢᠯᠳᠤᠬᠤ ᠪᠣᠳᠤᠯᠭ᠎ᠠ᠎ᠶᠢᠨ ᠪᠠᠢᠷᠢ ᠳᠤᠭᠳᠠᠭᠠᠯᠲᠠ᠎ᠶᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠡᠪᠯᠡᠯ᠎ᠦᠨ ᠪᠦᠯᠦᠭᠯᠡᠯ᠎ᠦᠨ 《ᠠᠷᠪᠠᠨ ᠲᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠵᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠡᠵᠡᠩᠨᠡᠯᠲᠡ᠎ᠶᠢᠨ ᠠᠵᠢᠯ᠎ᠢ ᠰᠠᠢᠳᠤᠷ ᠬᠢᠬᠦ᠎ᠶᠢ ᠬᠣᠶᠠᠷ ᠲᠠᠯ᠎ᠠ᠎ᠪᠠᠷ ᠠᠳᠭᠤᠵᠤ᠂ ᠬᠣᠶᠠᠷ ᠲᠠᠯ᠎ᠠ᠎ᠳᠤ ᠦᠯᠦ ᠣᠰᠤᠯᠳᠠᠬᠤ ᠵᠢᠴᠢ ᠠᠶᠤᠯᠭᠦᠢ ᠦᠢᠯᠡᠳᠪᠦᠷᠢᠯᠡᠯ ᠪᠠ ᠬᠦᠨᠳᠦ ᠶᠡᠬᠡ ᠠᠶᠤᠯ ᠲᠦᠭᠰᠢᠭᠦᠷᠢ᠎ᠵᠢᠨ ᠳᠠᠯᠳᠠ ᠭᠡᠮ᠎ᠢ ᠰᠡᠷᠭᠡᠢᠯᠡᠬᠦ᠎ᠶᠢ ᠬᠠᠮᠲᠤ᠎ᠳᠤ᠎ᠨᠢ ᠬᠠᠷᠠᠭᠠᠯᠵᠠᠵᠤ᠂ ᠣᠳᠤᠬᠠᠨ᠎ᠤ ᠪᠠ ᠠᠯᠤᠰ ᠬᠡᠳᠦ᠎ᠶᠢᠨ ᠴᠢᠬᠤᠯᠠ ᠵᠦᠢᠯ᠎ᠢ ᠪᠠᠰᠠ ᠬᠠᠮᠲᠤ᠎ᠳᠤ᠎ᠨᠢ ᠬᠠᠷᠠᠭᠠᠯᠵᠠᠬᠤ ᠬᠡᠷᠡᠭᠲᠡᠢ᠃ ᠪᠦᠬᠦ ᠵᠢᠯ᠎ᠦᠨ ᠭᠣᠤᠯᠳᠠᠯᠭ᠎ᠠ᠎ᠲᠠᠢ ᠬᠠᠷᠠᠯᠲᠠ ᠡᠭᠦᠷᠭᠡ᠎ᠶᠢ ᠳᠤᠷᠠᠳᠤᠨ ᠭᠠᠷᠭᠠᠬᠤ᠎ᠶᠢᠨ ᠬᠠᠮᠲᠤ ᠳᠠᠷᠠᠭᠠᠬᠢ ᠮᠡᠲᠦ ᠲᠠᠪᠤᠨ ᠲᠠᠯ᠎ᠠ᠎ᠶᠢ ᠳᠣᠪᠤᠢᠮ᠎ᠠ ᠠᠳᠭᠤᠬᠤ᠎ᠶᠢ ᠴᠢᠩᠭᠠᠳᠭᠠᠪᠠ᠃ ᠨᠢᠭᠡ᠎ᠳᠦ᠂ ᠦᠵᠡᠯ ᠰᠠᠨᠠᠭ᠎ᠠ ᠤᠯᠤᠰ ᠲᠥᠷᠦ᠎ᠶᠢᠨ ᠪᠦᠲᠦᠭᠡᠨ ᠪᠠᠢᠭᠤᠯᠤᠯᠲᠠ᠎ᠶᠢ ᠴᠢᠩᠭᠠᠳᠭᠠᠵᠤ᠂ ᠵᠥᠪ ᠣᠨᠤᠪᠴᠢᠲᠠᠢ ᠤᠯᠤᠰ ᠲᠥᠷᠦ᠎ᠶᠢᠨ ᠴᠢᠭᠯᠡᠯ᠎ᠢ ᠠᠳᠭᠤᠬᠤ ᠬᠡᠷᠡᠭᠲᠡᠢ᠃ ᠬᠣᠶᠠᠷ᠎ᠲᠤ᠂ ᠵᠥᠪ ᠣᠨᠤᠪᠴᠢᠲᠠᠢ ᠬᠡᠪᠯᠡᠯ᠎ᠦᠨ ᠵᠢᠯᠤᠭᠤᠳᠤᠮᠵᠢ᠎ᠶᠢ ᠪᠠᠷᠢᠮᠲᠠᠯᠠᠵᠤ᠂ ᠲᠥᠪ ᠶᠤᠰᠦ᠎ᠶᠢ ᠪᠠᠷᠢᠮᠳᠠᠯᠠᠨ ᠱᠢᠨ᠎ᠡ᠎ᠶᠢ ᠡᠭᠦᠳᠬᠦ ᠱᠠᠭᠠᠷᠳᠠᠯᠭ᠎ᠠ᠎ᠶᠢ ᠭᠦᠢᠴᠡᠳᠭᠡᠬᠦ ᠬᠡᠷᠡᠭᠲᠡᠢ᠃ ᠭᠤᠷᠪᠠ᠎ᠳᠤ᠂ ᠠᠭᠤᠰᠤᠯᠴᠠᠨ ᠬᠥᠭᠵᠢᠬᠦ᠎ᠶᠢ ᠪᠠᠷᠢᠮᠲᠠᠯᠠᠵᠤ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠰᠢᠭᠦᠯᠬᠦ᠎ᠶᠢ ᠲᠦᠯᠬᠢᠨ ᠠᠬᠢᠭᠤᠯᠬᠤ ᠬᠡᠷᠡᠭᠲᠠᠢ᠃ ᠳᠥᠷᠪᠡ᠎ᠳᠦ᠂ ᠰᠠᠢᠨ ᠲᠥᠷᠦᠯ ᠵᠦᠢᠯ᠎ᠦᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠣᠯᠠᠨ ᠡᠱᠢᠴᠢᠯᠡᠭᠰᠡᠨ ᠦᠢᠯᠡᠳᠪᠦᠷᠢᠯᠡᠯ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠭᠡᠬᠦ ᠬᠡᠷᠡᠭᠳᠠᠢ᠃ ᠳᠠᠪᠤ᠋᠎ᠳᠤ᠂ ᠥᠭᠡᠷᠡᠴᠢᠯᠡᠯᠲᠡ ᠬᠢᠵᠦ ᠱᠢᠨ᠎ᠡ᠎ᠶᠢ ᠡᠭᠦᠳᠬᠦ᠎ᠶᠢ ᠪᠦᠬᠦ ᠲᠠᠯ᠎ᠠ᠎ᠪᠠᠷ ᠭᠦᠨᠵᠡᠭᠡᠢᠷᠡᠭᠦᠯᠵᠦ᠂ ᠵᠠᠰᠠᠯᠲᠠ᠎ᠶᠢᠨ ᠴᠢᠳᠠᠪᠤᠷᠢ᠎ᠶᠢᠨ ᠣᠳᠤᠬᠢᠴᠢᠯᠠᠯᠲᠠ᠎ᠶᠢ ᠠᠬᠢᠭᠤᠯᠬᠤ ᠬᠡᠷᠡᠭᠲᠠᠢ᠃ 

 

ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠶᠡᠷᠦᠩᠬᠡᠢ ᠳᠠᠭᠠᠭᠠᠮᠠᠯ ᠽᠧᠩ ᠬᠠᠨ

  ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ᠋ ᠱᠦᠵᠢ ᠶᠡᠷᠦᠩᠬᠡᠢ ᠳᠠᠭᠠᠭᠠᠮᠠᠯ ᠽᠧᠩ ᠬᠠᠨ 《ᠲᠣᠭᠲᠠᠭᠤᠨ᠎ᠢᠶᠡᠷ ᠤᠷᠤᠭᠰᠢᠯᠠᠬᠤ ᠠᠵᠢᠯ᠎ᠤᠨ ᠶᠡᠷᠦᠩᠬᠡᠢ ᠬᠥᠭ ᠠᠢᠵᠠᠮ᠎ᠢ ᠪᠠᠷᠢᠮᠲᠠᠯᠠᠵᠤ᠂ ᠲᠥᠪ ᠭᠣᠤᠯᠴᠢ᠎ᠪᠠᠷ ᠱᠢᠨ᠎ᠡ᠎ᠶᠢ ᠡᠭᠦᠳᠬᠦ ᠱᠠᠭᠠᠷᠳᠠᠯᠭ᠎ᠠ᠎ᠶᠢ ᠪᠡᠶᠡᠯᠡᠭᠦᠯᠬᠦ᠎ᠪᠡᠷ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠦᠪᠵᠢᠭᠦᠯᠭᠡ᠎ᠶᠢᠨ ᠴᠢᠨᠠᠷ ᠰᠠᠢᠲᠠᠢ ᠬᠥᠭᠵᠢᠯᠲᠡ᠎ᠶᠢᠨ ᠰᠠᠢᠨ ᠰᠠᠢᠬᠠᠨ ᠡᠬᠢᠯᠡᠯᠲᠡ ᠪᠣᠯᠭᠠᠶ᠎ᠠ》 ᠭᠡᠬᠦ ᠰᠡᠳᠦᠪ᠎ᠢᠶᠡᠷ ᠡᠵᠡᠩᠨᠡᠯᠲᠡ᠎ᠶᠢᠨ ᠠᠵᠢᠯ᠎ᠤᠨ ᠬᠠᠷᠢᠭᠤ ᠮᠡᠳᠡᠭᠦᠯᠦᠯᠲᠡ ᠬᠢᠪᠡ᠃ ᠬᠠᠷᠢᠭᠤ ᠮᠡᠳᠡᠭᠦᠯᠦᠯᠲᠡ᠎ᠨᠢ ᠬᠡᠪᠯᠡᠯ᠎ᠦᠨ ᠭᠣᠤᠯ ᠠᠵᠢᠯ᠂ ᠵᠠᠩᠭᠢᠴᠢᠯᠠᠯᠲᠠ ᠵᠢᠴᠢ ᠣᠯᠠᠨ ᠡᠱᠢᠴᠢᠯᠡᠭᠰᠡᠨ ᠦᠢᠯᠡᠳᠪᠦᠷᠢᠯᠡᠯ᠎ᠦᠨ ᠪᠦᠲᠦᠭᠡᠨ ᠪᠠᠢᠭᠤᠯᠤᠯᠲᠠ᠂ ᠱᠢᠨ᠎ᠡ᠎ᠶᠢ ᠡᠭᠦᠳᠬᠦ ᠠᠵᠢᠯ᠂ ᠳᠣᠲᠤᠭᠠᠳᠤ᠎ᠳᠠᠬᠢ ᠥᠭᠡᠷᠡᠴᠢᠯᠡᠯᠲᠡ᠂ ᠡᠵᠡᠩᠨᠡᠯᠲᠡ ᠬᠢᠬᠦ ᠪᠠᠢᠳᠠᠯ ᠵᠡᠷᠭᠡ ᠵᠢᠷᠭᠤᠭᠠᠨ ᠲᠠᠯ᠎ᠠ᠎ᠪᠠᠷ ᠬᠡᠪᠯᠡᠯ᠎ᠦᠨ ᠪᠦᠯᠦᠭᠯᠡᠯ᠎ᠦᠨ 2020 ᠣᠨ᠎ᠤ ᠡᠵᠡᠩᠨᠡᠯᠲᠡ᠎ᠶᠢᠨ ᠠᠵᠢᠯ᠎ᠤᠨ ᠠᠮᠵᠢᠯᠲᠠ᠎ᠶᠢᠨ ᠲᠤᠬᠠᠢ ᠡᠷᠭᠢᠴᠡᠭᠦᠯᠦᠨ ᠳ᠋ᠦᠩᠨᠡᠵᠦ᠂ ᠣᠳᠤᠬᠠᠨ᠎ᠤ ᠠᠵᠢᠯ᠎ᠳᠦ ᠲᠤᠯᠭᠠᠷᠠᠵᠤ ᠪᠠᠢᠭ᠎ᠠ ᠬᠦᠴᠢᠷᠳᠡᠯ ᠪᠠ ᠠᠰᠠᠭᠤᠳᠠᠯ᠎ᠢ ᠳᠤᠷᠠᠳᠤᠨ ᠭᠠᠷᠭᠠᠵᠤ᠂ 2021 ᠣᠨ᠎ᠤ ᠡᠵᠡᠩᠨᠡᠯᠲᠡ᠎ᠶᠢᠨ ᠭᠣᠤᠯᠳᠠᠯᠭ᠎ᠠ᠎ᠲᠠᠢ ᠠᠵᠢᠯ᠎ᠢ ᠲᠣᠬᠢᠷᠠᠭᠤᠯᠪᠠ᠃ 2021 ᠣᠨ᠎ᠤ ᠡᠵᠡᠩᠨᠡᠯᠲᠡ᠎ᠶᠢᠨ ᠠᠵᠢᠯ᠎ᠢ ᠰᠠᠢᠲᠤᠷ ᠬᠢᠬᠦ᠎ᠳᠦ ᠬᠡᠪᠯᠡᠯ᠎ᠦᠨ ᠭᠣᠤᠯ ᠠᠵᠢᠯ᠎ᠢᠶᠠᠷ ᠴᠥᠮ᠎ᠡ ᠪᠣᠯᠭᠠᠵᠤ᠂ ᠠᠭᠤᠰᠤᠯᠴᠠᠨ ᠬᠥᠭᠵᠢᠬᠦ᠎ᠪᠡᠷ ᠭᠣᠤᠯᠳᠠᠯᠭ᠎ᠠ ᠪᠣᠯᠭᠠᠵᠤ᠂ ᠲᠥᠷᠦᠯ ᠵᠦᠢᠯ᠎ᠢ ᠲᠦᠯᠬᠢᠨ ᠠᠬᠢᠭᠤᠯᠬᠤ᠎ᠠᠴᠠ ᠭᠠᠷᠳᠠᠨ ᠬᠢᠵᠦ᠂ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ᠎ᠪᠡᠷ ᠬᠥᠳᠡᠯᠭᠡᠭᠴᠢ ᠬᠦᠴᠦᠨ ᠪᠣᠯᠭᠠᠵᠤ᠂ ᠬᠡᠪᠯᠡᠯ᠎ᠦᠨ ᠪᠦᠯᠦᠭᠯᠡᠯ᠎ᠦᠨ ᠴᠢᠨᠠᠷ ᠰᠠᠢᠳᠠᠢ ᠬᠥᠭᠵᠢᠯᠲᠡ᠎ᠶᠢ ᠲᠠᠰᠤᠷᠠᠯ᠎ᠦᠭᠡᠢ ᠲᠦᠯᠬᠢᠨ ᠠᠬᠢᠭᠤᠯᠤᠶ᠎ᠠ ᠬᠡᠵᠤ ᠴᠢᠬᠤᠯᠠᠴᠢᠯᠠᠭᠰᠠᠨ ᠪᠠᠢᠨ᠎ᠠ᠃ ᠡᠯ᠎ᠡ ᠬᠠᠷᠢᠶ᠎ᠠ ᠪᠠᠢᠭᠤᠯᠭ᠎ᠠ ᠨᠢᠭᠡᠴᠢ᠂ ᠡᠯ᠎ᠡ ᠲᠠᠰᠤᠭ᠎ᠨᠢ ᠲᠥᠪ᠎ᠦᠨ ᠪᠠ ᠥᠪᠡᠷᠲᠡᠭᠡᠨ ᠵᠠᠰᠠᠬᠤ ᠣᠷᠤᠨ᠎ᠤ ᠬᠠᠮᠢᠶ᠎ᠠ ᠪᠦᠬᠦᠢ ᠱᠠᠭᠠᠷᠳᠠᠯᠭ᠎ᠠ᠎ᠶᠢ ᠦᠨᠳᠦᠰᠦᠯᠡᠨ᠂ ᠦᠷᠭᠦᠯᠵᠢᠯᠡᠨ ᠠᠵᠤ ᠦᠢᠯᠡᠰ᠎ᠦᠨ ᠡᠵᠡᠩᠨᠡᠯᠲᠡ ᠪᠠ ᠬᠢᠵᠢᠭ᠎ᠢ ᠰᠡᠷᠭᠡᠢᠯᠡᠬᠦ᠎ᠶᠢ ᠬᠠᠮᠲᠤ᠎ᠪᠠᠷ ᠲᠦᠯᠬᠢᠨ ᠠᠬᠢᠭᠤᠯᠬᠤ ᠬᠡᠷᠡᠭᠲᠡᠢ᠃ ᠲᠦᠭᠱᠢᠭᠦᠷᠢ᠎ᠶᠢᠨ ᠤᠬᠠᠮᠰᠠᠷ᠂ ᠬᠢᠵᠠᠭᠠᠷ ᠱᠤᠭᠤᠮ᠎ᠤᠨ ᠰᠡᠳᠭᠢᠬᠦᠢ᠎ᠪᠡᠨ ᠤᠯᠠᠮ ᠴᠢᠩᠭᠠᠳᠭᠠᠵᠤ᠂ ᠦᠵᠡᠯ ᠤᠬᠠᠮᠰᠠᠷ᠎ᠤᠨ ᠬᠦᠷᠢᠶ᠎ᠡ ᠬᠡᠪᠴᠢᠶᠡᠨ᠎ᠳᠡᠬᠢ ᠲᠦᠭᠱᠢᠭᠦᠷᠢ᠎ᠶᠢ ᠤᠷᠢᠳᠴᠢᠯᠠᠨ ᠰᠡᠷᠭᠡᠢᠯᠡᠬᠦ ᠠᠵᠢᠯ᠎ᠢ ᠰᠠᠢᠲᠤᠷ ᠬᠢᠵᠦ᠂ ᠦᠵᠡᠯ ᠤᠬᠠᠮᠰᠠᠷ᠎ᠤᠨ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠢ ᠴᠢᠩᠭ᠎ᠠ ᠨᠢᠮᠪᠠᠢ ᠬᠡᠷᠡᠭᠵᠢᠭᠦᠯᠬᠦ ᠬᠡᠷᠡᠭᠲᠡᠢ᠃ ᠠᠶᠤᠯ᠎ᠦᠭᠡᠢ ᠬᠥᠭᠵᠢᠯᠲᠡ᠎ᠶᠢᠨ ᠣᠢᠯᠠᠭᠠᠭᠳᠠᠬᠤᠨ᠎ᠢ ᠪᠠᠲᠤ ᠪᠡᠬᠢ ᠪᠣᠢ ᠪᠣᠯᠭᠠᠵᠤ᠂ ᠠᠮᠤᠷ ᠲᠦᠪᠰᠢᠨ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠲᠣᠭᠲᠠᠯᠴᠠᠭ᠎ᠠ᠎ᠶᠢ ᠤᠯᠠᠮ ᠨᠢᠭᠡ ᠠᠯᠬᠤᠮ ᠪᠦᠲᠦᠭᠡᠨ ᠪᠠᠢᠭᠤᠯᠬᠤ ᠬᠡᠷᠡᠭᠲᠡᠢ᠃ ᠦᠷᠭᠦᠯᠵᠢᠯᠡᠨ ᠱ᠋ᠢ᠎ᠵᠢᠨ ᠫᠢᠩ᠎ᠦᠨ ᠱᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠵᠥᠪ ᠣᠨᠤᠪᠴᠢᠲᠠᠢ ᠵᠢᠯᠤᠭᠤᠳᠤᠯᠭ᠎ᠠ ᠳᠣᠤᠷ᠎ᠠ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠂ ᠬᠡᠷᠡᠭ ᠮᠡᠳᠡᠭᠴᠢᠳ᠎ᠦᠨ ᠬᠤᠷᠠᠯ᠎ᠤᠨ ᠠᠵᠢᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠪᠡᠶᠡᠯᠡᠭᠦᠯᠵᠦ᠂ ᠭᠣᠤᠯ ᠠᠵᠢᠯ ᠦᠢᠯᠡᠰ᠎ᠦᠨ ᠬᠥᠭᠵᠢᠯᠲᠡ᠎ᠶᠢᠨ ᠲᠠᠯ᠎ᠠ᠎ᠪᠠᠷ ᠱᠢᠨ᠎ᠡ ᠠᠮᠵᠢᠯᠲᠠ ᠭᠠᠷᠭᠠᠵᠤ᠂ ᠣᠯᠠᠨ ᠡᠰᠢᠲᠦ ᠬᠥᠭᠵᠢᠯᠲᠡ᠎ᠶᠢᠨ ᠲᠠᠯ᠎ᠠ᠎ᠪᠠᠷ ᠱᠢᠨ᠎ᠡ ᠪᠠᠢᠳᠠᠯ᠎ᠢ ᠪᠣᠢ ᠪᠣᠯᠭᠠᠵᠤ᠂ ᠠᠭᠤᠰᠤᠯᠴᠠᠨ ᠬᠥᠭᠵᠢᠬᠦ ᠲᠠᠯ᠎ᠠ᠎ᠪᠠᠷ ᠱᠢᠨ᠎ᠡ ᠲᠣᠬᠢᠶᠠᠯ᠎ᠢ ᠡᠷᠢᠯᠬᠢᠯᠡᠵᠦ ᠪᠣᠢ ᠬᠡᠵᠠᠢ᠃

  ᠣᠮᠤᠭ ᠲᠡᠭᠦᠯᠳᠡᠷ᠎ᠢᠶᠡᠷ ᠥᠭᠡᠳᠡᠯᠡᠨ ᠳᠠᠪᠰᠢᠬᠤ ᠦᠵᠡᠯ ᠰᠠᠨᠠᠭ᠎ᠠ᠎ᠪᠠᠷ ᠬᠡᠪᠯᠡᠯ᠎ᠦᠨ ᠪᠦᠯᠦᠭᠯᠡᠯ᠎ᠦᠨ ᠥᠭᠡᠳᠡᠯᠡᠨ ᠳᠠᠪᠰᠢᠬᠤ ᠱᠢᠨ᠎ᠡ ᠠᠶᠠᠨ᠎ᠢᠶᠠᠨ ᠡᠬᠢᠯᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ᠎ᠦᠨ ᠣᠢ᠎ᠶᠢ ᠪᠡᠯᠭᠡᠯᠡᠶ᠎ᠡ ᠭᠡᠪᠡ᠃

ᠬᠤᠷᠠᠯ᠎ᠢ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠭᠡᠱ᠌ᠢᠭᠦᠨ ᠪᠠᠢᠩᠭᠤ᠎ᠶᠢᠨ ᠳᠡᠳ᠋ ᠶᠡᠷᠦᠩᠬᠡᠢ ᠳᠠᠭᠠᠭᠠᠮᠠᠯ᠎ᠦ᠊·ᠰᠣᠶᠤᠯ
ᠬᠤᠷᠠᠯ ᠡᠷᠬᠢᠯᠡᠵᠤ ᠪᠠᠢᠭ᠎ᠠ᠎ᠨᠢ

 

  ᠬᠤᠷᠠᠯ᠎ᠢ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠭᠡᠰᠢᠭᠦᠨ ᠪᠠᠢᠩᠭᠤ᠎ᠶᠢᠨ ᠳᠡᠳ᠋ ᠶᠡᠷᠦᠩᠬᠡᠢ ᠳᠠᠭᠠᠭᠠᠮᠠᠯ᠎ᠦ᠊·ᠰᠣᠶᠤᠯ ᠬᠥᠲᠦᠯᠬᠦ᠎ᠶᠢᠨ ᠳᠠᠭᠠᠤ᠂ 2020 ᠣᠨ᠎ᠤ ᠬᠡᠪᠯᠡᠯ᠎ᠦᠨ ᠪᠦᠯᠦᠭᠯᠡᠯ᠎ᠦᠨ ᠲᠡᠷᠢᠭᠦᠨ᠎ᠦ ᠨᠢᠭᠡᠴᠢ ᠪᠠ ᠲᠡᠷᠢᠭᠦᠨ᠎ᠦ ᠬᠤᠪᠢ ᠬᠥᠮᠦᠨ᠎ᠢ ᠱᠠᠩᠨᠠᠨ ᠬᠥᠬᠢᠭᠦᠯᠬᠦ ᠲᠣᠭᠲᠠᠭᠠᠯ ᠪᠠ ᠬᠡᠪᠯᠡᠯ᠎ᠦᠨ ᠪᠦᠯᠦᠭᠯᠡᠯ᠎ᠦᠨ 《ᠬᠡᠪᠯᠡᠯ᠎ᠦᠨ ᠱᠢᠨ᠎ᠡ ᠡᠭᠦᠳᠦᠯᠲᠡ᠂ ᠰᠣᠶᠤᠯ᠎ᠤᠨ ᠱᠢᠨ᠎ᠡ ᠰᠡᠳᠦᠯᠲᠡ》 ᠰᠠᠨᠠᠭᠠᠴᠢᠯᠠᠭ᠎ᠠ᠎ᠶᠢᠨ ᠠᠵᠢᠯᠯᠠᠭᠠᠨ᠎ᠤ ᠱᠠᠩᠨᠠᠯ ᠭᠠᠷᠲᠠᠭᠰᠠᠨ ᠦᠷ᠎ᠡ ᠳ᠋ᠦᠩ᠎ᠢ ᠨᠡᠢᠲᠡᠯᠡᠪᠡ᠃

  ᠎ᠦ᠊·ᠰᠣᠶᠤᠯ ᠬᠤᠷᠠᠯ᠎ᠢ ᠡᠷᠬᠢᠯᠡᠬᠦ᠎ᠳᠦ᠎ᠪᠡᠨ᠂ ᠡᠯ᠎ᠡ ᠪᠠᠢᠭᠤᠯᠭ᠎ᠠ ᠨᠢᠭᠡᠴᠢ᠂ ᠡᠯ᠎ᠡ ᠲᠠᠰᠤᠭ᠎ᠨᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠬᠤᠷᠠᠯ᠎ᠠᠴᠠ ᠲᠣᠭᠲᠠᠭᠠᠭᠰᠠᠨ ᠠᠵᠢᠯ᠎ᠤᠨ ᠰᠡᠳᠭᠢᠮᠵᠢ᠂ ᠲᠡᠮᠡᠴᠡᠬᠦ ᠬᠠᠷᠠᠯᠲᠠ ᠪᠠ ᠭᠣᠤᠯᠳᠠᠯᠭ᠎ᠠ᠎ᠲᠠᠢ ᠠᠵᠢᠯ ᠳᠡᠭᠡᠷ᠎ᠡ ᠨᠢᠭᠡᠳᠭᠡᠵᠦ᠂ ᠨᠠᠷᠢᠨ ᠬᠢᠨᠠᠮᠠᠭᠠᠢ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠦᠷ᠎ᠡ ᠠᠰᠢᠭ᠎ᠲᠠᠢ ᠪᠠᠢᠬᠤ᠎ᠶᠢ ᠪᠠᠲᠤᠯᠠᠬᠤ ᠬᠡᠷᠡᠭᠲᠡᠢ ᠭᠡᠮᠡᠨ ᠴᠢᠩᠭᠠᠳᠭᠠᠪᠠ᠃ 

  ᠬᠤᠷᠠᠯ᠎ᠨᠢ ᠸᠢᠳᠢᠣ᠋ ᠬᠤᠷᠠᠯ᠎ᠤᠨ ᠬᠡᠯᠪᠡᠷᠢ᠎ᠪᠡᠷ ᠶᠠᠪᠤᠭᠳᠠᠪᠠ᠃ ᠬᠡᠪᠯᠡᠯ᠎ᠦᠨ ᠪᠦᠯᠦᠭᠯᠡᠯ᠎ᠦᠨ ᠶᠡᠷᠦᠩᠬᠡᠢ ᠬᠡᠯᠲᠡᠰ ᠪᠠ ᠬᠥᠬᠡᠬᠤᠲᠠ᠎ᠳᠤ ᠪᠠᠢᠭ᠎ᠠ ᠡᠯ᠎ᠡ ᠬᠠᠷᠢᠶ᠎ᠠ ᠪᠠᠢᠭᠤᠯᠭ᠎ᠠ ᠨᠢᠭᠡᠴᠢ᠎ᠶᠢᠨ ᠲᠥᠯᠦᠭᠡᠯᠡᠭᠴᠢᠳ᠎ᠨᠢ ᠭᠣᠤᠯ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠤᠯᠴᠠᠵᠤ᠂ ᠥᠪᠦᠷ ᠮᠣᠩᠭᠤᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠪᠠᠭᠠᠴᠤᠳ ᠬᠡᠦᠬᠡᠳ᠎ᠦᠨ ᠬᠡᠪᠯᠡᠯ᠎ᠦᠨ ᠬᠣᠷᠢᠶ᠎ᠠ᠂ ᠥᠪᠦᠷ ᠮᠣᠩᠭᠤᠯ᠎ᠤᠨ ᠰᠣᠶᠤᠯ᠎ᠤᠨ ᠬᠡᠪᠯᠡᠯ᠎ᠦᠨ ᠬᠣᠷᠢᠶ᠎ᠠ᠎ᠨᠢ ᠲᠤᠰ ᠲᠤᠰ ᠬᠤᠪᠢᠶᠠᠷᠢ ᠬᠤᠷᠠᠯ᠎ᠤᠨ ᠲᠠᠯᠠᠪᠠᠢ᠎ᠳᠤ ᠬᠤᠷᠠᠯ᠎ᠳᠤ ᠣᠷᠤᠯᠴᠠᠪᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604