ᠥᠪᠥᠷ ᠮᠣᠩᠭᠣᠯ ᠤ᠋ᠨ ᠬᠡᠪᠯᠡᠯ ᠦ᠋ᠨ ᠪᠦᠯᠦᠭᠯᠡᠯ ᠦ᠋ᠨ ᠬᠣᠶᠠᠳᠤᠭᠠᠷ ᠬᠤᠭᠤᠴᠠᠭᠠᠨ ᠤ᠋ ᠠᠵᠢᠯᠴᠢᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠬᠣᠶᠠᠳᠤᠭᠠᠷ ᠤᠳᠠᠭᠠᠨ ᠤ᠋ ᠬᠤᠷᠠᠯ ᠠᠮᠵᠢᠯᠲᠠ ᠲᠠᠢ ᠬᠤᠷᠠᠯᠳᠤᠪᠠ
2021.03.02

  3 ᠰᠠᠷ᠎ᠠ ᠶ᠋ᠢᠨ 2 ᠦ᠋ᠨ ᠡᠳᠦᠷ᠂ ᠥᠪᠥᠷ ᠮᠣᠩᠭᠣᠯ ᠤ᠋ᠨ ᠬᠡᠪᠯᠡᠯ ᠦ᠋ᠨ ᠪᠦᠯᠦᠭᠯᠡᠯ ᠦ᠋ᠨ ᠬᠣᠶᠠᠳᠤᠭᠠᠷ ᠬᠤᠭᠤᠴᠠᠭᠠᠨ ᠤ᠋ ᠠᠵᠢᠯᠴᠢᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠬᠣᠶᠠᠳᠤᠭᠠᠷ ᠤᠳᠠᠭᠠᠨ ᠤ᠋ ᠬᠤᠷᠠᠯ ᠬᠤᠷᠠᠯᠳᠤᠵᠤ᠂ ᠬᠡᠪᠯᠡᠯ ᠦ᠋ᠨ ᠪᠦᠯᠦᠭᠯᠡᠯ ᠦ᠋ᠨ ᠶᠡᠷᠦᠩᠬᠡᠢ ᠬᠡᠯᠲᠡᠰ ᠵᠢᠴᠢ ᠬᠠᠷᠢᠶ᠎ᠠ ᠪᠠᠢᠭᠤᠯᠭ᠎ᠠ ᠶ᠋ᠢᠨ ᠬᠥᠬᠡᠬᠣᠲᠠ ᠳ᠋ᠤ᠌ ᠪᠠᠢᠭ᠎ᠠ ᠪᠠᠢᠭᠤᠯᠭ᠎ᠠ ᠨᠢᠭᠡᠴᠢ ᠶ᠋ᠢᠨ ᠠᠵᠢᠯᠴᠢᠳ ᠤ᠋ᠨ ᠲᠥᠯᠥᠭᠡᠯᠡᠭᠴᠢᠳ ᠭᠣᠣᠯ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠵᠤ᠂ ᠥᠪᠥᠷ ᠮᠣᠩᠭᠣᠯ ᠤ᠋ᠨ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ ᠦ᠋ᠨ ᠬᠡᠪᠯᠡᠯ ᠦ᠋ᠨ ᠬᠣᠷᠢᠶ᠎ᠠ᠂ ᠥᠪᠥᠷ ᠮᠣᠩᠭᠣᠯ ᠤ᠋ᠨ ᠪᠠᠭᠠᠴᠤᠳ ᠬᠡᠦᠬᠡᠳ ᠦ᠋ᠨ ᠬᠡᠪᠯᠡᠯ ᠦ᠋ᠨ ᠬᠣᠷᠢᠶ᠎ᠠ᠂ ᠥᠪᠥᠷ ᠮᠣᠩᠭᠣᠯ ᠤ᠋ᠨ ᠰᠣᠶᠣᠯ ᠤ᠋ᠨ ᠬᠡᠪᠯᠡᠯ ᠦ᠋ᠨ ᠬᠣᠷᠢᠶ᠎ᠠ ᠨᠢ ᠬᠤᠪᠢᠶᠠᠷᠢ ᠬᠤᠷᠠᠯ ᠤ᠋ᠨ ᠲᠠᠯᠠᠪᠠᠢ ᠳ᠋ᠤ᠌ ᠬᠤᠷᠠᠯ ᠳ᠋ᠤ᠌ ᠣᠷᠣᠯᠴᠠᠪᠠ᠂ ᠬᠡᠪᠯᠡᠯ ᠦ᠋ᠨ ᠪᠦᠯᠦᠭᠯᠡᠯ ᠦ᠋ᠨ ᠲᠥᠯᠥᠭᠡᠯᠡᠭᠴᠢ ᠪᠤᠰᠤ ᠤᠳᠤᠷᠢᠳᠬᠤ ᠪᠠᠭ ᠪᠣᠯᠤᠨ ᠬᠠᠷᠢᠶ᠎ᠠ ᠪᠠᠢᠭᠤᠯᠭ᠎ᠠ ᠨᠢᠭᠡᠴᠢ ᠶ᠋ᠢᠨ ᠲᠥᠯᠥᠭᠡᠯᠡᠭᠴᠢ ᠪᠤᠰᠤ ᠤᠳᠤᠷᠢᠳᠬᠤ ᠪᠠᠭ ᠤ᠋ᠨ ᠬᠢᠨ ᠬᠤᠷᠠᠯ ᠳ᠋ᠤ᠌ ᠰᠠᠭᠠᠲᠠᠪᠠ᠃ ᠬᠢᠵᠢᠭ ᠦ᠋ᠨ ᠬᠡᠪ ᠦ᠋ᠨ ᠪᠠᠢᠳᠠᠯ ᠤ᠋ᠨ ᠱᠠᠭᠠᠷᠳᠠᠯᠭ᠎ᠠ ᠶ᠋ᠢ ᠦᠨᠳᠦᠰᠦᠯᠡᠨ ᠲᠤᠰ ᠤᠳᠠᠭᠠᠨ ᠤ᠋ ᠬᠤᠷᠠᠯ ᠢ᠋ ᠭᠣᠣᠯ ᠬᠤᠷᠠᠯ ᠤ᠋ᠨ ᠲᠠᠯᠠᠪᠠᠢ ᠪᠠ ᠭᠤᠷᠪᠠᠨ ᠬᠤᠪᠢᠶᠠᠷᠢ ᠬᠤᠷᠠᠯ ᠤ᠋ᠨ ᠲᠠᠯᠠᠪᠠᠢ ᠬᠤᠪᠢᠶᠠᠵᠤ ᠸᠢᠳᠢᠣ᠋ ᠬᠤᠷᠠᠯ ᠤ᠋ᠨ ᠬᠡᠯᠪᠡᠷᠢ ᠪᠡᠷ ᠬᠤᠷᠠᠯᠳᠤᠭᠤᠯᠪᠠ᠂ ᠬᠤᠷᠠᠯ ᠢ᠋ ᠠᠵᠢᠯᠲᠠᠨ ᠤ᠋ ᠡᠪᠯᠡᠯ ᠦ᠋ᠨ ᠣᠷᠣᠯᠠᠭᠴᠢ ᠲᠡᠷᠢᠭᠦᠯᠡᠭᠴᠢ ᠬᠤᠸᠠᠩ ᠲᠤᠤ ᠬᠥᠲᠥᠯᠪᠡ᠃

 

ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢᠨ ᠱᠦᠵᠢ ᠬᠡᠷᠡᠭ ᠮᠡᠳᠡᠭᠴᠢᠳ ᠦ᠋ᠨ ᠲᠠᠷᠤᠭ᠎ᠠ ᠱᠤᠸᠠᠩ ᠯᠦᠩ
ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢᠨ ᠳᠡᠳ᠋ ᠱᠦᠵᠢ ᠶᠡᠷᠦᠩᠬᠡᠢ ᠳᠠᠭᠠᠭᠠᠮᠠᠯ ᠽᠧᠩ ᠬᠠᠨ

  ᠬᠤᠷᠠᠯ ᠳᠡᠭᠡᠷ᠎ᠡ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢᠨ ᠳᠡᠳ᠋ ᠱᠦᠵᠢ ᠶᠡᠷᠦᠩᠬᠡᠢ ᠳᠠᠭᠠᠭᠠᠮᠠᠯ ᠽᠧᠩ ᠬᠠᠨ ᠡᠯ᠎ᠡ ᠲᠥᠯᠥᠭᠡᠯᠡᠭᠴᠢᠳ ᠲᠦ᠍ ᠬᠡᠪᠯᠡᠯ ᠦ᠋ᠨ ᠪᠦᠯᠦᠭᠯᠡᠯ ᠦ᠋ᠨ 2020 ᠣᠨ ᠤ᠋ ᠡᠳ᠋ ᠦ᠋ᠨ ᠵᠠᠰᠠᠭ ᠤ᠋ᠨ ᠠᠵᠢᠯ ᠤ᠋ᠨ ᠬᠠᠷᠢᠭᠤ ᠮᠡᠳᠡᠭᠦᠯᠦᠯᠲᠡ ᠬᠢᠪᠡ᠂ ᠬᠠᠷᠢᠭᠤ ᠮᠡᠳᠡᠭᠦᠯᠦᠯᠲᠡ ᠨᠢ ᠲᠥᠪ ᠦ᠋ᠨ 《ᠨᠠᠢ᠍ᠮᠠᠨ ᠲᠣᠭᠲᠠᠭᠠᠯ》 ᠤ᠋ᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ᠋ 28 ᠲᠥᠷᠥᠯ ᠦ᠋ᠨ ᠢᠵᠢ ᠪᠦᠷᠢᠳᠦᠭᠰᠡᠨ ᠳᠦᠷᠢᠮ ᠵᠡᠷᠭᠡ ᠳᠦᠷᠢᠮ ᠲᠣᠭᠲᠠᠭᠠᠯ ᠢ᠋ᠶ᠋ᠠᠷ ᠵᠢᠯᠣᠭᠣᠳᠤᠯᠭ᠎ᠠ ᠪᠣᠯᠭᠠᠵᠤ᠂ ᠱᠢᠨᠵᠢᠯᠡᠬᠦ ᠤᠬᠠᠭᠠᠨᠴᠢ ᠬᠥᠭᠵᠢᠯᠲᠡ ᠶ᠋ᠢᠨ ᠦᠵᠡᠯᠲᠡ ᠶ᠋ᠢ ᠭᠦᠨᠵᠡᠭᠡᠢ ᠲᠤᠭᠤᠱᠢᠯᠠᠭᠤᠯᠤᠨ ᠬᠡᠷᠡᠭᠵᠢᠭᠦᠯᠵᠦ᠂ ᠲᠥᠪ ᠦ᠋ᠨ ᠪᠠ ᠪᠦᠬᠦ ᠣᠷᠤᠨ ᠤ᠋ ᠠᠵᠤ ᠠᠬᠤᠢ ᠶ᠋ᠢᠨ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠢ ᠬᠡᠷᠡᠭᠵᠢᠭᠦᠯᠵᠦ᠂ 2020 ᠣᠨ ᠳ᠋ᠤ᠌ ᠬᠡᠪᠯᠡᠯ ᠦ᠋ᠨ ᠪᠦᠯᠦᠭᠯᠡᠯ ᠦ᠋ᠨ ᠡᠵᠡᠩᠨᠡᠯᠲᠡ ᠶ᠋ᠢᠨ ᠪᠠᠢᠳᠠᠯ ᠶᠡᠷᠦᠩᠬᠡᠢ ᠳ᠋ᠦ᠍ ᠪᠡᠨ ᠨᠡᠯᠢᠶᠡᠳ ᠰᠠᠢᠨ ᠪᠠᠢᠵᠤ᠂ ᠲᠣᠭᠲᠠᠭᠤᠨ ᠢ᠋ᠶ᠋ᠡᠷ ᠤᠷᠤᠭᠱᠢᠯᠠᠭᠰᠠᠨ ᠪᠠᠢᠳᠠᠯ ᠢ᠋ᠶ᠋ᠠᠨ ᠪᠠᠲᠤᠯᠠᠵᠤ᠂ ᠡᠵᠡᠩᠨᠡᠯᠲᠡ ᠶ᠋ᠢᠨ ᠦᠷ᠎ᠡ ᠪᠦᠲᠦᠮᠵᠢ ᠨᠢ ᠳᠣᠪᠣᠢᠮ᠎ᠠ᠂ ᠥᠪᠡᠷᠲᠡᠭᠡᠨ ᠵᠠᠰᠠᠬᠤ ᠣᠷᠣᠨ ᠤ᠋ ᠤᠬᠠᠭᠤᠯᠬᠤ ᠬᠡᠯᠲᠡᠰ ᠦ᠋ᠨ ᠨᠠᠢᠳᠠᠭᠰᠠᠨ ᠡᠯ᠎ᠡ ᠲᠥᠷᠥᠯ ᠦ᠋ᠨ ᠠᠵᠤ ᠠᠬᠤᠢ ᠶ᠋ᠢᠨ ᠨᠤᠷᠮ᠎ᠠ ᠶ᠋ᠢ ᠳᠠᠪᠠᠭᠤᠯᠤᠨ ᠪᠡᠶᠡᠯᠡᠭᠦᠯᠪᠡ ᠬᠡᠵᠤ ᠳ᠋ᠦᠩᠨᠡᠨ ᠡᠷᠭᠢᠴᠡᠭᠦᠯᠪᠡ᠃

  ᠬᠤᠷᠠᠯ ᠳ᠋ᠤ᠌᠂ ᠥᠪᠥᠷ ᠮᠣᠩᠭᠣᠯ ᠤ᠋ᠨ ᠬᠡᠪᠯᠡᠯ ᠦ᠋ᠨ ᠪᠦᠯᠦᠭᠯᠡᠯ ᠦ᠋ᠨ 《ᠳᠠᠶᠠᠩ》 ᠳ᠋ᠢᠭᠢᠲ ᠪᠥᠲᠦᠭᠳᠦᠬᠦᠨ ᠦ᠌ ᠪᠦᠲᠦᠭᠡᠨ ᠪᠠᠢᠭᠤᠯᠤᠯᠲᠠ ᠶ᠋ᠢᠨ ᠲᠤᠬᠠᠢ ᠪᠠᠢᠳᠠᠯ ᠢ᠋ ᠮᠡᠳᠡᠭᠳᠡᠵᠤ᠂ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢᠨ ᠱᠦᠵᠢ ᠬᠡᠷᠡᠭ ᠮᠡᠳᠡᠭᠴᠢᠳ ᠦ᠋ᠨ ᠳᠠᠷᠤᠭ᠎ᠠ ᠱᠤᠸᠠᠩ ᠯᠦᠩ ᠲᠠᠪᠴᠠᠩ ᠤ᠋ᠨ ᠲᠠᠨᠢᠯᠴᠠᠭᠤᠯᠭ᠎ᠠ ᠲᠠᠢ ᠤᠶᠠᠯᠳᠤᠭᠤᠯᠤᠨ ᠲᠠᠪᠴᠠᠩ ᠤ᠋ᠨ ᠬᠡᠷᠡᠭᠯᠡᠯᠲᠡ᠂ ᠡᠬᠢ ᠪᠠᠶᠠᠯᠢᠭ ᠤ᠋ᠨ ᠪᠦᠲᠦᠭᠡᠨ ᠪᠠᠢᠭᠤᠯᠤᠯᠲᠠ᠂ ᠮᠡᠳᠡᠯᠭᠡ ᠶ᠋ᠢᠨ ᠥᠮᠴᠢ ᠶ᠋ᠢᠨ ᠡᠷᠬᠡ ᠵᠡᠷᠭᠡ ᠬᠡᠳᠦᠨ ᠲᠠᠯ᠎ᠠ ᠪᠠᠷ ᠬᠣᠯᠪᠣᠭᠳᠠᠯ ᠪᠦᠬᠦᠢ ᠱᠠᠭᠠᠷᠳᠠᠯᠭ᠎ᠠ ᠳᠤᠷᠠᠳᠪᠠ᠃

  ᠬᠤᠷᠠᠯ ᠳᠡᠭᠡᠷ᠎ᠡ ᠪᠠᠰᠠ 《ᠥᠪᠥᠷ ᠮᠣᠩᠭᠣᠯ ᠤ᠋ᠨ ᠬᠡᠪᠯᠡᠯ ᠦ᠋ᠨ ᠪᠦᠯᠦᠭᠯᠡᠯ ᠦ᠋ᠨ ᠠᠵᠤ ᠦᠢᠯᠡᠰ ᠪᠠ ᠠᠵᠤ ᠠᠬᠤᠢᠯᠠᠯ ᠢ᠋ ᠰᠠᠯᠭᠠᠬᠤ ᠥᠭᠡᠷᠡᠴᠢᠯᠡᠯᠲᠡ ᠵᠢᠴᠢ ᠥᠪᠥᠷ ᠮᠣᠩᠭᠣᠯ ᠤ᠋ᠨ ᠬᠡᠪᠯᠡᠯ ᠦ᠋ᠨ ᠶᠡᠷᠦᠩᠬᠡᠢ ᠬᠣᠷᠢᠶ᠎ᠠ ᠶ᠋ᠢ ᠪᠦᠲᠦᠭᠡᠨ ᠪᠠᠢᠭᠤᠯᠬᠤ ᠲᠥᠰᠦᠯ(ᠡᠬᠡ ᠨᠣᠣᠷᠠᠭ) 》 ᠢ᠋ ᠮᠡᠳᠡᠭᠳᠡᠵᠦ᠂ ᠥᠪᠥᠷ ᠮᠣᠩᠭᠣᠯ ᠤ᠋ᠨ ᠬᠡᠪᠯᠡᠯ ᠦ᠋ᠨ ᠪᠦᠯᠦᠭᠯᠡᠯ ᠦ᠋ᠨ ᠬᠠᠷᠢᠶ᠎ᠠ ᠡᠯ᠎ᠡ ᠪᠠᠢᠭᠤᠯᠭ᠎ᠠ ᠶ᠋ᠢᠨ ᠤᠳᠤᠷᠢᠳᠬᠤ ᠪᠠᠭ ᠵᠢᠴᠢ ᠶᠡᠷᠦᠩᠬᠡᠢ ᠬᠡᠯᠲᠡᠰ ᠦ᠋ᠨ ᠡᠯ᠎ᠡ ᠲᠠᠰᠤᠭ ᠤ᠋ᠨ ᠬᠠᠷᠢᠭᠤᠴᠠᠯᠭᠠᠲᠠᠨ ᠤ᠋ 《2020 ᠣᠨ ᠤ᠋ ᠠᠵᠢᠯ ᠤ᠋ᠨ ᠬᠢᠨᠠᠨ ᠪᠠᠢᠴᠠᠭᠠᠯᠲᠠ ᠶ᠋ᠢᠨ ᠦᠷ᠎ᠡ ᠳ᠋ᠦᠩ ᠢ᠋ ᠬᠡᠷᠡᠭᠵᠢᠭᠦᠯᠬᠦ ᠲᠤᠬᠠᠢ ᠨᠥᠬᠥᠪᠥᠷᠢ ᠳᠦᠷᠢᠮ》᠂ 《ᠥᠪᠥᠷ ᠮᠣᠩᠭᠣᠯ ᠤ᠋ᠨ ᠠᠱᠢᠳᠠ ᠰᠤᠷᠭᠠᠨ ᠬᠥᠮᠦᠵᠢᠯ ᠦ᠋ᠨ ᠬᠡᠪᠯᠡᠬᠦ ᠪᠦᠷᠢᠨ ᠪᠤᠰᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶ᠋ᠢᠨ ᠭᠠᠵᠠᠷ ᠬᠤᠳᠠᠯᠳᠤᠨ ᠠᠪᠬᠤ ᠪᠠ ᠨᠡᠭᠦᠯᠭᠡᠬᠦ ᠲᠤᠬᠠᠢ ᠠᠰᠠᠭᠤᠳᠠᠯ》 ᠵᠡᠷᠭᠡ ᠬᠣᠶᠠᠷ ᠲᠥᠷᠥᠯ ᠢ᠋ ᠬᠢᠨᠠᠨ ᠬᠡᠯᠡᠯᠴᠡᠬᠦ ᠶᠠᠪᠤᠳᠠᠯ ᠢ᠋ᠶ᠋ᠡᠨ  ᠬᠤᠷᠠᠯ ᠳ᠋ᠤ᠌ ᠲᠤᠱᠢᠶᠠᠪᠠ᠃ ᠬᠣᠶᠠᠷ ᠲᠥᠷᠥᠯ ᠦ᠋ᠨ ᠬᠢᠨᠠᠨ ᠬᠡᠯᠡᠯᠴᠡᠬᠦ ᠠᠰᠠᠭᠤᠳᠠᠯ ᠢ᠋ ᠭᠣᠣᠯ ᠪᠠ ᠬᠤᠪᠢᠶᠠᠷᠢ ᠲᠠᠯᠠᠪᠠᠢ ᠶ᠋ᠢᠨ ᠠᠵᠢᠯᠴᠢᠳ ᠤ᠋ᠨ ᠲᠥᠯᠥᠭᠡᠯᠡᠭᠴᠢᠳ ᠭᠦᠢᠴᠡᠳ ᠶᠠᠷᠢᠯᠴᠠᠭᠰᠠᠨ ᠰᠠᠭᠤᠷᠢᠨ ᠳ᠋ᠤ᠌ ᠭᠠᠷ ᠡᠷᠭᠦᠨ ᠬᠢᠨᠠᠨ ᠪᠠᠳᠤᠯᠠᠪᠠ᠃

  ᠠᠵᠢᠯᠴᠢᠳ ᠤ᠋ᠨ ᠡᠪᠯᠡᠯ ᠦ᠋ᠨ ᠬᠤᠷᠠᠯ ᠨᠢ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢᠨ ᠤᠳᠤᠷᠢᠳᠤᠯᠭ᠎ᠠ ᠳᠣᠣᠷᠠᠬᠢ ᠠᠵᠢᠯᠴᠢᠳ ᠲᠤ᠌ ᠠᠷᠠᠳᠴᠢᠯᠠᠯ ᠤ᠋ᠨ ᠡᠷᠬᠡ ᠬᠡᠷᠡᠭᠵᠢᠭᠦᠯᠬᠦ᠂ ᠣᠷᠣᠯᠴᠠᠬᠤ ᠪᠠ ᠬᠢᠨᠠᠨ ᠱᠢᠯᠭᠠᠬᠤ ᠦᠨᠳᠦᠰᠦᠨ ᠬᠡᠯᠪᠡᠷᠢ ᠪᠣᠯᠤᠭᠰᠠᠨ ᠤ᠋ ᠬᠤᠪᠢ ᠳ᠋ᠤ᠌ ᠨᠡᠢᠭᠡᠮ ᠵᠢᠷᠤᠮ ᠤ᠋ᠨ ᠠᠷᠠᠳᠴᠢᠯᠠᠯ ᠤ᠋ᠨ ᠡᠭᠦᠷᠭᠡ ᠪᠡᠨ ᠪᠦᠷᠢᠨ ᠭᠦᠢᠴᠡᠳ ᠪᠠᠳᠠᠷᠠᠭᠤᠯᠵᠤ᠂ ᠬᠠᠤᠯᠢ ᠳᠦᠷᠢᠮ ᠦ᠋ᠨ ᠪᠦᠲᠦᠭᠡᠨ ᠪᠠᠢᠭᠤᠯᠤᠯᠲᠠ ᠶ᠋ᠢᠨ ᠴᠢᠬᠤᠯᠠ ᠡᠭᠦᠷᠭᠡ ᠬᠠᠷᠢᠭᠤᠴᠠᠯᠭ᠎ᠠ ᠪᠠᠨ ᠤᠯᠠᠮ ᠴᠢᠩᠭᠠᠳᠭᠠᠵᠤ᠂ ᠬᠡᠪᠯᠡᠯ ᠦ᠋ᠨ ᠪᠦᠯᠦᠭᠯᠡᠯ ᠦ᠋ᠨ ᠠᠵᠢᠯᠲᠠᠳ ᠤ᠋ᠨ ᠡᠵᠡᠨ ᠬᠥᠮᠦᠨ ᠦ᠌ ᠵᠣᠷᠢᠭ ᠰᠠᠨᠠᠭ᠎ᠠ ᠶ᠋ᠢ ᠪᠦᠷᠢᠨ ᠭᠦᠢᠴᠡᠳ ᠵᠣᠷᠢᠭᠵᠢᠭᠤᠯᠵᠤ᠂ ᠬᠡᠪᠯᠡᠯ ᠦ᠋ᠨ ᠪᠦᠯᠦᠭᠯᠡᠯ ᠦ᠋ᠨ ᠥᠭᠡᠷᠡᠴᠢᠯᠡᠯᠲᠡ ᠬᠥᠭᠵᠢᠯᠲᠡ ᠶ᠋ᠢ ᠠᠯᠬᠤᠮ ᠳᠠᠷᠠᠭ᠎ᠠ ᠲᠠᠢ ᠪᠠᠷ ᠲᠦᠯᠬᠢᠨ ᠠᠬᠢᠭᠤᠯᠵᠤ᠂ ᠡᠯ᠎ᠡ ᠵᠦᠢᠯ ᠦ᠋ᠨ ᠡᠷᠬᠡ ᠲᠤᠱᠢᠶᠠᠯ ᠤ᠋ᠨ ᠢᠳᠡᠪᠬᠢᠲᠡᠢ ᠪᠡᠷ ᠬᠡᠷᠡᠭᠵᠢᠭᠦᠯᠬᠦ ᠶ᠋ᠢ ᠯᠠᠪᠳᠠᠭᠤᠨ ᠢ᠋ᠶ᠋ᠠᠷ ᠪᠡᠶᠡᠯᠡᠭᠦᠯᠵᠦ ᠪᠣᠢ᠃

ᠬᠡᠪᠯᠡᠯ ᠦ᠋ᠨ ᠪᠦᠯᠦᠭᠯᠡᠯ ᠦ᠋ᠨ ᠠᠵᠢᠯᠲᠠᠨ ᠤ᠋ ᠡᠪᠯᠡᠯ ᠦ᠋ᠨ ᠣᠷᠣᠯᠠᠭᠴᠢ ᠲᠡᠷᠢᠭᠦᠯᠡᠭᠴᠢ ᠶᠡᠷᠦᠩᠬᠡᠢ ᠨᠠᠢᠷᠠᠭᠤᠯᠤᠭᠴᠢ ᠶ᠋ᠢᠨ ᠲᠤᠰᠠᠯᠠᠭᠴᠢ ᠶᠡᠷᠦᠩᠬᠡᠢᠯᠡᠭᠰᠡᠨ ᠠᠵᠢᠯ ᠦᠢᠯᠡᠰ ᠦ᠋ᠨ ᠬᠡᠯᠲᠡᠰ ᠦ᠋ᠨ ᠡᠷᠬᠢᠯᠡᠭᠴᠢ ᠬᠤᠸᠠᠩ ᠲᠤᠤ

  ᠬᠡᠪᠯᠡᠯ ᠦ᠋ᠨ ᠪᠦᠯᠦᠭᠯᠡᠯ ᠦ᠋ᠨ ᠠᠵᠢᠯᠲᠠᠳ ᠤ᠋ᠨ ᠡᠪᠯᠡᠯ ᠦ᠋ᠨ ᠭᠡᠱᠢᠭᠦᠨ ᠦ᠌ ᠨᠠᠢᠳᠠᠯᠭ᠎ᠠ ᠪᠠᠷ ᠬᠤᠸᠠᠩ ᠲᠤᠤ᠂ ᠡᠯ᠎ᠡ ᠲᠥᠯᠥᠭᠡᠯᠡᠭᠴᠢᠳ ᠲᠦ᠍ ᠥᠪᠥᠷ ᠮᠣᠩᠭᠣᠯ ᠤ᠋ᠨ ᠬᠡᠪᠯᠡᠯ ᠦ᠋ᠨ ᠪᠦᠯᠦᠭᠯᠡᠯ ᠦ᠋ᠨ ᠠᠵᠢᠯᠲᠠᠳ ᠤ᠋ᠨ ᠡᠪᠯᠡᠯ ᠦ᠋ᠨ ᠭᠡᠱᠢᠭᠦᠳ ᠦ᠋ᠨ ᠬᠤᠷᠠᠯ ᠤ᠋ᠨ ᠠᠵᠢᠯ ᠤ᠋ᠨ ᠬᠠᠷᠢᠭᠤ ᠮᠡᠳᠡᠭᠦᠯᠦᠯᠲᠡ ᠬᠢᠪᠡ᠃ ᠬᠠᠷᠢᠭᠤ ᠮᠡᠳᠡᠭᠦᠯᠦᠯᠲᠡ ᠨᠢ ᠱ᠋ᠢ ᠵᠢᠨ ᠫᠢᠩ ᠦ᠋ᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠ ᠨᠠᠮ ᠤ᠋ᠨ ᠠᠷᠪᠠᠨ ᠶᠢᠰᠦᠳᠦᠭᠡᠷ ᠬᠤᠷᠠᠯ᠂ ᠠᠷᠪᠠᠨ ᠶᠢᠰᠦᠳᠦᠭᠡᠷ ᠬᠤᠭᠤᠴᠠᠭᠠᠨ ᠤ᠋ ᠬᠣᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ ᠤ᠋ᠨ ᠵᠣᠷᠢᠭ᠎ᠠ ᠰᠠᠨᠠᠭ᠎ᠠ ᠪᠠᠷ ᠵᠢᠯᠣᠭᠣᠳᠤᠯᠭ᠎ᠠ ᠪᠣᠯᠭᠠᠵᠤ᠂ ᠬᠡᠪᠯᠡᠯ ᠦ᠋ᠨ ᠪᠦᠯᠦᠭᠯᠡᠯ ᠦ᠋ᠨ ᠠᠵᠢᠯᠲᠠᠳ ᠤ᠋ᠨ ᠡᠪᠯᠡᠯ ᠦ᠋ᠨ 2020 ᠣᠨ ᠤ᠋ ᠠᠵᠢᠯ ᠢ᠋ ᠳ᠋ᠦᠩᠨᠡᠵᠦ᠂ ᠥᠭᠡᠷᠡᠴᠢᠯᠡᠯᠲᠡ ᠬᠢᠵᠦ ᠱᠢᠨ᠎ᠡ ᠶ᠋ᠢ ᠡᠭᠦᠳᠬᠦ᠂ ᠠᠵᠤ ᠠᠬᠤᠢᠯᠠᠯ ᠤ᠋ᠨ ᠰᠣᠶᠣᠯ ᠢ᠋ ᠪᠦᠲᠦᠭᠡᠨ ᠪᠠᠢᠭᠤᠯᠬᠤ ᠵᠡᠷᠭᠡ ᠣᠯᠠᠨ ᠲᠠᠯ᠎ᠠ ᠪᠠᠷ ᠬᠢ ᠱᠢᠨ᠎ᠡ ᠵᠢᠯ ᠦ᠋ᠨ ᠠᠵᠢᠯ ᠤ᠋ᠨ ᠰᠡᠳᠭᠢᠮᠵᠢ ᠪᠡᠨ ᠳᠤᠷᠠᠳᠤᠨ ᠭᠠᠷᠭᠠᠵᠠᠢ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ