ᠥᠪᠥᠷ ᠮᠣᠩᠭᠣᠯ ᠤ᠋ᠨ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠭᠣᠣᠯ ᠰᠡᠳᠦᠪᠲᠦ ᠤᠬᠠᠭᠤᠯᠭ᠎ᠠ ᠲᠠᠢᠯᠤᠮᠵᠢ ᠵᠢᠴᠢ ᠨᠠᠮ ᠤ᠋ᠨ ᠬᠣᠷᠢᠶᠠᠨ ᠤ᠋ ᠭᠣᠣᠯ ᠳᠤᠭᠤᠢᠯᠠᠩ (ᠥᠷᠭᠡᠳᠭᠡᠭᠰᠡᠨ) ᠦ᠌ ᠰᠤᠷᠤᠯᠴᠠᠯᠭ᠎ᠠ ᠶ᠋ᠢᠨ ᠬᠤᠷᠠᠯ ᠢ᠋ ᠡᠷᠬᠢᠯᠡᠪᠡ
2021.04.16

  4 ᠳ᠋ᠦ᠍ᠭᠡᠷ ᠰᠠᠷ᠎ᠠ ᠶ᠋ᠢᠨ 15 ᠤ᠋ ᠡᠳᠦᠷ ᠂ ᠥᠪᠥᠷ ᠮᠣᠩᠭᠣᠯ ᠤ᠋ᠨ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠭᠣᠣᠯ ᠰᠡᠳᠦᠪᠲᠦ ᠤᠬᠠᠭᠤᠯᠭ᠎ᠠ ᠲᠠᠢᠯᠤᠮᠵᠢ ᠵᠢᠴᠢ ᠨᠠᠮ ᠤ᠋ᠨ ᠬᠣᠷᠢᠶᠠᠨ ᠤ᠋ ᠭᠣᠣᠯ ᠳᠤᠭᠤᠢᠯᠠᠩ (ᠥᠷᠭᠡᠳᠭᠡᠭᠰᠡᠨ) ᠦ᠌ ᠰᠤᠷᠤᠯᠴᠠᠯᠭ᠎ᠠ ᠶ᠋ᠢᠨ ᠬᠤᠷᠠᠯ ᠢ᠋ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠤᠬᠠᠭᠤᠯᠤᠨ ᠲᠠᠢᠯᠪᠤᠷᠢᠯᠠᠬᠤ ᠪᠦᠯᠬᠦᠮ ᠦ᠋ᠨ ᠭᠡᠱᠢᠭᠦᠨ᠂ ᠥᠪᠥᠷ ᠮᠣᠩᠭᠣᠯ ᠤ᠋ᠨ ᠠᠵᠤ ᠦᠢᠯᠡᠳᠪᠦᠷᠢ ᠶ᠋ᠢᠨ ᠶᠡᠬᠡ ᠰᠤᠷᠭᠠᠭᠤᠯᠢ ᠶ᠋ᠢᠨ ᠮᠠᠷᠺᠰ ᠤ᠋ᠨ ᠦᠵᠡᠯ ᠦ᠋ᠨ ᠳᠡᠭᠡᠳᠦ ᠰᠤᠷᠭᠠᠭᠤᠯᠢ ᠶ᠋ᠢᠨ ᠳᠡᠳ᠋ ᠫᠷᠣᠹᠧᠰᠰᠣᠷ ᠸᠠᠩ ᠱᠢᠦ ᠯᠢᠩ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠵᠡᠢ᠃ ᠪᠦᠯᠦᠭᠯᠡᠯ ᠦ᠋ᠨ ᠨᠠᠮ ᠤ᠋ᠨ ᠬᠣᠷᠢᠶᠠᠨ ᠤ᠋ ᠳᠡᠳ᠋ ᠱᠦᠵᠢ ᠶᠡᠷᠦᠩᠬᠡᠢ ᠳᠠᠭᠠᠭᠠᠮᠠᠯ ᠽᠧᠩ ᠬᠠᠨ ᠬᠤᠷᠠᠯ ᠢ᠋ ᠡᠷᠬᠢᠯᠡᠭᠰᠡᠨ ᠦ᠌ ᠬᠠᠮᠲᠤ ᠶᠠᠷᠢᠶ᠎ᠠ ᠲᠠᠯᠪᠢᠵᠠᠢ᠃

 

  ᠸᠠᠩ ᠱᠢᠦ ᠯᠢᠩ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠥᠷᠨᠢᠭᠦᠯᠬᠦ ᠴᠢᠬᠤᠯᠠ ᠶᠡᠬᠡ ᠠᠴᠢ ᠬᠣᠯᠪᠣᠭᠳᠠᠯ ᠢ᠋ ᠭᠦᠢᠴᠡᠳ ᠲᠠᠨᠢᠬᠤ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠵᠠᠭᠤᠨ ᠵᠢᠯ ᠦ᠋ᠨ ᠲᠡᠮᠡᠴᠡᠯ ᠦ᠋ᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠪᠠ ᠲᠡᠦᠬᠡᠲᠦ ᠴᠢᠨᠠᠷᠲᠠᠢ ᠬᠤᠪᠢ ᠨᠡᠮᠡᠷᠢ ᠶ᠋ᠢ ᠪᠦᠬᠦ ᠲᠠᠯ᠎ᠠ ᠪᠠᠷ ᠣᠢᠯᠠᠭᠠᠬᠤ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠭᠣᠣᠯᠳᠠᠯᠭ᠎ᠠ ᠶ᠋ᠢ ᠭᠦᠨᠵᠡᠭᠡᠢ ᠡᠵᠡᠮᠳᠡᠬᠦ᠂ ᠰᠢ ᠵᠢᠨ ᠫᠢᠩ ᠦ᠋ᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠣᠢᠯᠠᠭᠠᠵᠤ ᠨᠡᠪᠲᠡᠷᠡᠲᠡᠯ᠎ᠡ ᠡᠵᠡᠮᠱᠢᠬᠦ ᠭᠡᠬᠦ ᠳᠥᠷᠪᠡᠨ ᠲᠠᠯ᠎ᠠ ᠡᠴᠡ ᠲᠠᠢᠯᠪᠤᠷᠢᠯᠠᠯᠲᠠ ᠬᠢᠵᠦ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ 《ᠶᠠᠭᠤᠨ ᠳ᠋ᠤ᠌ ᠰᠤᠷᠤᠯᠴᠠᠬᠤ᠂ ᠶᠠᠭᠤ ᠰᠤᠷᠤᠯᠴᠠᠬᠤ᠂ ᠶᠠᠭᠠᠬᠢᠵᠤ ᠰᠤᠷᠤᠯᠴᠠᠬᠤ》 ᠠᠰᠠᠭᠤᠳᠠᠯ ᠳ᠋ᠤ᠌ ᠲᠠᠢᠯᠤᠮᠵᠢ ᠬᠢᠪᠡ᠃ ᠡᠨᠡ ᠨᠢ ᠪᠦᠯᠦᠭᠯᠡᠯ ᠦ᠋ᠨ ᠪᠦᠬᠦ ᠨᠠᠮ ᠤ᠋ᠨ ᠭᠡᠱᠢᠭᠦᠨ ᠦ᠌ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠭᠣᠣᠯᠳᠠᠯᠭ᠎ᠠ ᠶ᠋ᠢ ᠭᠦᠨᠵᠡᠭᠡᠢ ᠡᠵᠡᠮᠳᠡᠨ᠂ ᠠᠵᠢᠯ ᠤ᠋ᠨ ᠪᠠᠢᠷᠢ ᠳ᠋ᠤ᠌ ᠪᠠᠨ ᠰᠠᠭᠤᠷᠢᠯᠠᠨ ᠨᠠᠮ ᠤ᠋ᠨ ᠵᠠᠭᠤᠨ ᠵᠢᠯ ᠦ᠋ᠨ ᠲᠡᠦᠬᠡ ᠶ᠋ᠢ ᠰᠤᠷᠤᠯᠴᠠᠵᠤ᠂ ᠱᠢᠨ᠎ᠡ ᠠᠶᠠᠨ ᠳ᠋ᠤ᠌ ᠡᠷᠡᠯᠬᠡᠭᠯᠡᠨ ᠤᠷᠤᠭᠱᠢᠯᠠᠬᠤ ᠬᠦᠴᠦᠨ ᠴᠢᠳᠠᠯ ᠢ᠋ ᠱᠢᠩᠭᠡᠭᠡᠨ ᠠᠪᠬᠤ ᠳ᠋ᠤ᠌ ᠰᠡᠩᠬᠡᠷᠡᠭᠦᠯᠬᠦ ᠦᠢᠯᠡᠳᠦᠯ ᠲᠡᠢ ᠪᠠᠢᠳᠠᠭ᠃

  ᠽᠧᠩ ᠬᠠᠨ ᠳ᠋ᠦᠩᠨᠡᠯᠲᠡ ᠬᠢᠬᠦ ᠦᠶ᠎ᠡ ᠳ᠋ᠦ᠍ ᠵᠢᠭᠠᠵᠤ ᠭᠠᠷᠭᠠᠭᠰᠠᠨ ᠨᠢ ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠢ ᠠᠬᠢᠭᠤᠯᠬᠤ ᠪᠣᠯ ᠪᠦᠯᠦᠭᠯᠡᠯ ᠦ᠋ᠨ ᠣᠳᠣᠬᠠᠨ ᠤ᠋ ᠪᠠ ᠡᠭᠦᠨ ᠡᠴᠡ ᠬᠣᠢᠱᠢᠳᠠ ᠶ᠋ᠢᠨ ᠨᠢᠭᠡ ᠬᠡᠰᠡᠭ ᠬᠤᠭᠤᠴᠠᠭᠠᠨ ᠤ᠋ ᠲᠡᠷᠢᠭᠦᠨ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠤᠨ᠎ᠠ᠃ ᠪᠦᠯᠦᠭᠯᠡᠯ ᠦ᠋ᠨ ᠪᠦᠬᠦ ᠨᠠᠮ ᠤ᠋ᠨ ᠭᠡᠱᠢᠭᠦᠨ ᠺᠠᠳ᠋ᠷᠴᠤᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠠᠯᠢ ᠲᠦᠷᠭᠡᠨ ᠢ᠋ᠶ᠋ᠡᠷ ᠰᠢ ᠶ᠋ᠢᠨ ᠫᠢᠩ ᠶᠡᠷᠦᠩᠬᠡᠢ ᠱᠦᠵᠢ ᠶ᠋ᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠪᠠ ᠨᠠᠮ ᠤ᠋ᠨ ᠲᠥᠪ ᠬᠣᠷᠢᠶᠠᠨ ᠤ᠋ ᠱᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠲᠠᠢ ᠨᠢᠭᠡᠳᠭᠡᠵᠦ᠂ ᠲᠡᠦᠬᠡ ᠰᠤᠷᠴᠤ ᠶᠣᠰᠣ ᠤᠴᠢᠷ ᠢ᠋ ᠣᠢᠯᠠᠭᠠᠬᠤ᠂ ᠲᠡᠦᠬᠡ ᠰᠤᠷᠴᠤ ᠢᠲᠡᠭᠡᠯ ᠬᠦᠰᠡᠯ ᠢ᠋ᠶ᠋ᠡᠨ ᠴᠢᠩᠭᠠᠷᠠᠭᠤᠯᠬᠤ᠂ ᠲᠡᠦᠬᠡ ᠰᠤᠷᠴᠤ ᠶᠣᠰᠣ ᠰᠤᠷᠲᠠᠬᠤᠨ ᠢ᠋ ᠡᠷᠬᠢᠮᠯᠡᠬᠦ᠂ ᠲᠡᠦᠬᠡ ᠰᠤᠷᠴᠤ ᠦᠢᠯᠡ ᠠᠵᠢᠯᠯᠠᠭ᠎ᠠ ᠳ᠋ᠤ᠌ ᠪᠠᠨ ᠦᠢᠯᠡᠳᠦᠯᠭᠡᠵᠢᠭᠦᠯᠬᠦ ᠶ᠋ᠢ ᠭᠦᠢᠴᠡᠳᠭᠡᠵᠦ᠂ ᠪᠦᠯᠦᠭᠯᠡᠯ ᠦ᠋ᠨ ᠳᠡᠭᠡᠳᠦ ᠳᠣᠣᠷᠠᠲᠤ ᠱᠠᠲᠤ ᠪᠠᠷ ᠢ᠋ᠶ᠋ᠠᠨ ᠴᠤᠴᠠᠯᠲᠠ ᠦᠭᠡᠢ ᠤᠷᠤᠭᠱᠢᠯᠠᠬᠤ ᠲᠡᠮᠡᠴᠡᠯ ᠦ᠋ᠨ ᠳᠦᠷᠢ ᠪᠠᠢᠳᠠᠯ᠂ ᠬᠦᠴᠢᠷ ᠪᠡᠷᠬᠡᠱᠢᠶᠡᠯ ᠢ᠋ ᠢᠯᠠᠨ ᠳᠠᠪᠠᠬᠤ ᠵᠣᠷᠢᠭ ᠰᠠᠨᠠᠭ᠎ᠠ ᠪᠠᠷ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠶ᠋ᠢ ᠰᠠᠢᠲᠤᠷ ᠡᠬᠢᠯᠡᠭᠦᠯᠬᠦ ᠬᠡᠷᠡᠭᠲᠡᠢ ᠭᠡᠰᠡᠨ ᠪᠠᠢᠨ᠎ᠠ᠃

  ᠽᠧᠩ ᠬᠠᠨ ᠴᠢᠬᠤᠯᠠᠴᠢᠯᠠᠬᠤ ᠳ᠋ᠤ᠌ ᠪᠠᠨ᠂ ᠰᠤᠷᠤᠯᠴᠠᠯᠭ᠎ᠠ ᠬᠥᠮᠦᠵᠢᠯ ᠦ᠋ᠨ ᠬᠠᠷᠠᠯᠲᠠ ᠱᠠᠭᠠᠷᠳᠠᠯᠭ᠎ᠠ᠂ ᠰᠤᠷᠤᠯᠴᠠᠯᠭ᠎ᠠ ᠶ᠋ᠢᠨ ᠠᠭᠤᠯᠭ᠎ᠠ᠂ ᠠᠷᠭ᠎ᠠ ᠪᠠ ᠠᠯᠬᠤᠮ ᠳᠠᠷᠠᠭ᠎ᠠ᠂ ᠭᠣᠣᠯᠳᠠᠯᠭ᠎ᠠ ᠲᠠᠢ ᠡᠭᠦᠷᠭᠡ ᠵᠡᠷᠭᠡ ᠶ᠋ᠢ ᠯᠠᠪᠳᠠᠭᠤᠨ ᠪᠠᠲᠤᠲᠠᠢ ᠡᠵᠡᠮᠳᠡᠵᠦ᠂ ᠲᠥᠪᠯᠡᠷᠡᠭᠦᠯᠦᠨ ᠰᠤᠷᠤᠯᠴᠠᠬᠤ ᠪᠠ ᠪᠡᠶ᠎ᠡ ᠪᠡᠨ ᠳᠠᠭᠠᠭᠠᠵᠤ ᠰᠤᠷᠤᠯᠴᠠᠬᠤ ᠶ᠋ᠢ ᠬᠠᠷᠢᠯᠴᠠᠨ ᠤᠶᠠᠯᠳᠤᠭᠤᠯᠤᠨ᠂ ᠰᠡᠳᠭᠢᠯ ᠱᠢᠭᠤᠳᠤᠨ ᠥᠪᠡᠰᠦᠪᠡᠨ ᠰᠤᠷᠤᠯᠴᠠᠬᠤ ᠬᠢᠭᠡᠳ ᠬᠠᠮᠲᠤ ᠪᠠᠷ ᠰᠤᠳᠤᠯᠤᠨ ᠶᠠᠷᠢᠯᠴᠠᠬᠤ ᠶ᠋ᠢ ᠬᠠᠷᠢᠯᠴᠠᠨ ᠤᠶᠠᠯᠳᠤᠭᠤᠯᠵᠤ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ᠶ᠋ᠡᠷ ᠳᠠᠮᠵᠢᠭᠤᠯᠤᠨ᠂ ᠰᠢ ᠵᠢᠨ ᠫᠢᠩ ᠦ᠋ᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠲᠤᠬᠠᠢ ᠣᠢᠯᠠᠭᠠᠯᠲᠠ ᠪᠠᠨ ᠦᠨᠡᠨ ᠬᠦ᠌ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂ ᠦᠵᠡᠯ ᠰᠠᠨᠠᠭᠠᠨ ᠤ᠋ ᠠᠭᠤᠤ ᠶᠡᠬᠡ ᠬᠦᠴᠦᠨ ᠴᠢᠳᠠᠯ ᠢ᠋ ᠨᠡᠩ ᠰᠠᠢᠲᠤᠷ ᠣᠢᠯᠠᠭᠠᠨ ᠮᠡᠳᠡᠷᠡᠵᠦ᠂ ᠣᠶᠤᠨ ᠰᠠᠨᠠᠭ᠎ᠠ ᠪᠠ ᠬᠦᠴᠦᠨ ᠴᠢᠳᠠᠯ ᠢ᠋ ᠨᠢ ᠱᠢᠩᠭᠡᠭᠡᠨ ᠠᠪᠬᠤ ᠬᠡᠷᠡᠭᠲᠡᠢ᠃ ᠨᠠᠮ ᠲᠥᠷᠥ ᠳ᠋ᠦ᠍ ᠪᠡᠨ ᠦᠨᠡᠨᠴᠢ ᠱᠢᠳᠤᠷᠭᠤ ᠪᠠᠢᠬᠤ ᠨᠢᠭᠡ ᠰᠡᠳᠭᠢᠯ ᠢ᠋ ᠴᠢᠩᠭ᠎ᠠ ᠰᠠᠬᠢᠨ᠂ ᠨᠢᠭᠡ ᠵᠤᠷᠪᠤᠰ ᠱᠤᠭᠤᠮ ᠢ᠋ ᠡᠵᠡᠮᠳᠡᠵᠦ᠂ ᠨᠢᠭᠡ ᠲᠤᠭ ᠢ᠋ ᠥᠨᠳᠥᠷ ᠡᠷᠭᠦᠵᠦ᠂ ᠨᠡᠢᠭᠡᠮ ᠵᠢᠷᠤᠮ ᠤ᠋ᠨ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠠᠷ ᠪᠠᠢᠭᠤᠯᠬᠤ ᠱᠢᠨ᠎ᠡ ᠠᠶᠠᠨ ᠢ᠋ ᠴᠢᠷᠮᠠᠢᠨ ᠡᠬᠢᠯᠡᠭᠦᠯᠬᠦ ᠬᠡᠷᠡᠭᠲᠡᠢ ᠭᠡᠵᠡᠢ᠃

  ᠽᠧᠩ ᠬᠠᠨ ᠵᠢᠭᠠᠬᠤ ᠳ᠋ᠤ᠌ ᠪᠠᠨ᠂ ᠪᠦᠯᠦᠭᠯᠡᠯ ᠦ᠋ᠨ ᠭᠠᠵᠠᠷ ᠤ᠋ᠨ ᠳᠡᠰ ᠡᠴᠡ ᠳᠡᠭᠡᠭᠱᠢᠬᠢ ᠤᠳᠤᠷᠢᠳᠬᠤ ᠺᠠᠳ᠋ᠷᠴᠤᠳ 《ᠵᠠᠩᠭᠢᠯᠠᠭ᠎ᠠ ᠶ᠋ᠢᠨ ᠴᠥᠭᠡᠨ ᠬᠡᠳᠦᠨ ᠬᠥᠮᠦᠨ》 ᠦ᠌ ᠵᠢᠱ᠌ᠢᠶ᠎ᠡ ᠦᠵᠡᠭᠦᠯᠬᠦ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠥᠪᠡᠷ ᠢ᠋ᠶ᠋ᠡᠨ ᠲᠦᠷᠦᠭᠦᠯᠡᠨ ᠰᠤᠷᠤᠯᠴᠠᠵᠤ᠂ ᠲᠤᠰᠭᠠᠢ ᠰᠡᠳᠦᠪᠲᠦ ᠰᠤᠷᠤᠯᠴᠠᠯᠭ᠎ᠠ᠂ ᠲᠤᠰᠭᠠᠢ ᠰᠡᠳᠦᠪᠲᠦ ᠰᠤᠳᠤᠯᠤᠯᠲᠠ ᠶᠠᠷᠢᠯᠴᠠᠭ᠎ᠠ᠂ ᠲᠤᠰᠭᠠᠢ ᠰᠡᠳᠦᠪᠲᠦ ᠨᠠᠮ ᠤ᠋ᠨ ᠬᠢᠴᠢᠶᠡᠯ᠂ ᠲᠤᠰᠭᠠᠢ ᠰᠡᠳᠦᠪᠲᠦ ᠪᠣᠯᠪᠠᠰᠤᠷᠠᠯ ᠢ᠋ ᠥᠷᠨᠢᠭᠦᠯᠬᠦ ᠪᠡᠷ ᠳᠠᠮᠵᠢᠭᠤᠯᠤᠨ᠂ ᠶᠠᠷᠢᠭᠰᠠᠨ ᠦᠭᠡ᠂ ᠣᠷᠣᠭᠰᠠᠨ ᠬᠢᠴᠢᠶᠡᠯ᠂ ᠠᠳᠭᠤᠭᠰᠠᠨ ᠠᠵᠢᠯ ᠢ᠋ᠶ᠋ᠠᠷ ᠢ᠋ᠶ᠋ᠠᠨ ᠨᠡᠩ ᠣᠯᠠᠨ ᠺᠠᠳ᠋ᠷᠴᠤᠳ ᠢ᠋ ᠬᠥᠲᠥᠯᠦᠨ ᠵᠢᠯᠣᠭᠣᠳᠬᠤ ᠦᠢᠯᠡᠳᠦᠯ ᠦᠵᠡᠭᠦᠯᠬᠦ ᠬᠡᠷᠡᠭᠲᠡᠢ᠃ ᠬᠠᠮᠲᠤ ᠪᠠᠷ ᠰᠤᠷᠤᠯᠴᠠᠬᠤ ᠪᠠ ᠥᠪᠡᠰᠦᠪᠡᠨ ᠰᠤᠷᠤᠯᠴᠠᠬᠤ ᠴᠠᠭ ᠤ᠋ᠨ ᠲᠣᠬᠢᠷᠠᠭᠤᠯᠤᠯᠲᠠ ᠶ᠋ᠢ ᠴᠢᠩᠭ᠎ᠠ ᠵᠢᠷᠤᠮᠯᠠᠵᠤ᠂ ᠬᠠᠮᠲᠤ ᠪᠠᠷ ᠰᠤᠷᠤᠯᠴᠠᠬᠤ ᠪᠠ ᠥᠪᠡᠰᠦᠪᠡᠨ ᠰᠤᠷᠤᠯᠴᠠᠬᠤ ᠠᠵᠢᠯ ᠢ᠋ ᠰᠠᠢᠲᠤᠷ ᠠᠳᠭᠤᠵᠤ᠂ ᠰᠡᠳᠭᠢᠯ ᠱᠢᠭᠤᠳᠤᠨ ᠥᠪᠡᠰᠦᠪᠡᠨ ᠰᠤᠷᠤᠯᠴᠠᠬᠤ ᠰᠤᠷᠤᠯᠴᠠᠯᠭ᠎ᠠ ᠳ᠋ᠤ᠌ ᠪᠣᠳᠠᠲᠤ ᠦᠷ᠎ᠡ ᠪᠦᠲᠦᠮᠵᠢ ᠣᠯᠬᠤ ᠶ᠋ᠢ ᠠᠬᠢᠭᠤᠯᠬᠤ ᠬᠡᠷᠡᠭᠲᠡᠢ ᠭᠡᠵᠡᠢ᠃

  ᠽᠧᠩ ᠬᠠᠨ ᠴᠢᠬᠤᠯᠠᠴᠢᠯᠠᠬᠤ ᠳ᠋ᠤ᠌ ᠪᠠᠨ᠂ ᠥᠪᠡᠰᠦᠪᠡᠨ ᠰᠤᠷᠤᠯᠴᠠᠬᠤ ᠡᠰᠡᠬᠦᠯ᠎ᠡ ᠰᠤᠳᠤᠯᠤᠯᠲᠠ ᠶᠠᠷᠢᠯᠴᠠᠭ᠎ᠠ᠂ ᠪᠣᠯᠪᠠᠰᠤᠷᠠᠯ᠂ ᠨᠠᠮ ᠤ᠋ᠨ ᠬᠢᠴᠢᠶᠡᠯ ᠵᠡᠷᠭᠡ ᠶ᠋ᠢ ᠵᠣᠬᠢᠶᠠᠨ ᠪᠠᠢᠭᠤᠯᠬᠤ ᠳ᠋ᠤ᠌ ᠪᠦᠷ ᠭᠣᠣᠯ ᠰᠡᠳᠦᠪ ᠢ᠋ ᠴᠢᠩᠭ᠎ᠠ ᠡᠵᠡᠮᠳᠡᠨ᠂ ᠲᠠᠪᠤᠨ ᠭᠣᠣᠯ ᠰᠡᠳᠦᠪ ᠢ᠋ ᠨᠢᠭᠡᠳ ᠨᠢᠭᠡ ᠪᠡᠷ ᠠᠬᠢᠭᠤᠯᠬᠤ ᠱᠠᠭᠠᠷᠳᠠᠯᠭ᠎ᠠ ᠶᠣᠰᠣᠭᠠᠷ᠂ 6 ᠳ᠋ᠤᠭᠠᠷ ᠰᠠᠷ᠎ᠠ ᠶ᠋ᠢᠨ ᠰᠡᠭᠦᠯᠴᠢ ᠡᠴᠡ ᠡᠮᠦᠨ᠎ᠡ᠂ ᠲᠠᠪᠤᠨ ᠭᠣᠣᠯ ᠰᠡᠳᠦᠪ ᠢ᠋ ᠡᠷᠬᠡᠪᠱᠢ ᠪᠦᠬᠦᠨ ᠢ᠋ ᠰᠤᠷᠤᠯᠴᠠᠵᠤ ᠳᠠᠭᠤᠰᠭᠠᠬᠤ ᠶ᠋ᠢᠨ ᠬᠠᠮᠲᠤ᠂ ᠨᠢᠭᠡᠳ ᠨᠢᠭᠡ ᠪᠡᠷ ᠰᠤᠳᠤᠯᠤᠨ ᠶᠠᠷᠢᠯᠴᠠᠬᠤ ᠪᠠ ᠰᠣᠯᠢᠯᠴᠠᠵᠤ᠂ ᠪᠦᠯᠦᠭᠯᠡᠯ ᠦ᠋ᠨ ᠨᠠᠮ ᠤ᠋ᠨ ᠬᠣᠷᠢᠶ᠎ᠠ ᠡᠴᠡ ᠲᠤᠰᠭᠠᠢ ᠰᠡᠳᠦᠪ ᠬᠤᠪᠢᠶᠠᠨ ᠭᠠᠵᠠᠷ ᠤ᠋ᠨ ᠳᠡᠰ ᠡᠴᠡ ᠳᠡᠭᠡᠭᠱᠢᠬᠢ ᠤᠳᠤᠷᠢᠳᠬᠤ ᠺᠠᠳ᠋ᠷᠴᠤᠳ ᠲᠤ᠌ ᠣᠨᠣᠯ ᠤ᠋ᠨ ᠱᠢᠯᠭᠠᠯᠲᠠ ᠬᠢᠵᠦ᠂ ᠰᠤᠷᠤᠯᠴᠠᠯᠭ᠎ᠠ ᠶ᠋ᠢᠨ ᠦᠷ᠎ᠡ ᠪᠦᠲᠦᠮᠵᠢ ᠳ᠋ᠦ᠍ ᠬᠢᠨᠠᠨ ᠪᠠᠢᠴᠠᠭᠠᠯᠲᠠ ᠬᠢᠵᠦ᠂ ᠠᠬᠢᠴᠠ ᠶ᠋ᠢ ᠵᠢᠷᠤᠮᠯᠠᠬᠤ ᠦᠭᠡᠢ ᠪᠡᠷ ᠳᠤᠷ᠎ᠠ ᠪᠠᠷ ᠠᠳᠭᠤᠨ᠂ ᠬᠥᠭ ᠠᠢᠵᠠᠮ ᠢ᠋ ᠰᠠᠮᠠᠭᠤᠷᠠᠭᠤᠯᠤᠨ ᠨᠢᠭᠡ ᠯᠡ ᠠᠳᠭᠤᠬᠤ ᠡᠴᠡ ᠰᠡᠷᠭᠡᠢᠯᠡᠬᠦ ᠬᠡᠷᠡᠭᠲᠡᠢ ᠭᠡᠵᠡᠢ᠃

  ᠽᠧᠩ ᠬᠠᠨ ᠵᠢᠭᠠᠬᠤ ᠳ᠋ᠤ᠌ ᠪᠠᠨ᠂ 《ᠪᠢ ᠣᠯᠠᠨ ᠲᠦᠮᠡᠨ ᠦ᠌ ᠲᠥᠯᠥᠭᠡ ᠪᠣᠳᠠᠲᠤ ᠤᠴᠢᠷ ᠬᠢᠬᠦ》 ᠦᠢᠯᠡᠳᠦᠯᠭᠡ ᠶ᠋ᠢᠨ ᠠᠵᠢᠯᠯᠠᠭ᠎ᠠ ᠶ᠋ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ ᠃ 《ᠪᠦᠯᠦᠭᠯᠡᠯ ᠦ᠋ᠨ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠬᠡᠷᠡᠭᠵᠢᠭᠦᠯᠬᠦ ᠲᠥᠰᠦᠯ》 ᠳ᠋ᠦ᠍ ᠪᠦᠯᠦᠭᠯᠡᠯ ᠦ᠋ᠨ 《ᠪᠢ ᠣᠯᠠᠨ ᠲᠦᠮᠡᠨ ᠦ᠌ ᠲᠥᠯᠥᠭᠡ ᠪᠣᠳᠠᠲᠤ ᠤᠴᠢᠷ ᠬᠢᠬᠦ》 ᠦᠢᠯᠡᠳᠦᠯᠭᠡ ᠶ᠋ᠢᠨ ᠠᠵᠢᠯᠯᠠᠭ᠎ᠠ ᠶ᠋ᠢᠨ ᠬᠠᠮᠢᠶ᠎ᠠ ᠪᠦᠬᠦᠢ ᠠᠵᠢᠯ ᠢ᠋ ᠲᠣᠳᠣᠷᠬᠠᠢᠯᠠᠪᠠ᠃ ᠪᠦᠯᠦᠭᠯᠡᠯ ᠦ᠋ᠨ ᠨᠠᠮ ᠤ᠋ᠨ ᠬᠣᠷᠢᠶ᠎ᠠ ᠡᠴᠡ ᠣᠢᠷ᠎ᠠ ᠶ᠋ᠢᠨ ᠬᠤᠭᠤᠴᠠᠭᠠᠨ ᠤ᠋ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠤᠳᠤᠷᠢᠳᠬᠤ ᠳᠤᠭᠤᠢᠯᠠᠩ ᠤ᠋ᠨ ᠲᠠᠷᠬᠠᠭᠠᠭᠰᠠᠨ 《〈ᠪᠢ ᠣᠯᠠᠨ ᠲᠦᠮᠡᠨ ᠦ᠌ ᠲᠥᠯᠥᠭᠡ ᠪᠣᠳᠠᠲᠤ ᠤᠴᠢᠷ ᠬᠢᠬᠦ〉 ᠦᠢᠯᠡᠳᠦᠯᠭᠡ ᠶ᠋ᠢᠨ ᠠᠵᠢᠯᠯᠠᠭ᠎ᠠ ᠶ᠋ᠢᠨ ᠠᠵᠢᠯ ᠤ᠋ᠨ ᠲᠥᠰᠦᠯ》 ᠢ᠋ ᠦᠨᠳᠦᠰᠦᠯᠡᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠷᠢᠯᠢᠭᠵᠢᠭᠤᠯᠵᠤ ᠂ 《ᠪᠢ ᠣᠯᠠᠨ ᠲᠦᠮᠡᠨ ᠦ᠌ ᠲᠥᠯᠥᠭᠡ ᠪᠣᠳᠠᠲᠤ ᠤᠴᠢᠷ ᠬᠢᠬᠦ》 ᠦᠢᠯᠡᠳᠦᠯᠭᠡ ᠶ᠋ᠢᠨ ᠠᠵᠢᠯᠯᠠᠭ᠎ᠠ ᠶ᠋ᠢᠨ ᠨᠠᠷᠢᠨ ᠳᠠᠩᠰᠠ ᠶ᠋ᠢ ᠲᠣᠭᠲᠠᠭᠠᠬᠤ ᠬᠡᠷᠡᠭᠲᠡᠢ᠃ ᠬᠠᠷᠢᠶ᠎ᠠ ᠡᠯ᠎ᠡ ᠨᠢᠭᠡᠴᠢ ᠶ᠋ᠢᠨ ᠬᠢᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ᠂ ᠡᠭᠦᠷᠭᠡ ᠲᠤᠱᠢᠶᠠᠯ ᠤ᠋ᠨ ᠳᠠᠪᠠᠭᠤᠯᠢᠭ ᠪᠠ ᠲᠤᠰᠭᠠᠢ ᠮᠡᠷᠭᠡᠵᠢᠯ ᠦ᠋ᠨ ᠳᠠᠪᠠᠭᠤᠯᠢᠭ ᠢ᠋ᠶ᠋ᠠᠨ ᠪᠠᠳᠠᠷᠠᠭᠤᠯᠵᠤ᠂ ᠰᠠᠨᠠᠭᠠᠴᠢᠯᠠᠭ᠎ᠠ ᠡᠴᠡ ᠪᠡᠨ ᠣᠯᠠᠨ ᠲᠦᠮᠡᠨ ᠳ᠋ᠦ᠍ ᠪᠣᠳᠠᠲᠤ ᠠᠵᠢᠯ ᠬᠢᠵᠦ᠂ ᠬᠦᠴᠢᠷᠲᠡᠢ ᠠᠰᠠᠭᠤᠳᠠᠯ ᠢ᠋ ᠱᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ᠋ ᠤᠳᠤᠷᠢᠳᠬᠤ ᠺᠠᠳ᠋ᠷᠴᠤᠳ ᠠᠬᠢᠴᠠ ᠶ᠋ᠢ ᠲᠣᠬᠢᠷᠠᠭᠤᠯᠬᠤ ᠪᠠ ᠦᠷ᠎ᠡ ᠪᠦᠲᠦᠮᠵᠢ ᠶ᠋ᠢ ᠮᠥᠷᠳᠡᠨ ᠠᠰᠠᠭᠤᠵᠤ᠂ ᠡᠯ᠎ᠡ ᠵᠦᠢᠯ ᠦ᠋ᠨ ᠡᠭᠦᠷᠭᠡ ᠶ᠋ᠢ ᠪᠣᠳᠠᠲᠠᠢ ᠳ᠋ᠤ᠌ ᠨᠠᠢᠳᠠᠪᠤᠷᠢᠵᠢᠭᠤᠯᠤᠨ᠂ ᠰᠠᠢᠨ ᠤᠴᠢᠷ ᠢ᠋ ᠰᠠᠢᠲᠤᠷ ᠬᠢᠵᠦ ᠂ ᠪᠣᠳᠠᠲᠤ ᠤᠴᠢᠷ ᠢ᠋ ᠪᠣᠳᠠᠲᠠᠢ ᠪᠠᠷ ᠭᠦᠢᠴᠡᠳᠭᠡᠬᠦ ᠬᠡᠷᠡᠭᠲᠡᠢ ᠭᠡᠵᠡᠢ᠃

  ᠬᠤᠷᠠᠯ ᠢ᠋ ᠠᠬᠤᠢ ᠲᠠᠯᠠᠪᠠᠢ ᠪᠠ ᠸᠢᠳᠢᠣ᠋ ᠰᠢᠭᠤᠳ ᠨᠡᠪᠲᠡᠷᠡᠭᠦᠯᠭᠡ ᠪᠠᠷ ᠬᠣᠯᠪᠣᠭᠳᠠᠬᠤ ᠬᠡᠯᠪᠡᠷᠢ ᠪᠡᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠶᠢᠰᠦᠳᠦᠭᠡᠷ ᠲᠣᠭᠣᠷᠢᠨ ᠵᠢᠯᠣᠭᠣᠳᠬᠤ ᠳᠤᠭᠤᠢᠯᠠᠩ ᠤ᠋ᠨ ᠳᠡᠳ᠋ ᠳᠠᠷᠤᠭ᠎ᠠ᠂ ᠱᠢᠯᠢ ᠶ᠋ᠢᠨ ᠭᠣᠣᠯ ᠠᠢᠮᠠᠭ ᠤ᠋ᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠠᠵᠢᠯᠴᠢᠨ ᠤ᠋ ᠡᠪᠯᠡᠯ ᠦ᠋ᠨ ᠳᠡᠳ᠋ ᠡᠷᠬᠢᠯᠡᠭᠴᠢ ᠵᠠᠩ ᠶᠤᠸᠠᠢ ᠱᠢᠶᠠ ᠨᠥᠬᠥᠷ᠂ ᠪᠦᠯᠦᠭᠯᠡᠯ ᠦ᠋ᠨ ᠤᠳᠤᠷᠢᠳᠬᠤ ᠪᠠᠭ ᠤ᠋ᠨ ᠭᠡᠱᠢᠭᠦᠳ᠂ ᠡᠯ᠎ᠡ ᠬᠠᠷᠢᠶ᠎ᠠ ᠨᠢᠭᠡᠴᠢ ᠶ᠋ᠢᠨ ᠤᠳᠤᠷᠢᠳᠬᠤ ᠪᠠᠭ ᠤ᠋ᠨ ᠭᠡᠱᠢᠭᠦᠳ ᠬᠤᠷᠠᠯ ᠳ᠋ᠤ᠌ ᠣᠷᠣᠯᠴᠠᠵᠠᠢ ᠃

 

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ