ᠥᠪᠥᠷ ᠮᠣᠩᠭᠣᠯ ᠤ᠋ᠨ ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠬᠥᠬᠡᠬᠣᠲᠠ ᠳ᠋ᠤ᠌ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠲᠤᠰᠭᠠᠢ ᠰᠡᠳᠦᠪᠲᠦ ᠨᠠᠮ ᠤ᠋ᠨ ᠬᠢᠴᠢᠶᠡᠯ ᠥᠷᠨᠢᠭᠦᠯᠪᠡ
2021.06.24

  6 ᠳ᠋ᠤᠭᠠᠷ ᠰᠠᠷ᠎ᠠ ᠶ᠋ᠢᠨ 23 ᠤ᠋ ᠡᠳᠦᠷ᠂ ᠳᠤᠮᠳᠠᠳᠤ ᠤᠯᠤᠰ ᠤ᠋ᠨ ᠡᠪ ᠬᠠᠮᠲᠤ ᠨᠠᠮ ᠵᠠᠭᠤᠨ ᠵᠢᠯ ᠦ᠋ᠨ ᠣᠢ ᠶ᠋ᠢᠨ ᠪᠠᠶᠠᠷ ᠢ᠋ᠶ᠋ᠠᠨ ᠤᠭᠲᠤᠨ ᠠᠪᠬᠤ ᠭᠡᠵᠦ ᠪᠠᠢᠭ᠎ᠠ ᠲᠠᠱᠢᠷᠠᠮ ᠳ᠋ᠤ᠌᠂ ᠪᠦᠯᠦᠭᠯᠡᠯ ᠦ᠋ᠨ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠢ᠋ ᠤᠯᠠᠮ ᠭᠦᠨᠵᠡᠭᠡᠢ ᠪᠥᠭᠡᠳ ᠪᠣᠳᠠᠲᠠᠢ ᠪᠠᠷ ᠥᠷᠨᠢᠭᠦᠯᠬᠦ ᠶ᠋ᠢᠨ ᠲᠥᠯᠥᠭᠡ᠂ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢᠨ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠪᠠ ᠨᠠᠮ ᠪᠠᠢᠭᠤᠯᠤᠭᠳᠠᠭᠰᠠᠨ 100 ᠵᠢᠯ ᠦ᠋ᠨ ᠣᠢ ᠶ᠋ᠢ ᠳᠤᠷᠠᠰᠭᠠᠨ ᠪᠡᠯᠭᠡᠯᠡᠬᠦ ᠭᠣᠣᠯ ᠰᠡᠳᠦᠪᠲᠦ ᠱᠢᠷᠢᠰ ᠠᠵᠢᠯᠯᠠᠭ᠎ᠠ ᠥᠷᠨᠢᠭᠦᠯᠬᠦ ᠬᠣᠯᠪᠣᠭᠳᠠᠯ ᠪᠦᠬᠦᠢ ᠲᠣᠬᠢᠷᠠᠭᠤᠯᠤᠯᠲᠠ ᠶ᠋ᠢ ᠦᠨᠳᠦᠰᠦᠯᠡᠵᠦ᠂ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢᠨ ᠱᠦᠵᠢ ᠬᠡᠷᠡᠭ ᠮᠡᠳᠡᠭᠴᠢᠳ ᠦ᠋ᠨ ᠳᠠᠷᠤᠭ᠎ᠠ ᠱᠤᠸᠠᠩ ᠯᠦᠩ 《ᠨᠠᠮ ᠤ᠋ᠨ ᠵᠠᠭᠤᠨ ᠵᠢᠯ ᠦ᠋ᠨ ᠲᠡᠮᠡᠴᠡᠯ ᠦ᠋ᠨ ᠲᠡᠦᠬᠡ ᠶ᠋ᠢᠨ ᠳᠣᠲᠣᠷ᠎ᠠ ᠠ᠋ᠴᠠ ᠤᠷᠤᠭᠱᠢᠯᠠᠨ ᠲᠠᠪᠱᠢᠬᠤ ᠬᠦᠴᠦᠨ ᠴᠢᠳᠠᠯ ᠢ᠋ ᠱᠢᠩᠭᠡᠭᠡᠨ ᠠᠪᠤᠶ᠎ᠠ》 ᠭᠡᠬᠦ ᠰᠡᠳᠦᠪ ᠢ᠋ᠶ᠋ᠡᠷ ᠪᠦᠯᠦᠭᠯᠡᠯ ᠦ᠋ᠨ ᠪᠦᠭᠦᠳᠡ ᠨᠠᠮ ᠤ᠋ᠨ ᠬᠡᠰᠢᠭᠦᠨ ᠳ᠋ᠦ᠍ ᠨᠢᠭᠡᠨ ᠤᠳᠠᠭᠠᠨ ᠤ᠋ ᠨᠠᠮ ᠤ᠋ᠨ ᠬᠢᠴᠢᠶᠡᠯ ᠣᠷᠣᠭᠰᠠᠨ ᠪᠠᠢᠨ᠎ᠠ᠃

 

ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢᠨ ᠱᠦᠵᠢ ᠬᠡᠷᠡᠭ ᠮᠡᠳᠡᠭᠴᠢᠳ ᠦ᠋ᠨ ᠳᠠᠷᠤᠭ᠎ᠠ ᠱᠤᠸᠠᠩ ᠯᠦᠩ ᠨᠠᠮ ᠤ᠋ᠨ ᠬᠢᠴᠢᠶᠡᠯ ᠣᠷᠤᠵᠤ ᠪᠠᠢᠭ᠎ᠠ ᠨᠢ
ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢᠨ ᠳᠡᠳ᠋ ᠱᠦᠵᠢ ᠸᠠᠩ ᠹᠦ ᠬᠤᠷᠠᠯ ᠡᠷᠬᠢᠯᠡᠵᠦ ᠪᠠᠢᠭ᠎ᠠ ᠨᠢ

  ᠬᠡᠪᠯᠡᠯ ᠦ᠋ᠨ ᠪᠦᠯᠦᠭᠯᠡᠯ ᠦ᠋ᠨ ᠨᠠᠮ ᠤ᠋ᠨ ᠬᠣᠷᠢᠶ᠎ᠠ ᠶ᠋ᠢᠨ ᠱᠦᠵᠢ ᠬᠡᠷᠡᠭ ᠮᠡᠳᠡᠭᠴᠢᠳ ᠦ᠋ᠨ ᠳᠠᠷᠤᠭ᠎ᠠ ᠱᠤᠸᠠᠩ ᠯᠦᠩ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠶ᠋ᠢᠨ ᠴᠢᠬᠤᠯᠠ ᠠᠴᠢ ᠬᠣᠯᠪᠣᠭᠳᠠᠯ ᠢ᠋ ᠭᠦᠢᠴᠡᠳ ᠲᠠᠨᠢᠬᠤ᠂ ᠨᠠᠮ ᠤ᠋ᠨ ᠵᠠᠭᠤᠨ ᠵᠢᠯ ᠦ᠋ᠨ ᠲᠡᠦᠬᠡ ᠶ᠋ᠢᠨ ᠳᠥᠷᠪᠡᠨ ᠲᠡᠦᠬᠡᠨ ᠴᠠᠭ ᠬᠤᠭᠤᠴᠠᠭ᠎ᠠ ᠳᠣᠲᠣᠷᠠᠬᠢ ᠲᠠᠪᠤᠨ ᠴᠢᠬᠤᠯᠠ ᠴᠠᠭ ᠵᠠᠩᠭᠢᠶᠠᠰᠤ ᠠ᠋ᠴᠠ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢᠯᠠᠬᠤ᠂ ᠨᠠᠮ ᠤ᠋ᠨ ᠵᠠᠭᠤᠨ ᠵᠢᠯ ᠦ᠋ᠨ ᠲᠡᠮᠡᠴᠡᠯ ᠦ᠋ᠨ ᠲᠡᠦᠬᠡ ᠶ᠋ᠢᠨ ᠳᠣᠲᠣᠷ᠎ᠠ ᠠ᠋ᠴᠠ ᠤᠷᠤᠭᠱᠢᠯᠠᠨ ᠲᠠᠪᠱᠢᠬᠤ ᠬᠦᠴᠦᠨ ᠢ᠋ ᠱᠢᠩᠭᠡᠭᠡᠨ ᠠᠪᠬᠤ ᠭᠡᠬᠦ ᠭᠤᠷᠪᠠᠨ ᠲᠠᠯ᠎ᠠ ᠠ᠋ᠴᠠ ᠣᠯᠠᠨ ᠲᠠᠢ ᠨᠠᠮ ᠤ᠋ᠨ ᠲᠡᠦᠬᠡ ᠶ᠋ᠢ ᠰᠤᠷᠤᠯᠴᠠᠬᠤ ᠶᠠᠪᠤᠴᠠ ᠳ᠋ᠠᠬᠢ ᠣᠯᠤᠯᠲᠠ ᠲᠥᠷᠥᠭᠳᠡᠯ ᠢ᠋ᠶ᠋ᠡᠨ ᠬᠤᠪᠢᠶᠠᠯᠴᠠᠭᠰᠠᠨ ᠤ᠋ ᠬᠠᠮᠲᠤ᠂ ᠮᠠᠨ ᠤ᠋ ᠪᠣᠳᠠᠲᠤ ᠠᠵᠢᠯ ᠲᠠᠢ ᠤᠶᠠᠯᠳᠤᠭᠤᠯᠤᠨ᠂ ᠬᠥᠭᠵᠢᠯᠲᠡ ᠶ᠋ᠢᠨ ᠴᠢᠭᠯᠡᠯ ᠢ᠋ ᠵᠢᠭᠠᠵᠤ᠂ ᠲᠣᠳᠣᠷᠬᠠᠢ ᠱᠠᠭᠠᠷᠳᠠᠯᠭ᠎ᠠ ᠳᠤᠷᠠᠳᠪᠠ᠃ ᠪᠦᠬᠦᠢᠯᠡ ᠨᠠᠮ ᠤ᠋ᠨ ᠬᠢᠴᠢᠶᠡᠯ ᠦ᠋ᠨ ᠠᠭᠤᠯᠤᠭᠳᠠᠬᠤᠨ ᠨᠢ ᠪᠠᠶᠠᠯᠢᠭ᠂ ᠰᠡᠩᠬᠡᠷᠡᠭᠦᠯᠬᠦ ᠠᠴᠢ ᠬᠣᠯᠪᠣᠭᠳᠠᠯ ᠢ᠋ᠶ᠋ᠠᠷ ᠴᠢᠩᠭ᠎ᠠ ᠪᠠᠢᠵᠤ᠂ ᠨᠠᠮ ᠤ᠋ᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ ᠦ᠋ᠨ ᠴᠢᠬᠤᠯᠠ ᠠᠴᠢ ᠬᠣᠯᠪᠣᠭᠳᠠᠯ᠂ ᠬᠠᠷᠠᠯᠲᠠ ᠡᠭᠦᠷᠭᠡ ᠶ᠋ᠢ ᠤᠯᠠᠮ ᠨᠢᠭᠡ ᠠᠯᠬᠤᠮ ᠣᠢᠯᠠᠭᠠᠬᠤ ᠵᠢᠴᠢ ᠪᠦᠯᠦᠭᠯᠡᠯ ᠦ᠋ᠨ ᠡᠯ᠎ᠡ ᠲᠠᠯ᠎ᠠ ᠶ᠋ᠢᠨ ᠠᠵᠢᠯ ᠦᠢᠯᠡᠰ ᠦ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠳ᠋ᠤ᠌ ᠴᠥᠮ ᠲᠤᠢᠯ ᠤ᠋ᠨ ᠴᠢᠬᠤᠯᠠ ᠠᠴᠢ ᠬᠣᠯᠪᠣᠭᠳᠠᠯ ᠲᠠᠢ ᠪᠠᠢᠳᠠᠭ᠃

  ᠥᠪᠥᠷ ᠮᠣᠩᠭᠣᠯ ᠤ᠋ᠨ ᠬᠡᠪᠯᠡᠯ ᠦ᠋ᠨ ᠪᠦᠯᠦᠭᠯᠡᠯ ᠦ᠋ᠨ ᠬᠥᠬᠡᠬᠣᠲᠠ ᠳ᠋ᠤ᠌ ᠪᠠᠢᠭ᠎ᠠ ᠪᠠᠢᠭᠤᠯᠭ᠎ᠠ ᠶ᠋ᠢᠨ ᠪᠦᠭᠦᠳᠡ ᠨᠠᠮ ᠤ᠋ᠨ ᠬᠡᠰᠢᠭᠦᠨ ᠬᠤᠷᠠᠯ ᠳ᠋ᠤ᠌ ᠣᠷᠣᠯᠴᠠᠵᠤ᠂ ᠵᠡᠭᠦᠨ ᠭᠤᠷᠪᠠᠨ ᠬᠣᠷᠢᠶ᠎ᠠ ᠶ᠋ᠢᠨ ᠪᠦᠭᠦᠳᠡ ᠨᠠᠮ ᠤ᠋ᠨ ᠬᠡᠰᠢᠬᠦᠨ ᠸᠢᠳᠢᠣ᠋ ᠬᠤᠷᠠᠯ ᠤ᠋ᠨ ᠬᠡᠯᠪᠡᠷᠢ ᠪᠡᠷ ᠲᠤᠰ ᠤᠳᠠᠭᠠᠨ ᠤ᠋ ᠨᠠᠮ ᠤ᠋ᠨ ᠬᠢᠴᠢᠶᠡᠯ ᠢ᠋ ᠰᠣᠨᠣᠰᠤᠭᠰᠠᠨ ᠪᠠᠢᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
ᠦᠪᠦᠷ
ᠮᠤᠩᠭ᠋ᠤᠯ ᠤᠨ
ᠬᠡᠪᠯᠡᠯ ᠤ᠋ᠨ
ᠪᠦᠯᠦᠭᠯᠡᠯ
ᠬᠡᠪᠯᠡᠯ ᠤ᠋ᠨ
ᠡᠷᠬᠡ ᠲᠡᠢ
ᠦᠪᠦᠷ
ᠮᠤᠩᠭ᠋ᠤᠯ ᠤᠨ
ᠮᠤᠨᠢ
ᠨᠡᠷᠡᠮᠵᠢᠲᠦ
ᠰᠤᠶᠤᠯ ᠤᠨ
ᠵᠠᠭᠤᠴᠢ
ᠪᠦᠷᠢᠨ 
ᠪᠤᠰᠤ
ᠬᠠᠷᠢᠭᠤᠴᠠᠯᠭᠠᠳᠤ 
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ ᠤᠨ
ᠦᠪᠡᠷᠲᠡᠭᠡᠨ
ᠵᠠᠰᠠᠬᠤ
ᠤᠷᠤᠨ ᠤ
ᠬᠦᠬᠡᠬᠤᠳᠠ ᠵᠢᠨ ᠰᠢᠨ᠎ᠡ
ᠬᠤᠲᠠ
ᠲᠤᠭᠤᠷᠢᠭ ᠤᠨ
ᠰᠢᠩᠬᠤᠸᠠ
ᠵᠡᠬᠦᠨ
ᠵᠡᠭᠡᠯᠢ ᠵᠢᠨ
89ᠨᠤᠮᠧᠷ
ᠦᠪᠤᠷ
ᠮᠤᠩᠭ᠋ᠤᠯ ᠤᠨ
ᠬᠡᠪᠯᠡᠯ ᠤᠨ
ᠪᠦᠯᠦᠭᠯᠡᠯ