ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ 《ᠨᠠᠮ᠎ᠤᠨ ᠲᠡᠦᠬᠡ᠎ᠶᠢ ᠰᠤᠷᠤᠯᠴᠠᠬᠤ᠂ ᠰᠣᠩᠭᠤᠳᠠᠭ ᠪᠦᠲᠦᠭᠡᠯ ᠤᠩᠱ᠌ᠢᠬᠤ᠂ ᠤᠭ ᠰᠠᠨᠠᠭ᠎ᠠ᠎ᠪᠠᠨ ᠪᠠᠷᠢᠮᠲᠠᠯᠠᠬᠤ》 ᠬᠤᠪᠢᠰᠭᠠᠯᠲᠤ ᠰᠣᠩᠭᠤᠳᠠᠭ ᠪᠦᠲᠦᠭᠡᠯ᠎ᠦᠨ ᠤᠷᠠᠨ ᠤᠩᠱ᠌ᠢᠯᠭ᠎ᠠ᠎ᠶᠢᠨ ᠤᠷᠤᠯᠳᠤᠭᠠᠨ ᠵᠢᠴᠢ 2020 ~ 2021 ᠣᠨ᠎ᠤ 《ᠬᠣᠶᠠᠷ ᠱ᠌ᠢᠯᠢᠳᠡᠭ ᠨᠢᠭᠡ ᠬᠣᠱ᠌ᠢᠭᠤᠴᠢ》᠎ᠶᠢ ᠬᠥᠬᠢᠭᠦᠯᠦᠨ ᠰᠠᠢᠱ᠌ᠢᠶᠠᠬᠤ ᠶᠡᠬᠡ ᠬᠤᠷᠠᠯ ᠡᠷᠬᠢᠯᠡᠪᠡ
2021.07.28

  2021ᠣᠨ᠎ᠤ 6᠎ᠳᠤᠭᠠᠷ ᠰᠠᠷ᠎ᠠ᠎ᠶᠢᠨ 26᠎ᠤ ᠡᠳᠦᠷ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠦᠢᠯᠡᠰ ᠪᠠᠭᠤᠳᠠᠯ᠎ᠳᠤ 《ᠨᠠᠮ᠎ᠤᠨ ᠲᠡᠦᠬᠡ᠎ᠶᠢ ᠰᠤᠷᠤᠯᠴᠠᠬᠤ᠂ ᠰᠣᠩᠭᠤᠳᠠᠭ ᠪᠦᠲᠦᠭᠡᠯ ᠤᠩᠱ᠌ᠢᠬᠤ᠂ ᠤᠭ ᠰᠠᠨᠠᠭ᠎ᠠ᠎ᠪᠠᠨ ᠪᠠᠷᠢᠮᠲᠠᠯᠠᠬᠤ》 ᠬᠤᠪᠢᠰᠭᠠᠯᠲᠤ ᠰᠣᠩᠭᠤᠳᠠᠭ ᠪᠦᠲᠦᠭᠡᠯ᠎ᠦᠨ ᠤᠷᠠᠨ ᠤᠩᠱ᠌ᠢᠯᠭ᠎ᠠ᠎ᠶᠢᠨ ᠤᠷᠤᠯᠳᠤᠭᠠᠨ ᠵᠢᠴᠢ 2020 ~ 2021 ᠣᠨ᠎ᠤ 《ᠬᠣᠶᠠᠷ ᠱ᠌ᠢᠯᠢᠳᠡᠭ ᠨᠢᠭᠡ ᠬᠣᠱ᠌ᠢᠭᠤᠴᠢ》᠎ᠶᠢ ᠬᠥᠬᠢᠭᠦᠯᠦᠨ ᠰᠠᠢᠱ᠌ᠢᠶᠠᠬᠤ ᠶᠡᠬᠡ ᠬᠤᠷᠠᠯ ᠡᠷᠬᠢᠯᠡᠪᠡ᠃ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ᠂ ᠨᠠᠮ᠎ᠤᠨ ᠬᠣᠷᠢᠶ᠎ᠠ᠎ᠶᠢᠨ ᠳᠡᠳ ᠱᠦᠵᠢ ᠸᠠᠩ ᠹᠦ᠂ ᠨᠠᠮ᠎ᠤᠨ ᠬᠣᠷᠢᠶ᠎ᠠ᠎ᠶᠢᠨ ᠭᠡᠱ᠌ᠢᠭᠦᠨ ᠳᠡᠳ ᠶᠡᠷᠦᠩᠬᠡᠢ ᠳᠠᠭᠠᠭᠠᠮᠠᠯ ᠵᠠᠯᠭᠠᠨᠪᠠᠶᠠᠷ᠂ ᠳᠡᠳ ᠶᠡᠷᠦᠩᠬᠡᠢ ᠳᠠᠭᠠᠭᠠᠮᠠᠯ ᠸᠠᠩ ᠱ᠌ᠢᠶᠤᠣ ᠯᠢᠩ᠂ ᠶᠡᠷᠦᠩᠬᠡᠢ ᠨᠠᠢᠷᠠᠭᠤᠯᠤᠭᠴᠢ᠎ᠶᠢᠨ ᠲᠤᠰᠠᠯᠠᠭᠴᠢ ᠬᠤᠸᠠᠩ ᠲᠤᠤ᠂ ᠶᠡᠷᠦᠩᠬᠡᠢ ᠳᠠᠭᠠᠭᠠᠮᠠᠯ᠎ᠤᠨ ᠲᠤᠰᠠᠯᠠᠭᠴᠢ ᠪᠠᠢ ᠢᠦᠢ ᠹᠧᠩ ᠵᠡᠷᠭᠡ ᠤᠳᠤᠷᠢᠳᠤᠯᠭ᠎ᠠ ᠬᠤᠷᠠᠯ᠎ᠳᠤ ᠣᠷᠤᠯᠴᠠᠪᠠ᠃

 

  ᠨᠠᠮ᠎ᠤᠨ ᠵᠠᠭᠤᠨ ᠵᠢᠯ᠎ᠦᠨ ᠣᠢ᠎ᠶᠢᠨ ᠪᠠᠶᠠᠷ ᠬᠦᠷᠴᠦ ᠢᠷᠡᠬᠦ ᠲᠠᠱ᠌ᠢᠷᠠᠮ᠎ᠳᠤ᠂ ᠶᠡᠷᠦᠩᠬᠡᠢ ᠱᠦᠵᠢ ᠱ᠋ᠢ᠎ᠵᠢᠨ ᠫᠢᠩ᠎ᠦᠨ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠳᠠᠢᠴᠢᠯᠠᠯᠲᠠ᠎ᠶᠢᠨ ᠶᠡᠬᠡ ᠬᠤᠷᠠᠯ ᠳᠡᠭᠡᠷᠡᠬᠢ ᠶᠠᠷᠢᠶᠠᠨ᠎ᠤ ᠵᠣᠷᠢᠭ ᠰᠠᠨᠠᠭ᠎ᠠ ᠪᠠ 《ᠳᠥᠷᠪᠡᠨ ᠲᠡᠦᠬᠡ》᠎ᠶᠢᠨ ᠰᠤᠷᠤᠯᠴᠠᠯᠭ᠎ᠠ᠎ᠶᠢᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠱ᠌ᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 100 ᠵᠢᠯ᠎ᠦᠨ ᠣᠢ᠎ᠶᠢ ᠦᠪᠡᠳᠡᠭᠱ᠌ᠢ ᠶᠡᠬᠡ᠎ᠪᠡᠷ ᠪᠠᠶᠠᠷᠯᠠᠨ ᠪᠡᠯᠭᠡᠯᠡᠵᠦ᠂ ᠣᠯᠠᠨ ᠲᠦᠮᠡᠨᠴᠢ ᠴᠢᠨᠠᠷᠲᠠᠢ ᠭᠣᠤᠯ ᠰᠡᠳᠦᠪᠲᠦ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢ ᠥᠷᠭᠡᠨ ᠳᠡᠯᠭᠡᠷ ᠥᠷᠨᠢᠭᠦᠯᠦᠨ᠂ ᠪᠦᠬᠦ ᠺᠠᠲᠷ ᠠᠵᠢᠯᠲᠠᠨ᠎ᠤ ᠨᠠᠮ᠎ᠢᠶᠠᠨ ᠬᠠᠢᠷᠠᠯᠠᠬᠤ᠂ ᠤᠯᠤᠰ᠎ᠢᠶᠠᠨ ᠬᠠᠢᠷᠠᠯᠠᠬᠤ ᠤᠷᠮ᠎ᠠ ᠰᠡᠳᠭᠢᠯᠭᠡ᠎ᠶᠢ ᠤᠯᠠᠮ ᠨᠢᠭᠡ ᠠᠯᠬᠤᠮ ᠬᠥᠭᠵᠢᠭᠡᠬᠦ᠎ᠶᠢᠨ ᠲᠥᠯᠦᠭᠡ᠂ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ 《ᠨᠠᠮ᠎ᠤᠨ ᠲᠡᠦᠬᠡ᠎ᠶᠢ ᠰᠤᠷᠤᠯᠴᠠᠬᠤ᠂ ᠰᠣᠩᠭᠤᠳᠠᠭ ᠪᠦᠲᠦᠭᠡᠯ ᠤᠩᠱ᠌ᠢᠬᠤ᠂ ᠤᠭ ᠰᠠᠨᠠᠭ᠎ᠠ᠎ᠪᠠᠨ ᠪᠠᠷᠢᠮᠲᠠᠯᠠᠬᠤ》 ᠬᠤᠪᠢᠰᠭᠠᠯᠲᠤ ᠰᠣᠩᠭᠤᠳᠠᠭ ᠪᠦᠲᠦᠭᠡᠯ᠎ᠦᠨ ᠤᠷᠠᠨ ᠤᠩᠱ᠌ᠢᠯᠭ᠎ᠠ᠎ᠶᠢᠨ ᠤᠷᠤᠯᠳᠤᠭᠠᠨ ᠥᠷᠨᠢᠭᠦᠯᠵᠦ᠂ ᠠᠭᠤᠤ ᠨᠠᠮ᠎ᠳᠤ᠎ᠪᠠᠨ ᠬᠠᠮᠤᠭ᠎ᠤᠨ ᠴᠢᠩ ᠦᠨᠡᠨᠴᠢ ᠵᠥᠩᠨᠡᠯ᠎ᠢᠶᠡᠨ ᠳᠡᠪᠱ᠌ᠢᠭᠦᠯᠪᠡ᠃ 13 ᠪᠠᠢᠭᠤᠯᠭ᠎ᠠ᠎ᠶᠢᠨ ᠲᠥᠯᠦᠭᠡᠯᠡᠭᠴᠢ ᠳᠡᠰ ᠳᠠᠷᠠᠭ᠎ᠠ ᠶᠣᠰᠤᠭᠠᠷ ᠲᠠᠢᠰᠠᠨ᠎ᠳᠤ ᠭᠠᠷᠴᠤ᠂ ᠴᠣᠭ ᠪᠠᠳᠠᠷᠠᠩᠭᠤᠢ ᠪᠥᠭᠡᠳ ᠬᠥᠷ ᠬᠥᠭᠵᠢᠶᠡᠨᠲᠡᠢ ᠠᠭᠤᠷ ᠠᠮᠢᠰᠭᠤᠯ᠎ᠤᠨ ᠳᠤᠮᠳᠠ᠂ ᠴᠢᠩ ᠦᠨᠡᠨᠴᠢ ᠣᠷᠭᠢᠯᠤᠮ᠎ᠠ ᠪᠠᠬᠠᠳᠤᠮ᠎ᠠ ᠤᠷᠮ᠎ᠠ ᠰᠡᠳᠭᠢᠯᠭᠡ᠎ᠪᠡᠷ᠂ ᠭᠣᠤᠯ ᠰᠡᠳᠦᠪ ᠢᠯᠡ ᠲᠣᠳᠤ ᠪᠥᠭᠡᠳ ᠢᠲᠡᠭᠡᠭᠦᠯᠬᠦ ᠬᠦᠴᠦᠨ᠎ᠲᠡᠢ ᠢᠷᠠᠭᠤ ᠭᠣᠴᠤ᠂ ᠡᠷᠡᠯᠬᠡᠭ ᠵᠢᠪᠬᠤᠭᠠᠲᠤ ᠬᠤᠪᠢᠰᠭᠠᠯᠲᠤ ᠪᠦᠲᠦᠭᠡᠯ᠎ᠢᠶᠡᠷ᠎ᠢᠶᠡᠨ ᠨᠠᠮ ᠪᠠ ᠡᠬᠡ ᠤᠯᠤᠰ᠎ᠲᠤ᠎ᠪᠠᠨ ᠪᠠᠶᠠᠷᠯᠠᠨ ᠲᠠᠯᠠᠷᠬᠠᠵᠤ ᠪᠠᠢᠭ᠎ᠠ ᠰᠡᠳᠭᠢᠯᠭᠡ᠎ᠪᠡᠨ ᠢᠯᠡᠳᠭᠡᠭᠰᠡᠨ᠎ᠢᠶᠡᠷ ᠪᠠᠷᠠᠬᠤ᠎ᠦᠭᠡᠢ᠂ ᠱ᠌ᠢᠨ᠎ᠡ ᠴᠠᠭ ᠦᠶ᠎ᠡ᠎ᠶᠢᠨ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠠᠵᠢᠯᠲᠠᠳ᠎ᠤᠨ ᠣᠮᠤᠭ ᠵᠣᠷᠢᠭ᠎ᠢᠶᠠᠨ ᠡᠷᠴᠢᠯᠡᠨ ᠴᠢᠷᠮᠠᠢᠨ ᠠᠵᠢᠯᠯᠠᠵᠤ᠂ ᠣᠷᠭᠢᠯᠤᠮ᠎ᠠ ᠪᠠᠬᠠᠳᠤᠮ᠎ᠠ ᠰᠡᠳᠭᠢᠯᠭᠡ᠎ᠪᠡᠷ ᠤᠷᠤᠭᠱ᠌ᠢᠯᠠᠨ ᠲᠠᠪᠱ᠌ᠢᠬᠤ ᠵᠣᠷᠢᠭ ᠰᠠᠨᠠᠭᠠᠨ᠎ᠤ ᠳᠦᠷᠢ ᠪᠠᠢᠳᠠᠯ᠎ᠢ ᠢᠯᠡᠷᠡᠭᠦᠯᠦᠭᠰᠡᠨ ᠪᠠᠢᠨ᠎ᠠ᠃

  ᠬᠦᠴᠢᠷ ᠪᠡᠷᠬᠡ᠎ᠶᠢ ᠲᠤᠭᠤᠯᠬᠤ ᠶᠠᠪᠤᠴᠠ᠎ᠳᠤ ᠣᠮᠤᠭ ᠵᠣᠷᠢᠭ᠎ᠢᠶᠠᠨ ᠳᠠᠪᠲᠠᠭᠤᠯᠵᠤ᠂ ᠠᠮᠵᠢᠯᠲᠠ ᠪᠦᠲᠦᠮᠵᠢ᠎ᠪᠡᠨ ᠡᠷᠭᠢᠴᠡᠭᠦᠯᠦᠨ ᠠᠵᠢᠯ ᠦᠢᠯᠡᠰ᠎ᠲᠦ᠎ᠪᠡᠨ ᠡᠷᠡᠮᠡᠬᠡᠢᠯᠡᠨ᠎ᠡ᠃ ᠡᠳᠡᠭᠡᠷ ᠰᠣᠩᠭᠤᠳᠠᠭ ᠪᠦᠲᠦᠭᠡᠯ᠎ᠨᠢ ᠨᠠᠮ᠎ᠤᠨ ᠭᠡᠱ᠌ᠢᠭᠦᠨ ᠨᠢᠭᠡᠪᠦᠷᠢ᠂ ᠬᠡᠪᠯᠡᠯ᠎ᠦᠨ ᠠᠵᠢᠯᠲᠠᠨ ᠨᠢᠭᠡᠪᠦᠷᠢ᠎ᠶᠢᠨ ᠣᠶᠤᠨ᠎ᠢᠶᠠᠨ ᠨᠢᠭᠲᠠᠷᠠᠭᠤᠯᠤᠨ ᠬᠦᠴᠦᠨ᠎ᠢᠶᠡᠨ ᠬᠤᠷᠠᠮᠳᠤᠭᠤᠯᠵᠤ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠱ᠌ᠢᠨ᠎ᠡ ᠠᠶᠠᠨ᠎ᠢᠶᠠᠨ ᠡᠬᠢᠯᠡᠭᠦᠯᠬᠦ ᠣᠮᠤᠭ ᠵᠣᠷᠢᠭ᠎ᠢ ᠭᠦᠢᠴᠡᠳ ᠬᠠᠷᠠᠭᠤᠯᠪᠠ᠃

  ᠦᠳᠡ᠎ᠶᠢᠨ ᠡᠮᠦᠨᠡᠬᠢ 11 ᠴᠠᠭ᠎ᠳᠦ᠂ 2020 ~ 2021 ᠣᠨ᠎ᠤ 《ᠬᠣᠶᠠᠷ ᠱ᠌ᠢᠯᠢᠳᠡᠭ ᠨᠢᠭᠡ ᠬᠣᠱ᠌ᠢᠭᠤᠴᠢ》᠎ᠶᠢ ᠬᠥᠬᠢᠭᠦᠯᠦᠨ ᠰᠠᠢᠱ᠌ᠢᠶᠠᠬᠤ ᠶᠡᠬᠡ ᠬᠤᠷᠠᠯ ᠦᠪᠡᠳᠡᠭᠱ᠌ᠢ ᠶᠡᠬᠡ᠎ᠪᠡᠷ ᠶᠠᠪᠤᠭᠳᠠᠵᠤ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ ᠱᠦᠵᠢ ᠸᠠᠩ ᠹᠦ ᠬᠤᠷᠠᠯ᠎ᠢ ᠡᠷᠬᠢᠯᠡᠪᠡ᠃ ᠲᠡᠷᠡ ᠬᠡᠯᠡᠬᠦ᠎ᠳᠦ᠎ᠪᠡᠨ᠂ ᠨᠢᠭᠡ ᠵᠢᠯ᠎ᠦᠨ ᠲᠤᠷᠱ᠌ᠢ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠠᠴᠠ ᠱ᠋ᠢ᠎ᠵᠢᠨ ᠫᠢᠩ᠎ᠦᠨ ᠱ᠌ᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠬᠣᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠱ᠌ᠢᠯᠠᠭᠤᠯᠤᠨ᠂ ᠥᠪᠡᠷᠲᠡᠭᠡᠨ ᠵᠠᠰᠠᠬᠤ ᠣᠷᠤᠨ᠎ᠤ ᠠᠷᠪᠠᠳᠤᠭᠠᠷ ᠬᠤᠭᠤᠴᠠᠭᠠᠨ᠎ᠤ ᠠᠷᠪᠠᠨ ᠭᠤᠷᠪᠠᠳᠤᠭᠠᠷ ᠤᠳᠠᠭᠠᠨ᠎ᠤ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶᠢ ᠲᠤᠭᠤᠱ᠌ᠢᠯᠠᠭᠤᠯᠵᠤ᠂ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠭᠣᠤᠯ ᠴᠣᠭᠴᠠ᠎ᠶᠢᠨ ᠬᠠᠷᠢᠭᠤᠴᠠᠯᠭ᠎ᠠ᠎ᠪᠠᠨ ᠦᠨᠡᠨ᠎ᠬᠦ ᠭᠦᠢᠴᠡᠳᠭᠡᠵᠦ᠂ 《ᠳᠥᠷᠪᠡᠨ ᠤᠬᠠᠮᠰᠠᠷ》᠎ᠢ ᠯᠠᠪᠳᠠᠭᠤᠨ ᠪᠠᠲᠤᠲᠠᠢ ᠪᠣᠢ ᠪᠣᠯᠭᠠᠵᠤ᠂ 《ᠳᠥᠷᠪᠡᠨ ᠢᠲᠡᠭᠡᠯ》᠎ᠢᠶᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠡᠷᠡᠰ ᠭᠦᠢᠴᠡᠳᠭᠡᠵᠦ᠂ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠰᠤ ᠴᠢᠨᠠᠷ᠎ᠢᠶᠠᠷ ᠪᠦᠯᠦᠭᠯᠡᠯ᠎ᠦᠨ ᠡᠯ᠎ᠡ ᠲᠠᠯ᠎ᠠ᠎ᠶᠢᠨ ᠠᠵᠢᠯ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠬᠥᠲᠦᠯᠦᠨ ᠳᠠᠭᠠᠭᠤᠯᠬᠤ ᠴᠢᠳᠠᠪᠤᠷᠢ᠎ᠪᠠᠨ ᠦᠷᠭᠦᠯᠵᠢᠯᠡᠨ ᠳᠡᠭᠡᠭᠱ᠌ᠢᠯᠡᠭᠦᠯᠬᠦ ᠬᠡᠷᠡᠭᠲᠡᠢ ᠭᠡᠵᠡᠢ᠃ ᠸᠠᠩ ᠹᠦ ᠵᠢᠭᠠᠬᠤ᠎ᠳᠤ᠎ᠪᠠᠨ᠂ ᠥᠩᠭᠡᠷᠡᠭᠰᠡᠨ ᠨᠢᠭᠡ ᠵᠢᠯ᠎ᠳᠦ ᠴᠣᠯᠭᠤᠷᠠᠨ ᠭᠠᠷᠤᠭᠰᠠᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠱ᠌ᠢᠯᠢᠳᠡᠭ ᠡᠪ ᠬᠠᠮᠲᠤ ᠨᠠᠮ᠎ᠤᠨ ᠭᠡᠱ᠌ᠢᠭᠦᠨ᠂ ᠱ᠌ᠢᠯᠢᠳᠡᠭ ᠨᠠᠮ᠎ᠤᠨ ᠶᠠᠪᠤᠳᠠᠯ᠎ᠤᠨ ᠠᠵᠢᠯᠯᠠᠭᠴᠢ᠎ᠶᠢ ᠬᠥᠬᠢᠭᠦᠯᠦᠨ ᠰᠠᠢᠱ᠌ᠢᠶᠠᠵᠤ᠂ ᠵᠢᠱᠢᠶᠡᠴᠢ ᠦᠯᠢᠭᠡᠷ ᠬᠡᠪ᠎ᠢ ᠰᠣᠩᠭᠤᠨ ᠬᠥᠮᠦᠵᠢᠭᠦᠯᠬᠦ᠎ᠨᠢ ᠮᠠᠨ᠎ᠤ ᠨᠠᠮ᠎ᠤᠨ ᠭᠡᠷᠡᠯ ᠰᠠᠴᠤᠷᠠᠩᠭᠤᠢ ᠲᠡᠦᠬᠡ᠎ᠶᠢ ᠤᠯᠠᠮ ᠨᠢᠭᠡ ᠠᠯᠬᠤᠮ ᠪᠠᠲᠤ ᠴᠡᠭᠡᠵᠢᠯᠡᠨ᠂ ᠨᠠᠮ᠎ᠤᠨ ᠱ᠌ᠢᠯᠢᠳᠡᠭ ᠤᠯᠠᠮᠵᠢᠯᠠᠯ᠎ᠢ ᠪᠠᠳᠠᠷᠠᠭᠤᠯᠵᠤ᠂ ᠨᠠᠮ᠎ᠤᠨ ᠪᠠᠢᠭᠤᠯᠤᠯᠲᠠ ᠪᠠ ᠪᠦᠯᠦᠭᠯᠡᠯ᠎ᠦᠨ ᠡᠯ᠎ᠡ ᠲᠠᠯ᠎ᠠ᠎ᠶᠢᠨ ᠠᠵᠢᠯ ᠦᠢᠯᠡᠰ᠎ᠦᠨ ᠬᠥᠭᠵᠢᠯᠲᠡ᠎ᠶᠢ ᠠᠬᠢᠭᠤᠯᠬᠤ᠎ᠳᠤ ᠲᠤᠢᠯ᠎ᠤᠨ ᠴᠢᠬᠤᠯᠠ ᠠᠴᠢ ᠬᠣᠯᠪᠤᠭᠳᠠᠯ᠎ᠲᠠᠢ ᠪᠠᠢᠳᠠᠭ ᠭᠡᠵᠡᠢ᠃

ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠳᠠᠭᠠᠭᠤᠯᠤᠨ ᠲᠠᠩᠭᠠᠷᠢᠭᠯᠠᠵᠤ ᠪᠠᠢᠭ᠎ᠠ᠎ᠨᠢ

  ᠪᠦᠬᠦ ᠲᠠᠯᠠᠪᠠᠢ᠎ᠶᠢᠨ ᠬᠥᠮᠦᠰ ᠲᠥᠪ ᠴᠢᠬᠢᠮᠠᠢ᠎ᠪᠠᠷ ᠪᠣᠰᠤᠨ ᠵᠣᠭᠰᠤᠵᠤ᠂ ᠬᠠᠮᠲᠤ᠎ᠪᠠᠷ ᠤᠯᠤᠰ᠎ᠤᠨ ᠰᠦᠯᠳᠡ ᠳᠠᠭᠤᠤ᠎ᠶᠢ ᠳᠠᠭᠤᠯᠠᠵᠤ᠂ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠱᠦᠵᠢ᠂ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠨᠠᠮ᠎ᠳᠤ ᠣᠷᠤᠬᠤ ᠲᠠᠩᠭᠠᠷᠢᠭ᠎ᠢ ᠳᠠᠭᠠᠭᠤᠯᠤᠨ ᠤᠩᠱ᠌ᠢᠵᠤ᠂ ᠪᠦᠬᠦ ᠨᠠᠮ᠎ᠤᠨ ᠭᠡᠱ᠌ᠢᠭᠦᠨ ᠲᠥᠪ ᠴᠢᠩᠭ᠎ᠠ ᠠᠭᠤᠷ ᠠᠮᠢᠰᠭᠤᠯ᠎ᠤᠨ ᠳᠤᠮᠳᠠ ᠨᠠᠮ᠎ᠳᠤ ᠣᠷᠤᠬᠤ ᠲᠠᠩᠭᠠᠷᠢᠭ᠎ᠢ ᠳᠠᠬᠢᠨᠲᠠ ᠤᠩᠱ᠌ᠢᠭᠰᠠᠨ ᠪᠠᠢᠨ᠎ᠠ᠃

ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠶᠢᠨ ᠳᠡᠳ ᠱᠦᠵᠢ ᠸᠠᠩ ᠹᠦ ᠬᠤᠷᠠᠯ ᠡᠷᠬᠢᠯᠡᠵᠤ ᠪᠠᠢᠭ᠎ᠠ᠎ᠨᠢ

 

ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠭᠡᠱ᠌ᠢᠭᠦᠨ ᠳᠡᠳ ᠶᠡᠷᠦᠩᠬᠡᠢ ᠳᠠᠭᠠᠭᠠᠮᠠᠯ ᠵᠠᠯᠭᠠᠨᠪᠠᠶᠠᠷ ᠬᠥᠬᠢᠭᠦᠯᠦᠨ ᠰᠠᠢᠱ᠌ᠢᠶᠠᠬᠤ ᠲᠣᠭᠲᠠᠭᠠᠯ᠎ᠢ ᠵᠠᠷᠯᠠᠨ ᠤᠩᠱ᠌ᠢᠵᠤ ᠪᠠᠢᠭ᠎ᠠ᠎ᠨᠢ

 

  ᠪᠦᠯᠦᠭᠯᠡᠯ᠎ᠦᠨ ᠨᠠᠮ᠎ᠤᠨ ᠬᠣᠷᠢᠶᠠᠨ᠎ᠤ ᠭᠡᠱ᠌ᠢᠭᠦᠨ ᠳᠡᠳ ᠶᠡᠷᠦᠩᠬᠡᠢ ᠳᠠᠭᠠᠭᠠᠮᠠᠯ ᠵᠠᠯᠭᠠᠨᠪᠠᠶᠠᠷ ᠬᠥᠬᠢᠭᠦᠯᠦᠨ ᠰᠠᠢᠱ᠌ᠢᠶᠠᠬᠤ ᠲᠣᠭᠲᠠᠭᠠᠯ᠎ᠢ ᠵᠠᠷᠯᠠᠨ ᠤᠩᠱ᠌ᠢᠵᠤ᠂ ᠥᠪᠦᠷ ᠮᠣᠩᠭᠤᠯ᠎ᠤᠨ ᠠᠷᠠᠳ᠎ᠤᠨ ᠬᠡᠪᠯᠡᠯ᠎ᠦᠨ ᠬᠣᠷᠢᠶᠠᠨ᠎ᠤ ᠳᠥᠷᠪᠡᠳᠦᠭᠡᠷ ᠨᠠᠮ᠎ᠤᠨ ᠡᠭᠦᠷ᠂ ᠥᠪᠦᠷ ᠮᠣᠩᠭᠤᠯ᠎ᠤᠨ ᠰᠤᠷᠭᠠᠨ ᠬᠥᠮᠦᠵᠢᠯ᠎ᠦᠨ ᠬᠡᠪᠯᠡᠯ᠎ᠦᠨ ᠬᠣᠷᠢᠶᠠᠨ᠎ᠤ ᠭᠤᠷᠪᠠᠳᠤᠭᠠᠷ ᠨᠠᠮ᠎ᠤᠨ ᠡᠭᠦᠷ᠂ ᠥᠪᠦᠷ ᠮᠣᠩᠭᠤᠯ᠎ᠤᠨ ᠱ᠌ᠢᠨᠬᠤᠸᠠ ᠰᠣᠨᠢᠨ᠎ᠤ ᠦᠢᠯᠡᠰ᠎ᠦᠨ ᠲᠥᠪ᠎ᠦᠨ ᠬᠣᠶᠠᠳᠤᠭᠠᠷ ᠨᠠᠮ᠎ᠤᠨ ᠡᠭᠦᠷ᠂ ᠥᠪᠦᠷ ᠮᠣᠩᠭᠤᠯ᠎ᠤᠨ ᠰᠣᠶᠤᠯ᠎ᠤᠨ ᠬᠡᠪᠯᠡᠯ᠎ᠦᠨ ᠬᠣᠷᠢᠶᠠᠨ᠎ᠤ ᠨᠠᠮ᠎ᠤᠨ ᠡᠭᠦᠷ ᠭᠡᠬᠦ 4 ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠪᠤᠤ ᠰᠡᠷᠭᠦᠯᠡᠩ ᠵᠡᠷᠭᠡ 20 ᠱ᠌ᠢᠯᠢᠳᠡᠭ ᠡᠪ ᠬᠠᠮᠲᠤ ᠨᠠᠮ᠎ᠤᠨ ᠭᠡᠱ᠌ᠢᠭᠦᠨ᠂ ᠯᠦᠸᠧ ᠹᠠᠩ ᠯᠢᠨ ᠵᠡᠷᠭᠡ 14 ᠱ᠌ᠢᠯᠢᠳᠡᠭ ᠨᠠᠮ᠎ᠤᠨ ᠶᠠᠪᠤᠳᠠᠯ᠎ᠤᠨ ᠠᠵᠢᠯᠯᠠᠭᠴᠢ᠎ᠶᠢ ᠬᠥᠬᠢᠭᠦᠯᠦᠨ ᠰᠠᠢᠱ᠌ᠢᠶᠠᠪᠠ᠃

  ᠪᠦᠯᠦᠭᠯᠡᠯ᠎ᠦᠨ ᠨᠠᠮ᠎ᠤᠨ ᠬᠣᠷᠢᠶᠠᠨ᠎ᠤ ᠭᠡᠱ᠌ᠢᠭᠦᠨ ᠳᠡᠳ ᠶᠡᠷᠦᠩᠬᠡᠢ ᠳᠠᠭᠠᠭᠠᠮᠠᠯ ᠵᠠᠯᠭᠠᠨᠪᠠᠶᠠᠷ᠂ ᠳᠡᠳ ᠶᠡᠷᠦᠩᠬᠡᠢ ᠳᠠᠭᠠᠭᠠᠮᠠᠯ ᠸᠠᠩ ᠱ᠌ᠢᠶᠤᠣ ᠯᠢᠩ᠂ ᠶᠡᠷᠦᠩᠬᠡᠢ ᠨᠠᠢᠷᠠᠭᠤᠯᠤᠭᠴᠢ᠎ᠶᠢᠨ ᠲᠤᠰᠠᠯᠠᠭᠴᠢ ᠬᠤᠸᠠᠩ ᠲᠤᠤ᠂ ᠶᠡᠷᠦᠩᠬᠡᠢ ᠳᠠᠭᠠᠭᠠᠮᠠᠯ᠎ᠤᠨ ᠲᠤᠰᠠᠯᠠᠭᠴᠢ ᠪᠠᠢ ᠢᠦᠢ ᠹᠧᠩ ᠱᠠᠩᠨᠠᠯ ᠬᠦᠷᠲᠡᠭᠰᠡᠨ ᠵᠣᠬᠢᠶᠠᠨ ᠪᠠᠢᠭᠤᠯᠤᠯᠲᠠ ᠵᠢᠴᠢ ᠬᠤᠪᠢ ᠬᠥᠮᠦᠨ᠎ᠳᠦ ᠱᠠᠩᠨᠠᠯ ᠭᠠᠷᠳᠠᠭᠤᠯᠪᠠ᠃

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠪᠦᠬᠦ ᠨᠠᠮ᠎ᠤᠨ ᠭᠡᠱ᠌ᠢᠭᠦᠨ ᠺᠠᠳ᠋ᠷ ᠡᠨᠡ ᠤᠳᠠᠭᠠᠨ᠎ᠤ ᠬᠥᠬᠢᠭᠦᠯᠦᠨ ᠰᠠᠢᠱ᠌ᠢᠶᠠᠬᠤ ᠶᠡᠬᠡ ᠬᠤᠷᠠᠯ᠎ᠢᠶᠠᠷ ᠡᠬᠢᠯᠡᠯᠲᠡ ᠪᠣᠯᠭᠠᠵᠤ᠂ ᠪᠣᠳᠠᠲᠤ ᠠᠵᠢᠯ ᠬᠢᠬᠦ ᠠᠵᠢᠯᠯᠠᠭᠴᠢ᠂ ᠬᠦᠴᠢᠷ ᠪᠡᠷᠬᠡᠱ᠌ᠢᠶᠡᠯ᠎ᠢ ᠢᠯᠠᠨ ᠳᠠᠪᠠᠬᠤ ᠲᠡᠮᠡᠴᠡᠭᠴᠢ ᠪᠣᠯᠬᠤ᠎ᠪᠠᠷ ᠡᠷᠡᠰ ᠱ᠌ᠢᠭᠤᠷᠬᠠᠢ ᠴᠢᠷᠮᠠᠢᠵᠤ᠂ ᠱ᠌ᠢᠨ᠎ᠡ ᠠᠶᠠᠨ᠎ᠳᠤ᠎ᠪᠠᠨ ᠲᠡᠮᠡᠴᠡᠯ᠎ᠦᠨ ᠵᠣᠷᠢᠭ ᠰᠠᠨᠠᠭ᠎ᠠ᠎ᠶᠢ ᠲᠠᠢᠯᠪᠤᠷᠢᠯᠠᠵᠤ᠂ ᠱ᠌ᠢᠨ᠎ᠡ ᠬᠥᠭᠵᠢᠯᠲᠡ᠎ᠶᠢᠨ ᠳᠤᠮᠳᠠ ᠪᠠᠲᠤ ᠴᠢᠩᠭ᠎ᠠ ᠣᠪᠤᠷ ᠰᠤᠷᠲᠠᠯ᠎ᠢ ᠳᠠᠪᠲᠠᠨ ᠪᠣᠯᠪᠠᠰᠤᠷᠠᠭᠤᠯᠵᠤ᠂ ᠬᠡᠪᠯᠡᠯ᠎ᠦᠨ ᠪᠦᠯᠦᠭᠯᠡᠯ᠎ᠦᠨ ᠥᠭᠡᠷᠡᠴᠢᠯᠡᠯᠲᠡ ᠬᠥᠭᠵᠢᠯᠲᠡ᠎ᠶᠢᠨ ᠱ᠌ᠢᠨ᠎ᠡ ᠪᠠᠢᠳᠠᠯ᠎ᠢ ᠡᠭᠦᠳᠦᠨ ᠨᠡᠭᠡᠭᠡᠬᠦ᠎ᠶᠢᠨ ᠲᠥᠯᠦᠭᠡ ᠴᠤᠴᠠᠯᠲᠠ᠎ᠦᠭᠡᠢ ᠴᠢᠷᠮᠠᠢᠨ ᠲᠡᠮᠡᠴᠡᠨ᠎ᠡ ᠭᠡᠳᠡᠭ᠎ᠲᠦ ᠪᠢᠳᠡ ᠪᠠᠲᠤ ᠢᠲᠡᠭᠡᠯ᠎ᠲᠡᠢ ᠪᠠᠢᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604