ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠨᠠᠢᠷᠠᠭᠤᠯᠤᠭᠴᠢᠳ᠎ᠤᠨ ᠦᠵᠡᠯ ᠤᠬᠠᠮᠰᠠᠷ᠎ᠤᠨ ᠬᠡᠯᠪᠡᠷᠢ ᠵᠢᠴᠢ ᠵᠢᠭᠠᠬᠤ ᠮᠠᠲᠧᠷᠢᠶᠠᠯ ᠳᠠᠭᠠᠯᠲᠠ ᠮᠠᠲᠧᠷᠢᠶᠠᠯ᠎ᠤᠨ ᠪᠣᠯᠪᠠᠰᠤᠷᠠᠯ ᠡᠷᠬᠢᠯᠡᠪᠡ
2021.08.04

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ 2021 ᠣᠨ᠎ᠤ ᠠᠵᠢᠯ᠎ᠤᠨ ᠲᠣᠬᠢᠷᠠᠭᠤᠯᠤᠯᠲᠠ ᠪᠠ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ 《ᠪᠢ ᠣᠯᠠᠨ ᠲᠦᠮᠡᠨ᠎ᠳᠤ ᠪᠣᠳᠠᠲᠤ ᠠᠵᠢᠯ ᠬᠢᠵᠦ ᠥᠭᠬᠦᠶ᠎ᠡ》 ᠭᠡᠬᠦ ᠠᠵᠢᠯᠯᠠᠭ᠎ᠠ᠎ᠶᠢᠨ ᠱᠠᠭᠠᠷᠳᠠᠯᠭ᠎ᠠ᠎ᠶᠢ ᠦᠨᠳᠦᠰᠦᠯᠡᠨ᠂ ᠪᠦᠯᠦᠭᠯᠡᠯ᠎ᠦᠨ ᠬᠡᠪᠯᠡᠯ᠎ᠦᠨ ᠲᠤᠰᠭᠠᠢ ᠮᠡᠷᠭᠡᠵᠢᠯ᠎ᠦᠨ ᠠᠵᠢᠯᠲᠠᠳ᠎ᠤᠨ ᠲᠤᠬᠠᠢᠯᠠᠭᠰᠠᠨ ᠠᠵᠢᠯ᠎ᠤᠨ ᠶᠡᠷᠦᠩᠬᠡᠢᠯᠡᠭᠰᠡᠨ ᠴᠢᠳᠠᠪᠤᠷᠢ ᠪᠠ ᠬᠢᠷᠢ ᠲᠦᠪᠱᠢᠨ᠎ᠢ ᠤᠯᠠᠮ ᠨᠢᠭᠡ ᠠᠯᠬᠤᠮ ᠳᠡᠭᠡᠭᠱᠢᠯᠡᠭᠦᠯᠵᠦ᠂ ᠨᠠᠢᠷᠠᠭᠤᠯᠤᠭᠴᠢᠳ᠎ᠤᠨ ᠬᠠᠷᠢᠭᠤᠴᠠᠯᠭᠠᠲᠤ ᠤᠬᠠᠮᠰᠠᠷ ᠪᠠ ᠡᠭᠦᠷᠭᠡᠲᠦ ᠰᠡᠳᠬᠢᠯᠭᠡ᠎ᠶᠢ ᠪᠦᠲᠦᠮᠵᠢᠲᠡᠢ ᠴᠢᠩᠭᠠᠳᠭᠠᠬᠤ᠎ᠶᠢᠨ ᠲᠥᠯᠦᠭᠡ᠂ 7᠎ᠳᠤᠭᠠᠷ ᠰᠠᠷ᠎ᠠ᠎ᠶᠢᠨ 30᠎ᠤ ᠡᠳᠦᠷ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠡᠴᠡ ᠨᠠᠢᠷᠠᠭᠤᠯᠤᠭᠴᠢᠳ᠎ᠤᠨ ᠦᠵᠡᠯ ᠤᠬᠠᠮᠰᠠᠷ᠎ᠤᠨ ᠬᠡᠯᠪᠡᠷᠢ ᠵᠢᠴᠢ ᠵᠢᠭᠠᠬᠤ ᠮᠠᠲᠧᠷᠢᠶᠠᠯ ᠳᠠᠭᠠᠯᠲᠠ ᠮᠠᠲᠧᠷᠢᠶᠠᠯ᠎ᠤᠨ ᠪᠣᠯᠪᠠᠰᠤᠷᠠᠯ ᠡᠷᠬᠢᠯᠡᠪᠡ᠃ ᠪᠦᠯᠦᠭᠯᠡᠯ᠎ᠦᠨ ᠬᠠᠷᠢᠶ᠎ᠠ ᠡᠯ᠎ᠡ ᠨᠢᠭᠡᠴᠢ᠎ᠶᠢᠨ ᠨᠠᠢᠷᠠᠭᠤᠯᠤᠭᠴᠢᠳ᠂ ᠬᠠᠷᠭᠤᠭᠤᠯᠤᠭᠴᠢᠳ᠂ ᠶᠡᠷᠦᠩᠬᠡᠢ ᠨᠠᠢᠷᠠᠭᠤᠯᠬᠤ ᠲᠠᠰᠤᠭ᠎ᠤᠨ ᠲᠤᠬᠠᠢᠯᠠᠭᠰᠠᠨ ᠠᠵᠢᠯ᠎ᠤᠨ ᠠᠵᠢᠯᠲᠠᠳ ᠵᠡᠷᠭᠡ 300 ᠭᠠᠷᠤᠢ ᠬᠥᠮᠦᠨ ᠪᠣᠯᠪᠠᠰᠤᠷᠠᠯ᠎ᠳᠤ ᠣᠷᠤᠯᠴᠠᠵᠠᠢ᠃

  ᠲᠤᠰ ᠤᠳᠠᠭᠠᠨ᠎ᠤ ᠪᠣᠯᠪᠠᠰᠤᠷᠠᠯ᠎ᠳᠤ ᠱᠠᠨᠳᠦ᠋ᠩ᠎ᠦᠨ ᠨᠥᠬᠦᠷᠯᠡᠯ ᠬᠡᠪᠯᠡᠯ᠎ᠦᠨ ᠬᠣᠷᠢᠶᠠᠨ᠎ᠤ ᠶᠠᠰᠤ ᠴᠢᠨᠠᠷ᠎ᠤᠨ ᠬᠠᠮᠢᠶᠠᠷᠤᠯᠲᠠ᠎ᠶᠢᠨ ᠭᠠᠵᠠᠷ᠎ᠤᠨ ᠡᠷᠬᠢᠯᠡᠭᠴᠢ᠂ ᠱᠠᠨᠳᠦ᠋ᠩ ᠮᠣᠵᠢ᠎ᠶᠢᠨ ᠬᠡᠪᠯᠡᠯ᠎ᠦᠨ ᠲᠣᠪᠴᠢᠶᠠᠨ᠎ᠤ ᠬᠢᠨᠠᠨ ᠤᠩᠱᠢᠬᠤ ᠲᠤᠰᠭᠠᠢ ᠮᠡᠷᠭᠡᠵᠢᠯᠲᠡᠨ᠂ ᠤᠯᠤᠰ᠎ᠤᠨ ᠳᠡᠰ᠎ᠦᠨ ᠬᠡᠪᠯᠡᠯ᠎ᠦᠨ ᠬᠣᠷᠢᠶᠠᠨ᠎ᠤ ᠣᠨᠴᠠ ᠤᠷᠢᠭᠰᠠᠨ ᠶᠠᠰᠤ ᠴᠢᠨᠠᠷ᠎ᠢ ᠬᠢᠨᠠᠨ ᠱᠢᠯᠭᠠᠬᠤ ᠲᠤᠰᠭᠠᠢ ᠮᠡᠷᠭᠡᠵᠢᠯᠲᠡᠨ ᠰᠥᠩ ᠱᠧᠦ ᠵᠢᠶᠠᠩ ᠪᠠᠭᠱᠢ᠎ᠶᠢ ᠲᠤᠰᠭᠠᠢᠯᠠᠨ ᠤᠷᠢᠵᠤ ᠬᠢᠴᠢᠶᠡᠯ ᠲᠠᠢᠯᠤᠮᠵᠢ ᠬᠢᠯᠭᠡᠪᠡ᠃

  ᠰᠥᠩ ᠱᠧᠦ ᠵᠢᠶᠠᠩ ᠪᠠᠭᠱᠢ ᠬᠡᠪᠯᠡᠯ᠎ᠦᠨ ᠠᠵᠢᠯ ᠲᠥᠷᠦᠯ᠎ᠦᠨ ᠨᠠᠢᠷᠠᠭᠤᠯᠤᠭᠴᠢᠳ᠎ᠤᠨ ᠣᠨᠴᠠᠭᠠᠢᠯᠠᠨ ᠪᠠᠷᠢᠮᠲᠠᠯᠠᠬᠤ ᠴᠢᠬᠤᠯᠠᠲᠠᠢ ᠦᠵᠡᠯ ᠤᠬᠠᠮᠰᠠᠷ᠎ᠤᠨ ᠬᠡᠯᠪᠡᠷᠢ᠎ᠶᠢᠨ ᠠᠰᠠᠭᠤᠳᠠᠯ᠂ ᠵᠢᠭᠠᠬᠤ ᠮᠠᠲᠧᠷᠢᠶᠠᠯ ᠳᠠᠭᠠᠯᠲᠠ ᠮᠠᠲᠧᠷᠢᠶᠠᠯ᠎ᠤᠨ ᠰᠡᠳᠦᠪ ᠰᠣᠩᠭᠤᠬᠤ ᠠᠰᠠᠭᠤᠳᠠᠯ᠂ ᠬᠡᠪᠯᠡᠯ᠎ᠦᠨ ᠪᠣᠳᠠᠰ᠎ᠤᠨ ᠵᠢᠷᠤᠭ ᠵᠢᠭᠢᠷᠢᠭᠯᠡᠬᠦ᠎ᠳᠦ ᠠᠯᠳᠠᠭ᠎ᠠ ᠭᠠᠷᠭᠠᠵᠤ ᠮᠡᠳᠡᠬᠦ ᠠᠰᠠᠭᠤᠳᠠᠯ ᠵᠡᠷᠭᠡ ᠭᠣᠤᠯᠳᠠᠯᠭ᠎ᠠ᠎ᠲᠠᠢ ᠠᠭᠤᠯᠭ᠎ᠠ᠎ᠶᠢᠨ ᠲᠤᠬᠠᠢ ᠠᠮᠢᠳᠤᠯᠢᠭ ᠪᠥᠭᠡᠳ ᠳᠤᠷ᠎ᠠ ᠰᠣᠨᠢᠷᠬᠠᠯ᠎ᠲᠠᠢ ᠲᠠᠢᠯᠤᠮᠵᠢ ᠬᠢᠵᠦ᠂ ᠠᠰᠠᠭᠤᠳᠠᠯ᠎ᠢ ᠵᠤᠷᠪᠤᠰᠯᠠᠨ ᠵᠠᠳᠠᠯᠵᠤ᠂ ᠰᠡᠳᠬᠢᠮᠵᠢ᠎ᠨᠢ ᠲᠣᠳᠤ ᠲᠣᠳᠤᠷᠠᠭᠤᠨ ᠪᠠᠢᠵᠤ᠂ ᠪᠣᠯᠪᠠᠰᠤᠷᠠᠯ᠎ᠳᠤ ᠣᠷᠤᠯᠴᠠᠭᠰᠠᠨ ᠬᠥᠮᠦᠰ᠎ᠦᠨ ᠰᠠᠢᠱᠢᠶᠠᠯ ᠪᠢᠱᠢᠷᠡᠯ᠎ᠢ ᠣᠯᠤᠭᠰᠠᠨ ᠪᠠᠢᠨ᠎ᠠ᠃

  ᠰᠥᠩ ᠱᠧᠦ ᠵᠢᠶᠠᠩ ᠪᠠᠭᠱᠢ ᠢᠯᠡᠷᠬᠡᠢᠯᠡᠬᠦ᠎ᠳᠦ᠎ᠪᠡᠨ᠂ ᠨᠠᠢᠷᠠᠭᠤᠯᠤᠭᠴᠢ᠎ᠶᠢᠨ ᠠᠵᠢᠯ᠎ᠨᠢ ᠬᠡᠪᠯᠡᠯ᠎ᠦᠨ ᠠᠵᠢᠯ᠎ᠤᠨ ᠭᠣᠤᠯᠳᠠᠯᠭ᠎ᠠ᠎ᠲᠠᠢ ᠭᠣᠭᠴᠤᠭ᠎ᠠ᠎ᠳᠤ ᠣᠷᠤᠱᠢᠵᠤ᠂ ᠨᠠᠢᠷᠠᠭᠤᠯᠤᠭᠴᠢᠳ ᠡᠯ᠎ᠡ ᠵᠦᠢᠯ᠎ᠦᠨ ᠡᠭᠡᠳᠡᠷᠡᠭᠡᠨ ᠪᠤᠳᠤᠯᠢᠶᠠᠨᠲᠠᠢ ᠰᠡᠳᠦᠪ ᠰᠣᠩᠭᠤᠯᠲᠠ ᠵᠢᠴᠢ ᠡᠬᠡ ᠪᠢᠴᠢᠭ᠎ᠲᠦ ᠬᠠᠨᠳᠤᠬᠤ᠎ᠳᠤ᠎ᠪᠠᠨ᠂ ᠦᠵᠡᠯ ᠤᠬᠠᠮᠰᠠᠷ᠎ᠤᠨ ᠬᠡᠯᠪᠡᠷᠢ᠎ᠶᠢ ᠴᠢᠳᠠᠮᠠᠭᠠᠢ ᠡᠵᠡᠮᠳᠡᠬᠦ᠎ᠨᠢ ᠲᠤᠢᠯ᠎ᠤᠨ ᠴᠢᠬᠤᠯᠠ ᠪᠠᠢᠳᠠᠭ᠃ ᠡᠢᠮᠦ᠎ᠡᠴᠡ᠂ ᠨᠣᠮ ᠳᠡᠪᠲᠡᠷ᠎ᠦᠨ ᠨᠠᠢᠷᠠᠭᠤᠯᠤᠭᠴᠢᠳ ᠡᠷᠬᠡᠪᠱᠢ ᠮᠠᠱᠢ ᠴᠢᠩᠭ᠎ᠠ ᠤᠯᠤᠰ ᠲᠥᠷᠦ᠎ᠶᠢᠨ ᠦᠵᠡᠯ ᠤᠬᠠᠮᠰᠠᠷ᠂ ᠶᠡᠬᠡ ᠲᠠᠯ᠎ᠠ᠎ᠶᠢᠨ ᠦᠵᠡᠯ ᠤᠬᠠᠮᠰᠠᠷ᠂ ᠪᠡᠬᠢᠯᠡᠯᠲᠡ᠎ᠶᠢᠨ ᠦᠵᠡᠯ ᠤᠬᠠᠮᠰᠠᠷ ᠪᠠ ᠤᠳᠤᠷᠢᠳᠤᠮᠵᠢ᠎ᠶᠢᠨ ᠦᠵᠡᠯ ᠤᠬᠠᠮᠰᠠᠷ᠎ᠢ ᠪᠣᠢ ᠪᠣᠯᠭᠠᠵᠤ᠂ ᠰᠣᠶᠤᠯ᠎ᠢ ᠳᠠᠮᠵᠢᠭᠤᠯᠬᠤ ᠶᠠᠷᠢᠶ᠎ᠠ ᠬᠡᠯᠡᠯᠴᠡᠭᠡᠨ᠎ᠦ ᠪᠡᠬᠢᠯᠡᠯᠲᠡ᠎ᠶᠢᠨ ᠬᠣᠱᠢᠭᠤᠴᠢ ᠪᠣᠯᠬᠤ᠎ᠪᠠᠷ ᠰᠠᠢᠲᠤᠷ ᠴᠢᠷᠮᠠᠢᠬᠤ ᠬᠡᠷᠡᠭᠲᠡᠢ ᠭᠡᠵᠡᠢ᠃

 

  ᠬᠢᠴᠢᠶᠡᠯ ᠲᠠᠢᠯᠤᠮᠵᠢ᠎ᠳᠤ᠎ᠪᠠᠨ ᠪᠠᠰᠠ ᠣᠨᠴᠠᠭᠠᠢᠯᠠᠨ ᠬᠠᠷᠢᠯᠴᠠᠨ ᠦᠢᠯᠡᠳᠦᠯᠴᠡᠬᠦ ᠭᠣᠭᠴᠤᠭ᠎ᠠ ᠲᠣᠬᠢᠷᠠᠭᠤᠯᠵᠤ᠂ 7 ᠰᠠᠷ᠎ᠠ᠎ᠶᠢᠨ 30᠎ᠤ ᠦᠳᠡ᠎ᠶᠢᠨ ᠬᠣᠢᠨ᠎ᠠ᠂ ᠰᠥᠩ ᠱᠧᠦ ᠵᠢᠶᠠᠩ ᠪᠠᠭᠱᠢ ᠬᠢᠭᠡᠳ ᠪᠣᠯᠪᠠᠰᠤᠷᠠᠯ᠎ᠳᠤ ᠣᠷᠤᠯᠴᠠᠭᠰᠠᠨ ᠬᠥᠮᠦᠰ ᠨᠠᠢᠷᠠᠭᠤᠯᠵᠤ ᠬᠡᠪᠯᠡᠭᠦᠯᠬᠦ ᠠᠵᠢᠯ᠎ᠤᠨ ᠶᠠᠪᠤᠴᠠ᠎ᠳᠠᠬᠢ ᠪᠣᠳᠠᠲᠠᠢ ᠠᠰᠠᠭᠤᠳᠠᠯ᠎ᠤᠨ ᠲᠤᠬᠠᠢ ᠥᠷᠭᠡᠨ ᠳᠡᠯᠭᠡᠷ ᠶᠠᠷᠢᠯᠴᠠᠭ᠎ᠠ ᠪᠠ ᠰᠣᠯᠢᠯᠴᠠᠭ᠎ᠠ ᠬᠢᠪᠡ᠃

  ᠬᠢᠴᠢᠶᠡᠯ ᠲᠠᠢᠯᠤᠮᠵᠢ᠎ᠶᠢᠨ ᠳᠠᠷᠠᠭ᠎ᠠ᠂ ᠮᠠᠱᠢ ᠣᠯᠠᠨ ᠬᠥᠮᠦᠨ᠄ 《ᠡᠢᠮᠦᠷᠬᠦᠦ ᠬᠢᠴᠢᠶᠡᠯ ᠲᠠᠢᠯᠤᠮᠵᠢ᠎ᠨᠢ ᠬᠥᠮᠦᠰ᠎ᠲᠦ ᠨᠢᠭᠡ ᠤᠳᠠᠭᠠᠨ᠎ᠤ ᠰᠣᠶᠤᠯ ᠪᠠ ᠠᠵᠢᠯ ᠮᠡᠷᠭᠡᠵᠢᠯ᠎ᠦᠨ ᠭᠦᠨᠵᠡᠭᠡᠢ ᠬᠦᠷᠲᠡᠭᠡᠯ ᠪᠣᠯᠵᠤ᠂ ᠳᠤᠷ᠎ᠠ ᠰᠣᠨᠢᠷᠬᠠᠯ᠎ᠲᠠᠢ ᠮᠥᠷᠲᠡᠭᠡᠨ ᠲᠤᠩ ᠬᠡᠷᠡᠭᠯᠡᠭᠦᠱᠢᠲᠡᠢ ᠪᠠᠢᠳᠠᠭ᠃ ᠨᠠᠢᠷᠠᠭᠤᠯᠤᠭᠴᠢᠳ ᠰᠣᠶᠤᠯ ᠦᠵᠡᠯ ᠰᠠᠨᠠᠭ᠎ᠠ᠎ᠶᠢ ᠳᠠᠮᠵᠢᠭᠤᠯᠬᠤ ᠬᠦᠨᠳᠦ ᠡᠭᠦᠷᠭᠡ᠎ᠶᠢ ᠡᠭᠦᠷᠭᠡᠯᠡᠵᠦ ᠪᠠᠢᠬᠤ ᠪᠣᠯᠬᠤᠷ᠂ ᠨᠠᠢᠷᠠᠭᠤᠯᠤᠭᠴᠢ᠎ᠶᠢᠨ ᠠᠵᠢᠯ᠎ᠳᠤ ᠵᠢᠭᠠᠬᠠᠨ᠎ᠴᠤ ᠬᠥᠩᠭᠡᠨ ᠬᠠᠭᠤᠳᠠᠮ ᠣᠪᠤᠷ᠎ᠢᠶᠠᠷ ᠬᠠᠨᠳᠤᠵᠤ ᠪᠣᠯᠬᠤ᠎ᠦᠭᠡᠢ᠂ ᠣᠨᠴᠠᠭᠠᠢᠯᠠᠨ ᠦᠵᠡᠯ ᠤᠬᠠᠮᠰᠠᠷ᠎ᠤᠨ ᠬᠡᠯᠪᠡᠷᠢ᠎ᠶᠢᠨ ᠲᠠᠯ᠎ᠠ᠎ᠪᠠᠷ ᠨᠡᠩ ᠬᠢᠨᠠᠭᠤᠷ ᠪᠣᠯᠭᠤᠮᠵᠢᠲᠠᠢ ᠬᠠᠨᠳᠤᠬᠤ ᠬᠡᠷᠡᠭᠲᠡᠢ᠃ ᠡᠭᠦᠨ᠎ᠡᠴᠡ ᠬᠣᠢᠱᠢᠳᠠ᠎ᠶᠢᠨ ᠠᠵᠢᠯ ᠰᠤᠷᠤᠯᠴᠠᠯᠭ᠎ᠠ᠎ᠳᠤ᠎ᠪᠠᠨ᠂ ᠪᠢᠳᠡ ᠲᠤᠰ ᠪᠡᠶ᠎ᠡ᠎ᠶᠢᠨ ᠶᠡᠷᠦᠩᠬᠡᠢᠯᠡᠭᠰᠡᠨ ᠬᠡᠪ ᠴᠢᠨᠠᠷ ᠪᠠ ᠲᠤᠰᠭᠠᠢ ᠮᠡᠷᠭᠡᠵᠢᠯ᠎ᠦᠨ ᠬᠡᠪ ᠪᠣᠯᠪᠠᠰᠤᠷᠠᠯ᠎ᠢᠶᠠᠨ ᠲᠠᠰᠤᠷᠠᠯᠲᠠ᠎ᠦᠭᠡᠢ ᠳᠡᠭᠡᠭᠱᠢᠯᠡᠭᠦᠯᠵᠦ᠂ ᠱᠢᠨ᠎ᠡ ᠴᠠᠭ ᠦᠶ᠎ᠡ᠎ᠶᠢᠨ ᠨᠢᠭᠡᠨ ᠬᠢᠷᠢ ᠲᠡᠩᠴᠡᠭᠰᠡᠨ ᠨᠠᠢᠷᠠᠭᠤᠯᠤᠭᠴᠢ ᠪᠣᠯᠬᠤ᠎ᠪᠠᠷ ᠬᠢᠴᠢᠶᠡᠨ ᠴᠢᠷᠮᠠᠢᠨ᠎ᠠ》 ᠭᠡᠵᠦ ᠵᠠᠯᠭᠠᠭ᠎ᠠ᠎ᠪᠠᠷ ᠢᠯᠡᠷᠬᠡᠢᠯᠡᠵᠡᠭᠡᠵᠦ ᠪᠠᠢᠯ᠎ᠠ᠃

  ᠲᠤᠰ ᠤᠳᠠᠭᠠᠨ᠎ᠤ ᠪᠣᠯᠪᠠᠰᠤᠷᠠᠯ᠎ᠨᠢ ᠮᠥᠨ᠎ᠴᠦ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ 《ᠪᠢ ᠣᠯᠠᠨ ᠲᠦᠮᠡᠨ᠎ᠳᠦ ᠪᠣᠳᠠᠲᠤ ᠠᠵᠢᠯ ᠬᠢᠵᠦ ᠥᠭᠬᠦᠶ᠎ᠡ》 ᠭᠡᠬᠦ ᠱᠢᠷᠢᠰ ᠠᠵᠢᠯᠯᠠᠭ᠎ᠠ᠎ᠶᠢᠨ ᠨᠢᠭᠡ ᠪᠣᠯᠤᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604