ᠦᠨᠳᠦᠰᠦ ᠰᠠᠭᠤᠷᠢ᠎ᠶᠢ ᠬᠥᠮᠦᠵᠢᠭᠦᠯᠦᠨ ᠰᠦᠭ ᠰᠦᠨᠡᠰᠦ᠎ᠶᠢ ᠴᠣᠭᠴᠠᠯᠠᠵᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠦᠨ ᠭᠦᠢᠴᠡᠳᠬᠡᠶ᠎ᠡ —— ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ 《ᠪᠢ ᠣᠯᠠᠨ ᠲᠦᠮᠡᠨ᠎ᠳᠦ ᠪᠣᠳᠠᠲᠤ ᠠᠵᠢᠯ ᠬᠢᠵᠦ ᠥᠭᠭᠦᠨ᠎ᠡ》 ᠦᠢᠯᠡᠳᠦᠯᠭᠡ᠎ᠶᠢᠨ ᠠᠵᠢᠯᠯᠠᠭ᠎ᠠ᠎ᠶᠢ ᠯᠠᠪᠳᠠᠭᠤᠨ ᠪᠠᠲᠤᠲᠠᠢ ᠠᠬᠢᠭᠤᠯᠵᠤ ᠪᠠᠢᠨ᠎ᠠ
2021.08.22

  ᠰᠢ᠎ᠵᠢᠨ ᠫᠢᠩ ᠶᠡᠷᠦᠩᠬᠡᠢ ᠱᠦᠵᠢ᠎ᠶᠢᠨ 《7·1》᠎ᠦ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ ᠪᠠ 《ᠪᠢ ᠣᠯᠠᠨ ᠲᠦᠮᠡᠨ᠎ᠳᠦ ᠪᠣᠳᠠᠲᠤ ᠠᠵᠢᠯ ᠬᠢᠵᠦ ᠥᠭᠭᠦᠨ᠎ᠡ》 ᠦᠢᠯᠡᠳᠦᠯᠭᠡ᠎ᠶᠢᠨ ᠠᠵᠢᠯᠯᠠᠭ᠎ᠠ᠎ᠶᠢ ᠯᠠᠪᠳᠠᠭᠤᠨ ᠪᠠᠲᠤᠲᠠᠢ ᠠᠬᠢᠭᠤᠯᠬᠤ᠎ᠶᠢᠨ ᠲᠥᠯᠦᠭᠡ᠂ ᠣᠢᠷ᠎ᠠ᠎ᠳᠤ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠠᠴᠠ ᠬᠠᠷᠢᠶ᠎ᠠ ᠡᠯ᠎ᠡ ᠨᠠᠮ᠎ᠤᠨ ᠡᠭᠦᠷ᠎ᠦᠨ ᠨᠠᠮ᠎ᠤᠨ ᠭᠡᠱᠢᠭᠦᠳ᠂ ᠨᠠᠮ᠎ᠳᠤ ᠡᠷᠡᠮᠡᠯᠵᠡᠬᠦ ᠢᠳᠡᠪᠬᠢᠲᠡᠳ᠎ᠢᠶᠡᠨ ᠵᠣᠬᠢᠶᠠᠨ ᠪᠠᠢᠭᠤᠯᠵᠤ ᠠᠱᠢᠳᠠ ᠨᠡᠷᠡᠮᠵᠢᠲᠦ ᠰᠤᠷᠭᠠᠨ ᠬᠥᠮᠦᠵᠢᠯ᠎ᠦᠨ ᠬᠡᠪᠯᠡᠬᠦ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ᠎ᠳᠤ ᠬᠦᠷᠴᠦ᠂ ᠵᠢᠭᠠᠬᠤ ᠮᠠᠲᠧᠷᠢᠶᠠᠯ ᠬᠡᠪᠯᠡᠬᠦ ᠦᠢᠯᠡᠳᠪᠦᠷᠢᠯᠡᠯ᠎ᠦᠨ ᠨᠢᠭᠡᠳᠦᠭᠡᠷ ᠹᠷᠤᠨᠲ᠎ᠲᠤ ᠭᠦᠨᠵᠡᠭᠡᠢᠷᠡᠨ ᠵᠢᠭᠠᠬᠤ ᠮᠠᠲᠧᠷᠢᠶᠠᠯ ᠬᠡᠪᠯᠡᠨ ᠦᠢᠯᠡᠳᠴᠦ ᠲᠣᠬᠢᠷᠠᠭᠤᠯᠤᠨ ᠬᠦᠷᠭᠡᠬᠦ ᠠᠵᠢᠯ᠎ᠳᠤ ᠣᠷᠤᠯᠴᠠᠵᠤ᠂ ᠱᠢᠨ᠎ᠡ ᠰᠤᠷᠤᠯᠭ᠎ᠠ᠎ᠶᠢᠨ ᠬᠤᠭᠤᠴᠠᠭ᠎ᠠ ᠡᠬᠢᠯᠡᠬᠦ᠎ᠡᠴᠡ ᠡᠮᠦᠨ᠎ᠡ ᠵᠢᠭᠠᠬᠤ ᠮᠠᠲᠧᠷᠢᠶᠠᠯ᠎ᠢ ᠰᠤᠷᠤᠭᠴᠢᠳ᠎ᠤᠨ ᠭᠠᠷ᠎ᠲᠤ ᠬᠦᠷᠭᠡᠬᠦ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠬᠦ᠎ᠶᠢ ᠪᠦᠬᠦ ᠬᠦᠴᠦᠨ᠎ᠢᠶᠡᠷ ᠪᠠᠲᠤᠯᠠᠪᠠ᠃

  ᠣᠢᠯᠠᠭᠠᠭᠰᠠᠨ᠎ᠢᠶᠠᠷ᠂ ᠡᠨᠡ ᠵᠢᠯ᠎ᠦᠨ ᠵᠢᠭᠠᠬᠤ ᠮᠠᠲᠧᠷᠢᠶᠠᠯ᠎ᠦᠨ ᠬᠢᠳᠠᠳ ᠡᠬᠢ ᠪᠢᠴᠢᠭ ᠪᠠᠭᠤᠯᠭᠠᠭᠰᠠᠨ ᠴᠠᠭ ᠬᠣᠢᠱᠢᠯᠠᠭᠰᠠᠨ ᠨᠥᠯᠦᠭᠡ᠎ᠡᠴᠡ ᠪᠣᠯᠵᠤ᠂ 40 ᠲᠦᠮᠡᠨ ᠵᠢᠭᠠᠨ ᠰᠤᠷᠭᠠᠯᠲᠠ᠎ᠶᠢᠨ ᠭᠡᠷᠡᠯᠯᠢᠭ ᠲᠠᠪᠠᠭ᠎ᠢ ᠬᠣᠶᠠᠷ ᠬᠣᠨᠤᠭ᠎ᠲᠦ ᠵᠢᠭᠠᠬᠤ ᠮᠠᠲᠧᠷᠢᠶᠠᠯ᠎ᠤᠨ ᠳᠣᠲᠤᠷ᠎ᠠ ᠨᠠᠭᠠᠨ ᠣᠷᠤᠭᠤᠯᠬᠤ ᠴᠢᠬᠤᠯᠠᠲᠠᠢ ᠪᠣᠯᠪᠠ᠂ ᠠᠱᠢᠳᠠ ᠺᠣᠮᠫᠠᠨᠢ᠎ᠶᠢᠨ ᠪᠦᠬᠦ ᠠᠵᠢᠯᠲᠠᠨ ᠠᠵᠢᠯᠴᠢᠨ ᠡᠳᠦᠷ ᠰᠥᠨᠢ ᠬᠡᠵᠦ ᠢᠯᠭᠠᠯ᠎ᠦᠭᠡᠢ ᠵᠢᠭᠠᠬᠤ ᠮᠠᠲᠧᠷᠢᠶᠠᠯ ᠬᠡᠪᠯᠡᠬᠦ ᠠᠵᠢᠯ᠎ᠤᠨ ᠨᠢᠭᠡᠳᠦᠭᠡᠷ ᠹᠷᠤᠨᠲ᠎ᠲᠤ ᠭᠠᠪᠱᠢᠭᠠᠢᠯᠠᠨ ᠠᠵᠢᠯᠯᠠᠵᠤ᠂ ᠭᠡᠷᠡᠯᠯᠢᠭ ᠲᠠᠪᠠᠭ᠎ᠢ ᠵᠢᠭᠠᠬᠤ ᠮᠠᠲᠧᠷᠢᠶᠠᠯ᠎ᠦᠨ ᠳᠤᠳᠤᠷ᠎ᠠ ᠨᠠᠭᠠᠨ ᠣᠷᠤᠭᠤᠯᠬᠤ ᠠᠵᠢᠯ᠎ᠳᠤ ᠬᠥᠮᠦᠨ ᠲᠣᠬᠢᠷᠠᠭᠤᠯᠬᠤ᠎ᠶᠢᠨ ᠠᠷᠭ᠎ᠠ᠎ᠦᠭᠡᠢ ᠪᠣᠯᠵᠠᠢ᠃ 《ᠱᠢᠨ᠎ᠡ ᠰᠤᠷᠤᠯᠭ᠎ᠠ᠎ᠶᠢᠨ ᠬᠤᠭᠤᠴᠠᠭ᠎ᠠ ᠡᠬᠢᠯᠡᠬᠦ᠎ᠡᠴᠡ ᠡᠮᠦᠨ᠎ᠡ ᠵᠢᠭᠠᠬᠤ ᠮᠠᠲᠧᠷᠢᠶᠠᠯ᠎ᠢ ᠰᠤᠷᠤᠭᠴᠢ ᠨᠢᠭᠡ ᠪᠦᠷᠢ᠎ᠶᠢᠨ ᠭᠠᠷ᠎ᠲᠤ ᠬᠦᠷᠭᠡᠬᠦ》 ᠤᠯᠤᠰ ᠲᠥᠷᠦ᠎ᠶᠢᠨ ᠡᠭᠦᠷᠭᠡ᠎ᠶᠢ ᠤᠷᠤᠭᠱᠢᠲᠠᠢ ᠪᠡᠶᠡᠯᠡᠭᠦᠯᠬᠦ᠎ᠶᠢ ᠪᠠᠲᠤᠯᠠᠬᠤ᠎ᠶᠢᠨ ᠲᠥᠯᠦᠭᠡ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶ᠎ᠠ᠎ᠠᠴᠠ 8 ᠰᠠᠷ᠎ᠠ᠎ᠶᠢᠨ 21᠎ᠦ ᠡᠳᠦᠷ᠎ᠡᠴᠡ ᠡᠬᠢᠯᠡᠨ᠂ ᠪᠦᠯᠦᠭᠯᠡᠯ᠎ᠦᠨ ᠬᠠᠷᠢᠶ᠎ᠠ ᠡᠯ᠎ᠡ ᠨᠠᠮ᠎ᠤᠨ ᠡᠭᠦᠷ᠎ᠦᠨ ᠨᠠᠮ᠎ᠤᠨ ᠭᠡᠱᠢᠭᠦᠨ᠂ ᠨᠠᠮ᠎ᠳᠤ ᠡᠷᠡᠮᠡᠯᠵᠡᠬᠦ ᠢᠳᠡᠪᠬᠢᠲᠡᠨ ᠨᠡᠢᠲᠡ 200 ᠭᠠᠷᠤᠢ ᠬᠥᠮᠦᠨ᠎ᠢ ᠵᠣᠬᠢᠶᠠᠨ ᠪᠠᠢᠭᠤᠯᠵᠤ ᠠᠱᠢᠳᠠ ᠺᠣᠮᠫᠠᠨᠢ᠎ᠳᠤ ᠬᠦᠷᠴᠦ ᠭᠡᠷᠡᠯᠯᠢᠭ ᠲᠠᠪᠠᠭ᠎ᠢ ᠵᠢᠭᠠᠬᠤ ᠮᠠᠲᠧᠷᠢᠶᠠᠯ᠎ᠦᠨ ᠳᠣᠲᠤᠷ᠎ᠠ ᠨᠠᠭᠠᠨ ᠣᠷᠤᠭᠤᠯᠬᠤ᠂ ᠵᠢᠭᠠᠬᠤ ᠮᠠᠲᠧᠷᠢᠶᠠᠯ᠎ᠢ ᠪᠣᠭᠤᠳᠠᠯᠯᠠᠵᠤ ᠲᠣᠬᠢᠷᠠᠭᠤᠯᠤᠨ ᠬᠦᠷᠭᠡᠬᠦ ᠵᠡᠷᠭᠡ ᠠᠵᠢᠯ᠎ᠳᠤ ᠣᠷᠤᠯᠴᠠᠭᠤᠯᠪᠠ᠃ ᠪᠦᠭᠦᠳᠡᠭᠡᠷ ᠴᠠᠭ ᠮᠥᠴᠡ᠎ᠲᠡᠢ ᠣᠷᠤᠯᠳᠤᠨ ᠴᠢᠷᠮᠠᠢᠨ ᠠᠵᠢᠯᠯᠠᠵᠤ᠂ ᠪᠦᠬᠦ ᠣᠷᠤᠨ᠎ᠤ ᠰᠤᠷᠤᠭᠴᠢ ᠨᠢᠭᠡ ᠪᠦᠷᠢ ᠱᠢᠨ᠎ᠡ ᠰᠤᠷᠤᠯᠭ᠎ᠠ᠎ᠶᠢᠨ ᠬᠤᠭᠤᠴᠠᠭ᠎ᠠ ᠡᠬᠢᠯᠡᠭᠰᠡᠨ ᠳᠠᠷᠤᠢ᠎ᠳᠤ᠎ᠨᠢ ᠱᠢᠨ᠎ᠡ ᠰᠤᠷᠬᠤ ᠪᠢᠴᠢᠭ᠎ᠢᠶᠡᠨ ᠲᠣᠰᠴᠤ ᠠᠪᠬᠤ᠎ᠶᠢ ᠦᠨᠡᠨ᠎ᠬᠦ ᠪᠠᠲᠤᠯᠠᠪᠠ᠃

  8 ᠰᠠᠷ᠎ᠠ᠎ᠶᠢᠨ 22᠎ᠤ ᠦᠳᠡ᠎ᠶᠢᠨ ᠡᠮᠦᠨ᠎ᠡ᠂ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠵᠡᠷᠭᠡ ᠤᠳᠤᠷᠢᠳᠤᠯᠭ᠎ᠠ᠎ᠨᠠᠷ ᠠᠱᠢᠳᠠ ᠺᠣᠮᠫᠠᠨᠢ᠎ᠳᠤ ᠬᠦᠷᠴᠦ᠂ ᠵᠠᠯᠭᠠᠭ᠎ᠠ᠎ᠪᠠᠷ ᠣᠯᠠᠨ ᠡᠳᠦᠷ ᠣᠶᠤᠨ ᠬᠦᠴᠦ᠎ᠡᠴᠡ᠎ᠪᠡᠨ ᠬᠡᠲᠦᠷᠡᠲᠡᠯ᠎ᠡ ᠠᠵᠢᠯᠯᠠᠵᠤ ᠪᠠᠢᠭ᠎ᠠ ᠺᠣᠮᠫᠠᠨᠢ᠎ᠶᠢᠨ ᠺᠠᠳ᠋ᠷ ᠠᠵᠢᠯᠲᠠᠳ᠎ᠢ ᠪᠣᠯᠭᠤᠭᠠᠨ ᠲᠣᠬᠤᠨᠢᠭᠤᠯᠵᠤ᠂ ᠵᠢᠭᠠᠬᠤ ᠮᠠᠲᠧᠷᠢᠶᠠᠯ᠎ᠢ ᠬᠡᠪᠯᠡᠵᠦ ᠪᠠᠢᠭ᠎ᠠ ᠠᠬᠢᠴᠠ᠎ᠶᠢ ᠨᠠᠷᠢᠨ ᠣᠢᠯᠠᠭᠠᠵᠤ᠂ ᠵᠢᠭᠠᠬᠤ ᠮᠠᠲᠧᠷᠢᠶᠠᠯ᠎ᠳᠤ ᠳᠠᠭᠠᠯᠳᠤᠭᠤᠯᠤᠭᠰᠠᠨ ᠢᠵᠢ ᠪᠦᠷᠢᠨ ᠭᠡᠷᠡᠯᠯᠢᠭ ᠲᠠᠪᠠᠭ᠎ᠢ ᠵᠢᠭᠠᠬᠤ ᠮᠠᠲᠧᠷᠢᠶᠠᠯ᠎ᠦᠨ ᠳᠣᠲᠤᠷ᠎ᠠ ᠨᠠᠭᠠᠨ ᠣᠷᠤᠭᠤᠯᠬᠤ ᠠᠵᠢᠯ᠎ᠢ ᠵᠢᠯᠤᠭᠤᠳᠤᠨ ᠲᠣᠬᠢᠷᠠᠭᠤᠯᠬᠤ᠎ᠶᠢᠨ ᠳᠠᠭᠠᠤ ᠪᠡᠶ᠎ᠡ᠎ᠪᠡᠷ᠎ᠢᠶᠡᠨ ᠣᠷᠤᠯᠴᠠᠭᠰᠠᠨ ᠪᠠᠢᠨ᠎ᠠ᠃

  ᠲᠤᠰ ᠤᠳᠠᠭᠠᠨ᠎ᠤ ᠠᠵᠢᠯᠯᠠᠭ᠎ᠠ ᠪᠣᠯ ᠪᠦᠯᠦᠭᠯᠡᠯ᠎ᠦᠨ ᠨᠠᠮ᠎ᠤᠨ ᠬᠣᠷᠢᠶ᠎ᠠ ᠭᠣᠤᠯ ᠬᠠᠷᠢᠭᠤᠴᠠᠯᠭ᠎ᠠ ᠭᠣᠤᠯ ᠠᠵᠢᠯ᠎ᠲᠠᠢ ᠨᠢᠭᠳᠠ ᠤᠶᠠᠯᠳᠤᠭᠤᠯᠵᠤ᠂ 《ᠪᠢ ᠣᠯᠠᠨ ᠲᠦᠮᠡᠨ᠎ᠳᠦ ᠪᠣᠳᠠᠲᠤ ᠠᠵᠢᠯ ᠬᠢᠵᠦ ᠥᠭᠭᠦᠨ᠎ᠡ》 ᠭᠡᠬᠦ ᠦᠢᠯᠡᠳᠦᠯᠭᠡ᠎ᠶᠢᠨ ᠠᠵᠢᠯᠯᠠᠭ᠎ᠠ᠎ᠶᠢ ᠭᠦᠨᠵᠡᠭᠡᠢ ᠥᠷᠨᠢᠭᠦᠯᠦᠭᠰᠡᠨ ᠱᠢᠷᠢᠰ ᠠᠵᠢᠯᠯᠠᠭ᠎ᠠ᠎ᠶᠢᠨ ᠨᠢᠭᠡ ᠪᠣᠯᠤᠨ᠎ᠠ᠃ ᠲᠤᠰ ᠤᠳᠠᠭᠠᠨ᠎ᠤ ᠠᠵᠢᠯᠯᠠᠭ᠎ᠠ᠎ᠶᠢ ᠥᠷᠨᠢᠭᠦᠯᠬᠦ᠎ᠪᠡᠷ ᠳᠠᠮᠵᠢᠭᠤᠯᠤᠨ᠂ ᠨᠢᠭᠡ ᠲᠠᠯ᠎ᠠ᠎ᠪᠠᠷ ᠠᠱᠢᠳᠠ ᠺᠣᠮᠫᠠᠨᠢ᠎ᠶᠢᠨ ᠦᠢᠯᠡᠳᠪᠦᠷᠢᠯᠡᠯ᠎ᠦᠨ ᠳᠠᠷᠤᠭᠠᠰᠤ᠎ᠶᠢ ᠬᠥᠩᠭᠡᠯᠡᠵᠦ᠂ ᠵᠢᠭᠠᠬᠤ ᠮᠠᠲᠧᠷᠢᠶᠠᠯ᠎ᠢ ᠴᠠᠭ ᠲᠤᠬᠠᠢ᠎ᠳᠤ᠎ᠨᠢ ᠰᠤᠷᠤᠭᠴᠢᠳ᠎ᠤᠨ ᠭᠠᠷ᠎ᠲᠤ ᠬᠦᠷᠭᠡᠬᠦ ᠴᠠᠭ ᠮᠥᠴᠡ᠎ᠶᠢ ᠲᠡᠮᠡᠴᠡᠨ ᠣᠯᠪᠠ; ᠨᠥᠬᠦᠭᠡ ᠲᠠᠯ᠎ᠠ᠎ᠪᠠᠷ ᠪᠦᠯᠦᠭᠯᠡᠯ᠎ᠦᠨ ᠡᠯ᠎ᠡ ᠨᠠᠮ᠎ᠤᠨ ᠡᠭᠦᠷ᠎ᠦᠨ ᠳᠠᠢᠴᠢᠨ ᠪᠡᠬᠢᠯᠡᠯᠲᠡ᠎ᠶᠢᠨ ᠦᠢᠯᠡᠳᠦᠯ ᠪᠠ ᠥᠷᠭᠡᠨ ᠣᠯᠠᠨ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶ᠎ᠡ ᠦᠵᠡᠭᠦᠯᠬᠦ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠡᠭᠦᠷᠭᠡ ᠬᠠᠷᠢᠭᠤᠴᠠᠯᠭ᠎ᠠ᠎ᠪᠠᠨ ᠡᠷᠡᠰ ᠪᠡᠶᠡᠯᠡᠭᠦᠯᠬᠦ ᠵᠣᠷᠢᠭ ᠰᠠᠨᠠᠭ᠎ᠠ᠎ᠶᠢ ᠡᠷᠴᠢᠯᠡᠭᠰᠡᠨ ᠪᠠᠢᠨ᠎ᠠ᠃ ᠲᠤᠰ ᠤᠳᠠᠭᠠᠨ᠎ᠤ ᠵᠢᠭᠠᠨ ᠰᠤᠷᠭᠠᠯᠲᠠ᠎ᠶᠢᠨ ᠭᠡᠷᠡᠯᠯᠢᠭ ᠲᠠᠪᠠᠭ᠎ᠢ ᠵᠢᠭᠠᠬᠤ ᠮᠠᠲᠧᠷᠢᠶᠠᠯ᠎ᠳᠤ ᠳᠠᠭᠠᠯᠳᠤᠭᠤᠯᠤᠨ ᠣᠷᠤᠭᠤᠯᠬᠤ ᠠᠵᠢᠯ᠎ᠳᠤ᠂ ᠪᠦᠬᠦ ᠨᠠᠮ᠎ᠤᠨ ᠭᠡᠱᠢᠭᠦᠨ᠂ ᠨᠠᠮ᠎ᠳᠤ ᠡᠷᠡᠮᠡᠯᠵᠡᠬᠦ ᠢᠳᠡᠪᠬᠢᠲᠡᠨ᠎ᠡᠴᠡ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠦᠨ ᠶᠠᠪᠤᠴᠠ᠎ᠳᠤ ᠤᠭ ᠰᠠᠨᠠᠭ᠎ᠠ ᠵᠣᠷᠢᠯᠲᠠ᠎ᠪᠠᠨ ᠦᠨᠡᠨ᠎ᠬᠦ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ ᠥᠭᠬᠦ᠂ ᠬᠦᠴᠢᠷ ᠪᠡᠷᠬᠡᠲᠡᠢ ᠠᠰᠠᠭᠤᠳᠠᠯ᠎ᠢ ᠱᠢᠢᠳᠪᠦᠷᠢᠯᠡᠬᠦ ᠬᠥᠳᠡᠯᠭᠡᠭᠴᠢ ᠬᠦᠴᠦᠨ ᠪᠣᠯᠭᠠᠨ ᠤᠯᠠᠷᠢᠭᠤᠯᠵᠤ᠂ ᠵᠢᠭᠠᠬᠤ ᠮᠠᠲᠧᠷᠢᠶᠠᠯ᠎ᠤᠨ ᠬᠠᠩᠭᠠᠯᠭ᠎ᠠ᠎ᠶᠢᠨ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠬᠦ᠎ᠳᠦ ᠬᠦᠴᠦ᠎ᠪᠡᠨ ᠡᠷᠭᠦᠭᠰᠡᠨ ᠪᠠᠢᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604