ᠠᠩᠬᠠᠳᠤᠭᠠᠷ ᠬᠤᠭᠤᠴᠠᠭᠠᠨ᠎ᠤ ᠪᠠᠷᠠᠭᠤᠨ ᠣᠷᠤᠨ᠎ᠤ ᠳ᠋ᠢᠭᠢᠲ ᠬᠡᠪᠯᠡᠯ᠎ᠦᠨ ᠣᠨ᠎ᠤ ᠬᠤᠷᠠᠯ ᠴᠦᠩᠴᠢᠩ ᠬᠣᠲᠠ᠎ᠳᠤ ᠬᠤᠷᠠᠯᠳᠤᠵᠤ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ 《ᠳᠠᠶᠠᠩ ᠮᠣᠩᠭᠤᠯ ᠬᠢᠲᠠᠳ ᠬᠡᠯᠡᠨ᠎ᠦ ᠣᠶᠤᠨᠴᠢ ᠰᠤᠷᠭᠠᠨ ᠬᠥᠮᠦᠵᠢᠯ᠎ᠦᠨ ᠲᠠᠪᠴᠠᠩ》 2021 ᠣᠨ᠎ᠤ ᠪᠠᠷᠠᠭᠤᠨ ᠣᠷᠤᠨ᠎ᠤ ᠳ᠋ᠢᠭᠢᠲ ᠰᠣᠳᠤᠨ ᠪᠦᠲᠦᠭᠡᠯ᠎ᠦᠨ ᠬᠥᠮᠦᠷᠭᠡ᠎ᠳᠦ ᠰᠣᠩᠭᠤᠭᠳᠠᠨ ᠣᠷᠤᠪᠠ
2021.11.04

  10 ᠰᠠᠷ᠎ᠠ᠎ᠶᠢᠨ 19 ᠡᠳᠦᠷ᠂ ᠠᠩᠬᠠᠳᠤᠭᠠᠷ ᠬᠤᠭᠤᠴᠠᠭᠠᠨ᠎ᠤ ᠪᠠᠷᠠᠭᠤᠨ ᠣᠷᠤᠨ᠎ᠤ ᠳ᠋ᠢᠭᠢᠲ ᠬᠡᠪᠯᠡᠯ᠎ᠦᠨ ᠣᠨ᠎ᠤ ᠬᠤᠷᠠᠯ ᠴᠦᠩᠴᠢᠩ ᠬᠣᠲᠠ᠎ᠶᠢᠨ ᠨᠠᠨ ᠠᠨ ᠲᠣᠭᠤᠷᠢᠭ᠎ᠲᠤ ᠬᠤᠷᠠᠯᠳᠤᠪᠠ᠃ ᠲᠤᠰ ᠬᠤᠷᠠᠯ᠎ᠨᠢ ᠮᠠᠨ᠎ᠤ ᠤᠯᠤᠰ᠎ᠤᠨ ᠠᠩᠬᠠᠳᠠᠭᠴᠢ ᠣᠷᠤᠨ ᠬᠡᠪᠴᠢᠶ᠎ᠡ ᠠᠯᠤᠰᠯᠠᠭᠰᠠᠨ ᠳ᠋ᠢᠭᠢᠲ ᠬᠡᠪᠯᠡᠯ᠎ᠦᠨ ᠣᠨ᠎ᠤ ᠬᠤᠷᠠᠯ ᠪᠣᠯᠤᠭᠰᠠᠨ᠎ᠤ ᠬᠤᠪᠢ᠎ᠳᠤ᠂ ᠪᠠᠷᠠᠭᠤᠨ ᠣᠷᠤᠨ᠎ᠤ ᠳ᠋ᠢᠭᠢᠲ ᠬᠡᠪᠯᠡᠯ᠎ᠦᠨ ᠦᠢᠯᠡᠰ᠎ᠦᠨ ᠱᠢᠨ᠎ᠡ ᠮᠡᠷᠭᠡᠵᠢᠯ᠂ ᠱᠢᠨ᠎ᠡ ᠵᠠᠭᠪᠤᠷ ᠪᠣᠯᠤᠨ ᠱᠢᠨ᠎ᠡ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠪᠠᠷᠠᠭᠤᠨ ᠣᠷᠤᠨ᠎ᠤ ᠳ᠋ᠢᠭᠢᠲ ᠬᠡᠪᠯᠡᠯ᠎ᠦᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠬᠦᠭᠵᠢᠭᠡᠭᠰᠡᠨ ᠪᠠᠢᠨ᠎ᠠ᠃   

  ᠬᠤᠷᠠᠯ ᠳᠡᠭᠡᠷ᠎ᠡ᠂ ᠴᠦᠩᠴᠢᠩ᠎ᠦᠨ ᠳᠠᠭᠤ ᠳᠦᠷᠰᠦ ᠱᠢᠩᠭᠡᠭᠡᠯᠲᠡ ᠪᠣᠯᠤᠨ ᠳ᠋ᠢᠭᠢᠲ ᠬᠡᠪᠯᠡᠯ᠎ᠦᠨ ᠨᠡᠢᠭᠡᠮᠯᠢᠭ 《2020-2021 ᠣᠨ᠎ᠤ ᠪᠠᠷᠠᠭᠤᠨ ᠣᠷᠤᠨ᠎ᠤ ᠳ᠋ᠢᠭᠢᠲ ᠬᠡᠪᠯᠡᠯ᠎ᠦᠨ ᠦᠢᠯᠡᠰ᠎ᠦᠨ ᠬᠥᠭᠵᠢᠯᠲᠡ᠎ᠶᠢᠨ ᠮᠡᠳᠡᠭᠦᠯᠦᠯᠲᠡ》 ᠵᠢ ᠨᠡᠢᠲᠡᠯᠡᠪᠡ᠃ ᠲᠤᠰ ᠮᠡᠳᠡᠭᠦᠯᠦᠯᠲᠡ᠎ᠨᠢ 《ᠳ᠋ᠢᠭᠢᠲ ᠬᠡᠪᠯᠡᠯ᠎ᠨᠢ ᠬᠡᠪᠯᠡᠯ᠎ᠦᠨ ᠦᠢᠯᠡᠰ᠎ᠢ ᠴᠢᠨᠠᠷ ᠰᠠᠢᠲᠠᠢ ᠬᠥᠭᠵᠢᠭᠦᠯᠬᠦ》 ᠳᠤᠬᠠᠢ ᠣᠨ᠎ᠤ ᠬᠤᠷᠠᠯ᠎ᠤᠨ ᠭᠣᠣᠯ ᠰᠡᠳᠦᠪ᠎ᠦᠨ ᠲᠣᠭᠤᠷᠢᠨ᠎ᠳᠤ᠂ ᠪᠠᠷᠠᠭᠤᠨ ᠣᠷᠤᠨ᠎ᠤ ᠳ᠋ᠢᠭᠢᠲ ᠬᠡᠪᠯᠡᠯ᠎ᠦᠨ ᠦᠢᠯᠡᠰ᠎ᠦᠨ ᠬᠥᠭᠵᠢᠯᠲᠡ᠎ᠶᠢᠨ ᠣᠷᠴᠢᠨ ᠲᠣᠭᠤᠷᠢᠨ᠂ ᠭᠣᠣᠯ ᠣᠨᠴᠠᠯᠢᠭ ᠪᠣᠯᠤᠨ ᠲᠤᠯᠭᠠᠷᠠᠵᠤ ᠪᠠᠢᠭ᠎ᠠ ᠠᠰᠠᠭᠤᠳᠠᠯ᠎ᠢ ᠨᠠᠷᠢᠨ ᠵᠠᠳᠠᠯᠵᠤ᠂ ᠪᠠᠷᠠᠭᠤᠨ ᠣᠷᠤᠨ᠎ᠤ ᠳ᠋ᠢᠭᠢᠲ ᠬᠡᠪᠯᠡᠯ᠎ᠦᠨ ᠬᠥᠭᠵᠢᠯᠲᠡ᠎ᠶᠢᠨ ᠲᠤᠬᠠᠢ ᠰᠠᠨᠠᠯ ᠰᠠᠨᠠᠭᠤᠯᠭ᠎ᠠ᠎ᠪᠠᠨ ᠳᠤᠷᠠᠳᠴᠠᠢ᠃

  ᠡᠬᠢᠯᠡᠯᠲᠡ᠎ᠶᠢᠨ ᠶᠣᠰᠤᠯᠠᠯ ᠳᠡᠭᠡᠷ᠎ᠡ᠂ ᠣᠨ᠎ᠤ ᠬᠤᠷᠠᠯ᠎ᠤᠨ ᠡᠬᠢᠯᠡᠯᠲᠡ᠎ᠶᠢᠨ ᠶᠣᠰᠤᠯᠠᠯ ᠶᠠᠪᠤᠭᠳᠠᠵᠤ 《ᠪᠠᠷᠠᠭᠤᠨ ᠣᠷᠤᠨ᠎ᠤ ᠳ᠋ᠢᠭᠢᠲ ᠬᠡᠪᠯᠡᠯ᠎ᠦᠨ ᠰᠦᠯᠵᠢᠶᠡᠨ ᠦᠵᠡᠭᠦᠯᠭᠡ᠎ᠶᠢᠨ ᠲᠢᠩᠬᠢᠮ》 ᠠᠱᠢᠭᠯᠠᠯᠲᠠ᠎ᠳᠤ ᠣᠷᠤᠭᠰᠠᠨ ᠪᠥᠭᠡᠳ ᠪᠠᠷᠠᠭᠤᠨ ᠣᠷᠤᠨ᠎ᠤ ᠳ᠋ᠢᠭᠢᠲ ᠬᠡᠪᠯᠡᠯ᠎ᠦᠨ ᠰᠣᠳᠤᠨ ᠪᠦᠲᠦᠭᠡᠯ᠎ᠦᠨ ᠬᠥᠮᠦᠷᠭᠡ᠎ᠶᠢ ᠨᠡᠢᠲᠡᠯᠡᠵᠦ᠂ ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ 《ᠳᠠᠶᠠᠩ ᠮᠣᠩᠭᠤᠯ ᠬᠢᠲᠠᠳ ᠬᠡᠯᠡᠨ᠎ᠦ ᠣᠶᠤᠨᠴᠢ ᠰᠤᠷᠭᠠᠨ ᠬᠥᠮᠦᠵᠢᠯ᠎ᠦᠨ ᠲᠠᠪᠴᠠᠩ》 ᠰᠣᠳᠤᠨ ᠪᠦᠲᠦᠭᠡᠯ᠎ᠦᠨ ᠬᠥᠮᠦᠷᠭᠡ᠎ᠳᠦ ᠰᠣᠩᠭᠤᠭᠳᠠᠨ ᠣᠷᠤᠵᠠᠢ᠃

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ᠎ᠦᠨ 《ᠳᠠᠶᠠᠩ ᠮᠣᠩᠭᠤᠯ ᠬᠢᠲᠠᠳ ᠬᠡᠯᠡᠨ᠎ᠦ ᠣᠶᠤᠨᠴᠢ ᠰᠤᠷᠭᠠᠨ ᠬᠥᠮᠦᠵᠢᠯ᠎ᠦᠨ ᠲᠠᠪᠴᠠᠩ》 ᠪᠣᠯ ᠰᠤᠷᠭᠠᠨ ᠬᠥᠮᠦᠵᠢᠯ᠎ᠦᠨ ᠳ᠋ᠢᠭᠢᠲᠴᠢᠯᠡᠯᠲᠡ᠎ᠶᠢ ᠪᠡᠶᠡᠯᠡᠭᠦᠯᠵᠦ᠂ ᠰᠤᠷᠭᠠᠨ ᠬᠥᠮᠦᠵᠢᠯ᠎ᠦᠨ ᠣᠳᠣᠬᠢᠴᠢᠯᠠᠯᠲᠠ᠎ᠶᠢᠨ ᠲᠦᠪᠱᠢᠨ᠎ᠢ ᠳᠡᠭᠡᠭᠱᠢᠯᠡᠭᠦᠯᠬᠦ᠎ᠶᠢᠨ ᠲᠥᠯᠦᠭᠡ ᠪᠠᠢᠭᠤᠯᠤᠭᠰᠠᠨ ᠬᠢᠴᠢᠶᠡᠯ ᠪᠡᠯᠡᠳᠭᠡᠭᠦ᠂ ᠬᠢᠴᠢᠶᠡᠯ ᠤᠷᠤᠬᠤ᠂ ᠪᠢᠴᠢᠯ ᠬᠢᠴᠢᠶᠡᠯ᠂ ᠳᠠᠰᠭᠠᠯ᠂ ᠱᠢᠯᠭᠠᠯᠲᠠ ᠵᠡᠷᠭᠡ ᠬᠢᠴᠢᠶᠡᠯ᠎ᠦᠨ ᠪᠥᠬᠦ ᠶᠠᠪᠤᠴᠠ᠎ᠶᠢᠨ ᠵᠢᠭᠠᠨ ᠰᠤᠷᠭᠠᠯᠲᠠ᠎ᠶᠢᠨ ᠦᠢᠯᠡᠴᠢᠯᠡᠭᠡᠨ᠎ᠦ ᠴᠢᠳᠠᠮᠵᠢ ᠪᠥᠬᠦᠢ ᠲᠠᠪᠴᠠᠩ ᠶᠤᠮ᠃ ᠲᠤᠰ ᠲᠠᠪᠴᠠᠩ᠎ᠨᠢ ᠮᠣᠩᠭᠤᠯ ᠬᠢᠲᠠᠳ ᠬᠣᠣᠰ ᠬᠡᠯᠡᠨ᠎ᠦ ᠵᠢᠭᠠᠨ ᠰᠤᠷᠭᠠᠯᠲᠠ᠎ᠶᠢᠨ ᠦᠢᠯᠡᠴᠢᠯᠡᠭᠡ᠎ᠶᠢ ᠪᠡᠶᠡᠯᠡᠭᠦᠯᠵᠦ᠂ ᠣᠶᠤᠨᠴᠢ ᠴᠠᠭᠠᠰᠦ ᠪᠢᠷ᠎ᠢᠶᠡᠷ ᠣᠨᠴᠠᠯᠢᠭ ᠪᠣᠯᠭᠠᠨ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ᠎ᠶᠢᠨ ᠲᠣᠭᠤᠷᠢᠨ᠎ᠳᠤ᠂ ᠬᠢᠴᠢᠶᠡᠯ᠎ᠡᠴᠡ ᠡᠮᠦᠨᠡᠬᠢ ᠪᠡᠯᠡᠳᠭᠡᠯ᠎ᠦᠨ ᠵᠢᠯᠤᠭᠤᠳᠤᠯᠭ᠎ᠠ᠂ ᠬᠢᠴᠢᠶᠡᠯ᠎ᠳᠡᠬᠢ ᠣᠯᠠᠨ ᠶᠠᠩᠵᠤ᠎ᠶᠢᠨ ᠵᠢᠭᠠᠨ ᠰᠤᠷᠭᠠᠯᠲᠠ᠂ ᠬᠢᠴᠢᠶᠡᠯ᠎ᠦᠨ ᠳᠠᠷᠠᠭᠠᠬᠢ ᠰᠤᠷᠤᠯᠴᠠᠯᠭ᠎ᠠ᠎ᠶᠢᠨ ᠪᠡᠬᠢᠵᠢᠭᠦᠯᠦᠯᠲᠡ᠎ᠶᠢ ᠤᠶᠠᠯᠳᠤᠭᠤᠯᠵᠤ᠂ ᠵᠢᠭᠠᠨ ᠰᠤᠳᠤᠯᠬᠤ ᠦᠷ᠎ᠡ ᠪᠦᠲᠦᠮᠵᠢ᠎ᠶᠢ ᠳᠡᠭᠡᠭᠱᠢᠯᠡᠭᠦᠯᠵᠦ᠂ ᠨᠢᠭᠡ ᠴᠣᠭᠴᠠᠵᠢᠭᠤᠯᠤᠭᠰᠠᠨ ᠵᠢᠭᠠᠨ ᠰᠤᠷᠭᠠᠯᠲᠠ᠎ᠶᠢᠨ ᠡᠬᠢ ᠪᠠᠶᠠᠯᠢᠭ᠎ᠤᠨ ᠦᠢᠯᠡᠴᠢᠯᠡᠭᠡ ᠪᠠ ᠲᠣᠭ᠎ᠠ ᠪᠠᠷᠢᠮᠲᠠ᠎ᠶᠢᠨ ᠲᠡᠮᠳᠡᠭᠯᠡᠯ᠎ᠦᠨ ᠵᠠᠳᠠᠯᠤᠯᠲᠠ᠎ᠶᠢ ᠬᠠᠩᠭᠠᠵᠤ ᠴᠢᠳᠠᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠰᠠᠭᠤᠷᠢᠪᠡᠬᠢ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604