ᠬᠡᠪᠯᠡᠯ᠎ᠦᠨ ᠪᠦᠯᠦᠭᠯᠡᠯ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠠᠪᠱᠢᠯᠲᠠ᠎ᠶᠢᠨ ᠨᠢᠭᠡᠳᠦᠭᠡᠷ ᠳᠡᠰ᠎ᠦᠨ ᠱᠠᠩᠨᠠᠯ ᠬᠦᠷᠲᠡᠵᠦ᠂ ᠨᠠᠮ᠎ᠤᠨ ᠬᠣᠷᠢᠶᠠᠨ᠎ᠤ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠤᠷᠢᠯᠭ᠎ᠠ᠎ᠪᠠᠷ ᠥᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠬᠢᠬᠦᠯᠦᠨ ᠱᠠᠩᠨᠠᠬᠤ ᠶᠡᠬᠡ ᠬᠤᠷᠠᠯ᠎ᠳᠤ ᠣᠷᠤᠯᠴᠠᠪᠠ
2021.11.04

  10 ᠰᠠᠷ᠎ᠠ᠎ᠶᠢᠨ 9᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠥᠬᠢᠭᠦᠯᠦᠨ ᠱᠠᠩᠨᠠᠬᠤ ᠶᠡᠬᠡ ᠬᠤᠷᠠᠯ ᠬᠥᠬᠡᠬᠣᠲᠠ᠎ᠳᠤ ᠬᠤᠷᠠᠯᠳᠤᠵᠤ᠂ ᠪᠥᠬᠦ ᠣᠷᠤᠨ᠎ᠤ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠰ᠎ᠦᠨ ᠬᠥᠭᠵᠢᠯᠲᠡ᠎ᠳᠦ ᠲᠣᠪᠤᠢᠮ᠎ᠠ ᠬᠤᠪᠢ ᠨᠡᠮᠡᠷᠢ ᠦᠵᠡᠭᠦᠯᠦᠭᠰᠡᠨ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ᠎ᠢ ᠬᠥᠬᠢᠭᠦᠯᠦᠨ ᠰᠠᠢᠱᠢᠶᠠᠪᠠ᠃ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠱᠦᠵᠢ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠡᠷᠬᠢᠯᠡᠭᠴᠢ ᠱᠢ᠎ᠲᠡᠢ ᠹᠧᠩ ᠬᠤᠷᠠᠯ᠎ᠳᠤ ᠣᠷᠤᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠣᠷᠢᠶᠠᠨ᠎ᠤ ᠳᠡᠳ᠋ ᠱᠦᠵᠢ ᠥᠪᠡᠷᠲᠡᠭᠡᠨ ᠵᠠᠰᠠᠬᠤ ᠣᠷᠤᠨ᠎ᠤ ᠲᠡᠷᠢᠭᠦᠯᠡᠭᠴᠢ ᠸᠠᠩ ᠯᠢ ᠱᠢᠶᠠ ᠬᠤᠷᠠᠯ ᠡᠷᠬᠢᠯᠡᠵᠡᠢ᠃

  ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠤᠨ᠎ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ 《2019 —2020 ᠣᠨ᠎ᠤ ᠥᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠬᠢᠭᠦᠯᠦᠨ ᠱᠠᠩᠨᠠᠬᠤ ᠰᠢᠢᠳᠪᠦᠷᠢ᠎ᠶᠢᠨ ᠲᠤᠬᠠᠢ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠲᠣᠭᠲᠠᠭᠠᠯ᠎ᠢ ᠤᠩᠱᠢᠨ ᠨᠡᠢᠲᠡᠯᠡᠪᠡ᠃ ᠬᠡᠪᠯᠡᠯ᠎ᠦᠨ ᠪᠦᠯᠦᠭᠯᠡᠯ ᠲᠦᠷᠦᠭᠦᠯᠡᠨ᠂ ᠥᠪᠦᠷ ᠮᠣᠩᠭᠤᠯ᠎ᠤᠨ ᠳᠡᠯᠡᠬᠡᠢ ᠮᠡᠳᠡᠭᠡ ᠵᠠᠩᠭᠢ᠎ᠶᠢᠨ ᠮᠡᠷᠭᠡᠵᠢᠯ᠎ᠦᠨ ᠬᠢᠵᠠᠭᠠᠷᠲᠤ ᠺᠣᠮᠫᠠᠨᠢ᠂ ᠥᠪᠦᠷ ᠮᠣᠩᠭᠤᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ ᠬᠠᠮᠲᠤᠷᠠᠨ ᠳᠠᠭᠠᠭᠠᠴᠢᠯᠠᠭᠰᠠᠨ 2013 ᠣᠨ᠎ᠤ ᠤᠯᠤᠰ᠎ᠤᠨ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠤᠯᠭᠠᠭᠤᠷᠢᠯᠠᠬᠤ ᠲᠥᠯᠦᠪᠯᠡᠭᠡ᠎ᠶᠢᠨ ᠫᠷᠣᠵᠧᠺᠲ ᠣᠯᠠᠨ ᠤᠯᠤᠰ᠎ᠤᠨ ᠪᠠᠷᠢᠮᠵᠢᠶᠠᠲᠤ ᠮᠣᠩᠭᠤᠯ ᠬᠡᠯᠡᠨ᠎ᠦ ᠳ᠋ᠢᠭᠢᠲ ᠬᠡᠪᠯᠡᠯ᠎ᠦᠨ ᠱᠢᠰᠲᠧᠮ᠎ᠦᠨ ᠰᠤᠳᠤᠯᠤᠨ ᠨᠡᠭᠡᠭᠡᠬᠦ ᠵᠢᠴᠢ ᠬᠡᠷᠡᠭᠯᠡᠭᠡᠨ᠎ᠦ ᠵᠢᠱ᠌ᠢᠶ᠎ᠡ ᠦᠵᠡᠭᠦᠯᠬᠦᠫᠷᠣᠵᠧᠺᠲ ᠨᠢ 2019 ᠣᠨ᠎ᠤ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ᠎ᠶᠢᠨ ᠨᠢᠭᠡᠳᠦᠭᠡᠷ ᠳᠡᠰ᠎ᠦᠨ ᠱᠠᠩᠨᠠᠯ᠎ᠢ ᠭᠥᠷᠳᠡᠪᠡ᠃ ᠬᠡᠪᠯᠡᠯ᠎ᠦᠨ ᠪᠦᠯᠦᠭᠯᠡᠯ᠎ᠦᠨ ᠨᠠᠮ᠎ᠤᠨ ᠬᠣᠷᠢᠶᠠᠨ᠎ᠤ ᠱᠦᠵᠢ ᠬᠡᠷᠡᠭ ᠮᠡᠳᠡᠭᠴᠢᠳ᠎ᠦᠨ ᠳᠠᠷᠤᠭ᠎ᠠ ᠱᠤᠸᠠᠩ ᠯᠦᠩ ᠤᠷᠢᠯᠭ᠎ᠠ᠎ᠪᠠᠷ ᠲᠤᠰ ᠤᠳᠠᠭᠠᠨ᠎ᠤ ᠶᠡᠬᠡ ᠬᠤᠷᠠᠯ᠎ᠳᠤ ᠣᠷᠤᠯᠴᠠᠵᠤ᠂ ᠬᠡᠪᠯᠡᠯ᠎ᠤᠨ ᠪᠦᠯᠦᠭᠯᠡᠯ᠎ᠢ ᠲᠥᠯᠦᠭᠡᠯᠡᠨ ᠱᠠᠩᠨᠠᠯ ᠬᠦᠷᠲᠡᠪᠡ᠃

  ᠣᠯᠠᠨ ᠤᠯᠤᠰ᠎ᠤᠨ ᠪᠠᠷᠢᠮᠵᠢᠶᠠᠲᠤ ᠮᠣᠩᠭᠤᠯ ᠬᠡᠯᠡᠨ᠎ᠦ ᠳ᠋ᠢᠭᠢᠲ ᠬᠡᠪᠯᠡᠯ᠎ᠦᠨ ᠱᠢᠰᠲᠧᠮ᠎ᠦᠨ ᠰᠤᠳᠤᠯᠤᠨ ᠨᠡᠭᠡᠭᠡᠬᠦ ᠵᠢᠴᠢ ᠬᠡᠷᠡᠭᠯᠡᠭᠡᠨ᠎ᠦ ᠵᠢᠱ᠌ᠢᠶ᠎ᠡ ᠦᠵᠡᠭᠦᠯᠬᠦᠫᠷᠣᠵᠧᠺᠲ᠎ᠦᠨ ᠰᠤᠳᠤᠯᠭᠠᠨ᠎ᠨᠢ ᠮᠣᠩᠭᠤᠯ ᠬᠡᠯᠡᠨ᠎ᠦ ᠺᠣᠳ᠋᠎ᠤᠨ ᠣᠯᠠᠨ ᠤᠯᠤᠰ᠎ᠤᠨ ᠪᠠᠷᠢᠮᠵᠢᠶ᠎ᠠ᠎ᠳᠤ ᠰᠠᠭᠤᠷᠢᠯᠠᠭᠰᠠᠨ ᠪᠦᠬᠦ ᠵᠠᠭᠤᠴᠢᠯᠠᠭᠤᠷ᠎ᠤᠨ ᠣᠷᠤᠭᠤᠯᠵᠤ ᠭᠠᠷᠭᠠᠬᠤ ᠱᠢᠰᠲᠧᠮ᠎ᠦᠨ ᠲᠡᠰ᠎ᠤᠨ ᠭᠣᠣᠯᠯᠠᠬᠤ ᠮᠡᠷᠭᠡᠵᠢᠯ᠎ᠤᠨ ᠪᠣᠭᠣᠮᠲᠠ᠎ᠶᠢ ᠰᠢᠪᠲᠤᠯᠤᠨ᠂ ᠮᠣᠩᠭᠤᠯ ᠬᠡᠯᠡᠨ᠎ᠦ ᠳ᠋ᠢᠭᠢᠲ ᠬᠡᠪᠯᠡᠯ ᠵᠢᠴᠢ ᠡᠬᠢ ᠪᠠᠶᠠᠯᠢᠭ᠎ᠤᠨ ᠪᠦᠲᠦᠭᠡᠨ ᠪᠠᠢᠭᠤᠯᠤᠯᠲᠠ᠎ᠶᠢᠨ ᠬᠠᠮᠲᠤ ᠡᠳ᠋ᠯᠡᠬᠦ ᠪᠠᠷᠢᠮᠵᠢᠶ᠎ᠠ᠎ᠶᠢ ᠰᠤᠳᠤᠯᠤᠨ ᠲᠣᠭᠲᠠᠭᠠᠵᠤ᠂ ᠮᠣᠩᠭᠤᠯ ᠬᠡᠯᠡᠨ᠎ᠦ ᠳ᠋ᠢᠭᠢᠲ ᠬᠡᠪᠯᠡᠯ᠎ᠦᠨ ᠶᠡᠷᠦᠩᠬᠡᠢᠯᠡᠭᠰᠡᠨ ᠲᠤᠬᠠᠢᠯᠠᠭᠰᠠᠨ ᠠᠵᠢᠯ᠎ᠤᠨ ᠦᠢᠯᠡᠴᠢᠯᠡᠭᠡᠨ᠎ᠦ ᠲᠠᠪᠴᠠᠩ᠂ ᠬᠠᠮᠢᠶᠠᠷᠤᠯᠲᠠ᠎ᠶᠢᠨ ᠱᠢᠰᠲᠧᠮ ᠵᠢᠴᠢ ᠮᠣᠩᠭᠤᠯ ᠬᠢᠲᠠᠳ ᠬᠡᠯᠡᠨ᠎ᠦ ᠪᠦᠬᠦ ᠵᠠᠭᠤᠴᠢᠯᠠᠭᠤᠷ᠎ᠤᠨ e ᠬᠤᠳᠠᠯᠳᠤᠭᠠᠨ᠎ᠤ ᠶᠠᠪᠤᠳᠠᠯ ᠬᠢᠭᠡᠳ ᠰᠦᠯᠵᠢᠶᠡᠨ ᠤᠩᠱᠢᠯᠭ᠎ᠠ᠎ᠶᠢᠨ ᠱᠢᠰᠲᠧᠮ᠂ ᠮᠣᠩᠭᠤᠯ ᠬᠡᠯᠡᠨ᠎ᠦ ᠬᠡᠪᠯᠡᠯ᠎ᠦᠨ ᠦᠢᠯᠡᠰ᠎ᠦᠨ ᠣᠯᠠᠨ ᠲᠠᠪᠴᠠᠩ᠂ ᠤᠯᠠᠨ ᠬᠡᠯᠪᠡᠷᠢ ᠶᠠᠩᠵᠤ᠎ᠶᠢ ᠢᠵᠢᠯ ᠠᠯᠬᠤᠮ᠎ᠢᠶᠠᠷ ᠪᠣᠢ ᠪᠣᠯᠭᠠᠬᠤ᠂ ᠤᠯᠠᠨ ᠠᠷᠭ᠎ᠠ ᠵᠠᠮ᠎ᠢᠶᠠᠷ ᠨᠡᠢᠲᠡᠯᠡᠬᠦ ᠵᠡᠷᠭᠡ ᠪᠦᠬᠦ ᠵᠠᠭᠤᠴᠢᠯᠠᠭᠤᠷ᠎ᠤᠨ ᠬᠥᠳᠡᠯᠦᠩᠭᠦᠢ ᠳ᠋ᠢᠭᠢᠲ ᠬᠡᠪᠯᠡᠯ᠎ᠦᠨ ᠵᠠᠩᠭᠢᠯᠠᠭ᠎ᠠ᠎ᠶᠢᠨ ᠮᠡᠷᠭᠡᠵᠢᠯ᠎ᠦᠨ ᠬᠦᠴᠢᠷ ᠠᠰᠠᠭᠤᠳᠠᠯ ᠵᠢᠴᠢ ᠮᠣᠩᠭᠤᠯ ᠨᠣᠮ ᠰᠡᠳᠭᠦᠯ᠎ᠦᠨ ᠰᠦᠯᠵᠢᠶᠡᠨ ᠪᠣᠷᠤᠯᠠᠭᠤᠯᠭ᠎ᠠ ᠪᠠ ᠳ᠋ᠢᠭᠢᠲ ᠠᠭᠤᠯᠭ᠎ᠠ᠎ᠶᠢ ᠰᠦᠯᠵᠢᠶᠡᠨ ᠳᠡᠭᠡᠷ᠎ᠡ ᠤᠩᠱᠢᠬᠤ ᠵᠠᠬᠢᠶᠠᠯᠠᠬᠤ ᠮᠡᠷᠭᠡᠵᠢᠯ᠎ᠦᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠤᠨ᠎ᠤ ᠰᠣᠨᠢᠨ ᠮᠡᠳᠡᠭᠡ ᠬᠡᠪᠯᠡᠯ᠎ᠦᠨ ᠦᠢᠯᠡᠰ᠎ᠦᠨ ᠳ᠋ᠢᠭᠢᠲᠴᠢᠯᠡᠵᠤ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ᠎ᠳᠦ ᠪᠠᠲᠤ ᠪᠠᠬᠢ ᠰᠠᠭᠤᠷᠢ ᠲᠠᠯᠪᠢᠵᠤ ᠥᠭᠴᠡᠢ᠃

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠴᠠᠭ ᠦᠶ᠎ᠡ᠎ᠶᠢᠨ ᠤᠷᠤᠰᠭᠠᠯ᠎ᠤᠨ ᠳᠤᠮᠳᠠ ᠣᠮᠣᠭ ᠰᠦᠷᠲᠡᠢ ᠤᠷᠤᠭᠱᠢᠯᠠᠵᠤ᠂ ᠪᠤᠰᠤᠳ᠎ᠠᠴᠠ ᠲᠦᠷᠦᠭᠦᠯᠡᠨ ᠵᠣᠷᠢᠭᠲᠠᠢ ᠬᠢᠵᠦ᠂ ᠪᠦᠲᠦᠭᠡᠯᠴᠢ᠎ᠪᠠᠷ ᠬᠤᠪᠢᠷᠠᠭᠤᠯᠬᠤ ᠪᠠ ᠱᠢᠨ᠎ᠡ᠎ᠶᠢ ᠡᠭᠦᠳᠦᠨ ᠬᠥᠭᠵᠢᠭᠦᠯᠬᠦ᠎ᠶᠢ ᠪᠠᠷᠢᠮᠲᠠᠯᠠᠨ᠂ ᠱᠢᠨ᠎ᠡ᠎ᠶᠢ ᠡᠭᠦᠳᠬᠦ᠎ᠪᠡᠷ ᠬᠦᠴᠦᠨ ᠪᠣᠯᠭᠠᠵᠤ᠂ ᠫᠷᠣᠵᠧᠺᠲ᠎ᠢᠶᠡᠷ ᠳᠠᠢᠴᠢᠯᠠᠬᠤᠪᠠᠢᠯᠳᠤᠬᠤ ᠪᠣᠳᠤᠯᠭ᠎ᠠ᠎ᠶᠢ ᠬᠡᠷᠡᠭᠵᠢᠭᠦᠯᠵᠦ᠂ ᠤᠯᠠᠮᠵᠢᠯᠠᠯᠲᠤ ᠬᠡᠪᠯᠡᠯ᠎ᠢᠶᠠᠨ ᠳ᠋ᠢᠭᠢᠲᠴᠢᠯᠡᠵᠤ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠎ᠪᠡᠷ ᠬᠦᠴᠦᠯᠡᠬᠦ ᠴᠡᠭ ᠪᠣᠯᠭᠠᠵᠤ᠂ ᠮᠡᠳᠡᠭᠡ ᠵᠠᠩᠭᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠠᠯᠬᠤᠮ᠎ᠢᠶᠠᠨ ᠲᠥᠷᠭᠡᠳᠬᠡᠭᠰᠡᠭᠡᠷ ᠢᠷᠡᠭᠰᠡᠨ ᠪᠦᠭᠡᠳ ᠤᠷᠢᠳ ᠬᠣᠵᠢᠳ ᠰᠣᠹᠲ᠎ᠤᠨ ᠵᠣᠬᠢᠶᠠᠯ ᠪᠦᠲᠦᠭᠡᠯ᠎ᠦᠨ ᠡᠷᠬᠡ᠎ᠶᠢᠨ ᠳᠠᠩᠰᠠᠯᠠᠯᠲᠠ᠎ᠶᠢᠨ ᠦᠨᠡᠮᠯᠡᠯ᠎ᠢ 89 ᠣᠯᠵᠤ᠂ ᠵᠠᠭᠤᠴᠢᠯᠠᠭᠤᠷ᠎ᠤᠨ ᠠᠭᠤᠰᠤᠯᠴᠠᠨ ᠬᠥᠭᠵᠢᠬᠦ᠎ᠶᠢ ᠬᠦᠴᠦᠯᠡᠨ ᠠᠬᠢᠭᠤᠯᠵᠤ᠂ ᠢᠨᠲᠧᠷ ᠰᠦᠯᠵᠢᠶ᠎ᠡ +ᠠᠭᠤᠰᠤᠯᠴᠠᠭᠰᠠᠨ ᠬᠡᠪᠯᠡᠯ᠎ᠦᠨ ᠱᠢᠨ᠎ᠡ ᠡᠵᠡᠩᠨᠡᠯᠲᠡ᠎ᠶᠢᠨ ᠬᠡᠯᠪᠡᠷᠢ᠎ᠶᠢ ᠪᠣᠢ ᠪᠣᠯᠭᠠᠪᠠ᠃

  ᠥᠪᠦᠷ ᠮᠣᠩᠭᠤᠯ᠎ᠤᠨ ᠬᠡᠪᠯᠡᠯ᠎ᠦᠨ ᠪᠦᠯᠦᠭᠯᠡᠯ ᠢᠷᠠᠭᠤ ᠠᠯᠳᠠᠷ᠎ᠢᠶᠠᠨ ᠨᠠᠨᠳᠢᠩᠨᠠᠨ᠂ ᠤᠯᠠᠮ᠎ᠢᠶᠠᠷ ᠴᠢᠷᠮᠠᠢᠨ ᠲᠡᠮᠡᠴᠡᠵᠦ ᠱᠢᠨ᠎ᠡ᠎ᠶᠢ ᠡᠭᠦᠳᠬᠦ᠎ᠪᠡᠷ ᠬᠦᠴᠦᠨ ᠪᠣᠯᠭᠠᠬᠤ ᠬᠥᠭᠵᠢᠯᠲᠡ᠎ᠶᠢᠨ ᠪᠠᠢᠯᠳᠤᠬᠤ ᠪᠣᠳᠤᠯᠭ᠎ᠠ ᠪᠣᠯᠤᠨ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠥᠪᠦᠷ ᠮᠣᠩᠭᠤᠯ᠎ᠢᠶᠠᠨ ᠮᠠᠨᠳᠤᠭᠤᠯᠬᠤ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠤᠨ᠎ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠤᠯ᠎ᠤᠨ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠵᠤ᠂ ᠠᠭᠤᠯᠭ᠎ᠠ ᠲᠣᠭ᠎ᠠ ᠪᠠᠷᠢᠮᠲᠠ᠎ᠶᠢ ᠤᠯᠠᠮ ᠴᠢᠨᠠᠭᠱᠢᠳᠠ ᠭᠦᠨ ᠡᠳ᠋ᠱᠢᠭᠦᠯᠵᠦ᠂ ᠳ᠋ᠢᠭᠢᠲ ᠠᠵᠤ ᠠᠬᠤᠢ᠎ᠶᠢ ᠪᠤᠵᠠᠭᠠᠢᠷᠠᠭᠤᠯᠤᠨ᠂ ᠠᠭᠤᠰᠤᠯᠴᠠᠨ ᠬᠥᠭᠵᠢᠯᠲᠡ᠎ᠶᠢ ᠠᠬᠢᠭᠤᠯᠵᠤ᠂ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠶᠢᠨ ᠲᠥᠯᠦᠭᠡ ᠱᠢᠨ᠎ᠡ ᠬᠡᠯᠪᠡᠷᠢ᠎ᠶᠢᠨ ᠬᠥᠳᠡᠯᠭᠡᠬᠦ ᠬᠦᠴᠦᠨ᠎ᠢ ᠪᠣᠢᠵᠢᠭᠤᠯᠵᠤ᠂ ᠪᠥᠬᠦ ᠣᠷᠤᠨ᠎ᠤ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠠᠪᠱᠢᠯᠲᠠ᠎ᠶᠢᠨ ᠦᠢᠯᠡᠰ᠎ᠢ ᠠᠬᠢᠭᠤᠯᠬᠤ᠎ᠳᠤ ᠳᠠᠬᠢᠨ ᠱᠢᠨ᠎ᠡ ᠬᠤᠪᠢ ᠨᠡᠮᠡᠷᠢ ᠦᠵᠡᠭᠦᠯᠬᠦ᠎ᠪᠠᠷ ᠪᠡᠯᠡᠭᠡᠨ ᠪᠠᠢᠨ᠎ᠠ; ᠴᠢᠨᠠᠷ ᠰᠠᠢᠲᠠᠢ ᠬᠥᠭᠵᠢᠯᠲᠡ᠎ᠶᠢᠨ ᠭᠦᠢᠴᠡᠳᠭᠡᠯ ᠲᠣᠭᠠᠨ᠎ᠤ ᠱᠢᠰᠲᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠢᠳᠠᠪᠤᠷᠢᠵᠢᠭᠤᠯᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ᠂ ᠪᠦᠲᠦᠴᠡ᠎ᠶᠢᠨ ᠱᠢᠯᠢᠳᠡᠭᠵᠢᠭᠦᠯᠦᠯᠲᠡ ᠵᠡᠷᠭᠡ ᠥᠭᠡᠷᠡᠴᠢᠯᠡᠯᠲᠡ ᠬᠥᠭᠵᠢᠯᠲᠡ᠎ᠶᠢᠨ ᠠᠵᠢᠯ᠎ᠢᠶᠠᠷ ᠳᠠᠮᠵᠢᠭᠤᠯᠤᠨ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠱᠢᠨ᠎ᠡ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠢ ᠬᠠᠩᠭᠠᠬᠤ᠎ᠳᠤ ᠨᠠᠩ ᠡᠯᠪᠡᠭ ᠪᠠᠶᠠᠯᠢᠭ ᠣᠶᠤᠨ᠎ᠤ ᠲᠡᠵᠢᠭᠡᠯ ᠬᠠᠩᠭᠠᠨ᠎ᠠ᠃

 

(ᠬᠠᠷᠢᠭᠤᠴᠠᠭᠰᠠᠨ ᠨᠠᠢᠷᠠᠭᠤᠯᠤᠭᠴᠢ : ᠰᠠᠢᠬᠠᠨ᠎ᠠ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604