ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠪᠠᠲᠤᠯᠠᠬᠤ ᠬᠠᠤᠯᠢ (ᠬᠣᠶᠠᠳᠤᠭᠠᠷ ᠪᠦᠯᠦᠭ)
2019.11.04

  

  

   (2016 ᠣᠨ᠎ᠤ 12 ᠰᠠᠷ᠎ᠠ᠎ᠶᠢᠨ 25 ᠎ᠤ ᠡᠳᠦᠷ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ)

 

    ᠬᠣᠶᠠᠳᠤᠭᠠᠷ ᠪᠦᠯᠦᠭ  ᠤᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ ᠪᠠ ᠬᠠᠮᠢᠶᠠᠷᠤᠯᠲᠠ

 

  ᠠᠷᠪᠠᠨ ᠳᠥᠷᠪᠡᠳᠦᠭᠡᠷ ᠵᠦᠢᠯ  ᠲᠤᠰ ᠬᠠᠤᠯᠢ᠎ᠳᠤ ᠬᠡᠯᠡᠵᠦ ᠪᠠᠢᠭ᠎ᠠ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ ᠭᠡᠳᠡᠭ ᠪᠣᠯ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ ᠬᠠᠩᠭᠠᠬᠤ᠎ᠳᠤ ᠬᠡᠷᠡᠭᠯᠡᠬᠦ ᠪᠠᠷᠢᠯᠭ᠎ᠠ᠎ᠶᠢᠨ ᠵᠦᠢᠯ᠂ ᠲᠠᠯᠠᠪᠤᠷ ᠭᠠᠵᠠᠷ ᠪᠠ ᠲᠣᠨᠤᠭ ᠲᠥᠬᠦᠭᠡᠷᠦᠮᠵᠢ᠎ᠶᠢ ᠵᠢᠭᠠᠵᠤ ᠪᠠᠢᠨ᠎ᠠ᠂ ᠡᠭᠦᠨ᠎ᠳᠦ ᠭᠣᠣᠯᠳᠠᠭᠤ ᠨᠣᠮ᠎ᠤᠨ ᠰᠠᠩ᠂ ᠮᠦᠽᠧᠢ᠂ ᠰᠣᠶᠤᠯ᠎ᠤᠨ ᠣᠷᠳᠤᠨ (ᠥᠷᠲᠡᠭᠡ)᠂ ᠤᠷᠠᠨ ᠵᠢᠷᠤᠭ᠎ᠤᠨ ᠣᠷᠳᠤᠨ᠂ ᠱᠢᠨᠵᠢᠯᠡᠬᠦ ᠤᠬᠠᠭᠠᠨ ᠮᠡᠷᠭᠡᠵᠢᠯ᠎ᠦᠨ ᠣᠷᠳᠤᠨ᠂ ᠳᠤᠷᠠᠰᠭᠠᠯ᠎ᠤᠨ ᠣᠷᠳᠤᠨ᠂ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠤᠨ᠂ ᠠᠵᠢᠯᠴᠢᠨ᠎ᠤ ᠰᠣᠶᠤᠯ᠎ᠤᠨ ᠣᠷᠳᠤᠨ᠂ ᠵᠠᠯᠠᠭᠤᠴᠤᠳ ᠪᠠᠭᠠᠴᠤᠳ᠎ᠤᠨ ᠣᠷᠳᠤᠨ᠂ ᠡᠮᠡᠭᠲᠡᠢᠴᠦᠳ ᠬᠡᠦᠬᠡᠳ᠎ᠦᠨ ᠠᠵᠢᠯᠯᠠᠭᠠᠨ᠎ᠤ ᠲᠥᠪ᠂ ᠨᠠᠰᠤᠲᠠᠢᠴᠤᠳ᠎ᠤᠨ ᠠᠵᠢᠯᠯᠠᠭᠠᠨ᠎ᠤ ᠲᠥᠪ᠂ ᠱᠢᠶᠠᠩ ᠪᠠᠯᠭᠠᠰᠤ (ᠵᠡᠭᠡᠯᠢ ᠭᠤᠳᠤᠮᠵᠢ) ᠪᠠ ᠭᠠᠴᠠᠭ᠎ᠠ (ᠨᠡᠢᠭᠡᠮ ᠲᠣᠭᠤᠷᠢᠭ)᠎ᠤᠨ ᠦᠨᠳᠦᠰᠦᠨ ᠱᠠᠲᠤᠨ᠎ᠤ ᠶᠡᠷᠦᠩᠬᠡᠢᠯᠡᠭᠰᠡᠨ ᠴᠢᠨᠠᠷᠲᠠᠢ ᠰᠣᠶᠤᠯ᠎ᠤᠨ ᠦᠢᠯᠡᠴᠢᠯᠡᠭᠡᠨ᠎ᠦ ᠲᠥᠪ᠂ ᠲᠠᠷᠢᠶᠠᠴᠢᠨ ᠠᠢᠯ (ᠠᠵᠢᠯᠲᠠᠨ ᠠᠵᠢᠯᠴᠢᠨ)᠎ᠤ ᠨᠣᠮ᠎ᠤᠨ ᠥᠷᠦᠭᠡ᠂ ᠣᠯᠠᠨ ᠨᠡᠢᠲᠡ᠎ᠶᠢᠨ ᠰᠣᠨᠢᠨ ᠦᠵᠡᠬᠦ ᠰᠠᠮᠪᠠᠷ᠎ᠠ (ᠳᠡᠯᠭᠡᠴᠡ)᠂ ᠷᠠᠳᠢᠣ᠋ ᠨᠡᠪᠲᠡᠷᠡᠭᠦᠯᠭᠡ ᠲᠧᠯᠸᠢᠰ᠎ᠦᠨ ᠨᠡᠪᠲᠡᠷᠡᠭᠦᠯᠭᠡ ᠳᠠᠮᠵᠢᠭᠤᠯᠭ᠎ᠠ᠎ᠶᠢ ᠪᠦᠷᠬᠦᠭᠦᠯᠬᠦ ᠲᠥᠬᠦᠭᠡᠷᠦᠮᠵᠢ᠂ ᠣᠯᠠᠨ ᠨᠡᠢᠲᠡ᠎ᠶᠢᠨ ᠲᠣᠭᠠᠵᠢᠭᠤᠯᠤᠭᠰᠠᠨ ᠰᠣᠶᠤᠯ᠎ᠤᠨ ᠦᠢᠯᠡᠴᠢᠯᠡᠭᠡᠨ᠎ᠦ ᠴᠡᠭ ᠵᠡᠷᠭᠡ ᠪᠠᠭᠲᠠᠨ᠎ᠠ᠃

  ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ ᠲᠤᠰ ᠵᠠᠰᠠᠭ ᠵᠠᠬᠢᠷᠭᠠᠨ᠎ᠤ ᠣᠷᠤᠨ᠎ᠳᠠᠬᠢ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠭᠠᠷᠴᠠᠭ ᠵᠢᠴᠢ ᠬᠣᠯᠪᠤᠭᠳᠠᠯ ᠪᠦᠬᠦᠢ ᠮᠡᠳᠡᠭᠡ ᠵᠠᠩᠭᠢ᠎ᠶᠢ ᠨᠡᠢᠲᠡᠯᠡᠬᠦ ᠬᠡᠷᠡᠭᠲᠡᠢ᠃

  ᠠᠷᠪᠠᠨ ᠲᠠᠪᠤᠳᠤᠭᠠᠷ ᠵᠦᠢᠯ  ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠲᠤᠰ ᠱᠠᠲᠤᠨ᠎ᠤ᠎ᠪᠠᠨ ᠬᠣᠲᠠ ᠬᠥᠳᠡᠭᠡ᠎ᠶᠢᠨ ᠲᠥᠯᠦᠪᠵᠢᠭᠦᠯᠭᠡ᠎ᠳᠦ ᠣᠷᠤᠭᠤᠯᠵᠤ᠂ ᠤᠯᠤᠰ᠎ᠤᠨ ᠣᠯᠠᠨ ᠨᠡᠢᠲᠡ᠎ᠶᠢᠨ ᠰᠣᠶᠤᠯ᠎ᠤᠨ ᠦᠨᠳᠦᠰᠦᠨ ᠦᠢᠯᠡᠴᠢᠯᠡᠭᠡᠨ᠎ᠦ ᠵᠢᠯᠤᠭᠤᠳᠭᠤ ᠪᠠᠷᠢᠮᠵᠢᠶ᠎ᠠ᠂ ᠮᠣᠵᠢ᠎ᠶᠢᠨ ᠱᠠᠲᠤᠨ᠎ᠤ ᠣᠯᠠᠨ ᠨᠡᠢᠲᠡ᠎ᠶᠢᠨ ᠰᠣᠶᠤᠯ᠎ᠤᠨ ᠦᠨᠳᠦᠰᠦᠨ ᠦᠢᠯᠡᠴᠢᠯᠡᠭᠡᠨ᠎ᠦ ᠬᠡᠷᠡᠭᠵᠢᠭᠦᠯᠬᠦ ᠪᠠᠷᠢᠮᠵᠢᠶ᠎ᠠ᠎ᠶᠢ ᠦᠨᠳᠦᠰᠦᠯᠡᠨ᠂ ᠲᠤᠬᠠᠢ᠎ᠶᠢᠨ ᠭᠠᠵᠠᠷ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠢᠷᠢ ᠲᠦᠪᠱᠢᠨ᠂ ᠬᠥᠮᠦᠨ ᠠᠮᠠ᠎ᠶᠢᠨ ᠪᠠᠢᠳᠠᠯ᠂ ᠣᠷᠴᠢᠨ ᠠᠬᠤᠢ᠎ᠶᠢᠨ ᠨᠥᠬᠦᠴᠡᠯ᠂ ᠰᠣᠶᠤᠯ᠎ᠤᠨ ᠥᠪᠡᠷᠮᠢᠴᠡ ᠣᠨᠴᠠᠯᠢᠭ᠎ᠲᠠᠢ᠎ᠪᠠᠨ ᠤᠶᠠᠯᠳᠤᠭᠤᠯᠵᠤ ᠪᠠᠢᠭᠠᠳ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠲᠥᠷᠦᠯ ᠵᠦᠢᠯ᠂ ᠲᠣᠭ᠎ᠠ ᠬᠡᠮᠵᠢᠶ᠎ᠡ᠂ ᠬᠡᠪᠴᠢᠶ᠎ᠡ ᠵᠢᠴᠢ ᠪᠠᠢᠷᠢᠯᠠᠭᠤᠯᠤᠯᠲᠠ᠎ᠶᠢ ᠵᠦᠢ ᠵᠣᠬᠢᠰᠲᠠᠢ ᠲᠣᠭᠲᠠᠭᠠᠵᠤ᠂ ᠲᠠᠯᠠᠪᠤᠷ ᠣᠷᠳᠤᠨ᠎ᠤ ᠦᠢᠯᠡᠴᠢᠯᠡᠭᠡ᠂ ᠱᠢᠯᠵᠢᠮᠡᠯ ᠦᠢᠯᠡᠴᠢᠯᠡᠭᠡ ᠪᠠ ᠲᠣᠭᠠᠵᠢᠭᠤᠯᠤᠭᠰᠠᠨ ᠦᠢᠯᠡᠴᠢᠯᠡᠭᠡ᠎ᠶᠢ ᠬᠠᠷᠢᠯᠴᠠᠨ ᠤᠶᠠᠯᠳᠤᠭᠤᠯᠤᠭᠰᠠᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠰᠦᠯᠵᠢᠶ᠎ᠡ᠎ᠶᠢ ᠪᠣᠢ ᠪᠣᠯᠭᠠᠬᠤ ᠬᠡᠷᠡᠭᠲᠡᠢ᠃

  ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠭᠠᠵᠠᠷ ᠰᠣᠩᠭᠤᠬᠤ᠎ᠳᠤ᠎ᠪᠠᠨ ᠣᠯᠠᠨ ᠨᠡᠢᠲᠡ᠎ᠶᠢᠨ ᠰᠠᠨᠠᠯ᠎ᠢ ᠬᠤᠷᠢᠶᠠᠵᠤ᠂ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠴᠢᠳᠠᠮᠵᠢ ᠪᠠ ᠣᠨᠴᠠᠯᠢᠭ᠎ᠲᠤ ᠨᠡᠢᠴᠡᠭᠦᠯᠦᠨ᠂ ᠦᠢᠯᠡᠳᠦᠯ᠎ᠢ᠎ᠨᠢ ᠪᠠᠳᠠᠷᠠᠭᠤᠯᠬᠤ᠎ᠳᠤ ᠠᠱᠢᠭᠲᠠᠢ ᠪᠠᠢᠯᠭᠠᠬᠤ ᠬᠡᠷᠡᠭᠲᠡᠢ᠃

  ᠠᠷᠪᠠᠨ ᠵᠢᠷᠭᠤᠳᠤᠭᠠᠷ ᠵᠦᠢᠯ  ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠨᠢ ᠭᠠᠵᠠᠷ ᠱᠢᠷᠤᠢ᠎ᠶᠢ ᠠᠱᠢᠭᠯᠠᠬᠤ ᠶᠡᠷᠦᠩᠬᠡᠢ ᠲᠥᠯᠦᠪᠵᠢᠭᠦᠯᠭᠡ ᠪᠠ ᠬᠣᠲᠠ ᠬᠥᠳᠡᠭᠡ᠎ᠶᠢᠨ ᠲᠥᠯᠦᠪᠵᠢᠭᠦᠯᠭᠡ᠎ᠳᠦ ᠨᠡᠢᠴᠡᠭᠰᠡᠨ ᠪᠠᠢᠬᠤ ᠪᠥᠭᠡᠳ ᠬᠠᠤᠯᠢ᠎ᠪᠠᠷ ᠲᠣᠭᠲᠠᠭᠠᠭᠰᠠᠨ ᠵᠢᠷᠤᠮ ᠶᠣᠰᠤᠭᠠᠷ ᠬᠢᠨᠠᠨ ᠵᠥᠪᠱᠢᠶᠡᠷᠡᠭᠦᠯᠦᠭᠰᠡᠨ ᠪᠠᠢᠬᠤ ᠬᠡᠷᠡᠭᠲᠡᠢ᠃

  ᠶᠠᠮᠠᠷᠪᠠ ᠨᠢᠭᠡᠴᠢ ᠪᠠ ᠬᠤᠪᠢ ᠬᠥᠮᠦᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠢ ᠡᠵᠡᠯᠡᠬᠦ ᠪᠤᠶᠤ ᠬᠡᠷᠡᠭᠴᠡᠭᠡ᠎ᠶᠢ᠎ᠨᠢ ᠳᠤᠷ᠎ᠠ᠎ᠪᠠᠷ᠎ᠢᠶᠠᠨ ᠬᠤᠪᠢᠷᠠᠭᠤᠯᠵᠤ ᠪᠣᠯᠬᠤ᠎ᠦᠭᠡᠢ᠃ ᠣᠨᠴᠠᠭᠠᠢ ᠪᠠᠢᠳᠠᠯ᠎ᠠᠴᠠ ᠪᠣᠯᠵᠤ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠲᠤ ᠲᠣᠬᠢᠷᠠᠭᠤᠯᠤᠯᠲᠠ ᠬᠢᠬᠦ ᠴᠢᠬᠤᠯᠠᠲᠠᠢ ᠪᠠᠢᠪᠠᠯ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠢ ᠳᠠᠬᠢᠵᠤ ᠲᠣᠭᠲᠠᠭᠠᠬᠤ ᠬᠡᠷᠡᠭᠲᠡᠢ᠃ ᠲᠣᠬᠢᠷᠠᠭᠤᠯᠤᠯᠲᠠ ᠬᠢᠭᠰᠡᠨ᠎ᠦ ᠳᠠᠷᠠᠭᠠᠬᠢ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠠᠯᠠᠪᠠᠢ᠎ᠶᠢ ᠤᠤᠯ᠎ᠤᠨ ᠬᠢ᠎ᠡᠴᠡ᠎ᠨᠢ ᠪᠠᠭ᠎ᠠ ᠪᠠᠢᠯᠭᠠᠵᠤ ᠪᠣᠯᠬᠤ᠎ᠦᠭᠡᠢ᠃

  ᠰᠠᠭᠤᠭᠠᠯᠢ ᠠᠷᠠᠳ᠎ᠤᠨ ᠣᠷᠤᠨ ᠰᠠᠭᠤᠴᠠ᠎ᠶᠢᠨ ᠲᠣᠭᠤᠷᠢᠭ᠎ᠢ ᠱᠢᠨ᠎ᠡ᠎ᠪᠡᠷ ᠪᠠᠢᠭᠤᠯᠬᠤ᠂ ᠥᠭᠡᠷᠡᠴᠢᠯᠡᠨ ᠪᠠᠢᠭᠤᠯᠬᠤ᠂ ᠥᠷᠭᠡᠳᠭᠡᠨ ᠪᠠᠢᠭᠤᠯᠬᠤ᠎ᠳᠤ ᠬᠣᠯᠪᠤᠭᠳᠠᠯ ᠪᠦᠬᠦᠢ ᠲᠣᠭᠲᠠᠭᠠᠯ᠂ ᠪᠠᠷᠢᠮᠵᠢᠶ᠎ᠠ ᠶᠣᠰᠤᠭᠠᠷ ᠢᠵᠢ ᠪᠦᠷᠢᠳᠦᠭᠰᠡᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠲᠥᠯᠦᠪᠵᠢᠭᠦᠯᠦᠨ ᠪᠦᠲᠦᠭᠡᠨ ᠪᠠᠢᠭᠤᠯᠬᠤ ᠬᠡᠷᠡᠭᠲᠡᠢ᠃

  ᠠᠷᠪᠠᠨ ᠳᠣᠯᠤᠳᠤᠭᠠᠷ ᠵᠦᠢᠯ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠵᠢᠷᠤᠵᠤ ᠲᠥᠯᠦᠪᠯᠡᠬᠦ ᠪᠠ ᠪᠦᠲᠦᠭᠡᠨ ᠪᠠᠢᠭᠤᠯᠬᠤ᠎ᠳᠤ᠎ᠪᠠᠨ᠂ ᠪᠣᠳᠠᠲᠤ ᠬᠡᠷᠡᠭᠴᠡᠭᠡ᠎ᠲᠡᠢ᠂ ᠠᠶᠤᠯᠭᠦᠢ᠂ ᠱᠢᠨᠵᠢᠯᠡᠬᠦ ᠤᠬᠠᠭᠠᠨᠴᠢ᠂ ᠦᠵᠡᠮᠵᠢᠲᠡᠢ᠂ ᠪᠣᠬᠢᠷᠲᠤᠭᠤᠯᠤᠯ᠎ᠦᠭᠡᠢ᠂ ᠠᠷᠪᠢᠲᠠᠢ ᠪᠠᠢᠯᠭᠠᠬᠤ ᠱᠠᠭᠠᠷᠳᠠᠯᠭ᠎ᠠ ᠪᠠ ᠤᠯᠤᠰ᠎ᠠᠴᠠ ᠲᠣᠭᠲᠠᠭᠠᠭᠰᠠᠨ ᠪᠠᠷᠢᠮᠵᠢᠶ᠎ᠠ᠎ᠳᠤ ᠨᠡᠢᠴᠡᠭᠦᠯᠬᠦ᠎ᠶᠢᠨ ᠬᠠᠮᠲᠤ ᠬᠠᠷᠱᠢ ᠰᠠᠭᠠᠳ᠎ᠦᠭᠡᠢ ᠲᠥᠬᠦᠭᠡᠷᠦᠮᠵᠢ ᠪᠡᠯᠡᠳᠭᠡᠮᠵᠢ ᠲᠣᠬᠢᠷᠠᠭᠤᠯᠬᠤ ᠬᠡᠷᠡᠭᠲᠡᠢ᠃

  ᠠᠷᠪᠠᠨ ᠨᠠᠢ᠍ᠮᠠᠳᠤᠭᠠᠷ ᠵᠦᠢᠯ  ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠱᠢᠨ᠎ᠡ᠎ᠪᠡᠷ ᠪᠠᠢᠭᠤᠯᠬᠤ᠂ ᠥᠭᠡᠷᠡᠴᠢᠯᠡᠨ ᠪᠠᠢᠭᠤᠯᠬᠤ᠂ ᠥᠷᠭᠡᠳᠭᠡᠨ ᠪᠠᠢᠭᠤᠯᠬᠤ᠂ ᠬᠠᠮᠲᠤᠷᠠᠨ ᠪᠠᠢᠭᠤᠯᠬᠤ᠂ ᠲᠦᠷᠢᠶᠡᠰᠦᠯᠡᠬᠦ᠂ ᠣᠳᠤ ᠪᠠᠢᠭ᠎ᠠ ᠣᠯᠠᠨ ᠨᠡᠢᠲᠡ᠎ᠶᠢᠨ ᠲᠥᠬᠦᠭᠡᠷᠦᠮᠵᠢ᠎ᠶᠢ ᠠᠱᠢᠭᠯᠠᠬᠤ ᠵᠡᠷᠭᠡ ᠣᠯᠠᠨ ᠵᠦᠢᠯ᠎ᠦᠨ ᠠᠷᠭ᠎ᠠ ᠮᠠᠶᠢᠭ᠎ᠢ ᠠᠪᠴᠤ ᠪᠠᠢᠭᠠᠳ᠂ ᠱᠢᠶᠠᠩ ᠪᠠᠯᠭᠠᠰᠤ (ᠵᠡᠭᠡᠯᠢ ᠭᠤᠳᠤᠮᠵᠢ)᠂ ᠭᠠᠴᠠᠭ᠎ᠠ (ᠨᠡᠢᠭᠡᠮ ᠲᠣᠭᠤᠷᠢᠭ)᠎ᠤᠨ ᠦᠨᠳᠦᠰᠦᠨ ᠱᠠᠲᠤᠨ᠎ᠤ ᠶᠡᠷᠦᠩᠬᠡᠢᠯᠡᠭᠰᠡᠨ ᠴᠢᠨᠠᠷᠲᠠᠢ ᠰᠣᠶᠤᠯ᠎ᠤᠨ ᠦᠢᠯᠡᠴᠢᠯᠡᠭᠡᠨ᠎ᠦ ᠲᠥᠪ᠎ᠦᠨ ᠪᠦᠲᠦᠭᠡᠨ ᠪᠠᠢᠭᠤᠯᠤᠯᠲᠠ᠎ᠶᠢ ᠴᠢᠩᠭᠠᠳᠭᠠᠵᠤ᠂ ᠦᠨᠳᠦᠰᠦᠨ ᠱᠠᠲᠤᠨ᠎ᠤ ᠬᠣᠯᠪᠤᠭᠳᠠᠯ ᠪᠦᠬᠦᠢ ᠣᠯᠠᠨ ᠨᠡᠢᠲᠡ᠎ᠶᠢᠨ ᠲᠥᠬᠦᠭᠡᠷᠦᠮᠵᠢ᠎ᠶᠢ ᠨᠢᠭᠡᠳᠦᠯᠲᠡᠢ ᠬᠠᠮᠢᠶᠠᠷᠤᠨ᠂ ᠶᠡᠷᠦᠩᠬᠡᠢᠯᠡᠨ ᠠᠱᠢᠭᠯᠠᠬᠤ᠎ᠶᠢ ᠲᠦᠯᠬᠢᠨ ᠠᠬᠢᠭᠤᠯᠬᠤ᠎ᠶᠢᠨ ᠬᠠᠮᠲᠤ ᠲᠡᠭᠦᠨ᠎ᠦ ᠬᠡᠪ᠎ᠦᠨ ᠶᠣᠰᠤᠭᠠᠷ ᠠᠵᠢᠯᠯᠠᠬᠤ᠎ᠶᠢ ᠪᠠᠲᠤᠯᠠᠵᠤ ᠪᠣᠯᠤᠨ᠎ᠠ᠃

  ᠠᠷᠪᠠ ᠶᠢᠰᠦᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠳᠤᠷ᠎ᠠ᠎ᠪᠠᠷ᠎ᠢᠶᠠᠨ ᠨᠤᠷᠠᠭᠠᠵᠤ ᠪᠣᠯᠬᠤ᠎ᠦᠭᠡᠢ᠂ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠴᠢᠳᠠᠮᠵᠢ᠂ ᠬᠡᠷᠡᠭᠴᠡᠭᠡ᠎ᠶᠢ᠎ᠨᠢ ᠳᠤᠷ᠎ᠠ᠎ᠪᠠᠷ᠎ᠢᠶᠠᠨ ᠬᠤᠪᠢᠷᠠᠭᠤᠯᠬᠤ ᠪᠤᠶᠤ ᠲᠡᠭᠦᠨ᠎ᠦ ᠬᠡᠪ᠎ᠦᠨ ᠠᠵᠢᠯᠯᠠᠭᠠᠨ᠎ᠢ ᠬᠠᠷᠱᠢᠯᠠᠵᠤ ᠪᠣᠯᠬᠤ᠎ᠦᠭᠡᠢ᠂ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠡᠵᠡᠯᠡᠵᠦ᠂ ᠨᠡᠭᠦᠯᠭᠡᠨ ᠬᠡᠷᠡᠭᠯᠡᠵᠦ ᠪᠣᠯᠬᠤ᠎ᠦᠭᠡᠢ᠂ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠲᠡᠢ ᠬᠠᠮᠢᠶ᠎ᠠ᠎ᠦᠭᠡᠢ ᠬᠤᠳᠠᠯᠳᠤᠭᠠᠨ᠎ᠤ ᠡᠵᠡᠩᠨᠡᠯᠲᠡ᠎ᠶᠢᠨ ᠠᠵᠢᠯᠯᠠᠭ᠎ᠠ᠎ᠳᠤ ᠬᠡᠷᠡᠭᠯᠡᠵᠦ ᠪᠣᠯᠬᠤ᠎ᠦᠭᠡᠢ᠃

  ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠳᠤ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠦᠨᠡᠬᠡᠷ ᠨᠤᠷᠠᠭᠠᠬᠤ᠂ ᠡᠰᠡᠬᠦᠯ᠎ᠡ ᠴᠢᠳᠠᠮᠵᠢ᠂ ᠬᠡᠷᠡᠭᠴᠡᠭᠡ᠎ᠶᠢ᠎ᠨᠢ ᠬᠤᠪᠢᠷᠠᠭᠤᠯᠬᠤ ᠴᠢᠬᠤᠯᠠᠲᠠᠢ ᠪᠠᠢᠪᠠᠯ᠂ ᠬᠣᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠤᠨ ᠲᠣᠭᠲᠠᠭᠠᠯ ᠶᠣᠰᠤᠭᠠᠷ ᠳᠠᠬᠢᠨ ᠪᠠᠢᠭᠤᠯᠬᠤ᠂ ᠥᠭᠡᠷᠡᠴᠢᠯᠡᠨ ᠪᠠᠢᠭᠤᠯᠬᠤ ᠬᠡᠷᠡᠭᠲᠡᠢ ᠪᠥᠭᠡᠳ ᠤᠷᠢᠳ᠎ᠢᠶᠠᠷ ᠪᠠᠢᠭᠤᠯᠵᠤ ᠳᠠᠷᠠᠭ᠎ᠠ᠎ᠨᠢ ᠨᠤᠷᠠᠭᠠᠬᠤ ᠡᠰᠡᠬᠦᠯ᠎ᠡ ᠪᠠᠢᠭᠤᠯᠬᠤ ᠪᠠ ᠨᠤᠷᠠᠭᠠᠬᠤ᠎ᠶᠢ ᠬᠠᠮᠲᠤ᠎ᠳᠤ᠎ᠨᠢ ᠶᠠᠪᠤᠭᠳᠠᠭᠤᠯᠬᠤ ᠵᠠᠷᠴᠢᠮ᠎ᠢ ᠪᠠᠷᠢᠮᠲᠠᠯᠠᠬᠤ ᠬᠡᠷᠡᠭᠲᠡᠢ᠃ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠳᠠᠬᠢᠨ ᠪᠠᠢᠭᠤᠯᠬᠤ᠂ ᠥᠭᠡᠷᠡᠴᠢᠯᠡᠨ ᠪᠠᠢᠭᠤᠯᠬᠤ᠎ᠳᠤ᠎ᠪᠠᠨ ᠲᠥᠬᠦᠭᠡᠷᠦᠮᠵᠢ ᠲᠣᠬᠢᠷᠠᠭᠤᠯᠬᠤ ᠪᠠᠷᠢᠮᠵᠢᠶ᠎ᠠ᠂ ᠪᠠᠷᠢᠯᠭ᠎ᠠ᠎ᠶᠢᠨ ᠲᠠᠯᠠᠪᠠᠢ ᠵᠡᠷᠭᠡ᠎ᠶᠢ ᠪᠠᠭᠤᠷᠠᠭᠤᠯᠵᠤ ᠪᠣᠯᠬᠤ᠎ᠦᠭᠡᠢ᠃

  ᠬᠣᠷᠢᠳᠤᠭᠠᠷ ᠵᠦᠢᠯ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠬᠠᠮᠢᠶᠠᠷᠤᠯᠲᠠ᠎ᠶᠢᠨ ᠨᠢᠭᠡᠴᠢ ᠤᠯᠤᠰ᠎ᠠᠴᠠ ᠲᠣᠭᠲᠠᠭᠠᠭᠰᠠᠨ ᠪᠠᠷᠢᠮᠵᠢᠶ᠎ᠠ ᠶᠣᠰᠤᠭᠠᠷ ᠴᠢᠬᠤᠯᠠ ᠬᠡᠷᠡᠭᠴᠡᠭᠡᠨ᠎ᠦ ᠦᠢᠯᠡᠴᠢᠯᠡᠭᠡᠨ᠎ᠦ ᠠᠭᠤᠯᠭ᠎ᠠ ᠪᠠ ᠪᠡᠯᠡᠳᠭᠡᠮᠵᠢ᠎ᠶᠢ ᠲᠣᠬᠢᠷᠠᠭᠤᠯᠤᠨ ᠱ᠌ᠢᠨᠡᠳᠭᠡᠵᠦ᠂ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠪᠠᠢᠩᠭᠤ᠎ᠶᠢᠨ ᠴᠢᠨᠠᠷᠲᠠᠢ᠎ᠪᠠᠷ ᠬᠠᠮᠠᠭᠠᠯᠠᠵᠤ ᠬᠠᠮᠢᠶᠠᠷᠬᠤ ᠠᠵᠢᠯ᠎ᠢ ᠴᠢᠩᠭᠠᠳᠭᠠᠨ᠂ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠬᠡᠪ᠎ᠦᠨ ᠶᠣᠰᠤᠭᠠᠷ ᠬᠡᠷᠡᠭᠯᠡᠭᠳᠡᠬᠦ ᠪᠠ ᠠᠵᠢᠯᠯᠠᠬᠤ᠎ᠶᠢ ᠪᠠᠲᠤᠯᠠᠬᠤ ᠬᠡᠷᠡᠭᠲᠡᠢ᠃

  ᠬᠣᠷᠢᠨ ᠨᠢᠭᠡᠳᠦᠭᠡᠷ ᠵᠦᠢᠯ  ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠬᠠᠮᠢᠶᠠᠷᠤᠯᠲᠠ᠎ᠶᠢᠨ ᠨᠢᠭᠡᠴᠢ ᠬᠠᠮᠢᠶᠠᠷᠤᠯᠲᠠ᠎ᠶᠢᠨ ᠳᠦᠷᠢᠮ ᠪᠠ ᠦᠢᠯᠡᠴᠢᠯᠡᠭᠡᠨ᠎ᠦ ᠵᠢᠷᠤᠮᠵᠢᠯ᠎ᠢ ᠪᠠᠢᠭᠤᠯᠤᠨ ᠪᠥᠷᠢᠨᠱᠢᠬᠦᠯᠵᠦ᠂ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠡᠳ ᠬᠥᠷᠦᠩᠭᠡ᠎ᠶᠢ ᠪᠦᠷᠢᠳᠭᠡᠨ ᠮᠡᠳᠡᠭᠦᠯᠬᠦ ᠳᠦᠷᠢᠮ ᠪᠠ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ ᠥᠷᠨᠢᠭᠦᠯᠦᠭᠰᠡᠨ ᠪᠠᠢᠳᠠᠯ᠎ᠤᠨ ᠣᠨ᠎ᠤ ᠮᠡᠳᠡᠭᠦᠯᠦᠯᠲᠡ᠎ᠶᠢᠨ ᠳᠦᠷᠢᠮ᠎ᠢ ᠪᠠᠢᠭᠤᠯᠬᠤ ᠬᠡᠷᠡᠭᠲᠡᠢ᠃

  ᠬᠣᠷᠢᠨ ᠬᠣᠶᠠᠳᠤᠭᠠᠷ ᠵᠦᠢᠯ  ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠬᠠᠮᠢᠶᠠᠷᠤᠯᠲᠠ᠎ᠶᠢᠨ ᠨᠢᠭᠡᠴᠢ ᠠᠶᠤᠯᠭᠦᠢ᠎ᠶᠢᠨ ᠬᠠᠮᠢᠶᠠᠷᠤᠯᠲᠠ᠎ᠶᠢᠨ ᠳᠦᠷᠢᠮ᠎ᠢ ᠪᠠᠢᠭᠤᠯᠤᠨ ᠪᠥᠷᠢᠨᠱᠢᠬᠦᠯᠵᠦ᠂ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ ᠪᠠ ᠣᠯᠠᠨ ᠨᠡᠢᠲᠡ᠎ᠶᠢᠨ ᠠᠵᠢᠯᠯᠠᠭ᠎ᠠ᠎ᠶᠢᠨ ᠲᠤᠬᠠᠢ ᠠᠶᠤᠯᠭᠦᠢ᠎ᠶᠢᠨ ᠦᠨᠡᠯᠡᠯᠲᠡ ᠬᠢᠬᠦ᠎ᠶᠢ ᠥᠷᠨᠢᠭᠦᠯᠵᠦ᠂ ᠠᠶᠤᠯᠭᠦᠢ᠎ᠶᠢᠨ ᠬᠠᠮᠠᠭᠠᠯᠠᠯᠲᠠ᠎ᠶᠢᠨ ᠪᠡᠯᠡᠳᠭᠡᠮᠵᠢ ᠪᠠ ᠠᠵᠢᠯᠲᠠᠨ᠎ᠢ ᠬᠠᠤᠯᠢ ᠶᠣᠰᠤᠭᠠᠷ ᠲᠣᠬᠢᠷᠠᠭᠤᠯᠤᠨ᠂ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ ᠪᠠ ᠣᠯᠠᠨ ᠨᠡᠢᠲᠡ᠎ᠶᠢᠨ ᠠᠵᠢᠯᠯᠠᠭ᠎ᠠ᠎ᠶᠢᠨ ᠠᠶᠤᠯᠭᠦᠢ᠎ᠶᠢ ᠪᠠᠲᠤᠯᠠᠬᠤ ᠬᠡᠷᠡᠭᠲᠡᠢ᠃

  ᠬᠣᠷᠢᠨ ᠭᠤᠷᠪᠠᠳᠤᠭᠠᠷ ᠵᠦᠢᠯ  ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠣᠯᠠᠨ ᠨᠡᠢᠲᠡ᠎ᠶᠢᠨ ᠣᠷᠤᠯᠴᠠᠭᠰᠠᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠬᠡᠷᠡᠭᠯᠡᠯᠲᠡ᠎ᠶᠢᠨ ᠦᠢᠯᠡᠳᠦᠯ ᠴᠢᠳᠠᠪᠤᠷᠢ᠎ᠶᠢ ᠬᠢᠨᠠᠨ ᠱᠢᠯᠭᠠᠵᠤ ᠦᠨᠡᠯᠡᠬᠦ ᠳᠦᠷᠢᠮ᠎ᠢ ᠪᠠᠢᠭᠤᠯᠬᠤ ᠬᠡᠷᠡᠭᠲᠡᠢ᠂ ᠦᠨᠡᠯᠡᠭᠰᠡᠨ ᠦᠷ᠎ᠡ ᠳ᠋ᠦᠩ᠎ᠢ ᠦᠨᠳᠦᠰᠦᠯᠡᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠬᠠᠮᠢᠶᠠᠷᠤᠯᠲᠠ᠎ᠶᠢᠨ ᠨᠢᠭᠡᠴᠢ ᠠᠵᠢᠯ᠎ᠢᠶᠠᠨ ᠰᠠᠢᠵᠢᠷᠠᠭᠤᠯᠵᠤ᠂ ᠦᠢᠯᠡᠴᠢᠯᠡᠭᠡᠨ᠎ᠦ ᠴᠢᠨᠠᠷ ᠴᠢᠨᠰᠠᠭ᠎ᠠ᠎ᠪᠠᠨ ᠳᠡᠭᠡᠭᠱᠢᠯᠡᠭᠦᠯᠬᠦ ᠬᠡᠷᠡᠭᠲᠡᠢ᠃

  ᠬᠣᠷᠢᠨ ᠳᠥᠷᠪᠡᠳᠦᠭᠡᠷ ᠵᠦᠢᠯ  ᠤᠯᠤᠰ᠎ᠠᠴᠠ ᠣᠯᠠᠨ ᠨᠡᠢᠲᠡ᠎ᠶᠢᠨ ᠨᠣᠮ᠎ᠤᠨ ᠰᠠᠩ᠂ ᠮᠦᠽᠧᠢ᠂ ᠰᠣᠶᠤᠯ᠎ᠤᠨ ᠣᠷᠳᠤᠨ ᠵᠡᠷᠭᠡ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠬᠠᠮᠢᠶᠠᠷᠤᠯᠲᠠ᠎ᠶᠢᠨ ᠨᠢᠭᠡᠴᠢ ᠲᠡᠭᠦᠨ᠎ᠦ ᠴᠢᠳᠠᠮᠵᠢ᠎ᠶᠢᠨ ᠪᠠᠢᠷᠢ ᠲᠣᠭᠲᠠᠭᠠᠯᠲᠠ᠎ᠶᠢ ᠦᠨᠳᠦᠰᠦᠯᠡᠨ ᠬᠠᠤᠯᠢ᠎ᠶᠢᠨ ᠬᠥᠮᠦᠨ᠎ᠦ ᠵᠠᠰᠠᠯᠲᠠ᠎ᠶᠢᠨ ᠪᠦᠲᠦᠴᠡ᠎ᠶᠢ ᠪᠠᠢᠭᠤᠯᠤᠨ ᠪᠥᠷᠢᠨᠱᠢᠬᠦᠯᠵᠦ᠂ ᠬᠣᠯᠪᠤᠭᠳᠠᠯ ᠪᠦᠬᠦᠢ ᠲᠠᠯ᠎ᠠ᠎ᠶᠢᠨ ᠲᠥᠯᠦᠭᠡᠯᠡᠭᠴᠢ᠂ ᠲᠤᠰᠭᠠᠢ ᠮᠡᠷᠭᠡᠵᠢᠯ᠎ᠦᠨ ᠬᠥᠮᠦᠰ ᠪᠠ ᠣᠯᠠᠨ ᠲᠦᠮᠡᠨ᠎ᠢ ᠡᠯᠰᠡᠨ ᠠᠪᠴᠤ ᠬᠠᠮᠢᠶᠠᠷᠤᠯᠲᠠ᠎ᠳᠤ ᠣᠷᠤᠯᠴᠠᠭᠤᠯᠬᠤ᠎ᠶᠢ ᠲᠦᠯᠬᠢᠨ ᠠᠬᠢᠭᠤᠯᠤᠨ᠎ᠠ᠃

  ᠬᠣᠷᠢᠨ ᠲᠠᠪᠤᠳᠤᠭᠠᠷ ᠵᠦᠢᠯ  ᠤᠯᠤᠰ᠎ᠠᠴᠠ ᠠᠷᠠᠳ ᠢᠷᠭᠡᠨ᠂ ᠬᠠᠤᠯᠢ᠎ᠶᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ᠎ᠶᠢᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠡᠭᠦᠰᠭᠡᠨ ᠪᠠᠢᠭᠤᠯᠬᠤ᠂ ᠬᠠᠨᠳᠢᠪᠯᠠᠨ ᠪᠠᠢᠭᠤᠯᠬᠤ ᠪᠤᠶᠤ ᠵᠠᠰᠠᠭ᠎ᠤᠨ ᠣᠷᠳᠤᠨ᠎ᠤ ᠰᠠᠯᠠᠭ᠎ᠠ ᠮᠥᠴᠢᠷ᠎ᠲᠡᠢ ᠬᠠᠮᠲᠤᠷᠠᠨ ᠪᠠᠢᠭᠤᠯᠬᠤ᠎ᠶᠢ ᠵᠣᠷᠢᠭᠵᠢᠭᠤᠯᠤᠨ ᠳᠡᠮᠵᠢᠵᠦ᠂ ᠠᠷᠠᠳ ᠢᠷᠭᠡᠨ᠂ ᠬᠠᠤᠯᠢ᠎ᠶᠢᠨ ᠬᠥᠮᠦᠨ ᠪᠠ ᠪᠤᠰᠤᠳ ᠵᠣᠬᠢᠶᠠᠨ ᠪᠠᠢᠭᠤᠯᠤᠯᠲᠠ᠎ᠶᠢᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠠᠵᠢᠯᠯᠠᠭᠠᠨ ᠪᠠ ᠬᠠᠮᠢᠶᠠᠷᠤᠯᠲᠠ᠎ᠳᠤ ᠬᠠᠤᠯᠢ ᠶᠣᠰᠤᠭᠠᠷ ᠣᠷᠤᠯᠴᠠᠬᠤ᠎ᠶᠢ ᠵᠣᠷᠢᠭᠵᠢᠭᠤᠯᠤᠨ᠎ᠠ᠃

  ᠬᠣᠷᠢᠨ ᠵᠢᠷᠭᠤᠳᠤᠭᠠᠷ ᠵᠦᠢᠯ  ᠣᠯᠠᠨ ᠲᠦᠮᠡᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠬᠡᠷᠡᠭᠯᠡᠬᠦ᠎ᠳᠤ᠎ᠪᠠᠨ ᠣᠯᠠᠨ ᠨᠡᠢᠲᠡ᠎ᠶᠢᠨ ᠡᠮᠬᠢ ᠵᠢᠷᠤᠮ᠎ᠢ ᠳᠠᠭᠠᠵᠤ᠂ ᠣᠯᠠᠨ ᠨᠡᠢᠲᠡ᠎ᠶᠢᠨ ᠲᠥᠬᠦᠭᠡᠷᠦᠮᠵᠢ᠎ᠶᠢ ᠬᠠᠢᠷᠠᠯᠠᠨ ᠬᠠᠮᠠᠭᠠᠯᠠᠬᠤ ᠬᠡᠷᠡᠭᠲᠡᠢ᠂ ᠣᠯᠠᠨ ᠨᠡᠢᠲᠡ᠎ᠶᠢᠨ ᠲᠥᠬᠦᠭᠡᠷᠦᠮᠵᠢ ᠪᠡᠯᠡᠳᠭᠡᠮᠵᠢ ᠪᠠ ᠡᠳ᠋ ᠪᠣᠳᠠᠰ᠎ᠢ ᠡᠪᠳᠡᠨ ᠰᠦᠢᠳᠭᠡᠵᠦ ᠪᠣᠯᠬᠤ᠎ᠦᠭᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604