ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠪᠠᠲᠤᠯᠠᠬᠤ ᠬᠠᠤᠯᠢ (ᠲᠠᠪᠤᠳᠤᠭᠠᠷ ᠪᠦᠯᠦᠭ᠂ ᠵᠢᠷᠭᠤᠳᠤᠭᠠᠷ ᠪᠦᠯᠦᠭ)
2019.11.04

  

(2016 ᠣᠨ᠎ᠤ 12 ᠰᠠᠷ᠎ᠠ᠎ᠶᠢᠨ 25 ᠎ᠤ ᠡᠳᠦᠷ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ

 

  ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠬᠣᠷᠢᠨ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ)

 

 

 

 

 

  ᠲᠠᠪᠤᠳᠤᠭᠠᠷ ᠪᠦᠯᠦᠭ   ᠬᠠᠤᠯᠢ᠎ᠶᠢᠨ ᠬᠠᠷᠢᠭᠤᠴᠠᠯᠭ᠎ᠠ

 

 

 

  ᠲᠠᠪᠢᠨ ᠨᠠᠢ᠍ᠮᠠᠳᠤᠭᠠᠷ ᠵᠦᠢᠯ   ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ᠂ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠪᠠ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ᠎ᠶᠢ ᠪᠠᠲᠤᠯᠠᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭᠰᠡᠨ᠎ᠦᠭᠡᠢ ᠪᠠᠢᠪᠠᠯ᠂ ᠲᠡᠭᠦᠨ᠎ᠦ ᠳᠡᠭᠡᠳᠦ ᠱᠠᠲᠤᠨ᠎ᠤ ᠪᠠᠢᠭᠤᠯᠭ᠎ᠠ ᠪᠤᠶᠤ ᠬᠢᠨᠠᠨ ᠪᠠᠢᠴᠠᠭᠠᠬᠤ ᠪᠠᠢᠭᠤᠯᠭ᠎ᠠ᠎ᠠᠴᠠ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ; ᠦᠢᠯᠡ ᠪᠠᠢᠳᠠᠯ᠎ᠨᠢ ᠬᠦᠨᠳᠦ ᠨᠣᠴᠢᠲᠠᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠱᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠦ ᠬᠠᠤᠯᠢ ᠶᠣᠰᠤᠭᠠᠷ ᠱᠢᠢᠳᠭᠡᠯ ᠥᠭᠭᠦᠨ᠎ᠡ᠃

 

  ᠲᠠᠪᠢ ᠶᠢᠰᠦᠳᠦᠭᠡᠷ ᠵᠦᠢᠯ   ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ᠂ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠪᠠ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ᠎ᠲᠦ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ᠎ᠶᠢᠨ ᠨᠢᠭᠡ᠎ᠨᠢ ᠪᠠᠢᠪᠠᠯ᠂ ᠲᠡᠭᠦᠨ᠎ᠦ ᠳᠡᠭᠡᠳᠦ ᠱᠠᠲᠤᠨ᠎ᠤ ᠪᠠᠢᠭᠤᠯᠭ᠎ᠠ ᠪᠤᠶᠤ ᠬᠢᠨᠠᠨ ᠪᠠᠢᠴᠠᠭᠠᠬᠤ ᠪᠠᠢᠭᠤᠯᠭ᠎ᠠ᠎ᠠᠴᠠ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ; ᠦᠢᠯᠡ ᠪᠠᠢᠳᠠᠯ᠎ᠨᠢ ᠬᠦᠨᠳᠦ ᠨᠣᠴᠢᠲᠠᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠱᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠦ ᠬᠠᠤᠯᠢ ᠶᠣᠰᠤᠭᠠᠷ ᠱᠢᠢᠳᠭᠡᠯ ᠥᠭᠭᠦᠨ᠎ᠡ᠄

 

   (ᠨᠢᠭᠡ) ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡᠨ᠎ᠦ ᠪᠡᠯᠡ ᠮᠥᠩᠭᠦ᠎ᠶᠢ ᠡᠵᠡᠯᠡᠭᠰᠡᠨ᠂ ᠨᠡᠭᠦᠯᠭᠡᠨ ᠬᠡᠷᠡᠭᠯᠡᠭᠰᠡᠨ;

 

   (ᠬᠣᠶᠠᠷ) ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠳᠤᠷ᠎ᠠ᠎ᠪᠠᠷ᠎ᠢᠶᠠᠨ ᠨᠤᠷᠠᠭᠠᠭᠰᠠᠨ᠂ ᠡᠵᠡᠯᠡᠭᠰᠡᠨ᠂ ᠨᠡᠭᠦᠯᠭᠡᠨ ᠬᠡᠷᠡᠭᠯᠡᠭᠰᠡᠨ ᠪᠤᠶᠤ ᠴᠢᠳᠠᠮᠵᠢ᠂ ᠬᠡᠷᠡᠭᠴᠡᠭᠡ᠎ᠶᠢ᠎ᠨᠢ ᠬᠤᠪᠢᠷᠠᠭᠤᠯᠤᠭᠰᠠᠨ᠂ ᠡᠰᠡᠬᠦᠯ᠎ᠡ ᠬᠡᠪ᠎ᠦᠨ ᠶᠣᠰᠤᠭᠠᠷ ᠠᠵᠢᠯᠯᠠᠬᠤ᠎ᠶᠢ᠎ᠨᠢ ᠬᠠᠷᠱᠢᠯᠠᠭᠰᠠᠨ;

 

    (ᠭᠤᠷᠪᠠ) ᠲᠤᠰ ᠬᠠᠤᠯᠢ᠎ᠶᠢᠨ ᠲᠣᠭᠲᠠᠭᠠᠯ ᠶᠣᠰᠤᠭᠠᠷ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢ ᠳᠠᠬᠢᠨ ᠪᠠᠢᠭᠤᠯᠤᠭᠰᠠᠨ᠎ᠦᠭᠡᠢ;

 

   (ᠳᠥᠷᠪᠡ) ᠡᠷᠬᠡ ᠲᠤᠱᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭᠯᠡᠭᠰᠡᠨ᠂ ᠡᠭᠦᠷᠭᠡ ᠲᠤᠱᠢᠶᠠᠯ᠎ᠳᠤ᠎ᠪᠠᠨ ᠣᠰᠤᠯᠳᠠᠭᠰᠠᠨ᠂ ᠬᠤᠪᠢ᠎ᠶᠢᠨ ᠨᠠᠢᠷ ᠬᠠᠷᠠᠵᠤ ᠬᠠᠤᠯᠢ ᠶᠣᠰᠤ᠎ᠶᠢ ᠵᠥᠷᠢᠴᠡᠭᠰᠡᠨ᠃

 

  ᠵᠢᠷᠠᠳᠤᠭᠠᠷ ᠵᠦᠢᠯ   ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ᠂ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠢ ᠡᠵᠡᠯᠡᠨ ᠠᠪᠤᠭᠰᠠᠨ ᠪᠤᠶᠤ ᠬᠡᠷᠡᠭᠴᠡᠭᠡ᠎ᠶᠢ᠎ᠨᠢ ᠳᠤᠷ᠎ᠠ᠎ᠪᠠᠷ᠎ᠢᠶᠠᠨ ᠬᠤᠪᠢᠷᠠᠭᠤᠯᠤᠭᠰᠠᠨ ᠪᠠᠢᠪᠠᠯ᠂ ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠤᠨ᠎ᠤ ᠭᠠᠵᠠᠷ ᠱᠢᠷᠤᠢ᠎ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠬᠣᠲᠠ ᠬᠥᠳᠡᠭᠡ᠎ᠶᠢᠨ ᠲᠥᠯᠦᠪᠵᠢᠭᠦᠯᠭᠡ᠎ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠲᠤᠰ᠎ᠤᠨ ᠲᠤᠱᠢᠶᠠᠯ ᠬᠠᠷᠢᠭᠤᠴᠠᠯᠭ᠎ᠠ᠎ᠪᠠᠨ ᠦᠨᠳᠦᠰᠦᠯᠡᠨ᠂ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ; ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ᠎ᠦᠭᠡᠢ ᠪᠠᠢᠪᠠᠯ᠂ ᠲᠣᠭᠲᠠᠭᠠᠯ ᠭᠠᠷᠭᠠᠭᠰᠠᠨ ᠪᠠᠢᠭᠤᠯᠭ᠎ᠠ᠎ᠠᠴᠠ ᠬᠠᠤᠯᠢ ᠶᠣᠰᠤᠭᠠᠷ ᠠᠯᠪᠠᠲᠠᠨ ᠭᠦᠢᠴᠡᠳᠭᠡᠭᠦᠯᠦᠨ᠎ᠡ᠂ ᠡᠰᠡᠬᠦᠯ᠎ᠡ ᠬᠠᠤᠯᠢ ᠶᠣᠰᠤᠭᠠᠷ ᠠᠷᠠᠳ᠎ᠤᠨ ᠱᠢᠭᠦᠬᠦ ᠬᠣᠷᠢᠶ᠎ᠠ᠎ᠳᠤ ᠭᠤᠶᠤᠴᠢᠯᠠᠯ ᠭᠠᠷᠭᠠᠵᠤ ᠠᠯᠪᠠᠲᠠᠨ ᠭᠦᠢᠴᠡᠳᠭᠡᠭᠦᠯᠦᠨ᠎ᠡ᠃

 

  ᠵᠢᠷᠠᠨ ᠨᠢᠭᠡᠳᠦᠭᠡᠷ ᠵᠦᠢᠯ   ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ᠂ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠬᠠᠮᠢᠶᠠᠷᠤᠯᠲᠠ᠎ᠶᠢᠨ ᠨᠢᠭᠡᠴᠢ᠎ᠳᠦ ᠳᠣᠣᠷ᠎ᠠ ᠵᠢᠭᠰᠠᠭᠠᠭᠰᠠᠨ ᠪᠠᠢᠳᠠᠯ᠎ᠤᠨ ᠨᠢᠭᠡ᠎ᠨᠢ ᠪᠠᠢᠪᠠᠯ᠂ ᠲᠡᠭᠦᠨ᠎ᠦ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠡᠴᠡ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ; ᠬᠦᠨᠳᠦ ᠨᠣᠴᠢᠲᠠᠢ ᠦᠷ᠎ᠡ ᠤᠷᠱᠢᠭ ᠲᠠᠲᠠᠭᠰᠠᠨ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠬᠥᠮᠦᠨ ᠪᠠ ᠱᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠦ ᠬᠠᠤᠯᠢ ᠶᠣᠰᠤᠭᠠᠷ ᠱᠢᠢᠳᠭᠡᠯ ᠥᠭᠭᠦᠨ᠎ᠡ᠄

 

   (ᠨᠢᠭᠡ) ᠲᠣᠭᠲᠠᠭᠠᠯ ᠶᠣᠰᠤᠭᠠᠷ ᠣᠯᠠᠨ ᠨᠡᠢᠲᠡ᠎ᠳᠦ ᠨᠡᠭᠡᠭᠡᠭᠰᠡᠨ᠎ᠦᠭᠡᠢ;

 

   (ᠬᠣᠶᠠᠷ) ᠦᠢᠯᠡᠴᠢᠯᠡᠭᠡᠨ᠎ᠦ ᠵᠦᠢᠯᠡᠰ᠂ ᠨᠡᠭᠡᠭᠡᠬᠦ ᠴᠠᠭ ᠵᠡᠷᠭᠡ ᠵᠦᠢᠯ᠎ᠢᠶᠡᠨ ᠵᠠᠷᠯᠠᠭᠰᠠᠨ᠎ᠦᠭᠡᠢ;

 

   (ᠭᠤᠷᠪᠠ) ᠠᠶᠤᠯᠭᠦᠢ᠎ᠶᠢᠨ ᠬᠠᠮᠢᠶᠠᠷᠤᠯᠲᠠ᠎ᠶᠢᠨ ᠳᠦᠷᠢᠮ ᠪᠠᠢᠭᠤᠯᠤᠭᠰᠠᠨ᠎ᠦᠭᠡᠢ;

 

   (ᠳᠥᠷᠪᠡ) ᠬᠠᠮᠢᠶᠠᠷᠤᠯᠲᠠ᠎ᠨᠢ ᠠᠨᠠᠢ᠎ᠠᠴᠠ ᠪᠣᠯᠵᠤ ᠬᠣᠬᠢᠷᠠᠯ ᠤᠴᠠᠷᠠᠭᠤᠯᠤᠭᠰᠠᠨ᠃

 

  ᠵᠢᠷᠠᠨ ᠬᠣᠶᠠᠳᠤᠭᠠᠷ ᠵᠦᠢᠯ   ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ᠂ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠬᠠᠮᠢᠶᠠᠷᠤᠯᠲᠠ᠎ᠶᠢᠨ ᠨᠢᠭᠡᠴᠢ᠎ᠳᠦ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ᠎ᠶᠢᠨ ᠨᠢᠭᠡ᠎ᠨᠢ ᠪᠠᠢᠪᠠᠯ᠂ ᠲᠡᠭᠦᠨ᠎ᠦ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠦᠨ᠎ᠡ ᠬᠠᠩᠱᠢ᠎ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠡᠴᠡ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠢ᠎ᠨᠢ ᠬᠣᠷᠢᠶᠠᠨ ᠠᠪᠤᠨ᠎ᠠ᠂ ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠨᠢ ᠲᠠᠪᠤᠨ ᠮᠢᠩᠭᠠᠨ ᠲᠥᠭᠦᠷᠢᠭ᠎ᠡᠴᠡ ᠳᠡᠭᠡᠭᠱᠢ ᠪᠠᠢᠪᠠᠯ᠂ ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠤᠨ ᠬᠢᠨᠢ ᠬᠣᠶᠠᠷ ᠳᠠᠬᠢᠨ᠎ᠠᠴᠠ ᠳᠡᠭᠡᠭᠱᠢ ᠲᠠᠪᠤᠨ ᠳᠠᠬᠢᠨ᠎ᠠᠴᠠ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠨᠡᠢᠯᠡᠭᠦᠯᠦᠨ ᠱᠢᠳᠭᠡᠨ᠎ᠡ; ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠦᠭᠡᠢ ᠪᠤᠶᠤ ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠨᠢ ᠲᠠᠪᠤᠨ ᠮᠢᠩᠭᠠᠨ ᠲᠥᠭᠦᠷᠢᠭ᠎ᠡᠴᠡ ᠳᠣᠭᠤᠭᠱᠢ ᠪᠠᠢᠪᠠᠯ᠂ ᠲᠦᠮᠡᠨ ᠲᠥᠭᠦᠷᠢᠭ᠎ᠡᠴᠡ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠳᠭᠡᠵᠦ ᠪᠣᠯᠤᠨ᠎ᠠ; ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠬᠥᠮᠦᠨ ᠪᠠ ᠱᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠦ ᠬᠠᠤᠯᠢ ᠶᠣᠰᠤᠭᠠᠷ  ᠱᠢᠢᠳᠭᠡᠯ ᠥᠭᠭᠦᠨ᠎ᠡ᠄

 

   (ᠨᠢᠭᠡ) ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠴᠢᠳᠠᠮᠵᠢ᠂ ᠬᠡᠷᠡᠭᠴᠡᠭᠡ᠎ᠲᠡᠢ ᠦᠯᠦ ᠨᠡᠢᠴᠡᠬᠦ ᠦᠢᠯᠡᠴᠢᠯᠡᠭᠡᠨ᠎ᠦ ᠠᠵᠢᠯᠯᠠᠭ᠎ᠠ ᠥᠷᠨᠢᠭᠦᠯᠦᠭᠰᠡᠨ;

 

   (ᠬᠣᠶᠠᠷ) ᠰᠦᠢᠳᠭᠡᠯ ᠬᠤᠷᠢᠶᠠᠬᠤ᠎ᠦᠭᠡᠢ᠎ᠪᠡᠷ ᠨᠡᠭᠡᠭᠡᠬᠦ ᠶᠣᠰᠤᠲᠠᠢ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠡᠴᠡ ᠰᠦᠢᠳᠭᠡᠯ ᠬᠤᠷᠢᠶᠠᠭᠰᠠᠨ ᠪᠤᠶᠤ ᠬᠡᠯᠪᠡᠷᠢ᠎ᠶᠢ᠎ᠨᠢ ᠥᠭᠡᠷᠡᠲᠦᠭᠦᠯᠦᠨ ᠰᠦᠢᠳᠭᠡᠯ ᠬᠤᠷᠢᠶᠠᠭᠰᠠᠨ;

 

   (ᠭᠤᠷᠪᠠ) ᠬᠤᠷᠢᠶᠠᠭᠰᠠᠨ ᠰᠦᠢᠳᠭᠡᠯ᠎ᠢᠶᠡᠨ ᠣᠯᠠᠨ ᠨᠡᠢᠲᠡ᠎ᠶᠢᠨ ᠰᠣᠶᠤᠯ᠎ᠤᠨ ᠲᠥᠬᠦᠭᠡᠷᠦᠮᠵᠢ᠎ᠶᠢᠨ ᠬᠠᠮᠠᠭᠠᠯᠠᠯᠲᠠ᠂ ᠬᠠᠮᠢᠶᠠᠷᠤᠯᠲᠠ ᠪᠠ ᠠᠵᠢᠯ ᠦᠢᠯᠡᠰ᠎ᠦᠨ ᠬᠥᠭᠵᠢᠯᠲᠡ᠎ᠳᠦ ᠬᠡᠷᠡᠭᠯᠡᠭᠰᠡᠨ᠎ᠦᠭᠡᠢ᠂ ᠪᠤᠰᠤᠳ ᠵᠦᠢᠯ᠎ᠳᠦ ᠨᠡᠭᠦᠯᠭᠡᠨ ᠬᠡᠷᠡᠭᠯᠡᠭᠰᠡᠨ᠃

 

  ᠵᠢᠷᠠᠨ ᠭᠤᠷᠪᠠᠳᠤᠭᠠᠷ ᠵᠦᠢᠯ   ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ᠂ ᠪᠤᠰᠤᠳ ᠬᠥᠮᠦᠨ᠎ᠦ ᠢᠷᠭᠡᠨ᠎ᠦ ᠬᠡᠷᠡᠭ᠎ᠦᠨ ᠡᠷᠬᠡ ᠠᠱᠢᠭ᠎ᠢ ᠬᠣᠬᠢᠷᠠᠭᠤᠯᠤᠭᠰᠠᠨ ᠪᠠᠢᠪᠠᠯ᠂ ᠬᠠᠤᠯᠢ ᠶᠣᠰᠤᠭᠠᠷ ᠢᠷᠭᠡᠨ᠎ᠦ ᠬᠡᠷᠡᠭ᠎ᠦᠨ ᠬᠠᠷᠢᠭᠤᠴᠠᠯᠭ᠎ᠠ ᠡᠭᠦᠷᠭᠡᠯᠡᠨ᠎ᠡ; ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠠᠢᠪᠠᠯ᠂ ᠳᠣᠲᠤᠭᠠᠳᠤ᠎ᠶᠢ ᠬᠠᠮᠠᠭᠠᠯᠠᠬᠤ ᠪᠠᠢᠭᠤᠯᠭ᠎ᠠ᠎ᠠᠴᠠ ᠬᠠᠤᠯᠢ ᠶᠣᠰᠤᠭᠠᠷ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶᠢᠨ ᠱᠢᠢᠳᠭᠡᠯ ᠥᠭᠭᠦᠨ᠎ᠡ; ᠶᠠᠯ᠎ᠠ ᠪᠣᠯᠵᠤ ᠪᠦᠷᠢᠯᠳᠦᠭᠰᠡᠨ ᠪᠠᠢᠪᠠᠯ᠂ ᠬᠠᠤᠯᠢ ᠶᠣᠰᠤᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

 

 

 

  ᠵᠢᠷᠭᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ

 

 

 

  ᠵᠢᠷᠠᠨ ᠳᠥᠷᠪᠡᠳᠦᠭᠡᠷ ᠵᠦᠢᠯ   ᠬᠢᠯᠢ᠎ᠶᠢᠨ ᠭᠠᠳᠠᠨᠠᠬᠢ ᠪᠠᠢᠭᠠᠯᠢ ᠬᠥᠮᠦᠨ᠂ ᠬᠠᠤᠯᠢ᠎ᠶᠢᠨ ᠬᠥᠮᠦᠨ ᠪᠣᠯᠤᠨ ᠪᠤᠰᠤᠳ ᠵᠣᠬᠢᠶᠠᠨ ᠪᠠᠢᠭᠤᠯᠤᠯᠲᠠ ᠳᠤᠮᠳᠠᠳᠤ ᠤᠯᠤᠰ᠎ᠤᠨ ᠬᠢᠯᠢ᠎ᠶᠢᠨ ᠳᠣᠲᠤᠷ᠎ᠠ ᠣᠯᠠᠨ ᠨᠡᠢᠲᠡ᠎ᠶᠢᠨ ᠰᠣᠶᠤᠯ᠎ᠤᠨ ᠦᠢᠯᠡᠴᠢᠯᠡᠭᠡ ᠡᠷᠬᠢᠯᠡᠬᠦ᠎ᠳᠦ᠂ ᠬᠣᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠤᠨ ᠲᠣᠭᠲᠠᠭᠠᠯ᠎ᠳᠤ ᠨᠡᠢᠴᠡᠬᠦ ᠬᠡᠷᠡᠭᠲᠡᠢ᠃

 

  ᠵᠢᠷᠠᠨ ᠲᠠᠪᠤᠳᠤᠭᠠᠷ ᠵᠦᠢᠯ   ᠲᠤᠰ ᠬᠠᠤᠯᠢ᠎ᠶᠢ 2017 ᠣᠨ᠎ᠤ 3 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604