ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠶᠢᠨ ᠬᠠᠤᠯᠢ (ᠬᠣᠶᠠᠳᠤᠭᠠᠷ ᠪᠦᠯᠦᠭ)
2019.11.07

  

   (1993 ᠣᠨ᠎ᠤ 12 ᠰᠠᠷ᠎ᠠ᠎ᠶᠢᠨ 29᠎ᠦ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ

  1999 ᠣᠨ᠎ᠤ 12 ᠰᠠᠷ᠎ᠠ᠎ᠶᠢᠨ 25᠎ᠤ ᠡᠳᠦᠷ᠎ᠦᠨ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠭᠤᠷᠪᠠᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ

  2004 ᠣᠨ᠎ᠤ 8 ᠰᠠᠷ᠎ᠠ᠎ᠶᠢᠨ 28᠎ᠤ ᠡᠳᠦᠷ᠎ᠦᠨ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ

  2005 ᠣᠨ᠎ᠤ 10 ᠰᠠᠷ᠎ᠠ᠎ᠶᠢᠨ 27᠎ᠤ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠵᠠᠰᠠᠪᠤᠷᠢ ᠣᠷᠤᠭᠤᠯᠪᠠ

  2013 ᠣᠨ᠎ᠤ 12 ᠰᠠᠷ᠎ᠠ᠎ᠶᠢᠨ 28᠎ᠤ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ᠎ᠶᠢᠨ ᠣᠷᠴᠢᠨ ᠠᠬᠤᠢ᠎ᠶᠢ ᠬᠠᠮᠠᠭᠠᠯᠠᠬᠤ ᠬᠠᠤᠯᠢ〉 ᠵᠡᠷᠭᠡ ᠳᠣᠯᠤᠭᠠᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ)

 

 

      ᠬᠣᠶᠠᠳᠤᠭᠠᠷ ᠪᠦᠯᠦᠭ   ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠢᠭᠤᠯᠬᠤ ᠪᠠ ᠲᠡᠭᠦᠨ᠎ᠦ ᠵᠣᠬᠢᠶᠠᠨ ᠪᠠᠢᠭᠤᠯᠤᠯᠲᠠ᠎ᠶᠢᠨ ᠪᠠᠢᠭᠤᠯᠤᠮᠵᠢ

 

    ᠨᠢᠭᠡᠳᠦᠭᠡᠷ ᠬᠡᠰᠡᠭ   ᠪᠠᠢᠭᠤᠯᠬᠤ

 

  ᠬᠣᠷᠢᠨ ᠭᠤᠷᠪᠠᠳᠤᠭᠠᠷ ᠵᠦᠢᠯ   ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠢᠭᠤᠯᠬᠤ᠎ᠳᠤ ᠳᠣᠣᠷ᠎ᠠ ᠵᠢᠭᠰᠠᠭᠠᠭᠰᠠᠨ ᠨᠥᠬᠦᠴᠡᠯ᠎ᠢ ᠪᠦᠷᠢᠳᠦᠭᠦᠯᠦᠭᠰᠡᠨ ᠪᠠᠢᠬᠤ ᠬᠡᠷᠡᠭᠲᠡᠢ᠄

  (ᠨᠢᠭᠡ) ᠬᠤᠪᠢ ᠣᠷᠤᠭᠤᠯᠤᠭᠴᠢᠳ᠎ᠨᠢ ᠬᠠᠤᠯᠢ᠎ᠪᠠᠷ ᠲᠣᠭᠲᠠᠭᠠᠭᠰᠠᠨ ᠬᠥᠮᠦᠨ᠎ᠦ ᠲᠣᠭᠠᠨ᠎ᠳᠤ ᠨᠡᠢᠴᠡᠬᠦ;

  (ᠬᠣᠶᠠᠷ) ᠺᠣᠮᠫᠠᠨᠢ᠎ᠶᠢᠨ ᠳᠦᠷᠢᠮ᠎ᠦᠨ ᠲᠣᠭᠲᠠᠭᠠᠯ᠎ᠳᠤ ᠨᠡᠢᠴᠡᠬᠦ ᠪᠦᠬᠦ ᠬᠤᠪᠢ ᠣᠷᠤᠭᠤᠯᠤᠭᠴᠢ᠎ᠶᠢᠨ ᠳᠠᠭᠠᠭᠠᠨ ᠲᠤᠱᠢᠶᠠᠬᠤ ᠪᠡᠯᠡ ᠭᠠᠷᠭᠠᠭᠰᠠᠨ ᠲᠣᠭ᠎ᠠ᠎ᠲᠠᠢ ᠪᠠᠢᠬᠤ;

  (ᠭᠤᠷᠪᠠ) ᠺᠣᠮᠫᠠᠨᠢ᠎ᠶᠢᠨ ᠳᠦᠷᠢᠮ᠎ᠢ ᠬᠤᠪᠢ ᠣᠷᠤᠭᠤᠯᠤᠭᠴᠢᠳ ᠬᠠᠮᠲᠤ᠎ᠪᠠᠷ ᠲᠣᠭᠲᠠᠭᠠᠭᠰᠠᠨ;

  (ᠳᠥᠷᠪᠡ) ᠺᠣᠮᠫᠠᠨᠢ᠎ᠶᠢᠨ ᠨᠡᠷᠡᠢᠳᠦᠯ᠎ᠲᠡᠢ ᠪᠠᠢᠵᠤ᠂ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠱᠠᠭᠠᠷᠳᠠᠯᠭ᠎ᠠ᠎ᠳᠤ ᠨᠡᠢᠴᠡᠭᠰᠡᠨ ᠵᠣᠬᠢᠶᠠᠨ ᠪᠠᠢᠭᠤᠯᠤᠯᠲᠠ᠎ᠶᠢᠨ ᠪᠠᠢᠭᠤᠯᠤᠮᠵᠢ ᠪᠠᠢᠭᠤᠯᠤᠭᠰᠠᠨ;

  (ᠲᠠᠪᠤ) ᠺᠣᠮᠫᠠᠨᠢ᠎ᠶᠢᠨ ᠣᠷᠤᠨ ᠰᠠᠭᠤᠴᠠ᠎ᠲᠠᠢ ᠪᠠᠢᠬᠤ᠃

  ᠬᠣᠷᠢᠨ ᠳᠥᠷᠪᠡᠳᠦᠭᠡᠷ ᠵᠦᠢᠯ   ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢ ᠲᠠᠪᠢ᠎ᠠᠴᠠ ᠳᠣᠭᠤᠭᠱᠢ ᠬᠤᠪᠢ ᠣᠷᠤᠭᠤᠯᠤᠭᠴᠢ ᠪᠡᠯᠡ ᠭᠠᠷᠭᠠᠵᠤ ᠪᠠᠢᠭᠤᠯᠤᠨ᠎ᠠ᠃

  ᠬᠣᠷᠢᠨ ᠲᠠᠪᠤᠳᠤᠭᠠᠷ ᠵᠦᠢᠯ   ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠳᠦᠷᠢᠮ᠎ᠳᠦ ᠳᠣᠣᠷ᠎ᠠ ᠵᠢᠭᠰᠠᠭᠠᠭᠰᠠᠨ ᠵᠦᠢᠯ᠎ᠢ ᠲᠣᠳᠤᠷᠬᠠᠢ ᠪᠢᠴᠢᠭᠰᠡᠨ ᠪᠠᠢᠬᠤ ᠬᠡᠷᠡᠭᠲᠡᠢ᠄

  (ᠨᠢᠭᠡ) ᠺᠣᠮᠫᠠᠨᠢ᠎ᠶᠢᠨ ᠨᠡᠷᠡᠢᠳᠦᠯ ᠪᠠ ᠣᠷᠤᠨ ᠰᠠᠭᠤᠴᠠ;

  (ᠬᠣᠶᠠᠷ) ᠺᠣᠮᠫᠠᠨᠢ᠎ᠶᠢᠨ ᠡᠵᠡᠩᠨᠡᠯᠲᠡ᠎ᠶᠢᠨ ᠬᠡᠪᠴᠢᠶ᠎ᠡ;

  (ᠭᠤᠷᠪᠠ) ᠺᠣᠮᠫᠠᠨᠢ᠎ᠶᠢᠨ ᠳᠠᠩᠰᠠᠯᠠᠭᠤᠯᠤᠭᠰᠠᠨ ᠬᠥᠷᠦᠩᠭᠡ;

  (ᠳᠥᠷᠪᠡ) ᠬᠤᠪᠢ ᠣᠷᠤᠭᠤᠯᠤᠭᠴᠢ᠎ᠶᠢᠨ ᠣᠪᠤᠭ᠎ᠨᠡᠷ᠎ᠡ ᠪᠤᠶᠤ ᠨᠡᠷᠡᠢᠳᠦᠯ;

  (ᠲᠠᠪᠤ) ᠬᠤᠪᠢ ᠣᠷᠤᠭᠤᠯᠤᠭᠴᠢ᠎ᠶᠢᠨ ᠪᠡᠯᠡ ᠭᠠᠷᠭᠠᠬᠤ ᠠᠷᠭ᠎ᠠ ᠮᠠᠶᠢᠭ᠂ ᠪᠡᠯᠡ ᠭᠠᠷᠭᠠᠬᠤ ᠲᠣᠭ᠎ᠠ ᠪᠠ ᠪᠡᠯᠡ ᠭᠠᠷᠭᠠᠬᠤ ᠴᠠᠭ;

  (ᠵᠢᠷᠭᠤᠭ᠎ᠠ) ᠺᠣᠮᠫᠠᠨᠢ᠎ᠶᠢᠨ ᠪᠠᠢᠭᠤᠯᠤᠮᠵᠢ ᠵᠢᠴᠢ ᠲᠡᠭᠦᠨ᠎ᠢ ᠪᠠᠢᠭᠤᠯᠬᠤ ᠠᠷᠭ᠎ᠠ᠂ ᠡᠷᠬᠡ ᠲᠤᠱ᠌ᠢᠶᠠᠯ᠂ ᠬᠡᠷᠡᠭ ᠵᠥᠪᠯᠡᠬᠦ ᠳᠦᠷᠢᠮ;

  (ᠳᠣᠯᠤᠭ᠎ᠠ) ᠺᠣᠮᠫᠠᠨᠢ᠎ᠶᠢᠨ ᠬᠠᠤᠯᠢ᠎ᠪᠠᠷ ᠲᠣᠭᠲᠠᠭᠠᠭᠰᠠᠨ ᠲᠥᠯᠦᠭᠡᠯᠡᠭᠴᠢ;

  (ᠨᠠᠢ᠍ᠮᠠ) ᠬᠤᠪᠢ ᠣᠷᠤᠭᠤᠯᠤᠭᠴᠢᠳ᠎ᠤᠨ ᠵᠥᠪᠯᠡᠯ᠎ᠦᠨ ᠬᠤᠷᠠᠯᠳᠤᠭᠠᠨ᠎ᠠᠴᠠ ᠲᠣᠭᠲᠠᠭᠠᠬᠤ ᠴᠢᠬᠤᠯᠠᠲᠠᠢ ᠭᠡᠵᠦ ᠦᠵᠡᠭᠰᠡᠨ ᠪᠤᠰᠤᠳ ᠵᠦᠢᠯ᠃

  ᠬᠤᠪᠢ ᠣᠷᠤᠭᠤᠯᠤᠭᠴᠢ ᠺᠣᠮᠫᠠᠨᠢ᠎ᠶᠢᠨ ᠳᠦᠷᠢᠮ ᠳᠡᠭᠡᠷ᠎ᠡ ᠭᠠᠷ᠎ᠤᠨ ᠦᠰᠦᠭ ᠵᠢᠷᠤᠵᠤ᠂ ᠲᠠᠮᠠᠭ᠎ᠠ᠎ᠪᠠᠨ ᠳᠠᠷᠤᠬᠤ ᠬᠡᠷᠡᠭᠲᠡᠢ᠃

  ᠬᠣᠷᠢᠨ ᠵᠢᠷᠭᠤᠳᠤᠭᠠᠷ ᠵᠦᠢᠯ   ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠳᠠᠩᠰᠠᠯᠠᠭᠤᠯᠤᠭᠰᠠᠨ ᠬᠥᠷᠦᠩᠭᠡ ᠪᠣᠯ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠳᠠᠩᠰᠠᠯᠠᠭᠤᠯᠤᠭᠰᠠᠨ ᠪᠦᠬᠦ ᠬᠤᠪᠢ ᠣᠷᠤᠭᠤᠯᠤᠭᠴᠢ᠎ᠶᠢᠨ ᠳᠠᠭᠠᠭᠠᠨ ᠲᠤᠱᠢᠶᠠᠭᠰᠠᠨ ᠪᠡᠯᠡ ᠭᠠᠷᠭᠠᠭᠰᠠᠨ ᠲᠣᠭ᠎ᠠ ᠪᠣᠯᠤᠨ᠎ᠠ᠃

  ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠵᠢᠴᠢ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠲᠣᠭᠲᠠᠭᠠᠯ᠎ᠳᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠳᠠᠩᠰᠠᠯᠠᠭᠤᠯᠤᠭᠰᠠᠨ ᠬᠥᠷᠦᠩᠭᠡ᠎ᠶᠢᠨ ᠪᠣᠳᠠᠲᠠᠢ ᠲᠤᠱᠢᠶᠠᠭᠰᠠᠨ᠂ ᠳᠠᠩᠰᠠᠯᠠᠭᠤᠯᠤᠭᠰᠠᠨ ᠬᠥᠷᠦᠩᠭᠡ᠎ᠶᠢᠨ ᠬᠠᠮᠤᠭ ᠳᠣᠣᠷ᠎ᠠ ᠬᠢᠵᠠᠭᠠᠷ ᠲᠣᠭᠠᠨ᠎ᠳᠤ ᠠᠰᠲᠠᠭᠠᠨ ᠲᠣᠭᠲᠠᠭᠠᠯ᠎ᠲᠠᠢ ᠪᠠᠢᠪᠠᠯ᠂ ᠲᠡᠷᠡ ᠲᠣᠭᠲᠠᠭᠠᠯ᠎ᠢ ᠵᠢᠷᠤᠮᠯᠠᠨ᠎ᠠ᠃

  ᠬᠣᠷᠢᠨ ᠳᠣᠯᠤᠳᠤᠭᠠᠷ ᠵᠦᠢᠯ   ᠬᠤᠪᠢ ᠣᠷᠤᠭᠤᠯᠤᠭᠴᠢ ᠵᠣᠭᠤᠰ᠎ᠢᠶᠠᠷ ᠪᠡᠯᠡ ᠭᠠᠷᠭᠠᠵᠤ ᠪᠣᠯᠤᠨ᠎ᠠ᠂ ᠪᠣᠳᠠᠲᠤ ᠶᠠᠭᠤᠮ᠎ᠠ᠂ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠂ ᠭᠠᠵᠠᠷ ᠱᠢᠷᠤᠢ ᠬᠡᠷᠡᠭᠯᠡᠬᠦ ᠡᠷᠬᠡ ᠵᠡᠷᠭᠡ ᠵᠣᠭᠤᠰ᠎ᠢᠶᠠᠷ ᠦᠨᠡᠯᠡᠵᠦ ᠪᠣᠯᠬᠤ ᠪᠥᠭᠡᠳ ᠬᠠᠤᠯᠢ ᠶᠣᠰᠤᠭᠠᠷ ᠱᠢᠯᠵᠢᠭᠦᠯᠦᠨ ᠥᠭᠴᠦ ᠪᠣᠯᠬᠤ ᠵᠣᠭᠤᠰ ᠪᠤᠰᠤ ᠡᠳ᠋ ᠬᠥᠷᠦᠩᠭᠡ᠎ᠪᠡᠷ ᠦᠨ᠎ᠡ ᠲᠣᠭᠲᠠᠭᠠᠵᠤ ᠪᠡᠯᠡ ᠭᠠᠷᠭᠠᠵᠤ ᠪᠣᠯᠤᠨ᠎ᠠ; ᠭᠡᠪᠡᠴᠦ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠳᠤ ᠪᠡᠯᠡ ᠭᠠᠷᠭᠠᠬᠤ ᠡᠳ᠋ ᠬᠥᠷᠦᠩᠭᠡ ᠪᠣᠯᠭᠠᠵᠤ ᠪᠣᠯᠬᠤ᠎ᠦᠭᠡᠢ ᠭᠡᠵᠦ ᠲᠣᠭᠲᠠᠭᠠᠭᠰᠠᠨ ᠵᠦᠢᠯ ᠡᠭᠦᠨ᠎ᠳᠦ ᠪᠠᠭᠲᠠᠬᠤ᠎ᠦᠭᠡᠢ᠃

  ᠪᠡᠯᠡ ᠪᠣᠯᠭᠠᠨ ᠭᠠᠷᠭᠠᠬᠤ ᠵᠣᠭᠤᠰ ᠪᠤᠰᠤ ᠡᠳ᠋ ᠬᠥᠷᠦᠩᠭᠡ᠎ᠶᠢ ᠦᠨᠡᠯᠡᠨ ᠵᠢᠱ᠌ᠢᠵᠦ ᠦᠨ᠎ᠡ ᠲᠣᠭᠲᠠᠭᠠᠵᠤ᠂ ᠡᠳ᠋ ᠬᠥᠷᠦᠩᠭᠡ᠎ᠶᠢ᠎ᠨᠢ ᠬᠢᠨᠠᠨ ᠬᠠᠷᠭᠤᠭᠤᠯᠬᠤ ᠬᠡᠷᠡᠭᠲᠡᠢ᠂ ᠥᠨᠳᠦᠷ ᠦᠨᠡᠯᠡᠬᠦ ᠪᠤᠶᠤ ᠳᠣᠣᠷ᠎ᠠ ᠦᠨᠡᠯᠡᠨ ᠦᠨ᠎ᠡ ᠲᠣᠭᠲᠠᠭᠠᠵᠤ ᠪᠣᠯᠬᠤ᠎ᠦᠭᠡᠢ᠃ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠳᠤ ᠦᠨᠡᠯᠡᠨ ᠵᠢᠱ᠌ᠢᠵᠦ ᠦᠨ᠎ᠡ ᠲᠣᠭᠲᠠᠭᠠᠬᠤ ᠲᠤᠬᠠᠢ ᠲᠣᠭᠲᠠᠭᠠᠯ᠎ᠲᠠᠢ ᠪᠠᠢᠪᠠᠯ ᠲᠡᠷᠡ ᠲᠣᠭᠲᠠᠭᠠᠯ᠎ᠢ ᠵᠢᠷᠤᠮᠯᠠᠨ᠎ᠠ᠃

  ᠬᠣᠷᠢᠨ ᠨᠠᠢ᠍ᠮᠠᠳᠤᠭᠠᠷ ᠵᠦᠢᠯ   ᠬᠤᠪᠢ ᠣᠷᠤᠭᠤᠯᠤᠭᠴᠢᠳ ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠲᠤᠰ ᠲᠤᠰ᠎ᠲᠤ᠎ᠪᠠᠨ ᠲᠤᠱᠢᠶᠠᠬᠤ᠎ᠪᠠᠷ ᠳᠠᠭᠠᠭᠠᠵᠤ ᠠᠪᠤᠭᠰᠠᠨ ᠪᠡᠯᠡ᠎ᠪᠡᠨ ᠬᠤᠭᠤᠴᠠᠭ᠎ᠠ ᠶᠣᠰᠤᠭᠠᠷ ᠭᠦᠢᠴᠡᠳ ᠲᠣᠭ᠎ᠠ᠎ᠪᠠᠷ ᠲᠤᠱᠢᠶᠠᠬᠤ ᠬᠡᠷᠡᠭᠲᠡᠢ᠃ ᠬᠤᠪᠢ ᠣᠷᠤᠭᠤᠯᠤᠭᠴᠢ ᠵᠣᠭᠤᠰ᠎ᠢᠶᠠᠷ ᠪᠡᠯᠡ ᠭᠠᠷᠭᠠᠭᠰᠠᠨ ᠪᠠᠢᠪᠠᠯ᠂ ᠵᠣᠭᠤᠰ᠎ᠢᠶᠠᠷ ᠭᠠᠷᠭᠠᠬᠤ ᠪᠡᠯᠡ᠎ᠪᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠪᠠᠩᠬᠢ᠎ᠳᠤ ᠭᠠᠷᠭᠠᠭᠰᠠᠨ ᠳᠠᠩᠰᠠᠨ ᠡᠷᠦᠬᠡ᠎ᠳᠦ ᠭᠦᠢᠴᠡᠳ ᠲᠣᠭ᠎ᠠ᠎ᠪᠠᠷ ᠬᠠᠳᠠᠭᠠᠯᠠᠨ ᠣᠷᠤᠭᠤᠯᠬᠤ ᠬᠡᠷᠡᠭᠲᠡᠢ; ᠵᠣᠭᠤᠰ ᠪᠤᠰᠤ  ᠡᠳ᠋ ᠬᠥᠷᠦᠩᠭᠡ᠎ᠪᠡᠷ ᠪᠡᠯᠡ ᠭᠠᠷᠭᠠᠭᠰᠠᠨ ᠪᠠᠢᠪᠠᠯ᠂  ᠡᠳ᠋ ᠬᠥᠷᠦᠩᠭᠡ᠎ᠶᠢᠨ ᠡᠷᠬᠡ᠎ᠪᠡᠨ ᠱᠢᠯᠵᠢᠭᠦᠯᠬᠦ ᠭᠠᠷ ᠭᠦᠢᠴᠡᠳᠭᠡᠯ᠎ᠢ ᠬᠠᠤᠯᠢ ᠶᠣᠰᠤᠭᠠᠷ ᠬᠢᠬᠦ ᠬᠡᠷᠡᠭᠲᠡᠢ᠃

  ᠬᠤᠪᠢ ᠣᠷᠤᠭᠤᠯᠤᠭᠴᠢ ᠡᠮᠦᠨᠡᠬᠢ ᠪᠠᠳᠠᠭ᠎ᠤᠨ ᠲᠣᠭᠲᠠᠭᠠᠯ ᠶᠣᠰᠤᠭᠠᠷ ᠭᠠᠷᠭᠠᠬᠤ ᠪᠡᠯᠡ᠎ᠪᠡᠨ ᠲᠤᠱᠢᠶᠠᠭᠰᠠᠨ᠎ᠦᠭᠡᠢ ᠪᠠᠢᠪᠠᠯ᠂ ᠺᠣᠮᠫᠠᠨᠢ᠎ᠳᠤ ᠭᠦᠢᠴᠡᠳ ᠲᠣᠭ᠎ᠠ᠎ᠪᠠᠷ ᠲᠤᠱᠢᠶᠠᠬᠤ᠎ᠠᠴᠠ ᠭᠠᠳᠠᠨ᠎ᠠ ᠪᠠᠰᠠ ᠭᠠᠷᠭᠠᠬᠤ ᠪᠡᠯᠡ᠎ᠪᠡᠨ ᠬᠤᠭᠤᠴᠠᠭ᠎ᠠ ᠶᠣᠰᠤᠭᠠᠷ ᠭᠦᠢᠴᠡᠳ ᠲᠣᠭ᠎ᠠ᠎ᠪᠠᠷ ᠲᠤᠱᠢᠶᠠᠭᠰᠠᠨ ᠬᠤᠪᠢ ᠣᠷᠤᠭᠤᠯᠤᠭᠴᠢᠳ᠎ᠲᠤ ᠭᠡᠷ᠎ᠡ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃

  ᠬᠣᠷᠢ ᠶᠢᠰᠦᠳᠦᠭᠡᠷ ᠵᠦᠢᠯ   ᠬᠤᠪᠢ ᠣᠷᠤᠭᠤᠯᠤᠭᠴᠢ ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠳᠠᠭᠠᠭᠠᠨ ᠲᠤᠱᠢᠶᠠᠬᠤ ᠪᠡᠯᠡ ᠭᠠᠷᠭᠠᠬᠤ ᠲᠣᠭ᠎ᠠ᠎ᠶᠢ ᠮᠡᠳᠡᠷᠡᠭᠰᠡᠨ᠎ᠦ ᠳᠠᠷᠠᠭ᠎ᠠ᠂ ᠪᠦᠬᠦ ᠬᠤᠪᠢ ᠣᠷᠤᠭᠤᠯᠤᠭᠴᠢ᠎ᠶᠢᠨ ᠵᠢᠭᠠᠨ ᠲᠣᠭᠲᠠᠭᠠᠭᠰᠠᠨ ᠲᠥᠯᠦᠭᠡᠯᠡᠭᠴᠢ ᠪᠤᠶᠤ ᠬᠠᠮᠲᠤ᠎ᠪᠠᠷ ᠨᠠᠢᠳᠠᠭᠰᠠᠨ ᠣᠷᠤᠯᠠᠭᠴᠢ᠎ᠠᠴᠠ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠺᠣᠮᠫᠠᠨᠢ ᠳᠠᠩᠰᠠᠯᠠᠭᠤᠯᠬᠤ ᠭᠤᠶᠤᠴᠢᠯᠠᠯ᠎ᠤᠨ ᠪᠢᠴᠢᠭ᠂ ᠺᠣᠮᠫᠠᠨᠢ᠎ᠶᠢᠨ ᠳᠦᠷᠢᠮ ᠵᠡᠷᠭᠡ ᠪᠢᠴᠢᠭ ᠮᠠᠲᠧᠷᠢᠶᠠᠯ᠎ᠢᠶᠠᠨ ᠮᠡᠳᠡᠭᠦᠯᠦᠨ ᠬᠦᠷᠭᠡᠵᠦ᠂ ᠪᠠᠢᠭᠤᠯᠬᠤ᠎ᠪᠠᠨ ᠳᠠᠩᠰᠠᠯᠠᠭᠤᠯᠬᠤ ᠭᠤᠶᠤᠴᠢᠯᠠᠯ ᠭᠠᠷᠭᠠᠨ᠎ᠠ᠃

  ᠭᠤᠴᠢᠳᠤᠭᠠᠷ ᠵᠦᠢᠯ   ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠢᠭᠤᠯᠤᠭᠳᠠᠭᠰᠠᠨ᠎ᠤ ᠳᠠᠷᠠᠭ᠎ᠠ᠂ ᠺᠣᠮᠫᠠᠨᠢ ᠪᠠᠢᠭᠤᠯᠬᠤ᠎ᠶᠢᠨ ᠪᠡᠯᠡ ᠪᠣᠯᠭᠠᠵᠤ ᠭᠠᠷᠭᠠᠭᠰᠠᠨ ᠵᠣᠭᠤᠰ ᠪᠤᠰᠤ ᠡᠳ᠋ ᠬᠥᠷᠦᠩᠭᠡ᠎ᠶᠢᠨ ᠪᠣᠳᠠᠲᠠᠢ ᠦᠨ᠎ᠡ᠎ᠶᠢᠨ ᠲᠣᠭ᠎ᠠ᠎ᠨᠢ ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠦᠨ᠎ᠡ᠎ᠶᠢᠨ ᠲᠣᠭ᠎ᠠ᠎ᠠᠴᠠ ᠢᠯᠡᠳᠲᠡ ᠳᠣᠣᠷ᠎ᠠ ᠪᠠᠢᠬᠤ᠎ᠶᠢ ᠣᠯᠵᠤ ᠮᠡᠳᠡᠪᠡᠯ᠂ ᠲᠤᠰ ᠭᠠᠷᠭᠠᠬᠤ ᠪᠡᠯᠡ᠎ᠶᠢ ᠲᠤᠱᠢᠶᠠᠭᠰᠠᠨ ᠬᠤᠪᠢ ᠣᠷᠤᠭᠤᠯᠤᠭᠴᠢ᠎ᠠᠴᠠ ᠳᠤᠲᠠᠭᠤ ᠬᠡᠰᠡᠭ᠎ᠢ᠎ᠨᠢ ᠨᠥᠬᠦᠨ ᠭᠦᠢᠴᠡᠳᠭᠡᠬᠦ ᠬᠡᠷᠡᠭᠲᠡᠢ; ᠺᠣᠮᠫᠠᠨᠢ ᠪᠠᠢᠭᠤᠯᠬᠤ ᠦᠶ᠎ᠡ᠎ᠶᠢᠨ ᠪᠤᠰᠤᠳ ᠬᠤᠪᠢ ᠣᠷᠤᠭᠤᠯᠤᠭᠴᠢ᠎ᠨᠢ ᠡᠭᠦᠨ᠎ᠳᠦ ᠬᠣᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃

  ᠭᠤᠴᠢᠨ ᠨᠢᠭᠡᠳᠦᠭᠡᠷ ᠵᠦᠢᠯ   ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠢᠭᠤᠯᠤᠭᠳᠠᠭᠰᠠᠨ᠎ᠤ ᠳᠠᠷᠠᠭ᠎ᠠ ᠬᠤᠪᠢ ᠣᠷᠤᠭᠤᠯᠤᠭᠴᠢ᠎ᠳᠤ ᠭᠠᠷ᠎ᠤᠨ ᠦᠰᠦᠭ ᠵᠢᠷᠤᠭᠰᠠᠨ ᠪᠡᠯᠡ ᠭᠠᠷᠭᠠᠭᠰᠠᠨ ᠭᠡᠷᠡᠴᠢ ᠪᠢᠴᠢᠭ ᠥᠭᠬᠦ ᠬᠡᠷᠡᠭᠲᠡᠢ᠃

  ᠪᠡᠯᠡ ᠭᠠᠷᠭᠠᠭᠰᠠᠨ ᠭᠡᠷᠡᠴᠢ ᠪᠢᠴᠢᠭ᠎ᠲᠦ ᠳᠣᠣᠷ᠎ᠠ ᠵᠢᠭᠰᠠᠭᠠᠭᠰᠠᠨ ᠵᠦᠢᠯ᠎ᠢ ᠲᠣᠳᠤᠷᠬᠠᠢ ᠲᠡᠮᠳᠡᠭᠯᠡᠭᠰᠡᠨ ᠪᠠᠢᠬᠤ ᠬᠡᠷᠡᠭᠲᠡᠢ᠄

  (ᠨᠢᠭᠡ) ᠺᠣᠮᠫᠠᠨᠢ᠎ᠶᠢᠨ ᠨᠡᠷᠡᠢᠳᠦᠯ;

  (ᠬᠣᠶᠠᠷ) ᠺᠣᠮᠫᠠᠨᠢ ᠪᠠᠢᠭᠤᠯᠤᠭᠳᠠᠭᠰᠠᠨ ᠡᠳᠦᠷ ᠬᠤᠭᠤᠴᠠᠭ᠎ᠠ;

  (ᠭᠤᠷᠪᠠ) ᠺᠣᠮᠫᠠᠨᠢ᠎ᠶᠢᠨ ᠳᠠᠩᠰᠠᠯᠠᠭᠤᠯᠤᠭᠰᠠᠨ ᠬᠥᠷᠦᠩᠭᠡ;

  (ᠳᠥᠷᠪᠡ) ᠬᠤᠪᠢ ᠣᠷᠤᠭᠤᠯᠤᠭᠴᠢ᠎ᠶᠢᠨ ᠣᠪᠤᠭ᠎ᠨᠡᠷ᠎ᠡ ᠪᠤᠶᠤ ᠨᠡᠷᠡᠢᠳᠦᠯ᠂ ᠲᠤᠱᠢᠶᠠᠭᠰᠠᠨ ᠪᠡᠯᠡ ᠭᠠᠷᠭᠠᠭᠰᠠᠨ ᠲᠣᠭ᠎ᠠ ᠪᠠ ᠪᠡᠯᠡ ᠭᠠᠷᠭᠠᠭᠰᠠᠨ ᠡᠳᠦᠷ ᠬᠤᠭᠤᠴᠠᠭ᠎ᠠ;

  (ᠲᠠᠪᠤ) ᠪᠡᠯᠡ ᠭᠠᠷᠭᠠᠭᠰᠠᠨ ᠭᠡᠷᠡᠴᠢ ᠪᠢᠴᠢᠭ᠎ᠦᠨ ᠳ᠋ᠤᠭᠠᠷᠯᠠᠯ ᠪᠠ ᠬᠢᠨᠠᠨ ᠣᠯᠭᠤᠭᠰᠠᠨ ᠡᠳᠦᠷ ᠬᠤᠭᠤᠴᠠᠭ᠎ᠠ᠃

  ᠪᠡᠯᠡ ᠭᠠᠷᠭᠠᠭᠰᠠᠨ ᠭᠡᠷᠡᠴᠢ ᠪᠢᠴᠢᠭ᠎ᠲᠦ ᠺᠣᠮᠫᠠᠨᠢ ᠲᠠᠮᠠᠭ᠎ᠠ᠎ᠪᠠᠨ ᠳᠠᠷᠤᠨ᠎ᠠ᠃

  ᠭᠤᠴᠢᠨ ᠬᠣᠶᠠᠳᠤᠭᠠᠷ ᠵᠦᠢᠯ   ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠤᠪᠢ ᠣᠷᠤᠭᠤᠯᠤᠭᠴᠢᠳ᠎ᠤᠨ ᠨᠡᠷᠡᠰ᠎ᠦᠨ ᠳᠠᠩᠰᠠ ᠵᠣᠬᠢᠶᠠᠵᠤ᠂ ᠳᠣᠣᠷ᠎ᠠ ᠵᠢᠭᠰᠠᠭᠠᠭᠰᠠᠨ ᠵᠦᠢᠯᠡᠰ᠎ᠢ ᠲᠡᠮᠳᠡᠭᠯᠡᠭᠰᠡᠨ ᠪᠠᠢᠬᠤ ᠬᠡᠷᠡᠭᠲᠡᠢ᠄

  (ᠨᠢᠭᠡ) ᠬᠤᠪᠢ ᠣᠷᠤᠭᠤᠯᠤᠭᠴᠢ᠎ᠶᠢᠨ ᠣᠪᠤᠭ᠎ᠨᠡᠷ᠎ᠡ ᠪᠤᠶᠤ ᠨᠡᠷᠡᠢᠳᠦᠯ ᠵᠢᠴᠢ ᠣᠷᠤᠨ ᠰᠠᠭᠤᠴᠠ;

  (ᠬᠣᠶᠠᠷ) ᠬᠤᠪᠢ ᠣᠷᠤᠭᠤᠯᠤᠭᠴᠢ᠎ᠶᠢᠨ ᠪᠡᠯᠡ ᠭᠠᠷᠭᠠᠭᠰᠠᠨ ᠲᠣᠭ᠎ᠠ;

  (ᠭᠤᠷᠪᠠ) ᠪᠡᠯᠡ ᠭᠠᠷᠭᠠᠭᠰᠠᠨ ᠭᠡᠷᠡᠴᠢ ᠪᠢᠴᠢᠭ᠎ᠦᠨ ᠳ᠋ᠤᠭᠠᠷᠯᠠᠯ᠃

  ᠬᠤᠪᠢ ᠣᠷᠤᠭᠤᠯᠤᠭᠴᠢᠳ᠎ᠤᠨ ᠨᠡᠷᠡᠰ᠎ᠦᠨ ᠳᠠᠩᠰᠠᠨ᠎ᠳᠤ ᠲᠡᠮᠳᠡᠭᠯᠡᠭᠰᠡᠨ ᠬᠤᠪᠢ ᠣᠷᠤᠭᠤᠯᠤᠭᠴᠢ᠎ᠨᠢ ᠬᠤᠪᠢ ᠣᠷᠤᠭᠤᠯᠤᠭᠴᠢᠳ᠎ᠤᠨ ᠨᠡᠷᠡᠰ᠎ᠦᠨ ᠳᠠᠩᠰᠠ᠎ᠶᠢ ᠦᠨᠳᠦᠰᠦᠯᠡᠵᠦ ᠬᠤᠪᠢ ᠣᠷᠤᠭᠤᠯᠤᠭᠴᠢ᠎ᠶᠢᠨ ᠡᠷᠬᠡ᠎ᠪᠡᠨ ᠬᠡᠷᠡᠭᠵᠢᠭᠦᠯᠬᠦ᠎ᠪᠡᠷ ᠵᠣᠷᠢᠵᠤ ᠪᠣᠯᠤᠨ᠎ᠠ᠃

  ᠺᠣᠮᠫᠠᠨᠢ ᠬᠤᠪᠢ ᠣᠷᠤᠭᠤᠯᠤᠭᠴᠢ᠎ᠶᠢᠨ ᠣᠪᠤᠭ᠎ᠨᠡᠷ᠎ᠡ ᠪᠤᠶᠤ ᠨᠡᠷᠡᠢᠳᠦᠯ᠎ᠢ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠳᠠᠩᠰᠠᠯᠠᠭᠤᠯᠬᠤ ᠬᠡᠷᠡᠭᠲᠡᠢ; ᠳᠠᠩᠰᠠᠯᠠᠭᠤᠯᠬᠤ ᠵᠦᠢᠯᠡᠰ᠎ᠨᠢ ᠬᠤᠪᠢᠷᠠᠯᠲᠠ ᠭᠠᠷᠪᠠᠯ᠂ ᠬᠤᠪᠢᠷᠠᠭᠤᠯᠬᠤ ᠳᠡᠩᠰᠡᠯᠡᠯᠲᠡ ᠬᠢᠯᠭᠡᠬᠦ ᠬᠡᠷᠡᠭᠲᠡᠢ᠃ ᠳᠠᠩᠰᠠᠯᠠᠭᠤᠯᠤᠭᠰᠠᠨ᠎ᠦᠭᠡᠢ ᠪᠤᠶᠤ ᠬᠤᠪᠢᠷᠠᠭᠤᠯᠬᠤ ᠳᠡᠩᠰᠡᠯᠡᠯᠲᠡ ᠬᠢᠯᠭᠡᠭᠰᠡᠨ᠎ᠦᠭᠡᠢ ᠪᠣᠯ ᠭᠤᠷᠪᠠᠳᠠᠭᠴᠢ ᠡᠲᠡᠭᠡᠳ᠎ᠲᠡᠢ ᠡᠰᠡᠷᠭᠦᠴᠡᠯᠳᠦᠵᠦ ᠪᠣᠯᠬᠤ᠎ᠦᠭᠡᠢ᠃

  ᠭᠤᠴᠢᠨ ᠭᠤᠷᠪᠠᠳᠤᠭᠠᠷ ᠵᠦᠢᠯ   ᠬᠤᠪᠢ ᠣᠷᠤᠭᠤᠯᠤᠭᠴᠢ ᠺᠣᠮᠫᠠᠨᠢ᠎ᠶᠢᠨ ᠳᠦᠷᠢᠮ᠂ ᠬᠤᠪᠢ ᠣᠷᠤᠭᠤᠯᠤᠭᠴᠢᠳ᠎ᠤᠨ ᠵᠥᠪᠯᠡᠯ᠎ᠦᠨ ᠬᠤᠷᠠᠯ᠎ᠤᠨ ᠲᠡᠮᠳᠡᠭᠯᠡᠯ᠂ ᠬᠡᠷᠡᠭ ᠮᠡᠳᠡᠭᠴᠢᠳ᠎ᠦᠨ ᠵᠥᠪᠯᠡᠯ᠎ᠦᠨ ᠬᠤᠷᠠᠯ᠎ᠤᠨ ᠱ᠌ᠢᠢᠳᠪᠦᠷᠢ᠂ ᠬᠡᠷᠡᠭ ᠬᠢᠨᠠᠭᠴᠢᠳ᠎ᠤᠨ ᠵᠥᠪᠯᠡᠯ᠎ᠦᠨ ᠬᠤᠷᠠᠯ᠎ᠤᠨ ᠱᠢᠢᠳᠪᠦᠷᠢ ᠪᠣᠯᠤᠨ ᠡᠳ᠋᠎ᠦᠨ ᠶᠠᠪᠤᠳᠠᠯ᠎ᠤᠨ ᠨᠢᠭᠲᠠᠯᠠᠨ ᠪᠣᠳᠤᠯᠲᠠ᠎ᠶᠢᠨ ᠮᠡᠳᠡᠭᠦᠯᠦᠯᠲᠡ᠎ᠶᠢ ᠪᠠᠢᠴᠠᠭᠠᠨ ᠦᠵᠡᠬᠦ᠂ ᠪᠠᠭᠤᠯᠭᠠᠵᠤ ᠠᠪᠬᠤ ᠡᠷᠬᠡ᠎ᠲᠡᠢ᠃

  ᠬᠤᠪᠢ ᠣᠷᠤᠭᠤᠯᠤᠭᠴᠢ ᠺᠣᠮᠫᠠᠨᠢ᠎ᠶᠢᠨ ᠨᠢᠭᠲᠠᠯᠠᠨ ᠪᠣᠳᠤᠯᠲᠠ᠎ᠶᠢᠨ ᠳᠠᠩᠰᠠ ᠬᠠᠷ᠎ᠠ᠎ᠶᠢ ᠪᠠᠢᠴᠠᠭᠠᠨ ᠦᠵᠡᠬᠦ᠎ᠪᠡᠷ ᠱᠠᠭᠠᠷᠳᠠᠵᠤ ᠪᠣᠯᠤᠨ᠎ᠠ᠃ ᠬᠤᠪᠢ ᠣᠷᠤᠭᠤᠯᠤᠭᠴᠢ ᠺᠣᠮᠫᠠᠨᠢ᠎ᠶᠢᠨ ᠨᠢᠭᠲᠠᠯᠠᠨ ᠪᠣᠳᠤᠯᠲᠠ᠎ᠶᠢᠨ ᠳᠠᠩᠰᠠ ᠬᠠᠷ᠎ᠠ᠎ᠶᠢ ᠪᠠᠢᠴᠠᠭᠠᠨ ᠦᠵᠡᠬᠦ᠎ᠪᠡᠷ ᠱᠠᠭᠠᠷᠳᠠᠬᠤ᠎ᠳᠤ ᠬᠦᠷᠪᠡᠯ᠂ ᠺᠣᠮᠫᠠᠨᠢ᠎ᠳᠤ ᠪᠢᠴᠢᠭ᠎ᠢᠶᠡᠷ ᠭᠤᠶᠤᠴᠢᠯᠠᠯ ᠭᠠᠷᠭᠠᠵᠤ᠂ ᠵᠣᠷᠢᠯᠭ᠎ᠠ᠎ᠪᠠᠨ ᠲᠣᠳᠤᠷᠬᠠᠢᠯᠠᠬᠤ ᠬᠡᠷᠡᠭᠲᠡᠢ᠃ ᠺᠣᠮᠫᠠᠨᠢ ᠵᠦᠢ ᠵᠣᠬᠢᠰᠲᠠᠢ ᠦᠨᠳᠦᠰᠦ ᠪᠠᠷᠢᠮᠲᠠ᠎ᠲᠠᠢ ᠪᠠᠢᠭᠰᠠᠨ᠎ᠤ ᠤᠯᠠᠮ᠎ᠠᠴᠠ ᠬᠤᠪᠢ ᠣᠷᠤᠭᠤᠯᠤᠭᠴᠢ᠎ᠶᠢᠨ ᠺᠣᠮᠫᠠᠨᠢ᠎ᠶᠢᠨ ᠨᠢᠭᠲᠠᠯᠠᠨ ᠪᠣᠳᠤᠯᠲᠠ᠎ᠶᠢᠨ ᠳᠠᠩᠰᠠ ᠬᠠᠷ᠎ᠠ᠎ᠶᠢ ᠪᠠᠢᠴᠠᠭᠠᠨ ᠦᠵᠡᠬᠦ ᠶᠠᠪᠤᠳᠠᠯ᠎ᠨᠢ ᠵᠦᠢ ᠪᠤᠰᠤ ᠵᠣᠷᠢᠯᠭ᠎ᠠ᠎ᠲᠠᠢ ᠪᠥᠭᠡᠳ ᠺᠣᠮᠫᠠᠨᠢ᠎ᠶᠢᠨ ᠬᠠᠤᠯᠢ ᠶᠣᠰᠤᠨ᠎ᠤ ᠠᠱᠢᠭ ᠲᠤᠰᠠ᠎ᠶᠢ ᠬᠣᠬᠢᠷᠠᠭᠤᠯᠵᠤ ᠮᠡᠳᠡᠨ᠎ᠡ ᠭᠡᠵᠦ ᠦᠵᠡᠪᠡᠯ᠂ ᠪᠠᠢᠴᠠᠭᠠᠨ ᠦᠵᠡᠬᠦ᠎ᠶᠢ ᠲᠡᠪᠴᠢᠵᠦ ᠪᠣᠯᠬᠤ ᠪᠥᠭᠡᠳ ᠬᠤᠪᠢ ᠣᠷᠤᠭᠤᠯᠤᠭᠴᠢ᠎ᠶᠢᠨ ᠪᠢᠴᠢᠭ᠎ᠦᠨ ᠭᠤᠶᠤᠴᠢᠯᠠᠯ ᠭᠠᠷᠭᠠᠭᠰᠠᠨ ᠡᠳᠦᠷ᠎ᠡᠴᠡ ᠡᠬᠢᠯᠡᠨ ᠠᠷᠪᠠᠨ ᠲᠠᠪᠤᠨ ᠡᠳᠦᠷ᠎ᠦᠨ ᠳᠣᠲᠤᠷ᠎ᠠ ᠬᠤᠪᠢ ᠣᠷᠤᠭᠤᠯᠤᠭᠴᠢ᠎ᠳᠤ ᠪᠢᠴᠢᠭ᠎ᠢᠶᠡᠷ ᠬᠠᠷᠢᠭᠤᠯᠲᠠ ᠥᠭᠴᠦ ᠤᠴᠢᠷ ᠱᠢᠯᠲᠠᠭᠠᠨ᠎ᠢᠶᠠᠨ ᠲᠣᠳᠤᠷᠬᠠᠢᠯᠠᠬᠤ ᠬᠡᠷᠡᠭᠲᠡᠢ᠃ ᠪᠠᠢᠴᠠᠭᠠᠨ ᠦᠵᠡᠬᠦ᠎ᠶᠢ ᠺᠣᠮᠫᠠᠨᠢ ᠲᠡᠪᠴᠢᠭᠰᠡᠨ ᠪᠠᠢᠪᠠᠯ᠂ ᠬᠤᠪᠢ ᠣᠷᠤᠭᠤᠯᠤᠭᠴᠢ᠎ᠨᠢ ᠪᠠᠢᠴᠠᠭᠠᠨ ᠦᠵᠡᠬᠦ ᠵᠦᠢᠯ᠎ᠢ ᠺᠣᠮᠫᠠᠨᠢ᠎ᠪᠠᠷ ᠬᠠᠨᠭᠭᠠᠯᠭᠠᠬᠤ᠎ᠪᠠᠷ ᠠᠷᠠᠳ᠎ᠤᠨ ᠱᠢᠭᠦᠬᠦ ᠬᠣᠷᠢᠶᠠᠨ᠎ᠳᠤ ᠭᠤᠶᠤᠴᠢᠯᠠᠵᠤ ᠪᠣᠯᠤᠨ᠎ᠠ᠃

  ᠭᠤᠴᠢᠨ ᠳᠥᠷᠪᠡᠳᠦᠭᠡᠷ ᠵᠦᠢᠯ   ᠬᠤᠪᠢ ᠣᠷᠤᠭᠤᠯᠤᠭᠴᠢ ᠪᠣᠳᠠᠲᠠᠢ ᠲᠤᠱᠢᠶᠠᠭᠰᠠᠨ ᠪᠡᠯᠡ ᠭᠠᠷᠭᠠᠯᠲᠠ᠎ᠶᠢᠨ ᠬᠠᠷᠢᠴᠠᠯ᠎ᠢᠶᠠᠷ᠎ᠢᠶᠠᠨ ᠴᠡᠪᠡᠷ ᠠᠱᠢᠭ ᠬᠤᠪᠢᠶᠠᠨ ᠠᠪᠤᠨ᠎ᠠ; ᠺᠣᠮᠫᠠᠨᠢ ᠬᠥᠷᠦᠩᠭᠡ᠎ᠪᠡᠨ ᠱᠢᠨ᠎ᠡ᠎ᠪᠡᠷ ᠨᠡᠮᠡᠭᠳᠡᠭᠦᠯᠬᠦ ᠦᠶ᠎ᠡ᠎ᠳᠦ ᠬᠤᠪᠢ ᠣᠷᠤᠭᠤᠯᠤᠭᠴᠢ ᠪᠣᠳᠠᠲᠠᠢ ᠲᠤᠱᠢᠶᠠᠭᠰᠠᠨ ᠪᠡᠯᠡ ᠭᠠᠷᠭᠠᠯᠲᠠ᠎ᠶᠢᠨ ᠬᠠᠷᠢᠴᠠᠯ᠎ᠢᠶᠠᠷ᠎ᠢᠶᠠᠨ ᠤᠷᠢᠳᠠᠪᠡᠷ ᠪᠡᠯᠡ ᠭᠠᠷᠭᠠᠬᠤ᠎ᠶᠢ ᠳᠠᠭᠠᠭᠠᠨ ᠲᠤᠱᠢᠶᠠᠬᠤ ᠡᠷᠬᠡ᠎ᠲᠡᠢ᠃ ᠭᠡᠪᠡᠴᠦ ᠪᠡᠯᠡ ᠭᠠᠷᠭᠠᠭᠰᠠᠨ ᠬᠠᠷᠢᠴᠠᠯ᠎ᠢᠶᠠᠷ᠎ᠢᠶᠠᠨ ᠴᠡᠪᠡᠷ ᠠᠱᠢᠭ ᠬᠤᠪᠢᠶᠠᠨ ᠠᠪᠬᠤ᠎ᠦᠭᠡᠢ ᠪᠤᠶᠤ ᠪᠡᠯᠡ ᠭᠠᠷᠭᠠᠭᠰᠠᠨ ᠬᠠᠷᠢᠴᠠᠯ᠎ᠢᠶᠠᠷ᠎ᠢᠶᠠᠨ ᠤᠷᠢᠳᠠᠪᠡᠷ ᠪᠡᠯᠡ ᠭᠠᠷᠭᠠᠬᠤ᠎ᠶᠢ ᠳᠠᠭᠠᠭᠠᠨ ᠲᠤᠱᠢᠶᠠᠬᠤ᠎ᠦᠭᠡᠢ ᠭᠡᠵᠦ ᠪᠦᠬᠦ ᠬᠤᠪᠢ ᠣᠷᠤᠭᠤᠯᠤᠭᠴᠢᠳ ᠪᠣᠯᠵᠤᠨ ᠲᠣᠭᠲᠠᠭᠰᠠᠨ ᠪᠠᠢᠪᠠᠯ ᠡᠭᠦᠨ᠎ᠳᠦ ᠪᠠᠭᠲᠠᠬᠤ᠎ᠦᠭᠡᠢ᠃

  ᠭᠤᠴᠢᠨ ᠲᠠᠪᠤᠳᠤᠭᠠᠷ ᠵᠦᠢᠯ   ᠺᠣᠮᠫᠠᠨᠢ ᠪᠠᠢᠭᠤᠯᠤᠭᠳᠠᠭᠰᠠᠨ᠎ᠤ ᠰᠡᠭᠦᠯᠡᠷ ᠬᠤᠪᠢ ᠣᠷᠤᠭᠤᠯᠤᠭᠴᠢ᠎ᠨᠢ ᠭᠠᠷᠭᠠᠭᠰᠠᠨ ᠪᠡᠯᠡ᠎ᠪᠡᠨ ᠲᠡᠳᠡᠨ ᠠᠪᠴᠤ ᠵᠠᠢᠯᠠᠭᠤᠯᠵᠤ ᠪᠣᠯᠬᠤ᠎ᠦᠭᠡᠢ᠃

 

    ᠬᠣᠶᠠᠳᠤᠭᠠᠷ ᠬᠡᠰᠡᠭ  ᠵᠣᠬᠢᠶᠠᠨ ᠪᠠᠢᠭᠤᠯᠤᠯᠲᠠ᠎ᠶᠢᠨ ᠪᠠᠢᠭᠤᠯᠤᠮᠵᠢ

 

  ᠭᠤᠴᠢᠨ ᠵᠢᠷᠭᠤᠳᠤᠭᠠᠷ ᠵᠦᠢᠯ   ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠤᠪᠢ ᠣᠷᠤᠭᠤᠯᠤᠭᠴᠢᠳ᠎ᠤᠨ ᠵᠥᠪᠯᠡᠯ᠎ᠨᠢ ᠪᠦᠬᠦ ᠬᠤᠪᠢ ᠣᠷᠤᠭᠤᠯᠤᠭᠴᠢ᠎ᠪᠠᠷ ᠪᠦᠷᠢᠯᠳᠦᠨ᠎ᠡ᠃ ᠬᠤᠪᠢ ᠣᠷᠤᠭᠤᠯᠤᠭᠴᠢᠳ᠎ᠤᠨ ᠵᠥᠪᠯᠡᠯ ᠪᠣᠯ ᠺᠣᠮᠫᠠᠨᠢ᠎ᠶᠢᠨ ᠡᠷᠬᠡᠲᠦ ᠪᠠᠢᠭᠤᠯᠤᠮᠵᠢ ᠮᠥᠨ᠂ ᠲᠤᠰ ᠬᠠᠤᠯᠢ᠎ᠶᠢᠨ ᠶᠣᠰᠤᠭᠠᠷ ᠡᠷᠬᠡ ᠲᠤᠱᠢᠶᠠᠯ᠎ᠢᠶᠠᠨ ᠭᠦᠢᠴᠡᠳᠭᠡᠨ᠎ᠡ᠃

  ᠭᠤᠴᠢᠨ ᠳᠣᠯᠤᠳᠤᠭᠠᠷ ᠵᠦᠢᠯ   ᠬᠤᠪᠢ ᠣᠷᠤᠭᠤᠯᠤᠭᠴᠢᠳ᠎ᠤᠨ ᠵᠥᠪᠯᠡᠯ ᠳᠣᠣᠷ᠎ᠠ ᠵᠢᠭᠰᠠᠭᠠᠭᠰᠠᠨ ᠡᠷᠬᠡ ᠲᠤᠱᠢᠶᠠᠯ᠎ᠢ ᠭᠦᠢᠴᠡᠳᠭᠡᠨ᠎ᠡ᠄

  (ᠨᠢᠭᠡ) ᠺᠣᠮᠫᠠᠨᠢ᠎ᠶᠢᠨ ᠡᠵᠡᠩᠨᠡᠯᠲᠡ᠎ᠶᠢᠨ ᠴᠢᠭᠯᠡᠯᠲᠡ ᠪᠠ ᠪᠡᠯᠡ ᠣᠷᠤᠭᠤᠯᠤᠯᠲᠠ᠎ᠶᠢᠨ ᠲᠥᠯᠦᠪᠯᠡᠭᠡ᠎ᠶᠢ ᠲᠣᠭᠲᠠᠭᠠᠨ᠎ᠠ;

  (ᠬᠣᠶᠠᠷ) ᠠᠵᠢᠯᠲᠠᠨ ᠠᠵᠢᠯᠴᠢᠨ᠎ᠤ ᠲᠥᠯᠦᠭᠡᠯᠡᠭᠴᠢ᠎ᠶᠢᠨ ᠡᠭᠦᠷᠭᠡᠯᠡᠬᠦ ᠪᠤᠰᠤ ᠬᠡᠷᠡᠭ ᠮᠡᠳᠡᠭᠴᠢ᠂ ᠬᠡᠷᠡᠭ ᠬᠢᠨᠠᠭᠴᠢ᠎ᠶᠢ ᠰᠣᠩᠭᠤᠬᠤ ᠪᠠ ᠰᠣᠯᠢᠵᠤ᠂ ᠬᠡᠷᠡᠭ ᠮᠡᠳᠡᠭᠴᠢ᠂ ᠬᠡᠷᠡᠭ ᠬᠢᠨᠠᠭᠴᠢ᠎ᠶᠢᠨ ᠬᠥᠯᠦᠰᠦ ᠣᠯᠭᠤᠮᠵᠢ᠎ᠶᠢᠨ ᠲᠤᠬᠠᠢ ᠵᠦᠢᠯᠡᠰ᠎ᠢ ᠲᠣᠭᠲᠠᠭᠠᠨ᠎ᠠ;

  (ᠭᠤᠷᠪᠠ) ᠬᠡᠷᠡᠭ ᠮᠡᠳᠡᠭᠴᠢᠳ᠎ᠦᠨ ᠵᠥᠪᠯᠡᠯ᠎ᠦᠨ ᠮᠡᠳᠡᠭᠦᠯᠦᠯᠲᠡ᠎ᠶᠢ ᠬᠢᠨᠠᠨ ᠶᠠᠷᠢᠯᠴᠠᠵᠤ ᠵᠥᠪᠱᠢᠶᠡᠷᠡᠨ᠎ᠡ;

  (ᠳᠥᠷᠪᠡ) ᠬᠡᠷᠡᠭ ᠬᠢᠨᠠᠭᠴᠢᠳ᠎ᠤᠨ ᠵᠥᠪᠯᠡᠯ ᠪᠤᠶᠤ ᠬᠡᠷᠡᠭ ᠬᠢᠨᠠᠭᠴᠢ᠎ᠶᠢᠨ ᠮᠡᠳᠡᠭᠦᠯᠦᠯᠲᠡ᠎ᠶᠢ ᠬᠢᠨᠠᠨ ᠶᠠᠷᠢᠯᠴᠠᠵᠤ ᠵᠥᠪᠱᠢᠶᠡᠷᠡᠨ᠎ᠡ;

  (ᠲᠠᠪᠤ) ᠺᠣᠮᠫᠠᠨᠢ᠎ᠶᠢᠨ ᠣᠨ᠎ᠤ ᠡᠳ᠋᠎ᠦᠨ ᠶᠠᠪᠤᠳᠠᠯ᠎ᠤᠨ ᠲᠥᠰᠦᠪ᠎ᠦᠨ ᠲᠥᠰᠦᠯ᠂ ᠲᠥᠰᠦᠪ᠎ᠦᠨ ᠭᠦᠢᠴᠡᠳᠭᠡᠯ᠎ᠦᠨ ᠲᠥᠰᠦᠯ᠎ᠢ ᠬᠢᠨᠠᠨ ᠶᠠᠷᠢᠯᠴᠠᠵᠤ ᠵᠥᠪᠱᠢᠶᠡᠷᠡᠨ᠎ᠡ;

  (ᠵᠢᠷᠭᠤᠭ᠎ᠠ) ᠺᠣᠮᠫᠠᠨᠢ᠎ᠶᠢᠨ ᠠᠱᠢᠭ ᠬᠣᠨᠵᠢᠪᠤᠷᠢ ᠬᠤᠪᠢᠶᠠᠷᠢᠯᠠᠬᠤ ᠲᠥᠰᠦᠯ ᠪᠠ ᠠᠯᠳᠠᠭᠳᠠᠯ᠎ᠢᠶᠠᠨ ᠨᠥᠬᠦᠪᠦᠷᠢᠯᠡᠬᠦ ᠲᠥᠰᠦᠯ᠎ᠢ ᠬᠢᠨᠠᠨ ᠶᠠᠷᠢᠯᠴᠠᠵᠤ ᠵᠥᠪᠱᠢᠶᠡᠷᠡᠨ᠎ᠡ;

  (ᠳᠣᠯᠤᠭ᠎ᠠ) ᠺᠣᠮᠫᠠᠨᠢ᠎ᠶᠢᠨ ᠳᠠᠩᠰᠠᠯᠠᠭᠤᠯᠤᠭᠰᠠᠨ ᠬᠥᠷᠦᠩᠭᠡ᠎ᠶᠢ ᠨᠡᠮᠡᠬᠦ ᠪᠤᠶᠤ ᠪᠠᠭᠠᠰᠭᠠᠬᠤ ᠲᠤᠬᠠᠢ ᠱᠢᠢᠳᠪᠦᠷᠢ ᠭᠠᠷᠭᠠᠨ᠎ᠠ;

  (ᠨᠠᠢ᠍ᠮᠠ) ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ ᠲᠠᠷᠬᠠᠭᠠᠬᠤ ᠲᠤᠬᠠᠢ ᠱᠢᠢᠳᠪᠦᠷᠢ ᠭᠠᠷᠭᠠᠨ᠎ᠠ;

  (ᠶᠢᠰᠦ) ᠺᠣᠮᠫᠠᠨᠢ᠎ᠶᠢ ᠨᠡᠢᠯᠡᠭᠦᠯᠬᠦ᠂ ᠰᠠᠯᠭᠠᠬᠤ᠂ ᠲᠠᠷᠬᠠᠭᠠᠬᠤ᠂ ᠢᠯᠭᠠᠷᠠᠭᠤᠯᠤᠨ ᠪᠣᠳᠤᠬᠤ ᠪᠤᠶᠤ ᠺᠣᠮᠫᠠᠨᠢ᠎ᠶᠢᠨ ᠬᠡᠯᠪᠡᠷᠢ᠎ᠶᠢ ᠬᠤᠪᠢᠷᠠᠭᠤᠯᠬᠤ ᠲᠤᠬᠠᠢ ᠱᠢᠢᠳᠪᠦᠷᠢ ᠭᠠᠷᠭᠠᠨ᠎ᠠ;

  (ᠠᠷᠪᠠ) ᠺᠣᠮᠫᠠᠨᠢ᠎ᠶᠢᠨ ᠳᠦᠷᠢᠮ᠎ᠳᠦ ᠵᠠᠰᠠᠪᠤᠷᠢ ᠣᠷᠤᠭᠤᠯᠤᠨ᠎ᠠ;

  (ᠠᠷᠪᠠᠨ ᠨᠢᠭᠡ) ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠪᠤᠰᠤᠳ ᠡᠷᠬᠡ ᠲᠤᠱ᠌ᠢᠶᠠᠯ᠃

  ᠡᠮᠦᠨᠡᠬᠢ ᠪᠠᠳᠠᠭ᠎ᠲᠤ ᠵᠢᠭᠰᠠᠭᠠᠭᠰᠠᠨ ᠵᠦᠢᠯᠡᠰ᠎ᠢ ᠬᠤᠪᠢ ᠣᠷᠤᠭᠤᠯᠤᠭᠴᠢᠳ ᠪᠢᠴᠢᠭ᠎ᠦᠨ ᠬᠡᠯᠪᠡᠷᠢ᠎ᠪᠡᠷ ᠰᠠᠨᠠᠯ ᠨᠢᠭᠡᠲᠡᠢ ᠵᠥᠪᠱᠢᠶᠡᠷᠡᠭᠰᠡᠨ ᠪᠠᠢᠪᠠᠯ᠂ ᠬᠤᠪᠢ ᠣᠷᠤᠭᠤᠯᠤᠭᠴᠢᠳ᠎ᠤᠨ ᠵᠥᠪᠯᠡᠯ᠎ᠦᠨ ᠬᠤᠷᠠᠯᠳᠤᠭᠠᠨ᠎ᠢ ᠬᠤᠷᠠᠯᠳᠤᠭᠤᠯᠬᠤ᠎ᠦᠭᠡᠢ᠎ᠪᠡᠷ ᠱᠢᠭᠤᠳ ᠲᠣᠭᠲᠠᠭᠠᠯ ᠭᠠᠷᠭᠠᠵᠤ ᠪᠣᠯᠬᠤ ᠪᠥᠭᠡᠳ ᠪᠦᠬᠦ ᠬᠤᠪᠢ ᠣᠷᠤᠭᠤᠯᠤᠭᠴᠢ ᠲᠣᠭᠲᠠᠭᠠᠯ᠎ᠤᠨ ᠪᠢᠴᠢᠭ ᠮᠠᠲᠧᠷᠢᠶᠠᠯ ᠳᠡᠭᠡᠷ᠎ᠡ ᠭᠠᠷ᠎ᠤᠨ ᠦᠰᠦᠭ ᠵᠢᠷᠤᠵᠤ ᠲᠠᠮᠠᠭ᠎ᠠ᠎ᠪᠠᠨ ᠳᠠᠷᠤᠨ᠎ᠠ᠃

  ᠭᠤᠴᠢᠨ ᠨᠠᠢ᠍ᠮᠠᠳᠤᠭᠠᠷ ᠵᠦᠢᠯ   ᠬᠤᠪᠢ ᠣᠷᠤᠭᠤᠯᠤᠭᠴᠢᠳ᠎ᠤᠨ ᠵᠥᠪᠯᠡᠯ᠎ᠦᠨ ᠠᠩᠬᠠᠳᠤᠭᠠᠷ ᠬᠤᠷᠠᠯᠳᠤᠭᠠᠨ᠎ᠢ ᠬᠠᠮᠤᠭ ᠠᠷᠪᠢᠨ ᠪᠡᠯᠡ ᠭᠠᠷᠭᠠᠭᠰᠠᠨ ᠬᠤᠪᠢ ᠣᠷᠤᠭᠤᠯᠤᠭᠴᠢ ᠬᠤᠷᠠᠯᠳᠤᠭᠤᠯᠬᠤ ᠪᠠ ᠡᠷᠬᠢᠯᠡᠵᠦ᠂ ᠲᠤᠰ ᠬᠠᠤᠯᠢ᠎ᠶᠢᠨ ᠲᠣᠭᠲᠠᠭᠠᠯ ᠶᠣᠰᠤᠭᠠᠷ ᠡᠷᠬᠡ ᠲᠤᠱᠢᠶᠠᠯ᠎ᠢᠶᠠᠨ ᠭᠦᠢᠴᠡᠳᠭᠡᠨ᠎ᠡ᠃

  ᠭᠤᠴᠢ ᠶᠢᠰᠦᠳᠦᠭᠡᠷ ᠵᠦᠢᠯ   ᠬᠤᠪᠢ ᠣᠷᠤᠭᠤᠯᠤᠭᠴᠢᠳ᠎ᠤᠨ ᠵᠥᠪᠯᠡᠯ᠎ᠦᠨ ᠬᠤᠷᠠᠯᠳᠤᠭᠠᠨ᠎ᠢ ᠲᠣᠭᠲᠠᠮᠠᠯ ᠬᠤᠭᠤᠴᠠᠭᠠᠲᠤ ᠬᠤᠷᠠᠯᠳᠤᠭᠠᠨ ᠪᠣᠯᠤᠨ᠎ᠲᠦᠷ ᠴᠠᠭ᠎ᠤᠨ ᠬᠤᠷᠠᠯᠳᠤᠭᠠᠨ ᠭᠡᠵᠦ ᠬᠤᠪᠢᠶᠠᠨ᠎ᠠ᠃

  ᠲᠣᠭᠲᠠᠮᠠᠯ ᠬᠤᠭᠤᠴᠠᠭᠠᠲᠤ ᠬᠤᠷᠠᠯᠳᠤᠭᠠᠨ᠎ᠢ ᠺᠣᠮᠫᠠᠨᠢ᠎ᠶᠢᠨ ᠳᠦᠷᠢᠮ᠎ᠦᠨ ᠲᠣᠭᠲᠠᠭᠠᠯ ᠶᠣᠰᠤᠭᠠᠷ ᠲᠣᠭᠲᠠᠭᠰᠠᠨ ᠴᠠᠭ᠎ᠲᠤ᠎ᠨᠢ ᠬᠤᠷᠠᠯᠳᠤᠭᠤᠯᠬᠤ ᠬᠡᠷᠡᠭᠲᠡᠢ᠃ ᠠᠷᠪᠠᠨ᠎ᠤ ᠨᠢᠭᠡ᠎ᠡᠴᠡ ᠳᠡᠭᠡᠭᠱᠢᠬᠢ ᠪᠠᠲᠤᠯᠠᠬᠤ ᠡᠷᠬᠡ᠎ᠶᠢ ᠲᠥᠯᠦᠭᠡᠯᠡᠭᠰᠡᠨ ᠬᠤᠪᠢ ᠣᠷᠤᠭᠤᠯᠤᠭᠴᠢ᠂ ᠭᠤᠷᠪᠠᠨ᠎ᠤ ᠨᠢᠭᠡ᠎ᠡᠴᠡ ᠳᠡᠭᠡᠭᠱᠢᠬᠢ ᠬᠡᠷᠡᠭ ᠮᠡᠳᠡᠭᠴᠢ᠂ ᠬᠡᠷᠡᠭ ᠬᠢᠨᠠᠭᠴᠢᠳ᠎ᠤᠨ ᠵᠥᠪᠯᠡᠯ ᠪᠤᠶᠤ ᠬᠡᠷᠡᠭ ᠬᠢᠨᠠᠭᠴᠢᠳ᠎ᠤᠨ ᠵᠥᠪᠯᠡᠯ ᠪᠠᠢᠭᠤᠯᠤᠭᠰᠠᠨ᠎ᠦᠭᠡᠢ ᠺᠣᠮᠫᠠᠨᠢ᠎ᠶᠢᠨ ᠬᠡᠷᠡᠭ ᠬᠢᠨᠠᠭᠴᠢ᠎ᠠᠴᠠ᠎ᠲᠦᠷ ᠴᠠᠭ᠎ᠤᠨ ᠬᠤᠷᠠᠯᠳᠤᠭᠠᠨ ᠬᠤᠷᠠᠯᠳᠤᠭᠤᠯᠬᠤ ᠳᠤᠷᠠᠳᠤᠯᠭ᠎ᠠ ᠭᠠᠷᠭᠠᠭᠰᠠᠨ ᠪᠠᠢᠪᠠᠯ᠂᠎ᠲᠦᠷ ᠴᠠᠭ᠎ᠤᠨ ᠬᠤᠷᠠᠯᠳᠤᠭᠠᠨ ᠬᠤᠷᠠᠯᠳᠤᠭᠤᠯᠬᠤ ᠬᠡᠷᠡᠭᠲᠡᠢ᠃

  ᠳᠥᠴᠢᠳᠦᠭᠡᠷ ᠵᠦᠢᠯ   ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠡᠷᠡᠭ ᠮᠡᠳᠡᠭᠴᠢᠳ᠎ᠦᠨ ᠵᠥᠪᠯᠡᠯ ᠪᠠᠢᠭᠤᠯᠤᠭᠰᠠᠨ ᠪᠠᠢᠪᠠᠯ᠂ ᠬᠤᠪᠢ ᠣᠷᠤᠭᠤᠯᠤᠭᠴᠢᠳ᠎ᠤᠨ ᠵᠥᠪᠯᠡᠯ᠎ᠦᠨ ᠬᠤᠷᠠᠯᠳᠤᠭᠠᠨ᠎ᠢ ᠬᠡᠷᠡᠭ ᠮᠡᠳᠡᠭᠴᠢᠳ᠎ᠦᠨ ᠵᠥᠪᠯᠡᠯ᠎ᠡᠴᠡ ᠬᠤᠷᠠᠯᠳᠤᠭᠤᠯᠵᠤ᠂ ᠬᠡᠷᠡᠭ ᠮᠡᠳᠡᠭᠴᠢᠳ᠎ᠦᠨ ᠳᠠᠷᠤᠭ᠎ᠠ ᠡᠷᠬᠢᠯᠡᠨ᠎ᠡ; ᠬᠡᠷᠡᠭ ᠮᠡᠳᠡᠭᠴᠢᠳ᠎ᠦᠨ ᠳᠠᠷᠤᠭ᠎ᠠ ᠲᠤᠱᠢᠶᠠᠯ᠎ᠢᠶᠠᠨ ᠭᠦᠢᠴᠡᠳᠭᠡᠵᠦ ᠳᠡᠢᠯᠬᠦ᠎ᠦᠭᠡᠢ ᠪᠤᠶᠤ ᠲᠤᠱᠢᠶᠠᠯ᠎ᠢᠶᠠᠨ ᠭᠦᠢᠴᠡᠳᠭᠡᠬᠦ᠎ᠦᠭᠡᠢ ᠪᠠᠢᠪᠠᠯ᠂ ᠬᠡᠷᠡᠭ ᠮᠡᠳᠡᠭᠴᠢᠳ᠎ᠦᠨ ᠳᠡᠳ᠋  ᠳᠠᠷᠤᠭ᠎ᠠ ᠡᠷᠬᠢᠯᠡᠨ᠎ᠡ; ᠬᠡᠷᠡᠭ ᠮᠡᠳᠡᠭᠴᠢᠳ᠎ᠦᠨ  ᠳᠡᠳ᠋ ᠳᠠᠷᠤᠭ᠎ᠠ ᠲᠤᠱᠢᠶᠠᠯ᠎ᠢᠶᠠᠨ ᠭᠦᠢᠴᠡᠳᠭᠡᠵᠦ ᠳᠡᠢᠯᠬᠦ᠎ᠦᠭᠡᠢ ᠪᠤᠶᠤ ᠲᠤᠱᠢᠶᠠᠯ᠎ᠢᠶᠠᠨ ᠭᠦᠢᠴᠡᠳᠭᠡᠬᠦ᠎ᠦᠭᠡᠢ ᠪᠠᠢᠪᠠᠯ᠂ ᠬᠠᠭᠠᠰ ᠲᠣᠭ᠎ᠠ᠎ᠠᠴᠠ ᠳᠡᠭᠡᠭᠱᠢᠬᠢ ᠬᠡᠷᠡᠭ ᠮᠡᠳᠡᠭᠴᠢ ᠬᠠᠮᠲᠤ᠎ᠪᠠᠷ ᠨᠢᠭᠡ ᠬᠡᠷᠡᠭ ᠮᠡᠳᠡᠭᠴᠢ᠎ᠶᠢ ᠰᠣᠩᠭᠤᠵᠤ ᠡᠷᠬᠢᠯᠡᠭᠦᠯᠦᠨ᠎ᠡ᠃

  ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠳᠤ ᠬᠡᠷᠡᠭ ᠮᠡᠳᠡᠭᠴᠢᠳ᠎ᠦᠨ ᠵᠥᠪᠯᠡᠯ ᠪᠠᠢᠭᠤᠯᠤᠭᠰᠠᠨ᠎ᠦᠭᠡᠢ ᠪᠠᠢᠪᠠᠯ᠂ ᠬᠤᠪᠢ ᠣᠷᠤᠭᠤᠯᠤᠭᠴᠢᠳ᠎ᠤᠨ ᠵᠥᠪᠯᠡᠯ᠎ᠦᠨ ᠬᠤᠷᠠᠯᠳᠤᠭᠠᠨ᠎ᠢ ᠭᠦᠢᠴᠡᠳᠭᠡᠬᠦ ᠬᠡᠷᠡᠭ ᠮᠡᠳᠡᠭᠴᠢ᠎ᠡᠴᠡ ᠬᠤᠷᠠᠯᠳᠤᠭᠤᠯᠬᠤ ᠪᠠ ᠡᠷᠬᠢᠯᠡᠨ᠎ᠡ᠃

  ᠬᠡᠷᠡᠭ ᠮᠡᠳᠡᠭᠴᠢᠳ᠎ᠦᠨ ᠵᠥᠪᠯᠡᠯ ᠪᠤᠶᠤ ᠭᠦᠢᠴᠡᠳᠭᠡᠬᠦ ᠬᠡᠷᠡᠭ ᠮᠡᠳᠡᠭᠴᠢ ᠬᠤᠪᠢ ᠣᠷᠤᠭᠤᠯᠤᠭᠴᠢᠳ᠎ᠤᠨ ᠵᠥᠪᠯᠡᠯ᠎ᠦᠨ ᠬᠤᠷᠠᠯᠳᠤᠭᠠᠨ᠎ᠢ ᠬᠤᠷᠠᠯᠳᠤᠭᠤᠯᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ ᠳᠡᠢᠯᠬᠦ᠎ᠦᠭᠡᠢ ᠪᠤᠶᠤ ᠭᠦᠢᠴᠡᠳᠭᠡᠬᠦ᠎ᠦᠭᠡᠢ ᠪᠠᠢᠪᠠᠯ᠂ ᠬᠡᠷᠡᠭ ᠬᠢᠨᠠᠭᠴᠢᠳ᠎ᠤᠨ ᠵᠥᠪᠯᠡᠯ ᠪᠤᠶᠤ ᠬᠡᠷᠡᠭ ᠬᠢᠨᠠᠭᠴᠢᠳ᠎ᠤᠨ ᠵᠥᠪᠯᠡᠯ ᠪᠠᠢᠭᠤᠯᠤᠭᠰᠠᠨ᠎ᠦᠭᠡᠢ ᠺᠣᠮᠫᠠᠨᠢ᠎ᠶᠢᠨ ᠬᠡᠷᠡᠭ ᠬᠢᠨᠠᠭᠴᠢ᠎ᠠᠴᠠ ᠬᠤᠷᠠᠯᠳᠤᠭᠤᠯᠬᠤ ᠪᠠ ᠡᠷᠬᠢᠯᠡᠨ᠎ᠡ; ᠬᠡᠷᠡᠭ ᠬᠢᠨᠠᠭᠴᠢᠳ᠎ᠤᠨ ᠵᠥᠪᠯᠡᠯ ᠪᠤᠶᠤ ᠬᠡᠷᠡᠭ ᠬᠢᠨᠠᠭᠴᠢ᠎ᠠᠴᠠ ᠬᠤᠷᠠᠯᠳᠤᠭᠤᠯᠬᠤ᠎ᠦᠭᠡᠢ ᠪᠠ ᠡᠷᠬᠢᠯᠡᠬᠦ᠎ᠦᠭᠡᠢ ᠪᠠᠢᠪᠠᠯ᠂ ᠠᠷᠪᠠᠨ᠎ᠤ ᠨᠢᠭᠡ᠎ᠡᠴᠡ ᠳᠡᠭᠡᠭᠱᠢᠬᠢ ᠪᠠᠲᠤᠯᠠᠬᠤ ᠡᠷᠬᠡ᠎ᠶᠢ ᠲᠥᠯᠦᠭᠡᠯᠡᠭᠰᠡᠨ ᠬᠤᠪᠢ ᠣᠷᠤᠭᠤᠯᠤᠭᠴᠢ ᠥᠪᠡᠰᠦᠪᠡᠨ ᠬᠤᠷᠠᠯᠳᠤᠭᠤᠯᠬᠤ ᠪᠠ ᠡᠷᠬᠢᠯᠡᠵᠦ ᠪᠣᠯᠤᠨ᠎ᠠ᠃

  ᠳᠥᠴᠢᠨ ᠨᠢᠭᠡᠳᠦᠭᠡᠷ ᠵᠦᠢᠯ   ᠬᠤᠪᠢ ᠣᠷᠤᠭᠤᠯᠤᠭᠴᠢᠳ᠎ᠤᠨ ᠵᠥᠪᠯᠡᠯ᠎ᠦᠨ ᠬᠤᠷᠠᠯᠳᠤᠭᠠᠨ᠎ᠢ ᠬᠤᠷᠠᠯᠳᠤᠭᠤᠯᠬᠤ᠎ᠳᠤ᠎ᠪᠠᠨ ᠬᠤᠷᠠᠯ ᠬᠤᠷᠠᠯᠳᠤᠭᠤᠯᠬᠤ᠎ᠠᠴᠠ ᠠᠷᠪᠠᠨ ᠲᠠᠪᠤᠨ ᠡᠳᠦᠷ᠎ᠦᠨ ᠡᠮᠦᠨ᠎ᠡ ᠪᠦᠬᠦ ᠬᠤᠪᠢ ᠣᠷᠤᠭᠤᠯᠤᠭᠴᠢ᠎ᠳᠤ ᠮᠡᠳᠡᠭᠳᠡᠬᠦ ᠬᠡᠷᠡᠭᠲᠡᠢ; ᠭᠡᠪᠡᠴᠦ ᠺᠣᠮᠫᠠᠨᠢ᠎ᠶᠢᠨ ᠳᠦᠷᠢᠮ᠎ᠳᠦ ᠠᠰᠲᠠᠭᠠᠨ ᠲᠣᠭᠲᠠᠭᠠᠯ᠎ᠲᠠᠢ ᠪᠤᠶᠤ ᠪᠦᠬᠦ ᠬᠤᠪᠢ ᠣᠷᠤᠭᠤᠯᠤᠭᠴᠢ ᠠᠰᠲᠠᠭᠠᠨ ᠪᠣᠯᠵᠤᠯ᠎ᠲᠠᠢ ᠪᠠᠢᠪᠠᠯ ᠡᠭᠦᠨ᠎ᠳᠦ ᠪᠠᠭᠲᠠᠬᠤ᠎ᠦᠭᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604