ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠶᠢᠨ ᠬᠠᠤᠯᠢ (ᠳᠥᠷᠪᠡᠳᠦᠭᠡᠷ ᠪᠦᠯᠦᠭ)
2019.11.07

  

   (1993 ᠣᠨ᠎ᠤ 12 ᠰᠠᠷ᠎ᠠ᠎ᠶᠢᠨ 29᠎ᠦ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ

  1999 ᠣᠨ᠎ᠤ 12 ᠰᠠᠷ᠎ᠠ᠎ᠶᠢᠨ 25᠎ᠤ ᠡᠳᠦᠷ᠎ᠦᠨ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠭᠤᠷᠪᠠᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ

  2004 ᠣᠨ᠎ᠤ 8 ᠰᠠᠷ᠎ᠠ᠎ᠶᠢᠨ 28 ᠎ᠤ ᠡᠳᠦᠷ᠎ᠦᠨ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ

  2005 ᠣᠨ᠎ᠤ 10 ᠰᠠᠷ᠎ᠠ᠎ᠶᠢᠨ 27᠎ᠤ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠵᠠᠰᠠᠪᠤᠷᠢ ᠣᠷᠤᠭᠤᠯᠪᠠ

  2013 ᠣᠨ᠎ᠤ 12 ᠰᠠᠷ᠎ᠠ᠎ᠶᠢᠨ 28 ᠎ᠤ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ᠎ᠶᠢᠨ ᠣᠷᠴᠢᠨ ᠠᠬᠤᠢ᠎ᠶᠢ ᠬᠠᠮᠠᠭᠠᠯᠠᠬᠤ ᠬᠠᠤᠯᠢ〉 ᠵᠡᠷᠭᠡ ᠳᠣᠯᠤᠭᠠᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ)

 

 

      ᠳᠥᠷᠪᠡᠳᠦᠭᠡᠷ ᠪᠦᠯᠦᠭ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠠᠢᠭᠤᠯᠬᠤ ᠪᠠ ᠲᠡᠭᠦᠨ᠎ᠦ ᠵᠣᠬᠢᠶᠠᠨ ᠪᠠᠢᠭᠤᠯᠤᠯᠲᠠ᠎ᠶᠢᠨ ᠪᠠᠢᠭᠤᠯᠤᠮᠵᠢ

 

    ᠨᠢᠭᠡᠳᠦᠭᠡᠷ ᠬᠡᠰᠡᠭ ᠪᠠᠢᠭᠤᠯᠬᠤ

 

  ᠳᠠᠯᠠᠨ ᠵᠢᠷᠭᠤᠳᠤᠭᠠᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠠᠢᠭᠤᠯᠬᠤ᠎ᠳᠤ ᠳᠣᠣᠷ᠎ᠠ ᠵᠢᠭᠰᠠᠭᠠᠭᠰᠠᠨ ᠨᠥᠬᠦᠴᠡᠯ᠎ᠢ ᠪᠦᠷᠢᠳᠦᠭᠦᠯᠦᠭᠰᠡᠨ ᠪᠠᠢᠬᠤ ᠬᠡᠷᠡᠭᠲᠡᠢ᠄

  (ᠨᠢᠭᠡ) ᠡᠭᠦᠰᠭᠡᠨ ᠪᠠᠢᠭᠤᠯᠤᠭᠴᠢᠳ᠎ᠨᠢ ᠬᠠᠤᠯᠢ᠎ᠪᠠᠷ ᠲᠣᠭᠲᠠᠭᠠᠭᠰᠠᠨ ᠬᠥᠮᠦᠨ᠎ᠦ ᠲᠣᠭᠠᠨ᠎ᠳᠤ ᠨᠡᠢᠴᠡᠭᠰᠡᠨ;

  (ᠬᠣᠶᠠᠷ) ᠺᠣᠮᠫᠠᠨᠢ᠎ᠶᠢᠨ ᠳᠦᠷᠢᠮ᠎ᠳᠦ ᠨᠡᠢᠴᠡᠭᠰᠡᠨ ᠪᠦᠬᠦ ᠡᠭᠦᠰᠭᠡᠨ ᠪᠠᠢᠭᠤᠯᠤᠭᠴᠢ᠎ᠶᠢᠨ ᠬᠤᠳᠠᠯᠳᠤᠨ ᠠᠪᠤᠭᠰᠠᠨ ᠰᠲ᠋ᠤᠺ᠎ᠤᠨ ᠡᠬᠡ ᠮᠥᠩᠭᠦ᠎ᠶᠢᠨ ᠶᠡᠷᠦᠩᠬᠡᠢ ᠲᠣᠭ᠎ᠠ ᠪᠤᠶᠤ ᠴᠤᠭᠯᠠᠭᠤᠯᠤᠭᠰᠠᠨ ᠪᠣᠳᠠᠲᠠᠢ ᠬᠤᠷᠢᠶᠠᠭᠰᠠᠨ ᠰᠲ᠋ᠤᠺ᠎ᠤᠨ ᠡᠬᠡ ᠮᠥᠩᠭᠦ᠎ᠶᠢᠨ ᠶᠡᠷᠦᠩᠬᠡᠢ ᠲᠣᠭ᠎ᠠ᠎ᠲᠠᠢ ᠪᠠᠢᠬᠤ;

  (ᠭᠤᠷᠪᠠ) ᠬᠤᠪᠢ ᠲᠠᠷᠬᠠᠭᠠᠯᠲᠠ᠂ ᠪᠡᠯᠡᠳᠭᠡᠵᠦ ᠪᠠᠢᠭ᠎ᠠ ᠵᠦᠢᠯᠡᠰ᠎ᠨᠢ ᠬᠠᠤᠯᠢ ᠴᠠᠭᠠᠵᠠ᠎ᠶᠢᠨ ᠲᠣᠭᠲᠠᠭᠠᠯ᠎ᠳᠤ ᠨᠡᠢᠴᠡᠭᠰᠡᠨ;

  (ᠳᠥᠷᠪᠡ) ᠡᠭᠦᠰᠭᠡᠨ ᠪᠠᠢᠭᠤᠯᠤᠭᠴᠢᠳ᠎ᠨᠢ ᠺᠣᠮᠫᠠᠨᠢ᠎ᠶᠢᠨ ᠳᠦᠷᠢᠮ᠎ᠢ ᠲᠣᠭᠲᠠᠭᠠᠵᠤ᠂ ᠴᠤᠭᠯᠠᠭᠤᠯᠬᠤ ᠠᠷᠭ᠎ᠠ ᠮᠠᠶᠢᠭ᠎ᠢᠶ᠋ᠠᠷ ᠪᠠᠢᠭᠤᠯᠤᠭᠰᠠᠨ ᠺᠣᠮᠫᠠᠨᠢ ᠪᠠᠢᠪᠠᠯ ᠪᠠᠢᠭᠤᠯᠤᠭᠳᠠᠬᠤ ᠶᠡᠬᠡ ᠬᠤᠷᠠᠯ᠎ᠢᠶ᠋ᠠᠷ ᠪᠠᠲᠤᠯᠠᠭᠤᠯᠤᠭᠰᠠᠨ;

  (ᠲᠠᠪᠤ) ᠺᠣᠮᠫᠠᠨᠢ᠎ᠶᠢᠨ᠎ᠨᠡᠷᠡᠢᠳᠦᠯ᠎ᠲᠡᠢ ᠪᠠᠢᠵᠤ᠂ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠱᠠᠭᠠᠷᠳᠠᠯᠭ᠎ᠠ᠎ᠳᠤ ᠨᠡᠢᠴᠡᠭᠰᠡᠨ ᠵᠣᠬᠢᠶᠠᠨ ᠪᠠᠢᠭᠤᠯᠤᠯᠲᠠ᠎ᠶᠢᠨ ᠪᠠᠢᠭᠤᠯᠤᠮᠵᠢ᠎ᠶᠢ ᠪᠠᠢᠭᠤᠯᠤᠭᠰᠠᠨ;

  (ᠵᠢᠷᠭᠤᠭ᠎ᠠ) ᠺᠣᠮᠫᠠᠨᠢ᠎ᠶᠢᠨ ᠣᠷᠤᠨ ᠰᠠᠭᠤᠴᠠ᠎ᠲᠠᠢ᠃

  ᠳᠠᠯᠠᠨ ᠳᠣᠯᠤᠳᠤᠭᠠᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠠᠢᠭᠤᠯᠬᠤ᠎ᠳᠤ ᠡᠭᠦᠰᠭᠡᠨ ᠪᠠᠢᠭᠤᠯᠬᠤ ᠪᠤᠶᠤ ᠴᠤᠭᠯᠠᠭᠤᠯᠤᠨ ᠪᠠᠢᠭᠤᠯᠬᠤ ᠠᠷᠭ᠎ᠠ ᠮᠠᠶᠢᠭ᠎ᠢ ᠠᠪᠴᠤ ᠪᠣᠯᠤᠨ᠎ᠠ᠃

  ᠡᠭᠦᠰᠭᠡᠨ ᠪᠠᠢᠭᠤᠯᠬᠤ ᠭᠡᠳᠡᠭ᠎ᠨᠢ ᠡᠭᠦᠰᠭᠡᠨ ᠪᠠᠢᠭᠤᠯᠤᠭᠴᠢ ᠺᠣᠮᠫᠠᠨᠢ᠎ᠶᠢᠨ ᠲᠠᠷᠬᠠᠭᠠᠬᠤ ᠶᠣᠰᠤᠲᠠᠢ ᠪᠦᠬᠦ ᠬᠤᠪᠢ᠎ᠶᠢ ᠬᠤᠳᠠᠯᠳᠤᠨ ᠠᠪᠴᠤ ᠺᠣᠮᠫᠠᠨᠢ ᠪᠠᠢᠭᠤᠯᠬᠤ᠎ᠶᠢ ᠵᠢᠭᠠᠵᠤ ᠪᠠᠢᠨ᠎ᠠ᠃

  ᠴᠤᠭᠯᠠᠭᠤᠯᠤᠨ ᠪᠠᠢᠭᠤᠯᠬᠤ ᠭᠡᠳᠡᠭ᠎ᠨᠢ ᠡᠭᠦᠰᠭᠡᠨ ᠪᠠᠢᠭᠤᠯᠤᠭᠴᠢ ᠺᠣᠮᠫᠠᠨᠢ᠎ᠶᠢᠨ ᠲᠠᠷᠬᠠᠭᠠᠬᠤ ᠶᠣᠰᠤᠲᠠᠢ ᠬᠤᠪᠢ᠎ᠶᠢᠨ ᠨᠢᠭᠡ ᠬᠡᠰᠡᠭ᠎ᠢ ᠬᠤᠳᠠᠯᠳᠤᠨ ᠠᠪᠴᠤ᠂ ᠦᠯᠡᠳᠡᠭᠰᠡᠨ ᠬᠤᠪᠢ᠎ᠶᠢ ᠨᠡᠢᠭᠡᠮ ᠳᠡᠭᠡᠷ᠎ᠡ᠎ᠡᠴᠡ ᠢᠯᠡ᠎ᠪᠡᠷ ᠴᠤᠭᠯᠠᠭᠤᠯᠬᠤ ᠪᠤᠶᠤ ᠣᠨᠴᠠ ᠲᠣᠭᠲᠠᠭᠰᠠᠨ ᠡᠲᠡᠭᠡᠳ᠎ᠡᠴᠡ ᠴᠤᠭᠯᠠᠭᠤᠯᠵᠤ ᠺᠣᠮᠫᠠᠨᠢ ᠪᠠᠢᠭᠤᠯᠬᠤ᠎ᠶᠢ ᠵᠢᠭᠠᠵᠤ ᠪᠠᠢᠨ᠎ᠠ᠃

  ᠳᠠᠯᠠᠨ ᠨᠠᠢ᠍ᠮᠠᠳᠤᠭᠠᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠠᠢᠭᠤᠯᠬᠤ᠎ᠳᠤ ᠬᠣᠶᠠᠷ ᠬᠥᠮᠦᠨ᠎ᠡᠴᠡ ᠳᠡᠭᠡᠭᠱᠢ ᠬᠣᠶᠠᠷ ᠵᠠᠭᠤᠨ ᠬᠥᠮᠦᠨ᠎ᠡᠴᠡ ᠳᠣᠭᠤᠭᠱᠢ ᠡᠭᠦᠰᠭᠡᠨ ᠪᠠᠢᠭᠤᠯᠤᠭᠴᠢ᠎ᠲᠠᠢ ᠪᠠᠢᠵᠤ᠂ ᠡᠭᠦᠨ᠎ᠦ ᠳᠣᠲᠤᠷᠠᠬᠢ ᠬᠠᠭᠠᠰ ᠲᠣᠭ᠎ᠠ᠎ᠠᠴᠠ ᠳᠡᠭᠡᠭᠱᠢᠬᠢ ᠡᠭᠦᠰᠭᠡᠨ ᠪᠠᠢᠭᠤᠯᠤᠭᠴᠢ᠎ᠨᠢ ᠳᠤᠮᠳᠠᠳᠤ ᠤᠯᠤᠰ᠎ᠤᠨ ᠬᠢᠯᠢ ᠳᠣᠲᠤᠷ᠎ᠠ ᠣᠷᠤᠨ ᠰᠠᠭᠤᠴᠠ᠎ᠲᠠᠢ ᠪᠠᠢᠬᠤ ᠬᠡᠷᠡᠭᠲᠡᠢ᠃

  ᠳᠠᠯᠠ ᠶᠢᠰᠦᠳᠦᠭᠡᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠡᠭᠦᠰᠭᠡᠨ ᠪᠠᠢᠭᠤᠯᠤᠭᠴᠢ᠎ᠨᠢ ᠺᠣᠮᠫᠠᠨᠢ᠎ᠶᠢ ᠪᠡᠯᠡᠳᠭᠡᠨ ᠪᠠᠢᠭᠤᠯᠬᠤ ᠤᠴᠢᠷ ᠶᠠᠪᠤᠳᠠᠯ᠎ᠢ ᠡᠭᠦᠷᠭᠡᠯᠡᠨ᠎ᠡ᠃

  ᠡᠭᠦᠰᠭᠡᠨ ᠪᠠᠢᠭᠤᠯᠤᠭᠴᠢ᠎ᠨᠢ ᠡᠭᠦᠰᠭᠡᠨ ᠪᠠᠢᠭᠤᠯᠤᠭᠴᠢᠳ᠎ᠤᠨ ᠬᠡᠯᠡᠯᠴᠡᠭᠡᠷ ᠲᠣᠭᠲᠠᠭᠠᠵᠤ᠂ ᠺᠣᠮᠫᠠᠨᠢ ᠪᠠᠢᠭᠤᠯᠬᠤ ᠶᠠᠪᠤᠴᠠ᠎ᠳᠠᠬᠢ ᠲᠤᠰ ᠲᠤᠰ᠎ᠤᠨ ᠡᠷᠬᠡ ᠪᠠ ᠡᠭᠦᠷᠭᠡ᠎ᠪᠡᠨ ᠲᠣᠳᠤᠷᠬᠠᠢ ᠪᠣᠯᠭᠠᠬᠤ ᠬᠡᠷᠡᠭᠲᠡᠢ᠃

  ᠨᠠᠶᠠᠳᠤᠭᠠᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢ ᠡᠭᠦᠰᠭᠡᠨ ᠪᠠᠢᠭᠤᠯᠬᠤ ᠠᠷᠭ᠎ᠠ ᠮᠠᠶᠢᠭ᠎ᠢᠶ᠋ᠠᠷ ᠪᠠᠢᠭᠤᠯᠤᠭᠰᠠᠨ ᠪᠠᠢᠪᠠᠯ᠂ ᠳᠠᠩᠰᠠᠯᠠᠭᠤᠯᠤᠭᠰᠠᠨ ᠬᠥᠷᠦᠩᠭᠡ᠎ᠨᠢ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠳᠠᠩᠰᠠᠯᠠᠭᠤᠯᠤᠭᠰᠠᠨ ᠪᠦᠬᠦ ᠡᠭᠦᠰᠭᠡᠨ ᠪᠠᠢᠭᠤᠯᠤᠭᠴᠢ᠎ᠶᠢᠨ ᠬᠤᠳᠠᠯᠳᠤᠨ ᠠᠪᠤᠭᠰᠠᠨ ᠰᠲ᠋ᠤᠺ᠎ᠤᠨ ᠡᠬᠡ ᠮᠥᠩᠭᠦ᠎ᠶᠢᠨ ᠶᠡᠷᠦᠩᠬᠡᠢ ᠲᠣᠭ᠎ᠠ ᠪᠣᠯᠤᠨ᠎ᠠ᠃ ᠡᠭᠦᠰᠭᠡᠨ ᠪᠠᠢᠭᠤᠯᠤᠭᠴᠢ᠎ᠶᠢᠨ ᠬᠤᠳᠠᠯᠳᠤᠨ ᠠᠪᠤᠭᠰᠠᠨ ᠬᠤᠪᠢ᠎ᠶᠢ ᠲᠤᠱᠢᠶᠠᠵᠤ ᠳᠠᠭᠤᠰᠭᠠᠬᠤ᠎ᠠᠴᠠ ᠡᠮᠦᠨ᠎ᠡ ᠪᠤᠰᠤᠳ ᠬᠥᠮᠦᠨ᠎ᠡᠴᠡ ᠬᠤᠪᠢ ᠴᠤᠭᠯᠠᠭᠤᠯᠵᠤ ᠪᠣᠯᠬᠤ᠎ᠦᠭᠡᠢ᠃

  ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢ ᠴᠤᠭᠯᠠᠭᠤᠯᠬᠤ ᠠᠷᠭ᠎ᠠ ᠮᠠᠶᠢᠭ᠎ᠢᠶ᠋ᠠᠷ ᠪᠠᠢᠭᠤᠯᠤᠭᠰᠠᠨ ᠪᠠᠢᠪᠠᠯ᠂ ᠳᠠᠩᠰᠠᠯᠠᠭᠤᠯᠤᠭᠰᠠᠨ ᠬᠥᠷᠦᠩᠭᠡ᠎ᠨᠢ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠳᠠᠩᠰᠠᠯᠠᠭᠤᠯᠤᠭᠰᠠᠨ ᠪᠣᠳᠠᠲᠠᠢ ᠬᠤᠷᠢᠶᠠᠭᠰᠠᠨ ᠰᠲ᠋ᠤᠺ᠎ᠤᠨ ᠡᠬᠡ ᠮᠥᠩᠭᠦ᠎ᠶᠢᠨ ᠶᠡᠷᠦᠩᠬᠡᠢ ᠲᠣᠭ᠎ᠠ ᠪᠣᠯᠤᠨ᠎ᠠ᠃

  ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠵᠢᠴᠢ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠲᠣᠭᠲᠠᠭᠠᠯ᠎ᠳᠤ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠳᠠᠩᠰᠠᠯᠠᠭᠤᠯᠬᠤ ᠬᠥᠷᠦᠩᠭᠡ᠎ᠶᠢᠨ ᠪᠣᠳᠠᠲᠠᠢ ᠲᠤᠱᠢᠶᠠᠬᠤ ᠲᠣᠭ᠎ᠠ ᠪᠠ ᠳᠠᠩᠰᠠᠯᠠᠭᠤᠯᠬᠤ ᠬᠥᠷᠦᠩᠭᠡ᠎ᠶᠢᠨ ᠬᠠᠮᠤᠭ ᠳᠣᠣᠷ᠎ᠠ ᠬᠢᠵᠠᠭᠠᠷ ᠲᠣᠭ᠎ᠠ᠎ᠶᠢᠨ ᠲᠤᠬᠠᠢ ᠠᠰᠲᠠᠭᠠᠨ ᠲᠣᠭᠲᠠᠭᠠᠯ᠎ᠲᠠᠢ ᠪᠠᠢᠪᠠᠯ᠂ ᠲᠡᠷᠡ ᠲᠣᠭᠲᠠᠭᠠᠯ᠎ᠢ ᠵᠢᠷᠤᠮᠯᠠᠨ᠎ᠠ᠃

  ᠨᠠᠶᠠᠨ ᠨᠢᠭᠡᠳᠦᠭᠡᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠳᠦᠷᠢᠮ᠎ᠳᠦ ᠳᠣᠣᠷ᠎ᠠ ᠵᠢᠭᠰᠠᠭᠠᠭᠰᠠᠨ ᠵᠦᠢᠯᠡᠰ᠎ᠢ ᠲᠣᠳᠤᠷᠬᠠᠢ ᠲᠡᠮᠳᠡᠭᠯᠡᠭᠰᠡᠨ ᠪᠠᠢᠬᠤ ᠬᠡᠷᠡᠭᠲᠡᠢ᠄

  (ᠨᠢᠭᠡ) ᠺᠣᠮᠫᠠᠨᠢ᠎ᠶᠢᠨ᠎ᠨᠡᠷᠡᠢᠳᠦᠯ ᠪᠣᠯᠤᠨ ᠣᠷᠤᠨ ᠰᠠᠭᠤᠴᠠ;

  (ᠬᠣᠶᠠᠷ) ᠺᠣᠮᠫᠠᠨᠢ᠎ᠶᠢᠨ ᠡᠵᠡᠩᠨᠡᠯᠲᠡ᠎ᠶᠢᠨ ᠬᠡᠪᠴᠢᠶ᠎ᠡ;

  (ᠭᠤᠷᠪᠠ) ᠺᠣᠮᠫᠠᠨᠢ ᠪᠠᠢᠭᠤᠯᠬᠤ ᠠᠷᠭ᠎ᠠ ᠮᠠᠶᠢᠭ;

  (ᠳᠥᠷᠪᠡ) ᠺᠣᠮᠫᠠᠨᠢ᠎ᠶᠢᠨ ᠬᠤᠪᠢ᠎ᠶᠢᠨ ᠶᠡᠷᠦᠩᠬᠡᠢ ᠲᠣᠭ᠎ᠠ᠂ ᠬᠤᠪᠢ ᠪᠦᠷᠢ᠎ᠶᠢᠨ ᠵᠣᠭᠤᠰᠤᠨ ᠲᠣᠭ᠎ᠠ ᠪᠣᠯᠤᠨ ᠳᠠᠩᠰᠠᠯᠠᠭᠤᠯᠤᠭᠰᠠᠨ ᠬᠥᠷᠦᠩᠭᠡ;

  (ᠲᠠᠪᠤ) ᠡᠭᠦᠰᠭᠡᠨ ᠪᠠᠢᠭᠤᠯᠤᠭᠴᠢ᠎ᠶᠢᠨ ᠣᠪᠤᠭ᠎ᠨᠡᠷ᠎ᠡ ᠪᠤᠶᠤ᠎ᠨᠡᠷᠡᠢᠳᠦᠯ᠂ ᠬᠤᠳᠠᠯᠳᠤᠨ ᠠᠪᠤᠭᠰᠠᠨ ᠬᠤᠪᠢ᠎ᠶᠢᠨ ᠲᠣᠭ᠎ᠠ᠂ ᠪᠡᠯᠡ ᠭᠠᠷᠭᠠᠬᠤ ᠠᠷᠭ᠎ᠠ ᠮᠠᠶᠢᠭ ᠪᠣᠯᠤᠨ ᠪᠡᠯᠡ ᠭᠠᠷᠭᠠᠬᠤ ᠴᠠᠭ;

  (ᠵᠢᠷᠭᠤᠭ᠎ᠠ) ᠬᠡᠷᠡᠭ ᠮᠡᠳᠡᠭᠴᠢᠳ᠎ᠦᠨ ᠵᠥᠪᠯᠡᠯ᠎ᠦᠨ ᠪᠦᠷᠢᠯᠳᠦᠯ᠂ ᠡᠷᠬᠡ ᠲᠤᠱᠢᠶᠠᠯ ᠪᠣᠯᠤᠨ ᠬᠡᠷᠡᠭ ᠵᠥᠪᠯᠡᠬᠦ ᠳᠦᠷᠢᠮ;

  (ᠳᠣᠯᠤᠭ᠎ᠠ) ᠺᠣᠮᠫᠠᠨᠢ᠎ᠶᠢᠨ ᠬᠠᠤᠯᠢ᠎ᠪᠠᠷ ᠲᠣᠭᠲᠠᠭᠠᠭᠰᠠᠨ ᠲᠥᠯᠦᠭᠡᠯᠡᠭᠴᠢ;

  (ᠨᠠᠢ᠍ᠮᠠ) ᠬᠡᠷᠡᠭ ᠬᠢᠨᠠᠭᠴᠢᠳ᠎ᠤᠨ ᠵᠥᠪᠯᠡᠯ᠎ᠦᠨ ᠪᠦᠷᠢᠯᠳᠦᠯ᠂ ᠡᠷᠬᠡ ᠲᠤᠱᠢᠶᠠᠯ ᠪᠣᠯᠤᠨ ᠬᠡᠷᠡᠭ ᠵᠥᠪᠯᠡᠬᠦ ᠳᠦᠷᠢᠮ;

  (ᠶᠢᠰᠦ) ᠺᠣᠮᠫᠠᠨᠢ᠎ᠶᠢᠨ ᠠᠱᠢᠭ ᠬᠣᠨᠵᠢᠪᠤᠷᠢ᠎ᠶᠢ ᠬᠤᠪᠢᠶᠠᠷᠢᠯᠠᠬᠤ ᠠᠷᠭ᠎ᠠ;

  (ᠠᠷᠪᠠ) ᠺᠣᠮᠫᠠᠨᠢ᠎ᠶᠢ ᠲᠠᠷᠬᠠᠭᠠᠬᠤ ᠤᠴᠢᠷ ᠱᠢᠯᠲᠠᠭᠠᠨ ᠬᠢᠭᠡᠳ ᠢᠯᠭᠠᠷᠠᠭᠤᠯᠤᠨ ᠪᠣᠳᠤᠬᠤ ᠠᠷᠭ᠎ᠠ;

  (ᠠᠷᠪᠠᠨ ᠨᠢᠭᠡ) ᠺᠣᠮᠫᠠᠨᠢ᠎ᠶᠢᠨ ᠮᠡᠳᠡᠭᠳᠡᠯ ᠪᠣᠯᠤᠨ ᠠᠯᠪᠠᠨ ᠵᠠᠷ ᠭᠠᠷᠭᠠᠬᠤ ᠠᠷᠭ᠎ᠠ;

  (ᠠᠷᠪᠠᠨ ᠬᠣᠶᠠᠷ) ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠠᠴᠠ ᠲᠣᠭᠲᠠᠭᠠᠬᠤ ᠴᠢᠬᠤᠯᠠᠲᠠᠢ ᠭᠡᠵᠦ ᠦᠵᠡᠭᠰᠡᠨ ᠪᠤᠰᠤᠳ ᠵᠦᠢᠯᠡᠰ᠃

  ᠨᠠᠶᠠᠨ ᠬᠣᠶᠠᠳᠤᠭᠠᠷ ᠵᠦᠢᠯ ᠡᠭᠦᠰᠭᠡᠨ ᠪᠠᠢᠭᠤᠯᠤᠭᠴᠢ᠎ᠶᠢᠨ ᠪᠡᠯᠡ ᠭᠠᠷᠭᠠᠬᠤ ᠠᠷᠭ᠎ᠠ ᠮᠠᠶᠢᠭ᠎ᠲᠤ ᠲᠤᠰ ᠬᠠᠤᠯᠢ᠎ᠶᠢᠨ ᠬᠣᠷᠢᠨ ᠳᠣᠯᠤᠳᠤᠭᠠᠷ ᠵᠦᠢᠯ᠎ᠦᠨ ᠲᠣᠭᠲᠠᠭᠠᠯ᠎ᠢ ᠬᠡᠷᠡᠭᠯᠡᠨ᠎ᠡ᠃

  ᠨᠠᠶᠠᠨ ᠭᠤᠷᠪᠠᠳᠤᠭᠠᠷ ᠵᠦᠢᠯ ᠡᠭᠦᠰᠭᠡᠨ ᠪᠠᠢᠭᠤᠯᠬᠤ ᠠᠷᠭ᠎ᠠ ᠮᠠᠶᠢᠭ᠎ᠢᠶ᠋ᠠᠷ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠠᠢᠭᠤᠯᠬᠤ᠎ᠳᠤ᠂ ᠡᠭᠦᠰᠭᠡᠨ ᠪᠠᠢᠭᠤᠯᠤᠭᠴᠢ᠎ᠨᠢ ᠺᠣᠮᠫᠠᠨᠢ᠎ᠶᠢᠨ ᠳᠦᠷᠢᠮ᠎ᠳᠦ ᠲᠡᠭᠦᠨ᠎ᠢᠶ᠋ᠡᠷ ᠬᠤᠳᠠᠯᠳᠤᠨ ᠠᠪᠤᠭᠤᠯᠬᠤ᠎ᠪᠠᠷ ᠲᠣᠭᠲᠠᠭᠠᠭᠰᠠᠨ ᠬᠤᠪᠢ᠎ᠶᠢ ᠪᠢᠴᠢᠭ᠎ᠦᠨ ᠬᠡᠯᠪᠡᠷᠢ᠎ᠪᠡᠷ ᠳᠠᠭᠠᠭᠠᠨ ᠮᠡᠳᠡᠷᠡᠬᠦ᠎ᠶᠢᠨ ᠬᠠᠮᠲᠤ ᠺᠣᠮᠫᠠᠨᠢ᠎ᠶᠢᠨ ᠳᠦᠷᠢᠮ᠎ᠦᠨ ᠶᠣᠰᠤᠭᠠᠷ ᠭᠠᠷᠭᠠᠬᠤ ᠪᠡᠯᠡ᠎ᠪᠡᠨ ᠲᠤᠱᠢᠶᠠᠬᠤ ᠬᠡᠷᠡᠭᠲᠡᠢ᠃ ᠵᠣᠭᠤᠰ ᠪᠤᠰᠤ ᠡᠳ᠋ ᠬᠥᠷᠦᠩᠭᠡ᠎ᠪᠡᠷ ᠪᠡᠯᠡ ᠭᠠᠷᠭᠠᠭᠰᠠᠨ ᠪᠠᠢᠪᠠᠯ᠂ ᠡᠳ᠋ ᠬᠥᠷᠦᠩᠭᠡ᠎ᠶᠢᠨ ᠡᠷᠬᠡ᠎ᠪᠡᠨ ᠱᠢᠯᠵᠢᠭᠦᠯᠬᠦ ᠭᠠᠷ ᠭᠦᠢᠴᠡᠳᠭᠡᠯ᠎ᠢ ᠬᠠᠤᠯᠢ ᠶᠣᠰᠤᠭᠠᠷ ᠬᠢᠬᠦ ᠬᠡᠷᠡᠭᠲᠡᠢ᠃

  ᠡᠭᠦᠰᠭᠡᠨ ᠪᠠᠢᠭᠤᠯᠤᠭᠴᠢ᠎ᠨᠢ ᠡᠮᠦᠨᠡᠬᠢ ᠪᠠᠳᠠᠭ᠎ᠤᠨ ᠲᠣᠭᠲᠠᠭᠠᠯ ᠶᠣᠰᠤᠭᠠᠷ ᠭᠠᠷᠭᠠᠬᠤ ᠪᠡᠯᠡ᠎ᠪᠡᠨ ᠲᠤᠱᠢᠶᠠᠭᠰᠠᠨ᠎ᠦᠭᠡᠢ ᠪᠠᠢᠪᠠᠯ᠂ ᠡᠭᠦᠰᠭᠡᠨ ᠪᠠᠢᠭᠤᠯᠤᠭᠴᠢᠳ᠎ᠤᠨ ᠬᠡᠯᠡᠯᠴᠡᠭᠡᠷ ᠶᠣᠰᠤᠭᠠᠷ ᠭᠡᠷ᠎ᠡ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃

  ᠡᠭᠦᠰᠭᠡᠨ ᠪᠠᠢᠭᠤᠯᠤᠭᠴᠢ᠎ᠨᠢ ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠭᠠᠷᠭᠠᠬᠤ ᠪᠡᠯᠡ᠎ᠶᠢ ᠳᠠᠭᠠᠭᠠᠨ ᠮᠡᠳᠡᠷᠡᠭᠰᠡᠨ᠎ᠦ ᠰᠡᠭᠦᠯᠡᠷ ᠬᠡᠷᠡᠭ ᠮᠡᠳᠡᠭᠴᠢᠳ᠎ᠦᠨ ᠵᠥᠪᠯᠡᠯ ᠪᠣᠯᠤᠨ ᠬᠡᠷᠡᠭ ᠬᠢᠨᠠᠭᠴᠢᠳ᠎ᠤᠨ ᠵᠥᠪᠯᠡᠯ᠎ᠢᠶ᠋ᠡᠨ ᠰᠣᠩᠭᠤᠨ ᠭᠠᠷᠭᠠᠵᠤ᠂ ᠬᠡᠷᠡᠭ ᠮᠡᠳᠡᠭᠴᠢᠳ᠎ᠦᠨ ᠵᠥᠪᠯᠡᠯ᠎ᠡᠴᠡ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠺᠣᠮᠫᠠᠨᠢ᠎ᠶᠢᠨ ᠳᠦᠷᠢᠮ ᠵᠢᠴᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠳᠤ ᠲᠣᠭᠲᠠᠭᠠᠭᠰᠠᠨ ᠪᠤᠰᠤᠳ ᠪᠢᠴᠢᠭ ᠮᠠᠲᠧᠷᠢᠶᠠᠯ᠎ᠢᠶ᠋ᠠᠨ ᠮᠡᠳᠡᠭᠦᠯᠦᠨ ᠬᠦᠷᠭᠡᠵᠦ᠂ ᠪᠠᠢᠭᠤᠯᠬᠤ ᠳᠡᠩᠰᠡᠯᠡᠯᠲᠡ ᠬᠢᠯᠭᠡᠬᠦ᠎ᠪᠡᠷ ᠭᠤᠶᠤᠴᠢᠯᠠᠬᠤ ᠬᠡᠷᠡᠭᠲᠡᠢ᠃

  ᠨᠠᠶᠠᠨ ᠳᠥᠷᠪᠡᠳᠦᠭᠡᠷ ᠵᠦᠢᠯ ᠴᠤᠭᠯᠠᠭᠤᠯᠤᠨ ᠪᠠᠢᠭᠤᠯᠬᠤ ᠠᠷᠭ᠎ᠠ ᠮᠠᠶᠢᠭ᠎ᠢᠶ᠋ᠠᠷ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠠᠢᠭᠤᠯᠬᠤ᠎ᠳᠤ᠂ ᠡᠭᠦᠰᠭᠡᠨ ᠪᠠᠢᠭᠤᠯᠤᠭᠴᠢ᠎ᠶᠢᠨ ᠬᠤᠳᠠᠯᠳᠤᠨ ᠠᠪᠬᠤ ᠬᠤᠪᠢ᠎ᠨᠢ ᠺᠣᠮᠫᠠᠨᠢ᠎ᠶᠢᠨ ᠬᠤᠪᠢ᠎ᠶᠢᠨ ᠶᠡᠷᠦᠩᠬᠡᠢ ᠲᠣᠭᠠᠨ᠎ᠤ ᠵᠠᠭᠤᠨ᠎ᠤ ᠭᠤᠴᠢᠨ ᠲᠠᠪᠤ᠎ᠠᠴᠠ ᠳᠤᠲᠠᠭᠤ ᠪᠠᠢᠵᠤ ᠪᠣᠯᠬᠤ᠎ᠦᠭᠡᠢ; ᠭᠡᠪᠡᠴᠦ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠳᠤ ᠠᠰᠲᠠᠭᠠᠨ ᠲᠣᠭᠲᠠᠭᠠᠯ᠎ᠲᠠᠢ ᠪᠠᠢᠪᠠᠯ᠂ ᠲᠡᠷᠡ ᠲᠣᠭᠲᠠᠭᠠᠯ᠎ᠢ ᠵᠢᠷᠤᠮᠯᠠᠨ᠎ᠠ᠃

  ᠨᠠᠶᠠᠨ ᠲᠠᠪᠤᠳᠤᠭᠠᠷ ᠵᠦᠢᠯ ᠡᠭᠦᠰᠭᠡᠨ ᠪᠠᠢᠭᠤᠯᠤᠭᠴᠢ ᠨᠡᠢᠭᠡᠮ ᠳᠡᠭᠡᠷ᠎ᠡ᠎ᠡᠴᠡ ᠢᠯᠡ᠎ᠪᠡᠷ ᠬᠤᠪᠢ ᠴᠤᠭᠯᠠᠭᠤᠯᠬᠤ᠎ᠳᠤ ᠡᠷᠬᠡᠪᠱᠢ ᠬᠤᠪᠢ ᠡᠯᠰᠡᠬᠦ ᠲᠣᠳᠤᠷᠬᠠᠢᠯᠠᠯᠲᠠ᠎ᠶᠢᠨ ᠪᠢᠴᠢᠭ᠎ᠢᠶ᠋ᠡᠨ ᠨᠡᠢᠲᠡᠯᠡᠬᠦ᠎ᠶᠢᠨ ᠬᠠᠮᠲᠤ ᠬᠤᠪᠢ ᠬᠤᠳᠠᠯᠳᠤᠨ ᠠᠪᠬᠤ ᠪᠢᠴᠢᠭ ᠵᠣᠬᠢᠶᠠᠬᠤ ᠬᠡᠷᠡᠭᠲᠡᠢ᠃ ᠬᠤᠪᠢ ᠬᠤᠳᠠᠯᠳᠤᠨ ᠠᠪᠬᠤ ᠪᠢᠴᠢᠭ᠎ᠲᠤ᠎ᠪᠠᠨ ᠲᠤᠰ ᠬᠠᠤᠯᠢ᠎ᠶᠢᠨ ᠨᠠᠶᠠᠨ ᠵᠢᠷᠭᠤᠳᠤᠭᠠᠷ ᠵᠦᠢᠯ᠎ᠳᠦ ᠵᠢᠭᠰᠠᠭᠠᠭᠰᠠᠨ ᠵᠦᠢᠯᠡᠰ᠎ᠢ ᠲᠣᠳᠤᠷᠬᠠᠢ ᠲᠡᠮᠳᠡᠭᠯᠡᠵᠦ᠂ ᠬᠤᠪᠢ ᠬᠤᠳᠠᠯᠳᠤᠨ ᠠᠪᠤᠭᠴᠢ᠎ᠠᠴᠠ ᠬᠤᠳᠠᠯᠳᠤᠨ ᠠᠪᠤᠭᠰᠠᠨ ᠬᠤᠪᠢ᠎ᠶᠢᠨ ᠲᠣᠭ᠎ᠠ᠂ ᠵᠣᠭᠤᠰᠤᠨ ᠲᠣᠭ᠎ᠠ᠂ ᠣᠷᠤᠨ ᠰᠠᠭᠤᠴᠠ᠎ᠪᠠᠨ ᠲᠠᠭᠯᠠᠨ ᠪᠢᠴᠢᠬᠦ᠎ᠶᠢᠨ ᠬᠠᠮᠲᠤ ᠭᠠᠷ᠎ᠤᠨ ᠦᠰᠦᠭ ᠵᠢᠷᠤᠵᠤ ᠲᠠᠮᠠᠭ᠎ᠠ᠎ᠪᠠᠨ ᠳᠠᠷᠤᠬᠤ ᠬᠡᠷᠡᠭᠲᠡᠢ᠃ ᠬᠤᠪᠢ ᠬᠤᠳᠠᠯᠳᠤᠨ ᠠᠪᠤᠭᠴᠢ ᠬᠤᠳᠠᠯᠳᠤᠨ ᠠᠪᠤᠭᠰᠠᠨ ᠬᠤᠪᠢ᠎ᠶᠢᠨ ᠲᠣᠭ᠎ᠠ᠎ᠪᠠᠷ᠎ᠢᠶ᠋ᠠᠨ ᠬᠤᠪᠢ᠎ᠶᠢᠨ ᠵᠣᠭᠤᠰ᠎ᠢᠶ᠋ᠠᠨ ᠲᠤᠱᠢᠶᠠᠨ᠎ᠠ᠃

  ᠨᠠᠶᠠᠨ ᠵᠢᠷᠭᠤᠳᠤᠭᠠᠷ ᠵᠦᠢᠯ ᠬᠤᠪᠢ ᠡᠯᠰᠡᠬᠦ ᠲᠣᠳᠤᠷᠬᠠᠢᠯᠠᠯᠲᠠ᠎ᠶᠢᠨ ᠪᠢᠴᠢᠭ᠎ᠲᠦ ᠡᠭᠦᠰᠭᠡᠨ ᠪᠠᠢᠭᠤᠯᠤᠭᠴᠢ᠎ᠶᠢᠨ ᠲᠣᠭᠲᠠᠭᠠᠭᠰᠠᠨ ᠺᠣᠮᠫᠠᠨᠢ᠎ᠶᠢᠨ ᠳᠦᠷᠢᠮ᠎ᠢ ᠳᠠᠭᠠᠯᠳᠤᠭᠤᠯᠬᠤ᠎ᠶᠢᠨ ᠬᠠᠮᠲᠤ ᠳᠣᠣᠷ᠎ᠠ ᠵᠢᠭᠰᠠᠭᠠᠭᠰᠠᠨ ᠵᠦᠢᠯᠡᠰ᠎ᠢ ᠲᠣᠳᠤᠷᠬᠠᠢ ᠲᠡᠮᠳᠡᠭᠯᠡᠭᠰᠡᠨ ᠪᠠᠢᠬᠤ ᠬᠡᠷᠡᠭᠲᠡᠢ᠄

  (ᠨᠢᠭᠡ) ᠡᠭᠦᠰᠭᠡᠨ ᠪᠠᠢᠭᠤᠯᠤᠭᠴᠢᠳ᠎ᠤᠨ ᠬᠤᠳᠠᠯᠳᠤᠨ ᠠᠪᠤᠭᠰᠠᠨ ᠬᠤᠪᠢ᠎ᠶᠢᠨ ᠲᠣᠭ᠎ᠠ;

  (ᠬᠣᠶᠠᠷ) ᠬᠤᠪᠢ ᠨᠢᠭᠡᠪᠦᠷᠢ᠎ᠶᠢᠨ ᠨᠢᠭᠤᠷ᠎ᠤᠨ ᠵᠣᠭᠤᠰᠤᠨ ᠲᠣᠭ᠎ᠠ ᠪᠣᠯᠤᠨ ᠲᠠᠷᠬᠠᠭᠠᠬᠤ ᠦᠨ᠎ᠡ;

  (ᠭᠤᠷᠪᠠ)᠎ᠨᠡᠷ᠎ᠡ ᠬᠠᠲᠠᠬᠤ᠎ᠦᠭᠡᠢ ᠰᠲ᠋ᠤᠺ᠎ᠢ ᠲᠠᠷᠬᠠᠭᠠᠬᠤ ᠶᠡᠷᠦᠩᠬᠡᠢ ᠲᠣᠭ᠎ᠠ;

  (ᠳᠥᠷᠪᠡ) ᠴᠤᠭᠯᠠᠭᠤᠯᠤᠭᠰᠠᠨ ᠪᠡᠯᠡ ᠮᠥᠩᠭᠦ᠎ᠶᠢᠨ ᠬᠡᠷᠡᠭᠴᠡᠭᠡ;

  (ᠲᠠᠪᠤ) ᠬᠤᠪᠢ ᠬᠤᠳᠠᠯᠳᠤᠨ ᠠᠪᠤᠭᠴᠢ᠎ᠶᠢᠨ ᠡᠷᠬᠡ᠂ ᠡᠭᠦᠷᠭᠡ;

  (ᠵᠢᠷᠭᠤᠭ᠎ᠠ) ᠲᠤᠰ ᠤᠳᠠᠭ᠎ᠠ᠎ᠶᠢᠨ ᠬᠤᠪᠢ ᠴᠤᠭᠯᠠᠭᠤᠯᠤᠯᠲᠠ᠎ᠶᠢᠨ ᠡᠬᠢᠯᠡᠵᠦ ᠳᠠᠭᠤᠰᠭᠤ ᠬᠤᠭᠤᠴᠠᠭ᠎ᠠ ᠪᠠ ᠬᠤᠭᠤᠴᠠᠭ᠎ᠠ᠎ᠠᠴᠠ ᠬᠡᠲᠦᠷᠡᠭᠰᠡᠨ ᠪᠠᠢᠲᠠᠯ᠎ᠠ ᠴᠤᠭᠯᠠᠭᠤᠯᠵᠤ ᠭᠦᠢᠴᠡᠭᠡᠳᠦᠢ ᠪᠠᠢᠪᠠᠯ ᠬᠤᠪᠢ ᠬᠤᠳᠠᠯᠳᠤᠨ ᠠᠪᠤᠭᠴᠢ᠎ᠨᠢ ᠬᠤᠳᠠᠯᠳᠤᠨ ᠠᠪᠤᠭᠰᠠᠨ ᠬᠤᠪᠢ᠎ᠪᠠᠨ ᠪᠤᠴᠠᠭᠠᠵᠤ ᠪᠣᠯᠬᠤ ᠲᠤᠬᠠᠢ ᠲᠣᠳᠤᠷᠬᠠᠢᠯᠠᠯᠲᠠ᠃

  ᠨᠠᠶᠠᠨ ᠳᠣᠯᠤᠳᠤᠭᠠᠷ ᠵᠦᠢᠯ ᠡᠭᠦᠰᠭᠡᠨ ᠪᠠᠢᠭᠤᠯᠤᠭᠴᠢ ᠨᠡᠢᠭᠡᠮ ᠳᠡᠭᠡᠷ᠎ᠡ᠎ᠡᠴᠡ ᠢᠯᠡ᠎ᠪᠡᠷ ᠬᠤᠪᠢ ᠴᠤᠭᠯᠠᠭᠤᠯᠬᠤ᠎ᠳᠤ ᠬᠠᠤᠯᠢ ᠶᠣᠰᠤᠭᠠᠷ ᠪᠠᠢᠭᠤᠯᠤᠭᠰᠠᠨ ᠦᠨᠡᠲᠦ ᠲᠡᠮᠳᠡᠭᠲᠦ᠎ᠶᠢᠨ ᠺᠣᠮᠫᠠᠨᠢ᠎ᠠᠴᠠ ᠳᠠᠭᠠᠭᠠᠨ ᠪᠣᠷᠤᠯᠠᠭᠤᠯᠵᠤ᠂ ᠳᠠᠭᠠᠭᠠᠨ ᠪᠣᠷᠤᠯᠠᠭᠤᠯᠬᠤ ᠬᠡᠯᠡᠯᠴᠡᠭᠡᠷ ᠲᠣᠭᠲᠠᠭᠠᠬᠤ ᠬᠡᠷᠡᠭᠲᠡᠢ᠃

  ᠨᠠᠶᠠᠨ ᠨᠠᠢ᠍ᠮᠠᠳᠤᠭᠠᠷ ᠵᠦᠢᠯ ᠡᠭᠦᠰᠭᠡᠨ ᠪᠠᠢᠭᠤᠯᠤᠭᠴᠢ ᠨᠡᠢᠭᠡᠮ ᠳᠡᠭᠡᠷ᠎ᠡ᠎ᠡᠴᠡ ᠢᠯᠡ᠎ᠪᠡᠷ ᠬᠤᠪᠢ ᠴᠤᠭᠯᠠᠭᠤᠯᠬᠤ᠎ᠳᠤ ᠪᠠᠩᠬᠢ᠎ᠯᠤᠭ᠎ᠠ ᠬᠤᠪᠢ ᠠᠪᠬᠤ ᠵᠣᠭᠤᠰ᠎ᠢ ᠣᠷᠤᠯᠠᠨ ᠬᠤᠷᠢᠶᠠᠬᠤ ᠬᠡᠯᠡᠯᠴᠡᠭᠡᠷ ᠲᠣᠭᠲᠠᠭᠠᠬᠤ ᠬᠡᠷᠡᠭᠲᠡᠢ᠃

  ᠬᠤᠪᠢ᠎ᠶᠢᠨ ᠵᠣᠭᠤᠰ᠎ᠢ ᠣᠷᠤᠯᠠᠨ ᠬᠤᠷᠢᠶᠠᠬᠤ ᠪᠠᠩᠬᠢ ᠬᠡᠯᠡᠯᠴᠡᠭᠡᠷ ᠶᠣᠰᠤᠭᠠᠷ ᠬᠤᠪᠢ᠎ᠶᠢᠨ ᠵᠣᠭᠤᠰ᠎ᠢ ᠣᠷᠤᠯᠠᠨ ᠬᠤᠷᠢᠶᠠᠵᠤ ᠬᠠᠳᠠᠭᠠᠯᠠᠨ᠂ ᠬᠤᠪᠢ ᠬᠤᠳᠠᠯᠳᠤᠨ ᠠᠪᠬᠤ ᠵᠣᠭᠤᠰ᠎ᠢᠶ᠋ᠠᠨ ᠲᠤᠱᠢᠶᠠᠭᠰᠠᠨ ᠬᠤᠪᠢ ᠬᠤᠳᠠᠯᠳᠤᠨ ᠠᠪᠤᠭᠴᠢ᠎ᠳᠤ ᠵᠣᠭᠤᠰ ᠬᠤᠷᠢᠶᠠᠭᠰᠠᠨ᠎ᠪᠠᠷᠢᠮᠲᠠ ᠭᠠᠷᠭᠠᠵᠤ ᠥᠭᠬᠦ ᠬᠡᠷᠡᠭᠲᠡᠢ ᠪᠥᠭᠡᠳ ᠬᠣᠯᠪᠤᠭᠳᠠᠯ ᠪᠦᠬᠦᠢ ᠰᠠᠯᠠᠭ᠎ᠠ ᠮᠥᠴᠢᠷ᠎ᠲᠦ ᠵᠣᠭᠤᠰ ᠬᠤᠷᠢᠶᠠᠭᠰᠠᠨ ᠭᠡᠷᠡᠴᠢ ᠭᠠᠷᠭᠠᠵᠤ ᠥᠭᠬᠦ ᠡᠭᠦᠷᠭᠡ᠎ᠲᠡᠢ᠃

  ᠨᠠᠶᠠ ᠶᠢᠰᠦᠳᠦᠭᠡᠷ ᠵᠦᠢᠯ ᠬᠤᠪᠢ ᠲᠠᠷᠬᠠᠭᠠᠭᠰᠠᠨ ᠬᠤᠪᠢ᠎ᠶᠢᠨ ᠵᠣᠭᠤᠰ᠎ᠢᠶ᠋ᠠᠨ ᠭᠦᠢᠴᠡᠳ ᠲᠤᠱᠢᠶᠠᠭᠰᠠᠨ᠎ᠤ ᠳᠠᠷᠠᠭ᠎ᠠ ᠡᠷᠬᠡᠪᠱᠢ ᠬᠠᠤᠯᠢ ᠶᠣᠰᠤᠭᠠᠷ ᠪᠠᠢᠭᠤᠯᠤᠭᠰᠠᠨ ᠪᠡᠯᠡ ᠱᠢᠯᠭᠠᠬᠤ ᠪᠠᠢᠭᠤᠯᠤᠮᠵᠢ᠎ᠪᠠᠷ ᠪᠡᠯᠡ᠎ᠪᠡᠨ ᠱᠢᠯᠭᠠᠭᠤᠯᠬᠤ᠎ᠶᠢᠨ ᠬᠠᠮᠲᠤ ᠭᠡᠷᠡᠴᠢ ᠭᠠᠷᠭᠠᠭᠤᠯᠬᠤ ᠬᠡᠷᠡᠭᠲᠡᠢ᠃ ᠡᠭᠦᠰᠭᠡᠨ ᠪᠠᠢᠭᠤᠯᠤᠭᠴᠢ ᠬᠤᠪᠢ᠎ᠶᠢᠨ ᠵᠣᠭᠤᠰ᠎ᠢᠶ᠋ᠠᠨ ᠭᠦᠢᠴᠡᠳ ᠲᠤᠱᠢᠶᠠᠭᠰᠠᠨ ᠡᠳᠦᠷ᠎ᠡᠴᠡ ᠡᠬᠢᠯᠡᠨ ᠭᠤᠴᠢᠨ ᠡᠳᠦᠷ᠎ᠦᠨ ᠳᠣᠲᠤᠷ᠎ᠠ ᠺᠣᠮᠫᠠᠨᠢ᠎ᠶᠢ ᠡᠭᠦᠳᠦᠨ ᠪᠠᠢᠭᠤᠯᠬᠤ ᠶᠡᠬᠡ ᠬᠤᠷᠠᠯ᠎ᠢ ᠡᠷᠬᠢᠯᠡᠨ ᠬᠤᠷᠠᠯᠳᠤᠭᠤᠯᠬᠤ ᠬᠡᠷᠡᠭᠲᠡᠢ᠃ ᠡᠭᠦᠳᠦᠨ ᠪᠠᠢᠭᠤᠯᠬᠤ ᠶᠡᠬᠡ ᠬᠤᠷᠠᠯ᠎ᠨᠢ ᠡᠭᠦᠰᠭᠡᠨ ᠪᠠᠢᠭᠤᠯᠤᠭᠴᠢ᠂ ᠬᠤᠪᠢ ᠬᠤᠳᠠᠯᠳᠤᠨ ᠠᠪᠤᠭᠴᠢ᠎ᠪᠠᠷ ᠪᠦᠷᠢᠯᠳᠦᠨ᠎ᠡ᠃

  ᠲᠠᠷᠬᠠᠭᠠᠭᠰᠠᠨ ᠬᠤᠪᠢ᠎ᠶᠢ ᠬᠤᠪᠢ ᠡᠯᠰᠡᠬᠦ ᠲᠣᠳᠤᠷᠬᠠᠢᠯᠠᠯᠲᠠ᠎ᠶᠢᠨ ᠪᠢᠴᠢᠭ᠎ᠲᠦ ᠲᠣᠭᠲᠠᠭᠠᠭᠰᠠᠨ ᠳᠠᠭᠤᠰᠭᠤ ᠬᠤᠭᠤᠴᠠᠭ᠎ᠠ ᠬᠡᠲᠦᠷᠡᠲᠡᠯ᠎ᠡ ᠭᠦᠢᠴᠡᠳ ᠴᠤᠭᠯᠠᠭᠤᠯᠵᠤ ᠳᠡᠢᠯᠦᠭᠰᠡᠨ᠎ᠦᠭᠡᠢ ᠪᠤᠶᠤ ᠬᠤᠪᠢ ᠲᠠᠷᠬᠠᠭᠠᠭᠰᠠᠨ ᠬᠤᠪᠢ᠎ᠶᠢᠨ ᠵᠣᠭᠤᠰ᠎ᠢᠶ᠋ᠠᠨ ᠭᠦᠢᠴᠡᠳ ᠲᠤᠱᠢᠶᠠᠭᠰᠠᠨ᠎ᠤ ᠳᠠᠷᠠᠭ᠎ᠠ᠂ ᠡᠭᠦᠰᠭᠡᠨ ᠪᠠᠢᠭᠤᠯᠤᠭᠴᠢ ᠭᠤᠴᠢᠨ ᠡᠳᠦᠷ᠎ᠦᠨ ᠳᠣᠲᠤᠷ᠎ᠠ ᠡᠭᠦᠳᠦᠨ ᠪᠠᠢᠭᠤᠯᠬᠤ ᠶᠡᠬᠡ ᠬᠤᠷᠠᠯ ᠬᠤᠷᠠᠯᠳᠤᠭᠤᠯᠤᠭᠰᠠᠨ᠎ᠦᠭᠡᠢ ᠪᠠᠢᠪᠠᠯ᠂ ᠬᠤᠪᠢ ᠬᠤᠳᠠᠯᠳᠤᠨ ᠠᠪᠤᠭᠴᠢ᠎ᠨᠢ ᠲᠤᠱᠢᠶᠠᠭᠰᠠᠨ ᠬᠤᠪᠢ᠎ᠶᠢᠨ ᠵᠣᠭᠤᠰᠤᠨ ᠳᠡᠭᠡᠷ᠎ᠡ ᠪᠠᠩᠬᠢ᠎ᠶᠢᠨ ᠠᠳᠠᠯᠢ ᠬᠤᠭᠤᠴᠠᠭᠠᠨ᠎ᠤ ᠬᠠᠳᠠᠭᠠᠯᠠᠮᠵᠢ᠎ᠶᠢᠨ ᠬᠦᠦ ᠮᠥᠩᠭᠦ᠎ᠶᠢ ᠨᠡᠮᠡᠵᠦ ᠪᠣᠳᠤᠭᠠᠳ ᠡᠭᠦᠰᠭᠡᠨ ᠪᠠᠢᠭᠤᠯᠤᠭᠴᠢ᠎ᠠᠴᠠ ᠪᠤᠴᠠᠭᠠᠨ ᠠᠪᠬᠤ᠎ᠪᠠᠷ ᠱᠠᠭᠠᠷᠳᠠᠵᠤ ᠪᠣᠯᠤᠨ᠎ᠠ᠃

  ᠶᠡᠷᠡᠳᠦᠭᠡᠷ ᠵᠦᠢᠯ ᠡᠭᠦᠰᠭᠡᠨ ᠪᠠᠢᠭᠤᠯᠤᠭᠴᠢ ᠡᠭᠦᠳᠦᠨ ᠪᠠᠢᠭᠤᠯᠬᠤ ᠶᠡᠬᠡ ᠬᠤᠷᠠᠯ ᠬᠤᠷᠠᠯᠳᠤᠭᠤᠯᠬᠤ᠎ᠠᠴᠠ ᠠᠷᠪᠠᠨ ᠲᠠᠪᠤᠨ ᠡᠳᠦᠷ᠎ᠦᠨ ᠡᠮᠦᠨ᠎ᠡ ᠬᠤᠷᠠᠯ᠎ᠤᠨ ᠡᠳᠦᠷ ᠬᠤᠭᠤᠴᠠᠭ᠎ᠠ᠎ᠪᠠᠨ ᠬᠤᠪᠢ ᠬᠤᠳᠠᠯᠳᠤᠨ ᠠᠪᠤᠭᠴᠢᠳ᠎ᠲᠤ ᠮᠡᠳᠡᠭᠳᠡᠬᠦ ᠪᠤᠶᠤ ᠠᠯᠪᠠᠨ ᠵᠠᠷ᠎ᠢᠶ᠋ᠠᠷ ᠮᠡᠳᠡᠭᠳᠡᠬᠦ ᠬᠡᠷᠡᠭᠲᠡᠢ᠃ ᠡᠭᠦᠳᠦᠨ ᠪᠠᠢᠭᠤᠯᠬᠤ ᠶᠡᠬᠡ ᠬᠤᠷᠠᠯ᠎ᠳᠤ ᠬᠤᠪᠢ᠎ᠶᠢᠨ ᠶᠡᠷᠦᠩᠬᠡᠢ ᠲᠣᠭᠠᠨ᠎ᠤ ᠬᠠᠭᠠᠰ᠎ᠠᠴᠠ ᠳᠡᠭᠡᠭᠱᠢᠬᠢ᠎ᠶᠢ ᠲᠥᠯᠦᠭᠡᠯᠡᠬᠦ ᠡᠭᠦᠰᠭᠡᠨ ᠪᠠᠢᠭᠤᠯᠤᠭᠴᠢᠳ᠂ ᠬᠤᠪᠢ ᠬᠤᠳᠠᠯᠳᠤᠨ ᠠᠪᠤᠭᠴᠢᠳ ᠣᠷᠤᠯᠴᠠᠪᠠᠯ ᠰᠠᠶᠢ ᠬᠤᠷᠠᠯᠳᠤᠭᠤᠯᠵᠤ ᠪᠣᠯᠤᠨ᠎ᠠ᠃

  ᠡᠭᠦᠳᠦᠨ ᠪᠠᠢᠭᠤᠯᠬᠤ ᠶᠡᠬᠡ ᠬᠤᠷᠠᠯ᠎ᠳᠤ ᠳᠣᠣᠷ᠎ᠠ ᠵᠢᠭᠰᠠᠭᠠᠭᠰᠠᠨ ᠡᠷᠬᠡ ᠲᠤᠱᠢᠶᠠᠯ᠎ᠢ ᠬᠡᠷᠡᠭᠵᠢᠭᠦᠯᠦᠨ᠎ᠡ᠄

  (ᠨᠢᠭᠡ) ᠺᠣᠮᠫᠠᠨᠢ᠎ᠶᠢ ᠪᠡᠯᠡᠳᠭᠡᠨ ᠪᠠᠢᠭᠤᠯᠤᠭᠰᠠᠨ ᠪᠠᠢᠳᠠᠯ᠎ᠤᠨ ᠲᠤᠬᠠᠢ ᠡᠭᠦᠰᠭᠡᠨ ᠪᠠᠢᠭᠤᠯᠤᠭᠴᠢ᠎ᠶᠢᠨ ᠮᠡᠳᠡᠭᠦᠯᠦᠯᠲᠡ᠎ᠶᠢ ᠬᠢᠨᠠᠨ ᠶᠠᠷᠢᠯᠴᠠᠨ᠎ᠠ;

  (ᠬᠣᠶᠠᠷ) ᠺᠣᠮᠫᠠᠨᠢ᠎ᠶᠢᠨ ᠳᠦᠷᠢᠮ᠎ᠢ ᠪᠠᠲᠤᠯᠠᠨ᠎ᠠ;

  (ᠭᠤᠷᠪᠠ) ᠬᠡᠷᠡᠭ ᠮᠡᠳᠡᠭᠴᠢᠳ᠎ᠦᠨ ᠵᠥᠪᠯᠡᠯ᠎ᠦᠨ ᠪᠦᠷᠢᠯᠳᠦᠬᠦᠨ᠎ᠢ ᠰᠣᠩᠭᠤᠨ᠎ᠠ;

  (ᠳᠥᠷᠪᠡ) ᠬᠡᠷᠡᠭ ᠬᠢᠨᠠᠭᠴᠢᠳ᠎ᠤᠨ ᠵᠥᠪᠯᠡᠯ᠎ᠦᠨ ᠪᠦᠷᠢᠯᠳᠦᠬᠦᠨ᠎ᠢ ᠰᠣᠩᠭᠤᠨ᠎ᠠ;

  (ᠲᠠᠪᠤ) ᠺᠣᠮᠫᠠᠨᠢ ᠪᠠᠢᠭᠤᠯᠬᠤ ᠵᠠᠷᠤᠳᠠᠯ᠎ᠢ ᠬᠢᠨᠠᠨ ᠬᠠᠷᠭᠤᠭᠤᠯᠤᠨ᠎ᠠ;

  (ᠵᠢᠷᠭᠤᠭ᠎ᠠ) ᠡᠭᠦᠰᠭᠡᠨ ᠪᠠᠢᠭᠤᠯᠤᠭᠴᠢ᠎ᠶᠢᠨ ᠬᠤᠪᠢ᠎ᠶᠢᠨ ᠵᠣᠭᠤᠰᠤᠨ᠎ᠤ ᠣᠷᠤᠨ᠎ᠳᠤ ᠲᠤᠯᠭᠠᠨ ᠪᠣᠳᠤᠵᠤ ᠦᠭᠭᠦᠭᠰᠡᠨ ᠡᠳ᠋ ᠬᠥᠷᠦᠩᠭᠡ᠎ᠶᠢᠨ ᠲᠣᠭᠲᠠᠭᠠᠭᠰᠠᠨ ᠦᠨ᠎ᠡ᠎ᠶᠢ ᠬᠢᠨᠠᠨ ᠬᠠᠷᠭᠤᠭᠤᠯᠤᠨ᠎ᠠ;

  (ᠳᠣᠯᠤᠭ᠎ᠠ) ᠡᠰᠡᠷᠭᠦᠴᠡᠱᠢ᠎ᠦᠭᠡᠢ ᠪᠠᠢᠳᠠᠯ ᠭᠠᠷᠤᠭᠰᠠᠨ ᠪᠤᠶᠤ ᠡᠵᠡᠩᠨᠡᠯᠲᠡ᠎ᠶᠢᠨ ᠨᠥᠬᠦᠴᠡᠯ᠎ᠳᠦ ᠴᠢᠬᠤᠯᠠ ᠶᠡᠬᠡ ᠬᠤᠪᠢᠷᠠᠯᠲᠠ ᠭᠠᠷᠤᠭᠠᠳ ᠺᠣᠮᠫᠠᠨᠢ ᠪᠠᠢᠭᠤᠯᠬᠤ᠎ᠶᠢ ᠱᠢᠭᠤᠳ ᠨᠥᠯᠦᠭᠡᠯᠡᠭᠰᠡᠨ ᠪᠠᠢᠪᠠᠯ᠂ ᠺᠣᠮᠫᠠᠨᠢ ᠪᠠᠢᠭᠤᠯᠬᠤ᠎ᠦᠭᠡᠢ ᠱᠢᠢᠳᠪᠦᠷᠢ ᠭᠠᠷᠭᠠᠵᠤ ᠪᠣᠯᠤᠨ᠎ᠠ᠃

  ᠡᠭᠦᠳᠦᠨ ᠪᠠᠢᠭᠤᠯᠬᠤ ᠶᠡᠬᠡ ᠬᠤᠷᠠᠯ᠎ᠠᠴᠠ ᠡᠮᠦᠨᠡᠬᠢ ᠪᠠᠳᠠᠭ᠎ᠲᠤ ᠵᠢᠭᠰᠠᠭᠠᠭᠰᠠᠨ ᠵᠦᠢᠯᠡᠰ᠎ᠦᠨ ᠲᠤᠬᠠᠢ ᠱᠢᠢᠳᠪᠦᠷᠢ ᠭᠠᠷᠭᠠᠬᠤ᠎ᠳᠤ ᠡᠷᠬᠡᠪᠱᠢ ᠬᠤᠷᠠᠯ᠎ᠳᠤ ᠣᠷᠤᠯᠴᠠᠭᠰᠠᠨ ᠬᠤᠪᠢ ᠬᠤᠳᠠᠯᠳᠤᠨ ᠠᠪᠤᠭᠴᠢᠳ᠎ᠤᠨ ᠡᠵᠡᠮᠱᠢᠵᠦ ᠪᠦᠬᠦᠢ ᠪᠠᠲᠤᠯᠠᠬᠤ ᠡᠷᠬᠡ᠎ᠶᠢᠨ ᠬᠠᠭᠠᠰ᠎ᠠᠴᠠ ᠳᠡᠭᠡᠭᠱᠢᠬᠢ ᠲᠣᠭ᠎ᠠ᠎ᠪᠠᠷ ᠪᠠᠲᠤᠯᠠᠭᠤᠯᠤᠭᠰᠠᠨ ᠪᠠᠢᠬᠤ ᠬᠡᠷᠡᠭᠲᠡᠢ᠃

  ᠶᠡᠷᠡᠨ ᠨᠢᠭᠡᠳᠦᠭᠡᠷ ᠵᠦᠢᠯ ᠡᠭᠦᠰᠭᠡᠨ ᠪᠠᠢᠭᠤᠯᠤᠭᠴᠢ ᠪᠠ ᠬᠤᠪᠢ ᠬᠤᠳᠠᠯᠳᠤᠨ ᠠᠪᠤᠭᠴᠢ ᠬᠤᠪᠢ᠎ᠶᠢᠨ ᠵᠣᠭᠤᠰ᠎ᠢᠶ᠋ᠠᠨ ᠲᠤᠱᠢᠶᠠᠭᠰᠠᠨ ᠪᠤᠶᠤ ᠬᠤᠪᠢ᠎ᠶᠢᠨ ᠵᠣᠭᠤᠰᠤᠨ᠎ᠤ ᠣᠷᠤᠨ᠎ᠳᠤ ᠲᠤᠯᠭᠠᠨ ᠪᠣᠳᠤᠬᠤ ᠭᠠᠷᠭᠠᠬᠤ ᠪᠡᠯᠡ᠎ᠪᠡᠨ ᠲᠤᠱᠢᠶᠠᠭᠰᠠᠨ᠎ᠤ ᠳᠠᠷᠠᠭ᠎ᠠ᠂ ᠬᠤᠪᠢ᠎ᠶᠢ ᠬᠤᠭᠤᠴᠠᠭ᠎ᠠ ᠶᠣᠰᠤᠭᠠᠷ ᠭᠦᠢᠴᠡᠳ ᠴᠤᠭᠯᠠᠭᠤᠯᠵᠤ ᠳᠡᠢᠯᠦᠭᠰᠡᠨ᠎ᠦᠭᠡᠢ᠂ ᠡᠭᠦᠰᠭᠡᠨ ᠪᠠᠢᠭᠤᠯᠤᠭᠴᠢ᠎ᠨᠢ ᠡᠭᠦᠳᠦᠨ ᠪᠠᠢᠭᠤᠯᠬᠤ ᠶᠡᠬᠡ ᠬᠤᠷᠠᠯ᠎ᠢᠶ᠋ᠠᠨ ᠬᠤᠭᠤᠴᠠᠭ᠎ᠠ ᠶᠣᠰᠤᠭᠠᠷ ᠬᠤᠷᠠᠯᠳᠤᠭᠤᠯᠤᠭᠰᠠᠨ᠎ᠦᠭᠡᠢ ᠪᠤᠶᠤ ᠡᠭᠦᠳᠦᠨ ᠪᠠᠢᠭᠤᠯᠬᠤ ᠶᠡᠬᠡ ᠬᠤᠷᠠᠯ᠎ᠤᠨ ᠱᠢᠢᠳᠪᠦᠷᠢ᠎ᠪᠡᠷ ᠺᠣᠮᠫᠠᠨᠢ ᠪᠠᠢᠭᠤᠯᠬᠤ᠎ᠪᠠᠨ ᠪᠣᠯᠢᠭᠰᠠᠨ ᠪᠠᠢᠳᠠᠯ᠎ᠢ ᠭᠠᠷᠭᠠᠪᠠᠯ᠂ ᠰᠲ᠋ᠤᠺ᠎ᠤᠨ ᠡᠬᠡ ᠮᠥᠩᠭᠦ᠎ᠪᠡᠨ ᠡᠭᠡᠭᠦᠯᠦᠨ ᠠᠪᠴᠤ ᠪᠣᠯᠬᠤ᠎ᠦᠭᠡᠢ᠃

  ᠶᠡᠷᠡᠨ ᠬᠣᠶᠠᠳᠤᠭᠠᠷ ᠵᠦᠢᠯ ᠬᠡᠷᠡᠭ ᠮᠡᠳᠡᠭᠴᠢᠳ᠎ᠦᠨ ᠵᠥᠪᠯᠡᠯ ᠡᠭᠦᠳᠦᠨ ᠪᠠᠢᠭᠤᠯᠬᠤ ᠶᠡᠬᠡ ᠬᠤᠷᠠᠯ ᠲᠡᠭᠦᠰᠦᠭᠰᠡᠨ᠎ᠦ ᠳᠠᠷᠠᠭ᠎ᠠ ᠭᠤᠴᠢᠨ ᠡᠳᠦᠷ᠎ᠦᠨ ᠳᠣᠲᠤᠷ᠎ᠠ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠳᠣᠣᠷ᠎ᠠ ᠵᠢᠭᠰᠠᠭᠠᠭᠰᠠᠨ ᠪᠢᠴᠢᠭ ᠮᠠᠲᠧᠷᠢᠶᠠᠯ᠎ᠢᠶ᠋ᠠᠨ ᠮᠡᠳᠡᠭᠦᠯᠦᠨ ᠬᠦᠷᠭᠡᠵᠦ᠂ ᠪᠠᠢᠭᠤᠯᠬᠤ ᠳᠡᠩᠰᠡᠯᠡᠯᠲᠡ ᠬᠢᠯᠭᠡᠬᠦ᠎ᠪᠡᠷ ᠭᠤᠶᠤᠴᠢᠯᠠᠬᠤ ᠬᠡᠷᠡᠭᠲᠡᠢ᠄

  (ᠨᠢᠭᠡ) ᠺᠣᠮᠫᠠᠨᠢ ᠳᠠᠩᠰᠠᠯᠠᠭᠤᠯᠬᠤ ᠭᠤᠶᠤᠴᠢᠯᠠᠯ᠎ᠤᠨ ᠪᠢᠴᠢᠭ;

  (ᠬᠣᠶᠠᠷ) ᠡᠭᠦᠳᠦᠨ ᠪᠠᠢᠭᠤᠯᠬᠤ ᠶᠡᠬᠡ ᠬᠤᠷᠠᠯ᠎ᠤᠨ ᠬᠤᠷᠠᠯᠳᠤᠭᠠᠨ᠎ᠤ ᠲᠡᠮᠳᠡᠭᠯᠡᠯ;

  (ᠭᠤᠷᠪᠠ) ᠺᠣᠮᠫᠠᠨᠢ᠎ᠶᠢᠨ ᠳᠦᠷᠢᠮ;

  (ᠳᠦᠷᠪᠡ) ᠪᠡᠯᠡ ᠱᠢᠯᠭᠠᠭᠰᠠᠨ ᠭᠡᠷᠡᠴᠢ;

  (ᠲᠠᠪᠤ) ᠬᠠᠤᠯᠢ᠎ᠪᠠᠷ ᠲᠣᠭᠲᠠᠭᠠᠭᠰᠠᠨ ᠲᠥᠯᠦᠭᠡᠯᠡᠭᠴᠢ᠂ ᠬᠡᠷᠡᠭ ᠮᠡᠳᠡᠭᠴᠢ᠂ ᠬᠡᠷᠡᠭ ᠬᠢᠨᠠᠭᠴᠢ᠎ᠶᠢᠨ ᠲᠤᠱᠢᠶᠠᠯ ᠡᠭᠦᠷᠭᠡᠯᠡᠬᠦ ᠪᠢᠴᠢᠭ ᠮᠠᠲᠧᠷᠢᠶᠠᠯ ᠵᠢᠴᠢ ᠲᠡᠭᠦᠨ᠎ᠦ ᠪᠡᠶ᠎ᠡ ᠭᠡᠮ᠎ᠦᠨ ᠭᠡᠷᠡᠴᠢ;

  (ᠵᠢᠷᠭᠤᠭ᠎ᠠ) ᠡᠭᠦᠰᠭᠡᠨ ᠪᠠᠢᠭᠤᠯᠤᠭᠴᠢ᠎ᠶᠢᠨ ᠬᠠᠤᠯᠢ᠎ᠶᠢᠨ ᠬᠥᠮᠦᠨ᠎ᠦ ᠬᠢᠷᠢ ᠭᠡᠮ᠎ᠦᠨ ᠭᠡᠷᠡᠴᠢ ᠪᠤᠶᠤ ᠪᠠᠢᠭᠠᠯᠢ ᠬᠥᠮᠦᠨ᠎ᠦ ᠪᠡᠶ᠎ᠡ ᠭᠡᠮ᠎ᠦᠨ ᠭᠡᠷᠡᠴᠢ;

  (ᠳᠣᠯᠤᠭ᠎ᠠ) ᠺᠣᠮᠫᠠᠨᠢ᠎ᠶᠢᠨ ᠣᠷᠤᠨ ᠰᠠᠭᠤᠴᠠ᠎ᠶᠢᠨ ᠭᠡᠷᠡᠴᠢ᠃

  ᠬᠤᠪᠢ ᠴᠤᠭᠯᠠᠭᠤᠯᠬᠤ ᠠᠷᠭ᠎ᠠ ᠮᠠᠶᠢᠭ᠎ᠢᠶ᠋ᠠᠷ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠠᠢᠭᠤᠯᠵᠤ ᠰᠲ᠋ᠤᠺ᠎ᠢ ᠢᠯᠡ᠎ᠪᠡᠷ ᠲᠠᠷᠬᠠᠭᠠᠬᠤ᠎ᠳᠤ ᠬᠦᠷᠪᠡᠯ᠂ ᠪᠠᠰᠠ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠦᠨᠡᠲᠦ ᠲᠡᠮᠳᠡᠭᠲᠦ᠎ᠶᠢ ᠬᠢᠨᠠᠵᠤ ᠬᠠᠮᠢᠶᠠᠷᠬᠤ ᠪᠠᠢᠭᠤᠯᠤᠮᠵᠢ᠎ᠶᠢᠨ ᠬᠢᠨᠠᠨ ᠵᠥᠪᠱᠢᠶᠡᠷᠡᠭᠰᠡᠨ ᠪᠢᠴᠢᠭ ᠮᠠᠲᠧᠷᠢᠶᠠᠯ᠎ᠢ ᠮᠡᠳᠡᠭᠦᠯᠵᠦ ᠬᠦᠷᠭᠡᠬᠦ ᠬᠡᠷᠡᠭᠲᠡᠢ᠃

  ᠶᠡᠷᠡᠨ ᠭᠤᠷᠪᠠᠳᠤᠭᠠᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠠᠢᠭᠤᠯᠤᠭᠳᠠᠭᠰᠠᠨ᠎ᠤ ᠳᠠᠷᠠᠭ᠎ᠠ᠂ ᠡᠭᠦᠰᠭᠡᠨ ᠪᠠᠢᠭᠤᠯᠤᠭᠴᠢ᠎ᠨᠢ ᠺᠣᠮᠫᠠᠨᠢ᠎ᠶᠢᠨ ᠳᠦᠷᠢᠮ᠎ᠦᠨ ᠲᠣᠭᠲᠠᠭᠠᠯ ᠶᠣᠰᠤᠭᠠᠷ ᠭᠠᠷᠭᠠᠬᠤ ᠪᠡᠯᠡ᠎ᠪᠡᠨ ᠭᠦᠢᠴᠡᠳ ᠲᠤᠱᠢᠶᠠᠭᠰᠠᠨ᠎ᠦᠭᠡᠢ ᠪᠠᠢᠪᠠᠯ ᠨᠥᠬᠦᠵᠦ ᠲᠤᠱᠢᠶᠠᠬᠤ ᠬᠡᠷᠡᠭᠲᠡᠢ; ᠪᠤᠰᠤᠳ ᠡᠭᠦᠰᠭᠡᠨ ᠪᠠᠢᠭᠤᠯᠤᠭᠴᠢᠳ ᠬᠣᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃

  ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠠᠢᠭᠤᠯᠤᠭᠳᠠᠭᠰᠠᠨ᠎ᠤ ᠳᠠᠷᠠᠭ᠎ᠠ᠂ ᠺᠣᠮᠫᠠᠨᠢ ᠪᠠᠢᠭᠤᠯᠬᠤ᠎ᠶᠢᠨ ᠭᠠᠷᠭᠠᠬᠤ ᠪᠡᠯᠡ ᠪᠣᠯᠤᠭᠰᠠᠨ ᠵᠣᠭᠤᠰ ᠪᠤᠰᠤ ᠡᠳ᠋ ᠬᠥᠷᠦᠩᠭᠡ᠎ᠶᠢᠨ ᠪᠣᠳᠠᠲᠤ ᠦᠨ᠎ᠡ᠎ᠶᠢᠨ ᠲᠣᠭ᠎ᠠ᠎ᠨᠢ ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠦᠨ᠎ᠡ᠎ᠶᠢᠨ ᠲᠣᠭ᠎ᠠ᠎ᠠᠴᠠ ᠢᠯᠡᠳᠲᠡ ᠳᠣᠣᠷ᠎ᠠ ᠪᠠᠢᠬᠤ᠎ᠶᠢ ᠣᠯᠵᠤ ᠮᠡᠳᠡᠪᠡᠯ᠂ ᠲᠤᠰ ᠪᠡᠯᠡ ᠭᠠᠷᠭᠠᠯᠲᠠ᠎ᠶᠢ ᠲᠤᠱᠢᠶᠠᠭᠰᠠᠨ ᠡᠭᠦᠰᠭᠡᠨ ᠪᠠᠢᠭᠤᠯᠤᠭᠴᠢ᠎ᠨᠢ ᠵᠥᠷᠢᠶᠡᠲᠦ ᠲᠣᠭ᠎ᠠ᠎ᠶᠢ ᠭᠦᠢᠴᠡᠳ ᠨᠥᠬᠦᠪᠦᠷᠢᠯᠡᠬᠦ ᠬᠡᠷᠡᠭᠲᠡᠢ; ᠪᠤᠰᠤᠳ ᠡᠭᠦᠰᠭᠡᠨ ᠪᠠᠢᠭᠤᠯᠤᠭᠴᠢᠳ ᠬᠣᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃

  ᠶᠡᠷᠡᠨ ᠳᠥᠷᠪᠡᠳᠦᠭᠡᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠡᠭᠦᠰᠭᠡᠨ ᠪᠠᠢᠭᠤᠯᠤᠭᠴᠢ ᠳᠣᠣᠷ᠎ᠠ ᠵᠢᠭᠰᠠᠭᠠᠭᠰᠠᠨ ᠬᠠᠷᠢᠭᠤᠴᠠᠯᠭ᠎ᠠ᠎ᠶᠢ ᠡᠭᠦᠷᠭᠡᠯᠡᠬᠦ ᠬᠡᠷᠡᠭᠲᠡᠢ᠄

  (ᠨᠢᠭᠡ) ᠺᠣᠮᠫᠠᠨᠢ ᠪᠠᠢᠭᠤᠯᠵᠤ ᠳᠡᠢᠯᠬᠦ᠎ᠦᠭᠡᠢ ᠪᠣᠯᠬᠤ ᠦᠶ᠎ᠡ᠎ᠳᠦ᠂ ᠪᠠᠢᠭᠤᠯᠬᠤ ᠦᠢᠯᠡ ᠠᠵᠢᠯᠯᠠᠭ᠎ᠠ᠎ᠠᠴᠠ ᠪᠣᠢ ᠪᠣᠯᠤᠭᠰᠠᠨ ᠥᠭᠴᠡᠭᠡ ᠪᠣᠯᠤᠨ ᠵᠠᠷᠤᠳᠠᠯ᠎ᠳᠤ ᠬᠣᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ;

  (ᠬᠣᠶᠠᠷ) ᠺᠣᠮᠫᠠᠨᠢ ᠪᠠᠢᠭᠤᠯᠵᠤ ᠳᠡᠢᠯᠬᠦ᠎ᠦᠭᠡᠢ ᠪᠣᠯᠬᠤ ᠦᠶ᠎ᠡ᠎ᠳᠦ᠂ ᠬᠤᠪᠢ ᠬᠤᠳᠠᠯᠳᠤᠨ ᠠᠪᠤᠭᠴᠢᠳ᠎ᠤᠨ ᠨᠢᠭᠡᠨᠲᠡ ᠲᠤᠱᠢᠶᠠᠭᠰᠠᠨ ᠬᠤᠪᠢ᠎ᠶᠢᠨ ᠵᠣᠭᠤᠰ᠎ᠢ ᠪᠤᠴᠠᠭᠠᠬᠤ ᠮᠥᠷᠲᠡᠭᠡᠨ ᠪᠠᠩᠬᠢ᠎ᠶᠢᠨ ᠠᠳᠠᠯᠢ ᠬᠤᠭᠤᠴᠠᠭᠠᠨ᠎ᠤ ᠬᠠᠳᠠᠭᠠᠯᠠᠮᠵᠢ᠎ᠶᠢᠨ ᠬᠦᠦ ᠮᠥᠩᠭᠦ᠎ᠶᠢ ᠨᠡᠮᠡᠨ ᠪᠣᠳᠤᠵᠤ ᠥᠭᠬᠦ ᠬᠣᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ;

  (ᠭᠤᠷᠪᠠ) ᠺᠣᠮᠫᠠᠨᠢ ᠪᠠᠢᠭᠤᠯᠬᠤ ᠶᠠᠪᠤᠴᠠ᠎ᠳᠤ ᠡᠭᠦᠰᠭᠡᠨ ᠪᠠᠢᠭᠤᠯᠤᠭᠴᠢ᠎ᠶᠢᠨ ᠡᠨᠳᠡᠯ᠎ᠡᠴᠡ ᠪᠣᠯᠤᠭᠠᠳ ᠺᠣᠮᠫᠠᠨᠢ᠎ᠶᠢᠨ ᠠᠱᠢᠭ ᠲᠤᠰᠠ᠎ᠳᠤ ᠬᠣᠬᠢᠷᠠᠯ ᠤᠴᠠᠷᠠᠭᠤᠯᠤᠭᠰᠠᠨ ᠪᠠᠢᠪᠠᠯ᠂ ᠺᠣᠮᠫᠠᠨᠢ᠎ᠳᠤ ᠲᠥᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃

  ᠶᠡᠷᠡᠨ ᠲᠠᠪᠤᠳᠤᠭᠠᠷ ᠵᠦᠢᠯ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠣᠯᠭᠠᠨ ᠬᠤᠪᠢᠷᠠᠭᠤᠯᠬᠤ ᠦᠶ᠎ᠡ᠎ᠳᠦ᠂ ᠨᠤᠭᠤᠯᠵᠤ ᠪᠣᠳᠤᠭᠰᠠᠨ ᠪᠣᠳᠠᠲᠠᠢ ᠬᠤᠷᠢᠶᠠᠭᠰᠠᠨ ᠰᠲ᠋ᠤᠺ᠎ᠤᠨ ᠡᠬᠡ ᠮᠥᠩᠭᠦ᠎ᠶᠢᠨ ᠶᠡᠷᠦᠩᠬᠡᠢ ᠲᠣᠭ᠎ᠠ᠎ᠨᠢ ᠺᠣᠮᠫᠠᠨᠢ᠎ᠶᠢᠨ ᠴᠡᠪᠡᠷ ᠡᠳ᠋ ᠬᠥᠷᠦᠩᠭᠡ᠎ᠶᠢᠨ ᠲᠣᠭ᠎ᠠ᠎ᠠᠴᠠ ᠢᠯᠡᠭᠦᠦ ᠪᠠᠢᠵᠤ ᠪᠣᠯᠬᠤ᠎ᠦᠭᠡᠢ᠃ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠣᠯᠭᠠᠨ ᠬᠤᠪᠢᠷᠠᠭᠤᠯᠵᠤ᠂ ᠬᠥᠷᠦᠩᠭᠡ᠎ᠪᠡᠨ ᠨᠡᠮᠡᠭᠳᠡᠭᠦᠯᠬᠦ᠎ᠶᠢᠨ ᠲᠥᠯᠦᠭᠡ ᠢᠯᠡ᠎ᠪᠡᠷ ᠬᠤᠪᠢ ᠲᠠᠷᠬᠠᠭᠠᠬᠤ ᠦᠶ᠎ᠡ᠎ᠳᠦ ᠬᠠᠤᠯᠢ ᠶᠣᠰᠤᠭᠠᠷ ᠭᠦᠢᠴᠡᠳᠭᠡᠬᠦ ᠬᠡᠷᠡᠭᠲᠡᠢ᠃

  ᠶᠡᠷᠡᠨ ᠵᠢᠷᠭᠤᠳᠤᠭᠠᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠨᠢ ᠺᠣᠮᠫᠠᠨᠢ᠎ᠶᠢᠨ ᠳᠦᠷᠢᠮ᠂ ᠬᠤᠪᠢ ᠣᠷᠤᠭᠤᠯᠤᠭᠴᠢᠳ᠎ᠤᠨ᠎ᠨᠡᠷᠡᠰ᠎ᠦᠨ ᠳᠠᠩᠰᠠ᠂ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢᠨ ᠦᠯᠡᠳᠡᠭᠡᠰᠦ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠬᠤᠷᠠᠯᠳᠤᠭᠠᠨ᠎ᠤ ᠲᠡᠮᠳᠡᠭᠯᠡᠯ᠂ ᠬᠡᠷᠡᠭ ᠮᠡᠳᠡᠭᠴᠢᠳ᠎ᠦᠨ ᠵᠥᠪᠯᠡᠯ᠎ᠦᠨ ᠬᠤᠷᠠᠯᠳᠤᠭᠠᠨ᠎ᠤ ᠲᠡᠮᠳᠡᠭᠯᠡᠯ᠂ ᠬᠡᠷᠡᠭ ᠬᠢᠨᠠᠭᠴᠢᠳ᠎ᠤᠨ ᠵᠥᠪᠯᠡᠯ᠎ᠦᠨ ᠬᠤᠷᠠᠯᠳᠤᠭᠠᠨ᠎ᠤ ᠲᠡᠮᠳᠡᠭᠯᠡᠯ᠂ ᠡᠳ᠋᠎ᠦᠨ ᠶᠠᠪᠤᠳᠠᠯ᠎ᠤᠨ ᠨᠢᠭᠲᠠᠯᠠᠨ ᠪᠣᠳᠤᠯᠲᠠ᠎ᠶᠢᠨ ᠮᠡᠳᠡᠭᠦᠯᠦᠯᠲᠡ᠎ᠶᠢ ᠲᠤᠰ ᠺᠣᠮᠫᠠᠨᠢ᠎ᠳᠤ᠎ᠪᠠᠨ ᠬᠠᠳᠠᠭᠠᠯᠠᠵᠤ ᠲᠠᠯᠪᠢᠬᠤ ᠬᠡᠷᠡᠭᠲᠡᠢ᠃

  ᠶᠡᠷᠡᠨ ᠳᠣᠯᠤᠳᠤᠭᠠᠷ ᠵᠦᠢᠯ ᠬᠤᠪᠢ ᠣᠷᠤᠭᠤᠯᠤᠭᠴᠢᠳ ᠺᠣᠮᠫᠠᠨᠢ᠎ᠶᠢᠨ ᠳᠦᠷᠢᠮ᠂ ᠬᠤᠪᠢ ᠣᠷᠤᠭᠤᠯᠤᠭᠴᠢᠳ᠎ᠤᠨ᠎ᠨᠡᠷᠡᠰ᠎ᠦᠨ ᠳᠠᠩᠰᠠ᠂ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢᠨ ᠦᠯᠡᠳᠡᠭᠡᠰᠦ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠬᠤᠷᠠᠯᠳᠤᠭᠠᠨ᠎ᠤ ᠲᠡᠮᠳᠡᠭᠯᠡᠯ᠂ ᠬᠡᠷᠡᠭ ᠮᠡᠳᠡᠭᠴᠢᠳ᠎ᠦᠨ ᠵᠥᠪᠯᠡᠯ᠎ᠦᠨ ᠬᠤᠷᠠᠯᠳᠤᠭᠠᠨ᠎ᠤ ᠱᠢᠢᠳᠪᠦᠷᠢ᠂ ᠬᠡᠷᠡᠭ ᠬᠢᠨᠠᠭᠴᠢᠳ᠎ᠤᠨ ᠵᠥᠪᠯᠡᠯ᠎ᠦᠨ ᠬᠤᠷᠠᠯᠳᠤᠭᠠᠨ᠎ᠤ ᠱᠢᠢᠳᠪᠦᠷᠢ᠂ ᠡᠳ᠋᠎ᠦᠨ ᠶᠠᠪᠤᠳᠠᠯ᠎ᠤᠨ ᠨᠢᠭᠲᠠᠯᠠᠨ ᠪᠣᠳᠤᠯᠲᠠ᠎ᠶᠢᠨ ᠮᠡᠳᠡᠭᠦᠯᠦᠯᠲᠡ᠎ᠶᠢ ᠪᠠᠢᠴᠠᠭᠠᠨ ᠦᠵᠡᠵᠦ᠂ ᠺᠣᠮᠫᠠᠨᠢ᠎ᠶᠢᠨ ᠡᠵᠡᠩᠨᠡᠯᠲᠡ᠎ᠳᠦ ᠰᠠᠨᠠᠭᠤᠯᠭ᠎ᠠ ᠭᠠᠷᠭᠠᠬᠤ ᠪᠤᠶᠤ ᠲᠤᠯᠭᠠᠨ ᠠᠰᠠᠭᠤᠬᠤ ᠡᠷᠬᠡ᠎ᠲᠡᠢ᠃

 

    ᠬᠣᠶᠠᠳᠤᠭᠠᠷ ᠬᠡᠰᠡᠭ ᠬᠤᠪᠢ ᠣᠷᠤᠭᠤᠯᠤᠭᠴᠢᠳ᠎ᠤᠨ ᠶᠡᠬᠡ ᠬᠤᠷᠠᠯ

 

  ᠶᠡᠷᠡᠨ ᠨᠠᠢ᠍ᠮᠠᠳᠤᠭᠠᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠢ ᠪᠦᠬᠦ ᠬᠤᠪᠢ ᠣᠷᠤᠭᠤᠯᠤᠭᠴᠢ᠎ᠪᠠᠷ ᠪᠦᠷᠢᠯᠳᠦᠭᠦᠯᠦᠨ᠎ᠡ᠃ ᠬᠤᠪᠢ ᠣᠷᠤᠭᠤᠯᠤᠭᠴᠢᠳ᠎ᠤᠨ ᠶᠡᠬᠡ ᠬᠤᠷᠠᠯ ᠪᠣᠯ ᠺᠣᠮᠫᠠᠨᠢ᠎ᠶᠢᠨ ᠡᠷᠬᠡᠲᠦ ᠪᠠᠢᠭᠤᠯᠤᠮᠵᠢ ᠮᠥᠨ᠂ ᠲᠤᠰ ᠬᠠᠤᠯᠢ᠎ᠶᠢᠨ ᠶᠣᠰᠤᠭᠠᠷ ᠡᠷᠬᠡ ᠲᠤᠱᠢᠶᠠᠯ᠎ᠢᠶ᠋ᠠᠨ ᠬᠡᠷᠡᠭᠵᠢᠭᠦᠯᠦᠨ᠎ᠡ᠃

  ᠶᠡᠷᠡ ᠶᠢᠰᠦᠳᠦᠭᠡᠷ ᠵᠦᠢᠯ ᠲᠤᠰ ᠬᠠᠤᠯᠢ᠎ᠶᠢᠨ ᠭᠤᠴᠢᠨ ᠳᠣᠯᠤᠳᠤᠭᠠᠷ ᠵᠦᠢᠯ᠎ᠦᠨ ᠨᠢᠭᠡᠳᠦᠭᠡᠷ ᠪᠠᠳᠠᠭ᠎ᠳᠠᠬᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠤᠪᠢ ᠣᠷᠤᠭᠤᠯᠤᠭᠴᠢᠳ᠎ᠤᠨ ᠵᠥᠪᠯᠡᠯ᠎ᠦᠨ ᠡᠷᠬᠡ ᠲᠤᠱᠢᠶᠠᠯ᠎ᠤᠨ ᠲᠤᠬᠠᠢ ᠲᠣᠭᠲᠠᠭᠠᠯ᠎ᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠳᠤ ᠬᠡᠷᠡᠭᠯᠡᠨ᠎ᠡ᠃

  ᠵᠠᠭᠤᠳᠤᠭᠠᠷ ᠵᠦᠢᠯ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠨᠢ ᠵᠢᠯ ᠪᠦᠷᠢ ᠨᠢᠭᠡ ᠤᠳᠠᠭ᠎ᠠ ᠣᠨ᠎ᠤ ᠬᠤᠷᠠᠯ ᠬᠤᠷᠠᠯᠳᠤᠭᠤᠯᠬᠤ ᠬᠡᠷᠡᠭᠲᠡᠢ᠃ ᠳᠣᠣᠷ᠎ᠠ ᠵᠢᠭᠰᠠᠭᠠᠭᠰᠠᠨ ᠪᠠᠢᠳᠠᠯ᠎ᠤᠨ ᠨᠢᠭᠡ᠎ᠨᠢ ᠪᠠᠢᠪᠠᠯ ᠬᠣᠶᠠᠷ ᠰᠠᠷ᠎ᠠ᠎ᠶᠢᠨ ᠳᠣᠲᠤᠷ᠎ᠠ ᠬᠤᠪᠢ ᠣᠷᠤᠭᠤᠯᠤᠭᠴᠢᠳ᠎ᠤᠨ᠎ᠲᠦᠷ ᠴᠠᠭ᠎ᠤᠨ ᠶᠡᠬᠡ ᠬᠤᠷᠠᠯ᠎ᠢ ᠬᠤᠷᠠᠯᠳᠤᠭᠤᠯᠬᠤ ᠬᠡᠷᠡᠭᠲᠡᠢ᠄

  (ᠨᠢᠭᠡ) ᠬᠡᠷᠡᠭ ᠮᠡᠳᠡᠭᠴᠢ᠎ᠶᠢᠨ ᠬᠥᠮᠦᠨ᠎ᠦ ᠲᠣᠭ᠎ᠠ᠎ᠨᠢ ᠲᠤᠰ ᠬᠠᠤᠯᠢ᠎ᠳᠤ ᠲᠣᠭᠲᠠᠭᠠᠭᠰᠠᠨ ᠬᠥᠮᠦᠨ᠎ᠦ ᠲᠣᠭ᠎ᠠ᠎ᠳᠤ ᠬᠦᠷᠬᠦ᠎ᠦᠭᠡᠢ ᠪᠤᠶᠤ ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠬᠥᠮᠦᠨ᠎ᠦ ᠲᠣᠭ᠎ᠠ᠎ᠶᠢᠨ ᠭᠤᠷᠪᠠᠨ᠎ᠤ ᠬᠣᠶᠠᠷ᠎ᠲᠤ ᠬᠦᠷᠬᠦ ᠥᠬᠡᠢ ᠦᠶ᠎ᠡ᠎ᠳᠦ;

  (ᠬᠣᠶᠠᠷ) ᠺᠣᠮᠫᠠᠨᠢ᠎ᠶᠢᠨ ᠨᠥᠬᠦᠪᠦᠷᠢᠯᠡᠭᠡᠳᠦᠢ ᠠᠯᠳᠠᠭᠳᠠᠯ᠎ᠨᠢ ᠪᠣᠳᠠᠲᠠᠢ ᠬᠤᠷᠢᠶᠠᠭᠰᠠᠨ ᠰᠲ᠋ᠤᠺ᠎ᠤᠨ ᠡᠬᠡ ᠮᠥᠩᠭᠦ᠎ᠶᠢᠨ ᠶᠡᠷᠦᠩᠬᠡᠢ ᠲᠣᠭ᠎ᠠ᠎ᠶᠢᠨ ᠭᠤᠷᠪᠠᠨ᠎ᠤ ᠨᠢᠭᠡ᠎ᠳᠦ ᠬᠦᠷᠦᠭᠰᠡᠨ ᠦᠶ᠎ᠡ᠎ᠳᠦ;

  (ᠭᠤᠷᠪᠠ) ᠺᠣᠮᠫᠠᠨᠢ᠎ᠶᠢᠨ ᠵᠠᠭᠤᠨ᠎ᠤ ᠠᠷᠪᠠ᠎ᠠᠴᠠ ᠳᠡᠭᠡᠭᠱᠢᠬᠢ ᠬᠤᠪᠢ᠎ᠶᠢ ᠲᠤᠰᠠᠭᠠᠷ ᠪᠤᠶᠤ ᠨᠡᠢᠲᠡ᠎ᠪᠡᠷ ᠡᠵᠡᠮᠱᠢᠵᠦ ᠪᠦᠬᠦᠢ ᠬᠤᠪᠢ ᠣᠷᠤᠭᠤᠯᠤᠭᠴᠢᠳ ᠭᠤᠶᠤᠴᠢᠯᠠᠯ ᠭᠠᠷᠭᠠᠭᠰᠠᠨ ᠦᠶ᠎ᠡ᠎ᠳᠦ;

  (ᠳᠥᠷᠪᠡ) ᠬᠡᠷᠡᠭ ᠮᠡᠳᠡᠭᠴᠢᠳ᠎ᠦᠨ ᠵᠥᠪᠯᠡᠯ᠎ᠡᠴᠡ ᠴᠢᠬᠤᠯᠠᠲᠠᠢ ᠭᠡᠵᠦ ᠦᠵᠡᠭᠰᠡᠨ ᠦᠶ᠎ᠡ᠎ᠳᠦ;

  (ᠲᠠᠪᠤ) ᠬᠡᠷᠡᠭ ᠬᠢᠨᠠᠭᠴᠢᠳ᠎ᠤᠨ ᠵᠥᠪᠯᠡᠯ᠎ᠡᠴᠡ ᠬᠤᠷᠠᠯᠳᠤᠭᠤᠯᠬᠤ ᠳᠤᠷᠠᠳᠤᠯᠭ᠎ᠠ ᠭᠠᠷᠭᠠᠭᠰᠠᠨ ᠦᠶ᠎ᠡ᠎ᠳᠦ;

  (ᠵᠢᠷᠭᠤᠭ᠎ᠠ) ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠪᠤᠰᠤᠳ ᠪᠠᠢᠳᠠᠯ᠃

  ᠵᠠᠭᠤ ᠨᠢᠭᠡᠳᠦᠭᠡᠷ ᠵᠦᠢᠯ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠬᠤᠷᠠᠯᠳᠤᠭᠠᠨ᠎ᠢ ᠬᠡᠷᠡᠭ ᠮᠡᠳᠡᠭᠴᠢᠳ᠎ᠦᠨ ᠵᠥᠪᠯᠡᠯ᠎ᠡᠴᠡ ᠬᠤᠷᠠᠯᠳᠤᠭᠤᠯᠵᠤ᠂ ᠬᠡᠷᠡᠭ ᠮᠡᠳᠡᠭᠴᠢᠳ᠎ᠦᠨ ᠳᠠᠷᠤᠭ᠎ᠠ ᠡᠷᠬᠢᠯᠡᠨ᠎ᠡ; ᠬᠡᠷᠡᠭ ᠮᠡᠳᠡᠭᠴᠢᠳ᠎ᠦᠨ ᠳᠠᠷᠤᠭ᠎ᠠ ᠲᠤᠱᠢᠶᠠᠯ᠎ᠢᠶ᠋ᠠᠨ ᠭᠦᠢᠴᠡᠳᠭᠡᠵᠦ ᠳᠡᠢᠯᠬᠦ᠎ᠦᠭᠡᠢ ᠪᠤᠶᠤ ᠲᠤᠱᠢᠶᠠᠯ᠎ᠢᠶ᠋ᠠᠨ ᠭᠦᠢᠴᠡᠳᠭᠡᠬᠦ᠎ᠦᠭᠡᠢ ᠪᠠᠢᠪᠠᠯ᠂ ᠬᠡᠷᠡᠭ ᠮᠡᠳᠡᠭᠴᠢᠳ᠎ᠦᠨ ᠳᠡᠳ᠋ ᠳᠠᠷᠤᠭ᠎ᠠ ᠡᠷᠬᠢᠯᠡᠨ᠎ᠡ; ᠬᠡᠷᠡᠭ ᠮᠡᠳᠡᠭᠴᠢᠳ᠎ᠦᠨ ᠳᠡᠳ᠋ ᠳᠠᠷᠤᠭ᠎ᠠ ᠲᠤᠱᠢᠶᠠᠯ᠎ᠢᠶ᠋ᠠᠨ ᠭᠦᠢᠴᠡᠳᠭᠡᠵᠦ ᠳᠡᠢᠯᠬᠦ᠎ᠦᠭᠡᠢ ᠪᠤᠶᠤ ᠲᠤᠱᠢᠶᠠᠯ᠎ᠢᠶ᠋ᠠᠨ ᠭᠦᠢᠴᠡᠳᠭᠡᠬᠦ᠎ᠦᠭᠡᠢ ᠪᠠᠢᠪᠠᠯ᠂ ᠬᠠᠭᠠᠰ ᠲᠣᠭ᠎ᠠ᠎ᠠᠴᠠ ᠳᠡᠭᠡᠭᠱᠢᠬᠢ ᠬᠡᠷᠡᠭ ᠮᠡᠳᠡᠭᠴᠢᠳ ᠬᠠᠮᠲᠤ᠎ᠪᠠᠷ ᠨᠢᠭᠡ ᠬᠡᠷᠡᠭ ᠮᠡᠳᠡᠭᠴᠢ᠎ᠶᠢ ᠰᠣᠩᠭᠤᠵᠤ ᠡᠷᠬᠢᠯᠡᠭᠦᠯᠦᠨ᠎ᠡ᠃

  ᠬᠡᠷᠡᠭ ᠮᠡᠳᠡᠭᠴᠢᠳ᠎ᠦᠨ ᠵᠥᠪᠯᠡᠯ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠬᠤᠷᠠᠯᠳᠤᠭᠠᠨ᠎ᠢ ᠬᠤᠷᠠᠯᠳᠤᠭᠤᠯᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ ᠳᠡᠢᠯᠬᠦ᠎ᠦᠭᠡᠢ ᠪᠤᠶᠤ ᠭᠦᠢᠴᠡᠳᠭᠡᠬᠦ᠎ᠦᠭᠡᠢ ᠪᠠᠢᠪᠠᠯ᠂ ᠬᠡᠷᠡᠭ ᠬᠢᠨᠠᠭᠴᠢᠳ᠎ᠤᠨ ᠵᠥᠪᠯᠡᠯ ᠴᠠᠭ ᠲᠤᠬᠠᠢ᠎ᠳᠤ᠎ᠨᠢ ᠬᠤᠷᠠᠯᠳᠤᠭᠤᠯᠬᠤ ᠪᠠ ᠡᠷᠬᠢᠯᠡᠬᠦ ᠬᠡᠷᠡᠭᠲᠡᠢ; ᠬᠡᠷᠡᠭ ᠬᠢᠨᠠᠭᠴᠢᠳ᠎ᠤᠨ ᠵᠥᠪᠯᠡᠯ ᠬᠤᠷᠠᠯᠳᠤᠭᠤᠯᠬᠤ᠎ᠦᠭᠡᠢ ᠪᠠ ᠡᠷᠬᠢᠯᠡᠬᠦ᠎ᠦᠭᠡᠢ ᠪᠠᠢᠪᠠᠯ᠂ ᠺᠣᠮᠫᠠᠨᠢ᠎ᠶᠢᠨ ᠵᠠᠭᠤᠨ᠎ᠤ ᠠᠷᠪᠠ᠎ᠠᠴᠠ ᠳᠡᠭᠡᠭᠱᠢᠬᠢ ᠬᠤᠪᠢ᠎ᠶᠢ ᠵᠠᠯᠭᠠᠭᠠᠪᠠᠷ ᠶᠡᠷᠡᠨ ᠡᠳᠦᠷ᠎ᠡᠴᠡ ᠳᠡᠭᠡᠭᠱᠢ ᠲᠤᠰᠠᠭᠠᠷ ᠪᠤᠶᠤ ᠨᠡᠢᠲᠡ᠎ᠪᠡᠷ ᠡᠵᠡᠮᠱᠢᠵᠦ ᠪᠦᠬᠦᠢ ᠬᠤᠪᠢ ᠣᠷᠤᠭᠤᠯᠤᠭᠴᠢᠳ ᠥᠪᠡᠰᠦᠪᠡᠨ ᠬᠤᠷᠠᠯᠳᠤᠭᠤᠯᠬᠤ ᠪᠠ ᠡᠷᠬᠢᠯᠡᠵᠦ ᠪᠣᠯᠤᠨ᠎ᠠ᠃

  ᠵᠠᠭᠤ ᠬᠣᠶᠠᠳᠤᠭᠠᠷ ᠵᠦᠢᠯ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠬᠤᠷᠠᠯᠳᠤᠭᠠᠨ᠎ᠢ ᠬᠤᠷᠠᠯᠳᠤᠭᠤᠯᠬᠤ᠎ᠳᠤ᠎ᠪᠠᠨ ᠬᠤᠷᠠᠯ ᠬᠤᠷᠠᠯᠳᠤᠭᠤᠯᠬᠤ ᠴᠠᠭ᠂ ᠭᠠᠵᠠᠷ ᠪᠣᠯᠤᠨ ᠬᠢᠨᠠᠨ ᠶᠠᠷᠢᠯᠴᠠᠬᠤ ᠵᠦᠢᠯᠡᠰ᠎ᠢᠶ᠋ᠡᠨ ᠬᠤᠷᠠᠯ ᠬᠤᠷᠠᠯᠳᠤᠭᠤᠯᠬᠤ᠎ᠠᠴᠠ ᠬᠣᠷᠢᠨ ᠡᠳᠦᠷ᠎ᠦᠨ ᠡᠮᠦᠨ᠎ᠡ ᠬᠤᠪᠢ ᠣᠷᠤᠭᠤᠯᠤᠭᠴᠢᠳ᠎ᠲᠤ ᠮᠡᠳᠡᠭᠳᠡᠬᠦ ᠬᠡᠷᠡᠭᠲᠡᠢ;᠎ᠲᠦᠷ ᠴᠠᠭ᠎ᠤᠨ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠢ ᠪᠣᠯ ᠬᠤᠷᠠᠯ ᠬᠤᠷᠠᠯᠳᠤᠭᠤᠯᠬᠤ᠎ᠠᠴᠠ ᠠᠷᠪᠠᠨ ᠲᠠᠪᠤᠨ ᠡᠳᠦᠷ᠎ᠦᠨ ᠡᠮᠦᠨ᠎ᠡ ᠬᠤᠪᠢ ᠣᠷᠤᠭᠤᠯᠤᠭᠴᠢᠳ᠎ᠲᠤ ᠮᠡᠳᠡᠭᠳᠡᠬᠦ ᠬᠡᠷᠡᠭᠲᠡᠢ;᠎ᠨᠡᠷ᠎ᠡ ᠬᠠᠲᠠᠭᠰᠠᠨ᠎ᠦᠭᠡᠢ ᠰᠲ᠋ᠤᠺ ᠲᠠᠷᠬᠠᠭᠠᠪᠠᠯ᠂ ᠬᠤᠷᠠᠯ ᠬᠤᠷᠠᠯᠳᠤᠭᠤᠯᠬᠤ᠎ᠠᠴᠠ ᠭᠤᠴᠢᠨ ᠡᠳᠦᠷ᠎ᠦᠨ ᠡᠮᠦᠨ᠎ᠡ ᠬᠤᠷᠠᠯ ᠬᠤᠷᠠᠯᠳᠤᠭᠤᠯᠬᠤ ᠴᠠᠭ᠂ ᠭᠠᠵᠠᠷ ᠪᠣᠯᠤᠨ ᠬᠢᠨᠠᠨ ᠶᠠᠷᠢᠯᠴᠠᠬᠤ ᠵᠦᠢᠯᠡᠰ᠎ᠢᠶ᠋ᠡᠨ ᠵᠠᠷᠯᠠᠨ ᠮᠡᠳᠡᠭᠳᠡᠬᠦ ᠬᠡᠷᠡᠭᠲᠡᠢ᠃

  ᠺᠣᠮᠫᠠᠨᠢ᠎ᠶᠢᠨ ᠵᠠᠭᠤᠨ᠎ᠤ ᠭᠤᠷᠪᠠ᠎ᠠᠴᠠ ᠳᠡᠭᠡᠭᠱᠢᠬᠢ ᠬᠤᠪᠢ᠎ᠶᠢ ᠲᠤᠰᠠᠭᠠᠷ ᠪᠤᠶᠤ ᠨᠡᠢᠲᠡ᠎ᠪᠡᠷ ᠡᠵᠡᠮᠱᠢᠵᠦ ᠪᠦᠬᠦᠢ ᠬᠤᠪᠢ ᠣᠷᠤᠭᠤᠯᠤᠭᠴᠢᠳ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠢ ᠬᠤᠷᠠᠯᠳᠤᠭᠤᠯᠬᠤ᠎ᠠᠴᠠ ᠠᠷᠪᠠᠨ ᠡᠳᠦᠷ᠎ᠦᠨ ᠡᠮᠦᠨ᠎ᠡ᠎ᠲᠦᠷ ᠴᠠᠭ᠎ᠤᠨ ᠰᠠᠨᠠᠯ ᠵᠥᠪᠯᠡᠯᠭᠡ ᠳᠤᠷᠠᠳᠴᠤ ᠪᠣᠯᠬᠤ ᠪᠥᠭᠡᠳ ᠲᠡᠭᠦᠨ᠎ᠢᠶ᠋ᠡᠨ ᠬᠡᠷᠡᠭ ᠮᠡᠳᠡᠭᠴᠢᠳ᠎ᠦᠨ ᠵᠥᠪᠯᠡᠯ᠎ᠳᠦ ᠪᠢᠴᠢᠭ᠎ᠢᠶ᠋ᠡᠷ ᠳᠡᠪᠱᠢᠭᠦᠯᠵᠦ ᠪᠣᠯᠤᠨ᠎ᠠ; ᠬᠡᠷᠡᠭ ᠮᠡᠳᠡᠭᠴᠢᠳ᠎ᠦᠨ ᠵᠥᠪᠯᠡᠯ ᠰᠠᠨᠠᠯ ᠵᠥᠪᠯᠡᠯᠭᠡ᠎ᠶᠢ ᠬᠦᠯᠢᠶᠡᠨ ᠠᠪᠤᠭᠰᠠᠨ᠎ᠤ ᠳᠠᠷᠠᠭ᠎ᠠ ᠬᠣᠶᠠᠷ ᠡᠳᠦᠷ᠎ᠦᠨ ᠳᠣᠲᠤᠷ᠎ᠠ ᠪᠤᠰᠤᠳ ᠬᠤᠪᠢ ᠣᠷᠤᠭᠤᠯᠤᠭᠴᠢᠳ᠎ᠲᠤ ᠮᠡᠳᠡᠭᠳᠡᠬᠦ᠎ᠶᠢᠨ ᠬᠠᠮᠲᠤ ᠲᠤᠰ᠎ᠲᠦᠷ ᠴᠠᠭ᠎ᠤᠨ ᠰᠠᠨᠠᠯ ᠵᠥᠪᠯᠡᠯᠭᠡ᠎ᠶᠢ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠳᠤ ᠳᠡᠪᠱᠢᠭᠦᠯᠵᠦ ᠬᠢᠨᠠᠨ ᠶᠠᠷᠢᠯᠴᠠᠭᠤᠯᠬᠤ ᠬᠡᠷᠡᠭᠲᠡᠢ᠃᠎ᠲᠦᠷ ᠴᠠᠭ᠎ᠤᠨ ᠰᠠᠨᠠᠯ ᠵᠥᠪᠯᠡᠯᠭᠡ᠎ᠶᠢᠨ ᠠᠭᠤᠯᠭ᠎ᠠ᠎ᠨᠢ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠡᠷᠬᠡ ᠲᠤᠱᠢᠶᠠᠯ᠎ᠤᠨ ᠬᠡᠪᠴᠢᠶᠡᠨ᠎ᠳᠦ ᠬᠠᠷᠢᠶᠠᠯᠠᠭᠳᠠᠬᠤ᠎ᠶᠢᠨ ᠬᠠᠮᠲᠤ ᠲᠣᠳᠤᠷᠬᠠᠢ ᠵᠥᠪᠯᠡᠬᠦ ᠰᠡᠳᠦᠪ ᠪᠠ ᠪᠣᠳᠠᠲᠠᠢ ᠱᠢᠢᠳᠪᠦᠷᠢ ᠭᠠᠷᠭᠠᠬᠤ ᠵᠦᠢᠯᠡᠰ᠎ᠲᠡᠢ ᠪᠠᠢᠬᠤ ᠬᠡᠷᠡᠭᠲᠡᠢ᠃

  ᠬᠤᠪᠢ ᠣᠷᠤᠭᠤᠯᠤᠭᠴᠢᠳ᠎ᠤᠨ ᠶᠡᠬᠡ ᠬᠤᠷᠠᠯ ᠡᠮᠦᠨᠡᠬᠢ ᠬᠣᠶᠠᠷ ᠪᠠᠳᠠᠭ᠎ᠳᠠᠬᠢ ᠮᠡᠳᠡᠭᠳᠡᠯ᠎ᠳᠦ ᠲᠣᠳᠤᠷᠬᠠᠢ ᠵᠢᠭᠰᠠᠭᠠᠭᠰᠠᠨ᠎ᠦᠭᠡᠢ ᠵᠦᠢᠯᠡᠰ᠎ᠦᠨ ᠲᠤᠬᠠᠢ ᠱᠢᠢᠳᠪᠦᠷᠢ ᠭᠠᠷᠭᠠᠵᠤ ᠪᠣᠯᠬᠤ᠎ᠦᠭᠡᠢ᠃

  ᠨᠡᠷ᠎ᠡ ᠬᠠᠲᠠᠭᠰᠠᠨ᠎ᠦᠭᠡᠢ ᠰᠲ᠋ᠤᠺ ᠡᠵᠡᠮᠱᠢᠭᠴᠢ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠬᠤᠷᠠᠯᠳᠤᠭᠠᠨ᠎ᠳᠤ ᠣᠷᠤᠯᠴᠠᠪᠠᠯ᠂ ᠬᠤᠷᠠᠯ ᠬᠤᠷᠠᠯᠳᠤᠭᠤᠯᠬᠤ᠎ᠠᠴᠠ ᠲᠠᠪᠤᠨ ᠡᠳᠦᠷ᠎ᠦᠨ ᠡᠮᠦᠨ᠎ᠡ᠎ᠡᠴᠡ ᠬᠤᠪᠢ ᠣᠷᠤᠭᠤᠯᠤᠭᠴᠢᠳ᠎ᠤᠨ ᠶᠡᠬᠡ ᠬᠤᠷᠠᠯ ᠳᠠᠭᠤᠰᠭᠤ ᠪᠣᠯᠲᠠᠯ᠎ᠠ ᠰᠲ᠋ᠤᠺ᠎ᠢᠶ᠋ᠠᠨ ᠺᠣᠮᠫᠠᠨᠢ᠎ᠳᠤ ᠲᠤᠱᠢᠶᠠᠨ ᠬᠠᠳᠠᠭᠠᠯᠠᠭᠤᠯᠬᠤ ᠬᠡᠷᠡᠭᠲᠡᠢ᠃

  ᠵᠠᠭᠤ ᠭᠤᠷᠪᠠᠳᠤᠭᠠᠷ ᠵᠦᠢᠯ ᠬᠤᠪᠢ ᠣᠷᠤᠭᠤᠯᠤᠭᠴᠢ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠬᠤᠷᠠᠯᠳᠤᠭᠠᠨ᠎ᠳᠤ ᠣᠷᠤᠯᠴᠠᠬᠤ᠎ᠳᠤ ᠡᠵᠡᠮᠱᠢᠵᠦ ᠪᠠᠢᠭ᠎ᠠ ᠬᠤᠪᠢ ᠨᠢᠭᠡ ᠪᠦᠷᠢ᠎ᠨᠢ ᠨᠢᠭᠡ ᠪᠠᠲᠤᠯᠠᠬᠤ ᠡᠷᠬᠡ᠎ᠲᠡᠢ᠃ ᠭᠡᠪᠡᠴᠦ ᠺᠣᠮᠫᠠᠨᠢ᠎ᠶᠢᠨ ᠡᠵᠡᠮᠱᠢᠵᠦ ᠪᠠᠢᠭ᠎ᠠ ᠲᠤᠰ ᠺᠣᠮᠫᠠᠨᠢ᠎ᠶᠢᠨ ᠬᠤᠪᠢ᠎ᠨᠢ ᠪᠠᠲᠤᠯᠠᠬᠤ ᠡᠷᠬᠡ᠎ᠦᠭᠡᠢ᠃

  ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠠᠴᠠ ᠱᠢᠢᠳᠪᠦᠷᠢ ᠭᠠᠷᠭᠠᠬᠤ᠎ᠳᠤ ᠡᠷᠬᠡᠪᠱᠢ ᠬᠤᠷᠠᠯ᠎ᠳᠤ ᠣᠷᠤᠯᠴᠠᠭᠰᠠᠨ ᠬᠤᠪᠢ ᠣᠷᠤᠭᠤᠯᠤᠭᠴᠢᠳ᠎ᠤᠨ ᠡᠵᠡᠮᠱᠢᠵᠦ ᠪᠠᠢᠭ᠎ᠠ ᠪᠠᠲᠤᠯᠠᠬᠤ ᠡᠷᠬᠡ᠎ᠶᠢᠨ ᠬᠠᠭᠠᠰ᠎ᠠᠴᠠ ᠳᠡᠭᠡᠭᠱᠢᠬᠢ ᠲᠣᠭ᠎ᠠ᠎ᠪᠠᠷ ᠪᠠᠲᠤᠯᠠᠭᠤᠯᠬᠤ ᠬᠡᠷᠡᠭᠲᠡᠢ᠃ ᠭᠡᠪᠡᠴᠦ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠠᠴᠠ ᠺᠣᠮᠫᠠᠨᠢ᠎ᠶᠢᠨ ᠳᠦᠷᠢᠮ᠎ᠳᠦ ᠵᠠᠰᠠᠪᠤᠷᠢ ᠣᠷᠤᠭᠤᠯᠬᠤ᠂ ᠳᠠᠩᠰᠠᠯᠠᠭᠤᠯᠤᠭᠰᠠᠨ ᠬᠥᠷᠦᠩᠭᠡ᠎ᠶᠢ ᠨᠡᠮᠡᠬᠦ ᠪᠤᠶᠤ ᠪᠠᠭᠠᠰᠭᠠᠬᠤ ᠱᠢᠢᠳᠪᠦᠷᠢ ᠭᠠᠷᠭᠠᠬᠤ ᠵᠢᠴᠢ ᠺᠣᠮᠫᠠᠨᠢ᠎ᠶᠢ ᠨᠡᠢᠯᠡᠭᠦᠯᠬᠦ᠂ ᠰᠠᠯᠭᠠᠬᠤ᠂ ᠲᠠᠷᠬᠠᠭᠠᠬᠤ ᠪᠤᠶᠤ ᠺᠣᠮᠫᠠᠨᠢ᠎ᠶᠢᠨ ᠬᠡᠯᠪᠡᠷᠢ᠎ᠶᠢ ᠬᠤᠪᠢᠷᠠᠭᠤᠯᠬᠤ ᠲᠤᠬᠠᠢ ᠱᠢᠢᠳᠪᠦᠷᠢ ᠭᠠᠷᠭᠠᠬᠤ᠎ᠳᠤ ᠡᠷᠬᠡᠪᠱᠢ ᠬᠤᠷᠠᠯ᠎ᠳᠤ ᠣᠷᠤᠯᠴᠠᠭᠰᠠᠨ ᠬᠤᠪᠢ ᠣᠷᠤᠭᠤᠯᠤᠭᠴᠢᠳ᠎ᠤᠨ ᠡᠵᠡᠮᠱᠢᠵᠦ ᠪᠠᠢᠭ᠎ᠠ ᠪᠠᠲᠤᠯᠠᠬᠤ ᠡᠷᠬᠡ᠎ᠶᠢᠨ ᠭᠤᠷᠪᠠᠨ᠎ᠤ ᠬᠣᠶᠠᠷ᠎ᠠᠴᠠ ᠳᠡᠭᠡᠭᠱᠢᠬᠢ ᠲᠣᠭ᠎ᠠ᠎ᠪᠠᠷ ᠪᠠᠲᠤᠯᠠᠭᠤᠯᠬᠤ ᠬᠡᠷᠡᠭᠲᠡᠢ᠃

  ᠵᠠᠭᠤ ᠳᠥᠷᠪᠡᠳᠦᠭᠡᠷ ᠵᠦᠢᠯ ᠺᠣᠮᠫᠠᠨᠢ ᠴᠢᠬᠤᠯᠠ ᠶᠡᠬᠡ ᠡᠳ᠋ ᠬᠥᠷᠦᠩᠭᠡ᠎ᠶᠢ ᠱᠢᠯᠵᠢᠭᠦᠯᠦᠨ ᠥᠭᠬᠦ᠂ ᠱᠢᠯᠵᠢᠭᠦᠯᠦᠨ ᠠᠪᠬᠤ ᠪᠤᠶᠤ ᠭᠠᠳᠠᠭᠱᠢ ᠳᠠᠭᠠᠭᠠᠯᠲᠠ ᠬᠠᠩᠭᠠᠬᠤ ᠵᠡᠷᠭᠡ ᠵᠦᠢᠯᠡᠰ᠎ᠢ ᠡᠷᠬᠡᠪᠱᠢ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠢᠶ᠋ᠠᠷ ᠱᠢᠢᠳᠪᠦᠷᠢ ᠭᠠᠷᠭᠠᠭᠤᠯᠬᠤ ᠬᠡᠷᠡᠭᠲᠡᠢ ᠭᠡᠵᠦ ᠲᠤᠰ ᠬᠠᠤᠯᠢ ᠪᠣᠯᠤᠨ ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠪᠠᠢᠪᠠᠯ᠂ ᠬᠡᠷᠡᠭ ᠮᠡᠳᠡᠭᠴᠢᠳ᠎ᠦᠨ ᠵᠥᠪᠯᠡᠯ᠎ᠨᠢ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠬᠤᠷᠠᠯᠳᠤᠭᠠᠨ᠎ᠢ ᠴᠠᠭ ᠲᠤᠬᠠᠢ᠎ᠳᠤ᠎ᠨᠢ ᠬᠤᠷᠠᠯᠳᠤᠭᠤᠯᠵᠤ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠠᠴᠠ ᠳᠡᠭᠡᠷᠡᠬᠢ ᠵᠦᠢᠯᠡᠰ᠎ᠦᠨ ᠲᠤᠬᠠᠢ ᠪᠠᠲᠤᠯᠠᠯᠲᠠ ᠬᠢᠬᠦ ᠬᠡᠷᠡᠭᠲᠡᠢ᠃

  ᠵᠠᠭᠤ ᠲᠠᠪᠤᠳᠤᠭᠠᠷ ᠵᠦᠢᠯ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠠᠴᠠ ᠬᠡᠷᠡᠭ ᠮᠡᠳᠡᠭᠴᠢ᠂ ᠬᠡᠷᠡᠭ ᠬᠢᠨᠠᠭᠴᠢ᠎ᠶᠢ ᠰᠣᠩᠭᠤᠬᠤ᠎ᠳᠤ᠎ᠪᠠᠨ ᠺᠣᠮᠫᠠᠨᠢ᠎ᠶᠢᠨ ᠳᠦᠷᠢᠮ᠎ᠦᠨ ᠲᠣᠭᠲᠠᠭᠠᠯ ᠪᠤᠶᠤ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠱᠢᠢᠳᠪᠦᠷᠢ᠎ᠶᠢ ᠦᠨᠳᠦᠰᠦᠯᠡᠨ᠂ ᠬᠤᠷᠠᠮᠳᠤᠭᠤᠯᠤᠨ ᠫᠢᠶᠤᠤ ᠥᠭᠬᠦ ᠳᠦᠷᠢᠮ᠎ᠢ ᠬᠡᠷᠡᠭᠵᠢᠭᠦᠯᠵᠦ ᠪᠣᠯᠤᠨ᠎ᠠ᠃

  ᠲᠤᠰ ᠬᠠᠤᠯᠢ᠎ᠳᠤ ᠬᠡᠯᠡᠵᠦ ᠪᠠᠢᠭ᠎ᠠ ᠬᠤᠷᠠᠮᠳᠤᠭᠤᠯᠤᠨ ᠫᠢᠶᠤᠤ ᠥᠭᠬᠦ ᠳᠦᠷᠢᠮ ᠭᠡᠳᠡᠭ᠎ᠨᠢ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠠᠴᠠ ᠬᠡᠷᠡᠭ ᠮᠡᠳᠡᠭᠴᠢ ᠪᠤᠶᠤ ᠬᠡᠷᠡᠭ ᠬᠢᠨᠠᠭᠴᠢ᠎ᠶᠢ ᠰᠣᠩᠭᠤᠬᠤ ᠦᠶ᠎ᠡ᠎ᠳᠦ ᠬᠤᠪᠢ ᠨᠢᠭᠡ ᠪᠦᠷᠢ᠎ᠨᠢ ᠰᠣᠩᠭᠤᠬᠤ ᠶᠣᠰᠤᠲᠠᠢ ᠬᠡᠷᠡᠭ ᠮᠡᠳᠡᠭᠴᠢ ᠪᠤᠶᠤ ᠬᠡᠷᠡᠭ ᠬᠢᠨᠠᠭᠴᠢ᠎ᠶᠢᠨ ᠬᠥᠮᠦᠨ᠎ᠦ ᠲᠣᠭ᠎ᠠ᠎ᠲᠠᠢ ᠲᠡᠩᠴᠡᠭᠦᠦ ᠪᠠᠲᠤᠯᠠᠬᠤ ᠡᠷᠬᠡ᠎ᠲᠡᠢ ᠪᠠᠢᠵᠤ᠂ ᠬᠤᠪᠢ ᠣᠷᠤᠭᠤᠯᠤᠭᠴᠢᠳ᠎ᠤᠨ ᠡᠵᠡᠮᠱᠢᠵᠦ ᠪᠦᠬᠦᠢ ᠪᠠᠲᠤᠯᠠᠬᠤ ᠡᠷᠬᠡ᠎ᠶᠢ ᠲᠥᠪᠯᠡᠷᠡᠭᠦᠯᠦᠨ ᠬᠡᠷᠡᠭᠯᠡᠵᠦ ᠪᠣᠯᠬᠤ᠎ᠶᠢ ᠵᠢᠭᠠᠵᠤ ᠪᠠᠢᠨ᠎ᠠ᠃

  ᠵᠠᠭᠤ ᠵᠢᠷᠭᠤᠳᠤᠭᠠᠷ ᠵᠦᠢᠯ ᠬᠤᠪᠢ ᠣᠷᠤᠭᠤᠯᠤᠭᠴᠢ ᠣᠷᠤᠯᠠᠭᠴᠢ᠎ᠳᠤ᠎ᠪᠠᠨ ᠨᠠᠢᠳᠠᠵᠤ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠬᠤᠷᠠᠯᠳᠤᠭᠠᠨ᠎ᠳᠤ ᠣᠷᠤᠯᠴᠠᠭᠤᠯᠵᠤ ᠪᠣᠯᠤᠨ᠎ᠠ᠂ ᠣᠷᠤᠯᠠᠭᠴᠢ᠎ᠨᠢ ᠬᠤᠪᠢ ᠣᠷᠤᠭᠤᠯᠤᠭᠴᠢ᠎ᠶᠢᠨ ᠡᠷᠬᠡ ᠣᠯᠭᠤᠭᠰᠠᠨ ᠨᠠᠢᠳᠠᠯᠭ᠎ᠠ᠎ᠶᠢᠨ ᠪᠢᠴᠢᠭ᠎ᠢ ᠺᠣᠮᠫᠠᠨᠢ᠎ᠳᠤ ᠳᠡᠪᠱᠢᠭᠦᠯᠦᠨ ᠲᠤᠱᠢᠶᠠᠬᠤ ᠬᠡᠷᠡᠭᠲᠡᠢ ᠪᠥᠭᠡᠳ ᠣᠯᠭᠤᠭᠰᠠᠨ ᠡᠷᠬᠡ᠎ᠶᠢᠨ ᠬᠡᠪᠴᠢᠶᠡᠨ ᠳᠣᠲᠤᠷ᠎ᠠ ᠪᠠᠲᠤᠯᠠᠬᠤ ᠡᠷᠬᠡ᠎ᠪᠡᠨ ᠬᠡᠷᠡᠭᠵᠢᠭᠦᠯᠬᠦ ᠬᠡᠷᠡᠭᠲᠡᠢ᠃

  ᠵᠠᠭᠤ ᠳᠣᠯᠤᠳᠤᠭᠠᠷ ᠵᠦᠢᠯ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠨᠢ ᠵᠥᠪᠯᠡᠭᠰᠡᠨ ᠵᠦᠢᠯᠡᠰ᠎ᠦᠨ᠎ᠢᠶ᠋ᠡᠨ ᠲᠣᠭᠲᠠᠭᠠᠯ᠎ᠤᠨ ᠲᠤᠬᠠᠢ ᠬᠤᠷᠠᠯ᠎ᠤᠨ ᠲᠡᠮᠳᠡᠭᠯᠡᠯ ᠬᠢᠵᠦ᠂ ᠬᠤᠷᠠᠯ ᠡᠷᠬᠢᠯᠡᠭᠰᠡᠨ ᠬᠥᠮᠦᠨ᠂ ᠬᠤᠷᠠᠯ᠎ᠳᠤ ᠣᠷᠤᠯᠴᠠᠭᠰᠠᠨ ᠬᠡᠷᠡᠭ ᠮᠡᠳᠡᠭᠴᠢᠳ ᠬᠤᠷᠠᠯ᠎ᠤᠨ ᠲᠡᠮᠳᠡᠭᠯᠡᠯ ᠳᠡᠭᠡᠷ᠎ᠡ ᠭᠠᠷ᠎ᠤᠨ ᠦᠰᠦᠭ ᠵᠢᠷᠤᠬᠤ ᠬᠡᠷᠡᠭᠲᠡᠢ᠃ ᠬᠤᠷᠠᠯ᠎ᠤᠨ ᠲᠡᠮᠳᠡᠭᠯᠡᠯ᠎ᠢ ᠬᠤᠷᠠᠯ᠎ᠳᠤ ᠣᠷᠤᠯᠴᠠᠭᠰᠠᠨ ᠬᠤᠪᠢ ᠣᠷᠤᠭᠤᠯᠤᠭᠴᠢᠳ᠎ᠤᠨ ᠭᠠᠷ᠎ᠤᠨ ᠦᠰᠦᠭ ᠵᠢᠷᠤᠭᠰᠠᠨ ᠳᠡᠪᠲᠡᠷ ᠬᠢᠭᠡᠳ ᠣᠷᠤᠯᠠᠨ ᠣᠷᠤᠯᠴᠠᠭᠤᠯᠬᠤ ᠨᠠᠢᠳᠠᠯᠭ᠎ᠠ᠎ᠶᠢᠨ ᠪᠢᠴᠢᠭ᠎ᠲᠡᠢ ᠬᠠᠮᠲᠤ᠎ᠳᠤ᠎ᠨᠢ ᠬᠠᠳᠠᠭᠠᠯᠠᠬᠤ ᠬᠡᠷᠡᠭᠲᠡᠢ᠃

 

    ᠭᠤᠷᠪᠠᠳᠤᠭᠠᠷ ᠬᠡᠰᠡᠭ ᠬᠡᠷᠡᠭ ᠮᠡᠳᠡᠭᠴᠢᠳ᠎ᠦᠨ ᠵᠥᠪᠯᠡᠯ᠂ ᠵᠢᠩᠯᠢ

 

  ᠵᠠᠭᠤ ᠨᠠᠢ᠍ᠮᠠᠳᠤᠭᠠᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠳᠤ ᠬᠡᠷᠡᠭ ᠮᠡᠳᠡᠭᠴᠢᠳ᠎ᠦᠨ ᠵᠥᠪᠯᠡᠯ ᠪᠠᠢᠭᠤᠯᠵᠤ᠂ ᠪᠦᠷᠢᠯᠳᠦᠬᠦᠨ᠎ᠢ᠎ᠨᠢ ᠲᠠᠪᠤ᠎ᠠᠴᠠ ᠠᠷᠪᠠ ᠶᠢᠰᠦᠨ ᠬᠥᠮᠦᠨ ᠪᠠᠢᠯᠭᠠᠨ᠎ᠠ᠃

  ᠬᠡᠷᠡᠭ ᠮᠡᠳᠡᠭᠴᠢᠳ᠎ᠦᠨ ᠵᠥᠪᠯᠡᠯ᠎ᠦᠨ ᠪᠦᠷᠢᠯᠳᠦᠬᠦᠨ᠎ᠦ ᠳᠣᠲᠤᠷ᠎ᠠ ᠺᠣᠮᠫᠠᠨᠢ᠎ᠶᠢᠨ ᠠᠵᠢᠯᠲᠠᠨ ᠠᠵᠢᠯᠴᠢᠨ᠎ᠤ ᠲᠥᠯᠦᠭᠡᠯᠡᠭᠴᠢ ᠪᠠᠢᠵᠤ ᠪᠣᠯᠤᠨ᠎ᠠ᠃ ᠬᠡᠷᠡᠭ ᠮᠡᠳᠡᠭᠴᠢᠳ᠎ᠦᠨ ᠵᠥᠪᠯᠡᠯ᠎ᠦᠨ ᠳᠣᠲᠤᠷᠠᠬᠢ ᠠᠵᠢᠯᠲᠠᠨ ᠠᠵᠢᠯᠴᠢᠨ᠎ᠤ ᠲᠥᠯᠦᠭᠡᠯᠡᠭᠴᠢ᠎ᠶᠢ ᠺᠣᠮᠫᠠᠨᠢ᠎ᠶᠢᠨ ᠠᠵᠢᠯᠲᠠᠨ ᠠᠵᠢᠯᠴᠢᠨ᠎ᠠᠴᠠ ᠠᠵᠢᠯᠲᠠᠨ ᠠᠵᠢᠯᠴᠢᠨ᠎ᠤ ᠲᠥᠯᠦᠭᠡᠯᠡᠭᠴᠢᠳ᠎ᠦᠨ ᠶᠡᠬᠡ ᠬᠤᠷᠠᠯ᠂ ᠠᠵᠢᠯᠲᠠᠨ ᠠᠵᠢᠯᠴᠢᠨ᠎ᠤ ᠶᠡᠬᠡ ᠬᠤᠷᠠᠯ ᠪᠤᠶᠤ ᠪᠤᠰᠤᠳ ᠬᠡᠯᠪᠡᠷᠢ᠎ᠪᠡᠷ ᠠᠷᠠᠳᠴᠢᠯᠠᠯ᠎ᠢᠶ᠋ᠠᠷ ᠰᠣᠩᠭᠤᠵᠤ ᠭᠠᠷᠭᠠᠨ᠎ᠠ᠃

  ᠲᠤᠰ ᠬᠠᠤᠯᠢ᠎ᠶᠢᠨ ᠳᠥᠴᠢᠨ ᠲᠠᠪᠤᠳᠤᠭᠠᠷ ᠵᠦᠢᠯ᠎ᠳᠡᠬᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠡᠷᠡᠭ ᠮᠡᠳᠡᠭᠴᠢ᠎ᠶᠢᠨ ᠲᠤᠱᠢᠶᠠᠯ᠎ᠤᠨ ᠬᠤᠭᠤᠴᠠᠭᠠᠨ᠎ᠤ ᠲᠤᠬᠠᠢ ᠲᠣᠭᠲᠠᠭᠠᠯ᠎ᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢ᠎ᠳᠦ ᠬᠡᠷᠡᠭᠯᠡᠨ᠎ᠡ᠃

  ᠲᠤᠰ ᠬᠠᠤᠯᠢ᠎ᠶᠢᠨ ᠳᠥᠴᠢᠨ ᠵᠢᠷᠭᠤᠳᠤᠭᠠᠷ ᠵᠦᠢᠯ᠎ᠳᠡᠬᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠵᠥᠪᠯᠡᠯ᠎ᠦᠨ ᠡᠷᠬᠡ ᠲᠤᠱᠢᠶᠠᠯ᠎ᠤᠨ ᠲᠤᠬᠠᠢ ᠲᠣᠭᠲᠠᠭᠠᠯ᠎ᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠬᠡᠷᠡᠭ ᠮᠡᠳᠡᠭᠴᠢᠳ᠎ᠦᠨ ᠵᠥᠪᠯᠡᠯ᠎ᠳᠦ ᠬᠡᠷᠡᠭᠯᠡᠨ᠎ᠡ᠃

  ᠵᠠᠭᠤ ᠶᠢᠰᠦᠳᠦᠭᠡᠷ ᠵᠦᠢᠯ ᠬᠡᠷᠡᠭ ᠮᠡᠳᠡᠭᠴᠢᠳ᠎ᠦᠨ ᠵᠥᠪᠯᠡᠯ᠎ᠳᠦ ᠬᠡᠷᠡᠭ ᠮᠡᠳᠡᠭᠴᠢᠳ᠎ᠦᠨ ᠳᠠᠷᠤᠭ᠎ᠠ ᠨᠢᠭᠡ ᠬᠥᠮᠦᠨ ᠭᠠᠷᠭᠠᠨ᠎ᠠ᠂ ᠬᠡᠷᠡᠭ ᠮᠡᠳᠡᠭᠴᠢᠳ᠎ᠦᠨ ᠳᠡᠳ᠋ ᠳᠠᠷᠤᠭ᠎ᠠ ᠭᠠᠷᠭᠠᠵᠤ ᠪᠣᠯᠤᠨ᠎ᠠ᠃ ᠬᠡᠷᠡᠭ ᠮᠡᠳᠡᠭᠴᠢᠳ᠎ᠦᠨ ᠳᠠᠷᠤᠭ᠎ᠠ ᠪᠣᠯᠤᠨ ᠬᠡᠷᠡᠭ ᠮᠡᠳᠡᠭᠴᠢᠳ᠎ᠦᠨ ᠳᠡᠳ᠋ ᠳᠠᠷᠤᠭ᠎ᠠ᠎ᠶᠢ ᠬᠡᠷᠡᠭ ᠮᠡᠳᠡᠭᠴᠢᠳ᠎ᠦᠨ ᠵᠥᠪᠯᠡᠯ᠎ᠡᠴᠡ ᠪᠦᠬᠦ ᠬᠡᠷᠡᠭ ᠮᠡᠳᠡᠭᠴᠢ᠎ᠶᠢᠨ ᠬᠠᠭᠠᠰ᠎ᠠᠴᠠ ᠳᠡᠭᠡᠭᠱᠢᠬᠢ ᠲᠣᠭ᠎ᠠ᠎ᠪᠠᠷ ᠰᠣᠩᠭᠤᠵᠤ ᠭᠠᠷᠭᠠᠨ᠎ᠠ᠃

  ᠬᠡᠷᠡᠭ ᠮᠡᠳᠡᠭᠴᠢᠳ᠎ᠦᠨ ᠳᠠᠷᠤᠭ᠎ᠠ ᠬᠡᠷᠡᠭ ᠮᠡᠳᠡᠭᠴᠢᠳ᠎ᠦᠨ ᠵᠥᠪᠯᠡᠯ᠎ᠦᠨ ᠬᠤᠷᠠᠯᠳᠤᠭᠠᠨ᠎ᠢ ᠬᠤᠷᠠᠯᠳᠤᠭᠤᠯᠬᠤ ᠪᠠ ᠡᠷᠬᠢᠯᠡᠵᠦ᠂ ᠬᠡᠷᠡᠭ ᠮᠡᠳᠡᠭᠴᠢᠳ᠎ᠦᠨ ᠵᠥᠪᠯᠡᠯ᠎ᠦᠨ ᠱᠢᠢᠳᠪᠦᠷᠢ᠎ᠶᠢ ᠬᠡᠷᠡᠭᠵᠢᠭᠦᠯᠵᠦ ᠪᠠᠢᠭ᠎ᠠ ᠪᠠᠢᠳᠠᠯ᠎ᠢ ᠪᠠᠢᠴᠠᠭᠠᠨ᠎ᠠ᠃ ᠬᠡᠷᠡᠭ ᠮᠡᠳᠡᠭᠴᠢᠳ᠎ᠦᠨ ᠳᠡᠳ᠋ ᠳᠠᠷᠤᠭ᠎ᠠ᠎ᠨᠢ ᠬᠡᠷᠡᠭ ᠮᠡᠳᠡᠭᠴᠢᠳ᠎ᠦᠨ ᠳᠠᠷᠤᠭ᠎ᠠ᠎ᠶᠢ ᠬᠠᠪᠰᠤᠷᠤᠨ ᠠᠵᠢᠯᠯᠠᠨ᠎ᠠ᠂ ᠬᠡᠷᠡᠭ ᠮᠡᠳᠡᠭᠴᠢᠳ᠎ᠦᠨ ᠳᠠᠷᠤᠭ᠎ᠠ ᠲᠤᠱᠢᠶᠠᠯ᠎ᠢᠶ᠋ᠠᠨ ᠭᠦᠢᠴᠡᠳᠭᠡᠵᠦ ᠳᠡᠢᠯᠬᠦ᠎ᠦᠭᠡᠢ ᠪᠤᠶᠤ ᠲᠤᠱᠢᠶᠠᠯ᠎ᠢᠶ᠋ᠠᠨ ᠭᠦᠢᠴᠡᠳᠭᠡᠬᠦ᠎ᠦᠭᠡᠢ ᠪᠠᠢᠪᠠᠯ᠂ ᠬᠡᠷᠡᠭ ᠮᠡᠳᠡᠭᠴᠢᠳ᠎ᠦᠨ ᠳᠡᠳ᠋ ᠳᠠᠷᠤᠭ᠎ᠠ᠎ᠠᠴᠠ ᠲᠤᠱᠢᠶᠠᠯ ᠭᠦᠢᠴᠡᠳᠭᠡᠨ᠎ᠡ; ᠬᠡᠷᠡᠭ ᠮᠡᠳᠡᠭᠴᠢᠳ᠎ᠦᠨ ᠳᠡᠳ᠋ ᠳᠠᠷᠤᠭ᠎ᠠ ᠲᠤᠱᠢᠶᠠᠯ᠎ᠢᠶ᠋ᠠᠨ ᠭᠦᠢᠴᠡᠳᠭᠡᠵᠦ ᠳᠡᠢᠯᠬᠦ᠎ᠦᠭᠡᠢ ᠪᠤᠶᠤ ᠲᠤᠱᠢᠶᠠᠯ᠎ᠢᠶ᠋ᠠᠨ ᠭᠦᠢᠴᠡᠳᠭᠡᠬᠦ᠎ᠦᠭᠡᠢ ᠪᠠᠢᠪᠠᠯ᠂ ᠬᠠᠭᠠᠰ᠎ᠠᠴᠠ ᠳᠡᠭᠡᠭᠱᠢᠬᠢ ᠲᠣᠭᠠᠨ᠎ᠤ ᠬᠡᠷᠡᠭ ᠮᠡᠳᠡᠭᠴᠢᠳ ᠬᠠᠮᠲᠤ᠎ᠪᠠᠷ ᠨᠢᠭᠡ ᠬᠡᠷᠡᠭ ᠮᠡᠳᠡᠭᠴᠢ᠎ᠶᠢ ᠰᠣᠩᠭᠤᠵᠤ ᠲᠤᠱᠢᠶᠠᠯ ᠭᠦᠢᠴᠡᠳᠭᠡᠭᠦᠯᠦᠨ᠎ᠡ᠃

  ᠵᠠᠭᠤ ᠠᠷᠪᠠᠳᠤᠭᠠᠷ ᠵᠦᠢᠯ ᠬᠡᠷᠡᠭ ᠮᠡᠳᠡᠭᠴᠢᠳ᠎ᠦᠨ ᠵᠥᠪᠯᠡᠯ ᠵᠢᠯ ᠪᠦᠷᠢ ᠠᠳᠠᠭ᠎ᠲᠤ᠎ᠪᠠᠨ ᠬᠣᠶᠠᠷ ᠤᠳᠠᠭ᠎ᠠ ᠬᠤᠷᠠᠯ ᠬᠤᠷᠠᠯᠳᠤᠭᠤᠯᠵᠤ᠂ ᠤᠳᠠᠭ᠎ᠠ ᠪᠦᠷᠢ᠎ᠶᠢᠨ ᠬᠤᠷᠠᠯ᠎ᠢ ᠬᠤᠷᠠᠯᠳᠤᠭᠤᠯᠬᠤ᠎ᠠᠴᠠ ᠠᠷᠪᠠᠨ ᠡᠳᠦᠷ᠎ᠦᠨ ᠡᠮᠦᠨ᠎ᠡ ᠪᠦᠬᠦ ᠬᠡᠷᠡᠭ ᠮᠡᠳᠡᠭᠴᠢ ᠪᠣᠯᠤᠨ ᠬᠡᠷᠡᠭ ᠬᠢᠨᠠᠭᠴᠢ᠎ᠳᠤ ᠮᠡᠳᠡᠭᠳᠡᠬᠦ ᠬᠡᠷᠡᠭᠲᠡᠢ᠃

  ᠠᠷᠪᠠᠨ᠎ᠤ ᠨᠢᠭᠡ᠎ᠡᠴᠡ ᠳᠡᠭᠡᠭᠱᠢᠬᠢ ᠪᠠᠲᠤᠯᠠᠬᠤ ᠡᠷᠬᠡ᠎ᠶᠢ ᠲᠥᠯᠦᠭᠡᠯᠡᠬᠦ ᠬᠤᠪᠢ ᠣᠷᠤᠭᠤᠯᠤᠭᠴᠢ᠂ ᠭᠤᠷᠪᠠᠨ᠎ᠤ ᠨᠢᠭᠡ᠎ᠡᠴᠡ ᠳᠡᠭᠡᠭᠱᠢᠬᠢ ᠬᠡᠷᠡᠭ ᠮᠡᠳᠡᠭᠴᠢᠳ ᠪᠤᠶᠤ ᠬᠡᠷᠡᠭ ᠬᠢᠨᠠᠭᠴᠢᠳ᠎ᠤᠨ ᠵᠥᠪᠯᠡᠯ᠎ᠡᠴᠡ ᠬᠡᠷᠡᠭ ᠮᠡᠳᠡᠭᠴᠢᠳ᠎ᠦᠨ ᠵᠥᠪᠯᠡᠯ᠎ᠦᠨ ᠲᠦᠷ ᠴᠠᠭ᠎ᠤᠨ ᠬᠤᠷᠠᠯ ᠬᠤᠷᠠᠯᠳᠤᠭᠤᠯᠬᠤ ᠳᠤᠷᠠᠳᠤᠯᠭ᠎ᠠ ᠭᠠᠷᠭᠠᠵᠤ ᠪᠣᠯᠤᠨ᠎ᠠ᠃ ᠬᠡᠷᠡᠭ ᠮᠡᠳᠡᠭᠴᠢᠳ᠎ᠦᠨ ᠳᠠᠷᠤᠭ᠎ᠠ ᠳᠤᠷᠠᠳᠤᠯᠭ᠎ᠠ᠎ᠶᠢ ᠬᠦᠯᠢᠶᠡᠨ ᠠᠪᠤᠭᠰᠠᠨ᠎ᠤ ᠳᠠᠷᠠᠭ᠎ᠠ ᠠᠷᠪᠠᠨ ᠡᠳᠦᠷ᠎ᠦᠨ ᠳᠣᠲᠤᠷ᠎ᠠ ᠬᠡᠷᠡᠭ ᠮᠡᠳᠡᠭᠴᠢᠳ᠎ᠦᠨ ᠵᠥᠪᠯᠡᠯ᠎ᠦᠨ ᠬᠤᠷᠠᠯ᠎ᠢ ᠬᠤᠷᠠᠯᠳᠤᠭᠤᠯᠬᠤ ᠪᠠ ᠡᠷᠬᠢᠯᠡᠬᠦ ᠬᠡᠷᠡᠭᠲᠡᠢ᠃

  ᠬᠡᠷᠡᠭ ᠮᠡᠳᠡᠭᠴᠢᠳ᠎ᠦᠨ ᠵᠥᠪᠯᠡᠯ ᠲᠦᠷ ᠴᠠᠭ᠎ᠤᠨ ᠬᠤᠷᠠᠯ ᠬᠤᠷᠠᠯᠳᠤᠭᠤᠯᠬᠤ᠎ᠳᠤ᠎ᠪᠠᠨ ᠬᠡᠷᠡᠭ ᠮᠡᠳᠡᠭᠴᠢᠳ᠎ᠦᠨ ᠵᠥᠪᠯᠡᠯ᠎ᠢ ᠴᠤᠭᠯᠠᠭᠤᠯᠬᠤ᠎ᠪᠠᠷ ᠮᠡᠳᠡᠭᠳᠡᠬᠦ ᠠᠷᠭ᠎ᠠ ᠮᠠᠶᠢᠭ ᠪᠣᠯᠤᠨ ᠮᠡᠳᠡᠭᠳᠡᠬᠦ ᠴᠠᠭ᠎ᠤᠨ ᠬᠢᠵᠠᠭᠠᠷ᠎ᠢ ᠠᠰ᠎ᠲᠤ᠎ᠨᠢ ᠲᠣᠭᠲᠠᠭᠠᠵᠤ ᠪᠣᠯᠤᠨ᠎ᠠ᠃

  ᠵᠠᠭᠤ ᠠᠷᠪᠠᠨ ᠨᠢᠭᠡᠳᠦᠭᠡᠷ ᠵᠦᠢᠯ ᠬᠠᠭᠠᠰ᠎ᠠᠴᠠ ᠳᠡᠭᠡᠭᠱᠢᠬᠢ ᠲᠣᠭᠠᠨ᠎ᠤ ᠬᠡᠷᠡᠭ ᠮᠡᠳᠡᠭᠴᠢ ᠣᠷᠤᠯᠴᠠᠪᠠᠯ ᠰᠠᠶᠢ ᠬᠡᠷᠡᠭ ᠮᠡᠳᠡᠭᠴᠢᠳ᠎ᠦᠨ ᠵᠥᠪᠯᠡᠯ᠎ᠦᠨ ᠬᠤᠷᠠᠯ᠎ᠢ ᠬᠤᠷᠠᠯᠳᠤᠭᠤᠯᠵᠤ ᠪᠣᠯᠤᠨ᠎ᠠ᠃ ᠬᠡᠷᠡᠭ ᠮᠡᠳᠡᠭᠴᠢᠳ᠎ᠦᠨ ᠵᠥᠪᠯᠡᠯ ᠱᠢᠢᠳᠪᠦᠷᠢ ᠭᠠᠷᠭᠠᠬᠤ᠎ᠳᠤ ᠡᠷᠬᠡᠪᠱᠢ ᠪᠦᠬᠦ ᠬᠡᠷᠡᠭ ᠮᠡᠳᠡᠭᠴᠢ᠎ᠶᠢᠨ ᠬᠠᠭᠠᠰ᠎ᠠᠴᠠ ᠳᠡᠭᠡᠭᠱᠢᠬᠢ ᠲᠣᠭ᠎ᠠ᠎ᠪᠠᠷ ᠪᠠᠲᠤᠯᠠᠭᠤᠯᠤᠭᠰᠠᠨ ᠪᠠᠢᠬᠤ ᠬᠡᠷᠡᠭᠲᠡᠢ᠃

  ᠬᠡᠷᠡᠭ ᠮᠡᠳᠡᠭᠴᠢᠳ᠎ᠦᠨ ᠵᠥᠪᠯᠡᠯ᠎ᠦᠨ ᠱᠢᠢᠳᠪᠦᠷᠢ᠎ᠶᠢ ᠪᠠᠲᠤᠯᠠᠬᠤ᠎ᠳᠤ ᠨᠢᠭᠡ ᠬᠥᠮᠦᠨ ᠨᠢᠭᠡ ᠫᠢᠶᠤᠤ ᠥᠭᠬᠦ᠎ᠶᠢ ᠬᠡᠷᠡᠭᠵᠢᠭᠦᠯᠦᠨ᠎ᠡ᠃

  ᠵᠠᠭᠤ ᠠᠷᠪᠠᠨ ᠬᠣᠶᠠᠳᠤᠭᠠᠷ ᠵᠦᠢᠯ ᠬᠡᠷᠡᠭ ᠮᠡᠳᠡᠭᠴᠢᠳ᠎ᠦᠨ ᠵᠥᠪᠯᠡᠯ᠎ᠦᠨ ᠬᠤᠷᠠᠯ᠎ᠳᠤ ᠬᠡᠷᠡᠭ ᠮᠡᠳᠡᠭᠴᠢ ᠥᠪᠡᠷ᠎ᠢᠶ᠋ᠡᠨ ᠣᠷᠤᠯᠴᠠᠬᠤ ᠬᠡᠷᠡᠭᠲᠡᠢ; ᠬᠡᠷᠡᠭ ᠮᠡᠳᠡᠭᠴᠢ ᠶᠠᠮᠠᠷ ᠨᠢᠭᠡᠨ ᠱᠢᠯᠲᠠᠭᠠᠨ᠎ᠠᠴᠠ ᠪᠣᠯᠵᠤ ᠣᠷᠤᠯᠴᠠᠵᠤ ᠳᠡᠢᠯᠬᠦ᠎ᠦᠭᠡᠢ ᠪᠣᠯ ᠪᠤᠰᠤᠳ ᠬᠡᠷᠡᠭ ᠮᠡᠳᠡᠭᠴᠢ᠎ᠳᠤ᠎ᠪᠠᠨ ᠪᠢᠴᠢᠭ᠎ᠢᠶ᠋ᠡᠷ ᠨᠠᠢᠳᠠᠵᠤ ᠣᠷᠤᠯᠠᠨ ᠣᠷᠤᠯᠴᠠᠭᠤᠯᠵᠤ ᠪᠣᠯᠤᠨ᠎ᠠ᠂ ᠨᠠᠢᠳᠠᠯᠭ᠎ᠠ᠎ᠶᠢᠨ ᠪᠢᠴᠢᠭ᠎ᠲᠤ᠎ᠪᠠᠨ ᠡᠷᠬᠡ ᠣᠯᠭᠤᠭᠰᠠᠨ ᠬᠡᠪᠴᠢᠶ᠎ᠡ᠎ᠪᠡᠨ ᠲᠣᠳᠤᠷᠬᠠᠢ ᠲᠡᠮᠳᠡᠭᠯᠡᠬᠦ ᠬᠡᠷᠡᠭᠲᠡᠢ᠃

  ᠬᠡᠷᠡᠭ ᠮᠡᠳᠡᠭᠴᠢᠳ᠎ᠦᠨ ᠵᠥᠪᠯᠡᠯ᠎ᠨᠢ ᠬᠤᠷᠠᠯ ᠳᠡᠭᠡᠷ᠎ᠡ ᠵᠥᠪᠯᠡᠭᠰᠡᠨ ᠵᠦᠢᠯᠡᠰ᠎ᠦᠨ᠎ᠢᠶ᠋ᠡᠨ ᠲᠣᠭᠲᠠᠭᠠᠯ᠎ᠤᠨ ᠲᠤᠬᠠᠢ ᠬᠤᠷᠠᠯ᠎ᠤᠨ ᠲᠡᠮᠳᠡᠭᠯᠡᠯ ᠬᠢᠵᠦ᠂ ᠬᠤᠷᠠᠯ᠎ᠳᠤ ᠣᠷᠤᠯᠴᠠᠭᠰᠠᠨ ᠬᠡᠷᠡᠭ ᠮᠡᠳᠡᠭᠴᠢᠳ ᠬᠤᠷᠠᠯ᠎ᠤᠨ ᠲᠡᠮᠳᠡᠭᠯᠡᠯ ᠳᠡᠭᠡᠷ᠎ᠡ ᠭᠠᠷ᠎ᠤᠨ ᠦᠰᠦᠭ ᠵᠢᠷᠤᠬᠤ ᠬᠡᠷᠡᠭᠲᠡᠢ᠃

  ᠬᠡᠷᠡᠭ ᠮᠡᠳᠡᠭᠴᠢ ᠬᠡᠷᠡᠭ ᠮᠡᠳᠡᠭᠴᠢᠳ᠎ᠦᠨ ᠵᠥᠪᠯᠡᠯ᠎ᠦᠨ ᠱᠢᠢᠳᠪᠦᠷᠢ᠎ᠳᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠬᠡᠷᠡᠭ ᠮᠡᠳᠡᠭᠴᠢᠳ᠎ᠦᠨ ᠵᠥᠪᠯᠡᠯ᠎ᠦᠨ ᠱᠢᠢᠳᠪᠦᠷᠢ᠎ᠨᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠤᠶᠤ ᠺᠣᠮᠫᠠᠨᠢ᠎ᠶᠢᠨ ᠳᠦᠷᠢᠮ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠱᠢᠢᠳᠪᠦᠷᠢ᠎ᠶᠢ ᠵᠥᠷᠢᠴᠡᠭᠡᠳ ᠺᠣᠮᠫᠠᠨᠢ᠎ᠳᠤ ᠬᠦᠨᠳᠦ ᠨᠣᠴᠢᠲᠠᠢ ᠬᠣᠬᠢᠷᠠᠯ ᠤᠴᠠᠷᠠᠭᠤᠯᠤᠭᠰᠠᠨ ᠪᠠᠢᠪᠠᠯ᠂ ᠱᠢᠢᠳᠪᠦᠷᠢ ᠭᠠᠷᠭᠠᠬᠤ᠎ᠳᠤ ᠣᠷᠤᠯᠴᠠᠭᠰᠠᠨ ᠬᠡᠷᠡᠭ ᠮᠡᠳᠡᠭᠴᠢᠳ ᠺᠣᠮᠫᠠᠨᠢ᠎ᠳᠤ ᠲᠥᠯᠦᠬᠦ ᠬᠠᠷᠢᠭᠤᠴᠠᠯᠭ᠎ᠠ ᠡᠭᠦᠷᠭᠡᠯᠡᠨ᠎ᠡ᠃ ᠭᠡᠪᠡᠴᠦ ᠪᠠᠲᠤᠯᠠᠬᠤ ᠦᠶ᠎ᠡ᠎ᠳᠦ ᠣᠨᠳᠤᠤ ᠰᠠᠨᠠᠯ᠎ᠲᠠᠢ ᠪᠠᠢᠬᠤ᠎ᠪᠠᠨ ᠢᠯᠡᠷᠬᠡᠢᠯᠡᠭᠰᠡᠨ ᠪᠥᠭᠡᠳ ᠲᠡᠷᠡ᠎ᠨᠢ ᠬᠤᠷᠠᠯ᠎ᠤᠨ ᠲᠡᠮᠳᠡᠭᠯᠡᠯ᠎ᠳᠦ ᠲᠡᠮᠳᠡᠭᠯᠡᠭᠳᠡᠭᠰᠡᠨ᠎ᠢ ᠭᠡᠷᠡᠴᠢᠯᠡᠭᠰᠡᠨ ᠪᠠᠢᠪᠠᠯ᠂ ᠲᠤᠰ ᠬᠡᠷᠡᠭ ᠮᠡᠳᠡᠭᠴᠢ᠎ᠶᠢᠨ ᠬᠠᠷᠢᠭᠤᠴᠠᠯᠭ᠎ᠠ᠎ᠶᠢ ᠬᠡᠯᠲᠦᠷᠢᠭᠦᠯᠵᠦ ᠪᠣᠯᠤᠨ᠎ᠠ᠃

  ᠵᠠᠭᠤ ᠠᠷᠪᠠᠨ ᠭᠤᠷᠪᠠᠳᠤᠭᠠᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠳᠤ ᠵᠢᠩᠯᠢ ᠭᠠᠷᠭᠠᠵᠤ᠂ ᠬᠡᠷᠡᠭ ᠮᠡᠳᠡᠭᠴᠢᠳ᠎ᠦᠨ ᠵᠥᠪᠯᠡᠯ᠎ᠡᠴᠡ ᠤᠷᠢᠨ ᠲᠣᠮᠢᠯᠠᠬᠤ ᠪᠤᠶᠤ ᠤᠷᠢᠬᠤ᠎ᠪᠠᠨ ᠪᠣᠯᠢᠬᠤ᠎ᠶᠢ ᠲᠣᠭᠲᠠᠭᠠᠨ᠎ᠠ᠃

  ᠲᠤᠰ ᠬᠠᠤᠯᠢ᠎ᠶᠢᠨ ᠳᠥᠴᠢ ᠶᠢᠰᠦᠳᠦᠭᠡᠷ ᠵᠦᠢᠯ᠎ᠳᠡᠬᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠵᠢᠩᠯᠢ᠎ᠶᠢᠨ ᠡᠷᠬᠡ ᠲᠤᠱᠢᠶᠠᠯ᠎ᠤᠨ ᠲᠤᠬᠠᠢ ᠲᠣᠭᠲᠠᠭᠠᠯ᠎ᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠵᠢᠩᠯᠢ᠎ᠳᠦ ᠬᠡᠷᠡᠭᠯᠡᠨ᠎ᠡ᠃

  ᠵᠠᠭᠤ ᠠᠷᠪᠠᠨ ᠳᠥᠷᠪᠡᠳᠦᠭᠡᠷ ᠵᠦᠢᠯ ᠺᠣᠮᠫᠠᠨᠢ᠎ᠶᠢᠨ ᠬᠡᠷᠡᠭ ᠮᠡᠳᠡᠭᠴᠢᠳ᠎ᠦᠨ ᠵᠥᠪᠯᠡᠯ᠎ᠨᠢ ᠬᠡᠷᠡᠭ ᠮᠡᠳᠡᠭᠴᠢᠳ᠎ᠦᠨ ᠵᠥᠪᠯᠡᠯ᠎ᠦᠨ ᠪᠦᠷᠢᠯᠳᠦᠬᠦᠨ᠎ᠢᠶ᠋ᠡᠷ ᠵᠢᠩᠯᠢ᠎ᠶᠢᠨ ᠲᠤᠱᠢᠶᠠᠯ᠎ᠢ ᠬᠠᠪᠰᠤᠷᠭᠠᠨ ᠡᠭᠦᠷᠭᠡᠯᠡᠭᠦᠯᠬᠦ᠎ᠪᠡᠷ ᠲᠣᠭᠲᠠᠭᠠᠵᠤ ᠪᠣᠯᠤᠨ᠎ᠠ᠃

  ᠵᠠᠭᠤ ᠠᠷᠪᠠᠨ ᠲᠠᠪᠤᠳᠤᠭᠠᠷ ᠵᠦᠢᠯ ᠺᠣᠮᠫᠠᠨᠢ ᠱᠢᠭᠤᠳ ᠪᠤᠶᠤ ᠬᠦᠦ ᠺᠣᠮᠫᠠᠨᠢ᠎ᠪᠠᠷ᠎ᠢᠶ᠋ᠠᠨ ᠳᠠᠮᠵᠢᠭᠤᠯᠤᠨ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ᠎ᠳᠤ ᠵᠢᠭᠡᠯᠡᠯᠭᠡ᠎ᠶᠢᠨ ᠵᠣᠭᠤᠰ ᠬᠠᠩᠭᠠᠵᠤ ᠪᠣᠯᠬᠤ᠎ᠦᠭᠡᠢ᠃

  ᠵᠠᠭᠤ ᠠᠷᠪᠠᠨ ᠵᠢᠷᠭᠤᠳᠤᠭᠠᠷ ᠵᠦᠢᠯ ᠺᠣᠮᠫᠠᠨᠢ᠎ᠨᠢ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ᠎ᠤ ᠺᠣᠮᠫᠠᠨᠢ᠎ᠠᠴᠠ ᠬᠥᠯᠦᠰᠦ ᠣᠯᠭᠤᠮᠵᠢ ᠣᠯᠵᠤ ᠪᠠᠢᠭ᠎ᠠ ᠪᠠᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠪᠢ ᠣᠷᠤᠭᠤᠯᠤᠭᠴᠢᠳ᠎ᠲᠤ᠎ᠪᠠᠨ ᠮᠡᠳᠡᠭᠳᠡᠬᠦ ᠬᠡᠷᠡᠭᠲᠡᠢ᠃

 

    ᠳᠥᠷᠪᠡᠳᠦᠭᠡᠷ ᠬᠡᠰᠡᠭ ᠬᠡᠷᠡᠭ ᠬᠢᠨᠠᠭᠴᠢᠳ᠎ᠤᠨ ᠵᠥᠪᠯᠡᠯ

 

  ᠵᠠᠭᠤ ᠠᠷᠪᠠᠨ ᠳᠣᠯᠤᠳᠤᠭᠠᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠳᠤ ᠬᠡᠷᠡᠭ ᠬᠢᠨᠠᠭᠴᠢᠳ᠎ᠤᠨ ᠵᠥᠪᠯᠡᠯ ᠪᠠᠢᠭᠤᠯᠤᠨ᠎ᠠ᠂ ᠲᠡᠭᠦᠨ᠎ᠦ ᠪᠦᠷᠢᠯᠳᠦᠬᠦᠨ᠎ᠢ ᠭᠤᠷᠪᠠᠨ ᠬᠥᠮᠦᠨ᠎ᠡᠴᠡ ᠳᠤᠲᠠᠭᠤ ᠪᠠᠢᠯᠭᠠᠵᠤ ᠪᠣᠯᠬᠤ᠎ᠦᠭᠡᠢ᠃

  ᠬᠡᠷᠡᠭ ᠬᠢᠨᠠᠭᠴᠢᠳ᠎ᠤᠨ ᠵᠥᠪᠯᠡᠯ᠎ᠳᠦ ᠬᠤᠪᠢ ᠣᠷᠤᠭᠤᠯᠤᠭᠴᠢᠳ᠎ᠤᠨ ᠲᠥᠯᠦᠭᠡᠯᠡᠭᠴᠢ ᠪᠣᠯᠤᠨ ᠵᠣᠬᠢᠬᠤ ᠬᠠᠷᠢᠴᠠᠯ ᠪᠦᠬᠦᠢ ᠺᠣᠮᠫᠠᠨᠢ᠎ᠶᠢᠨ ᠠᠵᠢᠯᠲᠠᠨ ᠠᠵᠢᠯᠴᠢᠨ᠎ᠤ ᠲᠥᠯᠦᠭᠡᠯᠡᠭᠴᠢ᠎ᠶᠢ ᠪᠠᠭᠲᠠᠭᠠᠭᠰᠠᠨ ᠪᠠᠢᠬᠤ ᠬᠡᠷᠡᠭᠲᠡᠢ᠂ ᠡᠭᠦᠨ᠎ᠦ ᠳᠣᠲᠤᠷ᠎ᠠ ᠠᠵᠢᠯᠲᠠᠨ ᠠᠵᠢᠯᠴᠢᠨ᠎ᠤ ᠲᠥᠯᠦᠭᠡᠯᠡᠭᠴᠢ᠎ᠶᠢᠨ ᠬᠠᠷᠢᠴᠠᠯ᠎ᠨᠢ ᠭᠤᠷᠪᠠᠨ᠎ᠤ ᠨᠢᠭᠡ᠎ᠡᠴᠡ ᠳᠣᠣᠷ᠎ᠠ ᠪᠠᠢᠵᠤ ᠪᠣᠯᠬᠤ᠎ᠦᠭᠡᠢ᠂ ᠪᠣᠳᠠᠲᠠᠢ ᠬᠠᠷᠢᠴᠠᠯ᠎ᠢ ᠺᠣᠮᠫᠠᠨᠢ᠎ᠶᠢᠨ ᠳᠦᠷᠢᠮ᠎ᠳᠦ ᠲᠣᠭᠲᠠᠭᠠᠨ᠎ᠠ᠃ ᠬᠡᠷᠡᠭ ᠬᠢᠨᠠᠭᠴᠢᠳ᠎ᠤᠨ ᠵᠥᠪᠯᠡᠯ᠎ᠦᠨ ᠳᠣᠲᠤᠷᠠᠬᠢ ᠠᠵᠢᠯᠲᠠᠨ ᠠᠵᠢᠯᠴᠢᠨ᠎ᠤ ᠲᠥᠯᠦᠭᠡᠯᠡᠭᠴᠢ᠎ᠶᠢ ᠺᠣᠮᠫᠠᠨᠢ᠎ᠶᠢᠨ ᠠᠵᠢᠯᠲᠠᠨ ᠠᠵᠢᠯᠴᠢᠨ᠎ᠠᠴᠠ ᠠᠵᠢᠯᠲᠠᠨ ᠠᠵᠢᠯᠴᠢᠨ᠎ᠤ ᠲᠥᠯᠦᠭᠡᠯᠡᠭᠴᠢᠳ᠎ᠦᠨ ᠶᠡᠬᠡ ᠬᠤᠷᠠᠯ᠂ ᠠᠵᠢᠯᠲᠠᠨ ᠠᠵᠢᠯᠴᠢᠨ᠎ᠤ ᠶᠡᠬᠡ ᠬᠤᠷᠠᠯ ᠪᠤᠶᠤ ᠪᠤᠰᠤᠳ ᠬᠡᠯᠪᠡᠷᠢ᠎ᠪᠡᠷ ᠠᠷᠠᠳᠴᠢᠯᠠᠯ᠎ᠢᠶ᠋ᠠᠷ ᠰᠣᠩᠭᠤᠵᠤ ᠭᠠᠷᠭᠠᠨ᠎ᠠ᠃

  ᠬᠡᠷᠡᠭ ᠬᠢᠨᠠᠭᠴᠢᠳ᠎ᠤᠨ ᠵᠥᠪᠯᠡᠯ᠎ᠳᠦ ᠲᠡᠷᠢᠭᠦᠯᠡᠭᠴᠢ ᠨᠢᠭᠡ ᠬᠥᠮᠦᠨ᠎ᠢ ᠭᠠᠷᠭᠠᠨ᠎ᠠ᠂ ᠳᠡᠳ᠋ ᠲᠡᠷᠢᠭᠦᠯᠡᠭᠴᠢ ᠭᠠᠷᠭᠠᠵᠤ ᠪᠣᠯᠤᠨ᠎ᠠ᠃ ᠬᠡᠷᠡᠭ ᠬᠢᠨᠠᠭᠴᠢᠳ᠎ᠤᠨ ᠵᠥᠪᠯᠡᠯ᠎ᠦᠨ ᠲᠡᠷᠢᠭᠦᠯᠡᠭᠴᠢ ᠪᠣᠯᠤᠨ ᠳᠡᠳ᠋ ᠲᠡᠷᠢᠭᠦᠯᠡᠭᠴᠢ᠎ᠶᠢ ᠪᠦᠬᠦ ᠬᠡᠷᠡᠭ ᠬᠢᠨᠠᠭᠴᠢ᠎ᠶᠢᠨ ᠬᠠᠭᠠᠰ᠎ᠠᠴᠠ ᠳᠡᠭᠡᠭᠱᠢᠬᠢ ᠲᠣᠭ᠎ᠠ᠎ᠪᠠᠷ ᠰᠣᠩᠭᠤᠵᠤ ᠭᠠᠷᠭᠠᠨ᠎ᠠ᠃ ᠬᠡᠷᠡᠭ ᠬᠢᠨᠠᠭᠴᠢᠳ᠎ᠤᠨ ᠵᠥᠪᠯᠡᠯ᠎ᠦᠨ ᠲᠡᠷᠢᠭᠦᠯᠡᠭᠴᠢ᠎ᠨᠢ ᠬᠡᠷᠡᠭ ᠬᠢᠨᠠᠭᠴᠢᠳ᠎ᠤᠨ ᠵᠥᠪᠯᠡᠯ᠎ᠦᠨ ᠬᠤᠷᠠᠯᠳᠤᠭᠠᠨ᠎ᠢ ᠬᠤᠷᠠᠯᠳᠤᠭᠤᠯᠬᠤ ᠪᠠ ᠡᠷᠬᠢᠯᠡᠨ᠎ᠡ; ᠬᠡᠷᠡᠭ ᠬᠢᠨᠠᠭᠴᠢᠳ᠎ᠤᠨ ᠵᠥᠪᠯᠡᠯ᠎ᠦᠨ ᠲᠡᠷᠢᠭᠦᠯᠡᠭᠴᠢ ᠲᠤᠱᠢᠶᠠᠯ᠎ᠢᠶ᠋ᠠᠨ ᠭᠦᠢᠴᠡᠳᠭᠡᠵᠦ ᠳᠡᠢᠯᠬᠦ᠎ᠦᠭᠡᠢ ᠪᠤᠶᠤ ᠲᠤᠱᠢᠶᠠᠯ᠎ᠢᠶ᠋ᠠᠨ ᠭᠦᠢᠴᠡᠳᠭᠡᠬᠦ᠎ᠦᠭᠡᠢ ᠪᠠᠢᠪᠠᠯ᠂ ᠬᠡᠷᠡᠭ ᠬᠢᠨᠠᠭᠴᠢᠳ᠎ᠤᠨ ᠵᠥᠪᠯᠡᠯ᠎ᠦᠨ ᠳᠡᠳ᠋ ᠲᠡᠷᠢᠭᠦᠯᠡᠭᠴᠢ᠎ᠨᠢ ᠬᠡᠷᠡᠭ ᠬᠢᠨᠠᠭᠴᠢᠳ᠎ᠤᠨ ᠵᠥᠪᠯᠡᠯ᠎ᠦᠨ ᠬᠤᠷᠠᠯᠳᠤᠭᠠᠨ᠎ᠢ ᠬᠤᠷᠠᠯᠳᠤᠭᠤᠯᠬᠤ ᠪᠠ ᠡᠷᠬᠢᠯᠡᠨ᠎ᠡ; ᠬᠡᠷᠡᠭ ᠬᠢᠨᠠᠭᠴᠢᠳ᠎ᠤᠨ ᠵᠥᠪᠯᠡᠯ᠎ᠦᠨ ᠳᠡᠳ᠋ ᠲᠡᠷᠢᠭᠦᠯᠡᠭᠴᠢ ᠲᠤᠱᠢᠶᠠᠯ᠎ᠢᠶ᠋ᠠᠨ ᠭᠦᠢᠴᠡᠳᠭᠡᠵᠦ ᠳᠡᠢᠯᠬᠦ᠎ᠦᠭᠡᠢ ᠪᠤᠶᠤ ᠲᠤᠱᠢᠶᠠᠯ᠎ᠢᠶ᠋ᠠᠨ ᠭᠦᠢᠴᠡᠳᠭᠡᠬᠦ᠎ᠦᠭᠡᠢ ᠪᠠᠢᠪᠠᠯ᠂ ᠬᠠᠭᠠᠰ ᠲᠣᠭ᠎ᠠ᠎ᠠᠴᠠ ᠳᠡᠭᠡᠭᠱᠢᠬᠢ ᠬᠡᠷᠡᠭ ᠬᠢᠨᠠᠭᠴᠢᠳ ᠬᠠᠮᠲᠤ᠎ᠪᠠᠷ ᠨᠢᠭᠡ ᠬᠡᠷᠡᠭ ᠬᠢᠨᠠᠭᠴᠢ᠎ᠶᠢ ᠰᠣᠩᠭᠤᠵᠤ ᠬᠡᠷᠡᠭ ᠬᠢᠨᠠᠭᠴᠢᠳ᠎ᠤᠨ ᠵᠥᠪᠯᠡᠯ᠎ᠦᠨ ᠬᠤᠷᠠᠯᠳᠤᠭᠠᠨ᠎ᠢ ᠬᠤᠷᠠᠯᠳᠤᠭᠤᠯᠬᠤ ᠪᠠ ᠡᠷᠬᠢᠯᠡᠭᠦᠯᠦᠨ᠎ᠡ᠃

  ᠬᠡᠷᠡᠭ ᠮᠡᠳᠡᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠬᠡᠷᠡᠭ ᠬᠢᠨᠠᠭᠴᠢ᠎ᠶᠢᠨ ᠲᠤᠱᠢᠶᠠᠯ᠎ᠢ ᠬᠠᠪᠰᠤᠷᠭᠠᠨ ᠡᠭᠦᠷᠭᠡᠯᠡᠵᠦ ᠪᠣᠯᠬᠤ᠎ᠦᠭᠡᠢ᠃

  ᠲᠤᠰ ᠬᠠᠤᠯᠢ᠎ᠶᠢᠨ ᠲᠠᠪᠢᠨ ᠬᠣᠶᠠᠳᠤᠭᠠᠷ ᠵᠦᠢᠯ᠎ᠳᠡᠬᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠡᠷᠡᠭ ᠬᠢᠨᠠᠭᠴᠢ᠎ᠶᠢᠨ ᠲᠤᠱᠢᠶᠠᠯ ᠡᠭᠦᠷᠭᠡᠯᠡᠬᠦ ᠬᠤᠭᠤᠴᠠᠭ᠎ᠠ᠎ᠶᠢᠨ ᠲᠤᠬᠠᠢ ᠲᠣᠭᠲᠠᠭᠠᠯ᠎ᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠬᠡᠷᠡᠭ ᠬᠢᠨᠠᠭᠴᠢ᠎ᠳᠤ ᠬᠡᠷᠡᠭᠯᠡᠨ᠎ᠡ᠃

  ᠵᠠᠭᠤ ᠠᠷᠪᠠᠨ ᠨᠠᠢ᠍ᠮᠠᠳᠤᠭᠠᠷ ᠵᠦᠢᠯ ᠲᠤᠰ ᠬᠠᠤᠯᠢ᠎ᠶᠢᠨ ᠲᠠᠪᠢᠨ ᠭᠤᠷᠪᠠᠳᠤᠭᠠᠷ ᠵᠦᠢᠯ᠂ ᠲᠠᠪᠢᠨ ᠳᠥᠷᠪᠡᠳᠦᠭᠡᠷ ᠵᠦᠢᠯ᠎ᠳᠡᠬᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠡᠷᠡᠭ ᠬᠢᠨᠠᠭᠴᠢᠳ᠎ᠤᠨ ᠵᠥᠪᠯᠡᠯ᠎ᠦᠨ ᠡᠷᠬᠡ ᠲᠤᠱᠢᠶᠠᠯ᠎ᠤᠨ ᠲᠤᠬᠠᠢ ᠲᠣᠭᠲᠠᠭᠠᠯ᠎ᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠬᠡᠷᠡᠭ ᠬᠢᠨᠠᠭᠴᠢᠳ᠎ᠤᠨ ᠵᠥᠪᠯᠡᠯ᠎ᠳᠦ ᠬᠡᠷᠡᠭᠯᠡᠨ᠎ᠡ᠃

  ᠬᠡᠷᠡᠭ ᠬᠢᠨᠠᠭᠴᠢᠳ᠎ᠤᠨ ᠵᠥᠪᠯᠡᠯ᠎ᠦᠨ ᠡᠷᠬᠡ ᠲᠤᠱᠢᠶᠠᠯ᠎ᠢᠶ᠋ᠠᠨ ᠭᠦᠢᠴᠡᠳᠭᠡᠬᠦ᠎ᠳᠦ ᠬᠡᠷᠡᠭᠰᠡᠬᠦ ᠵᠠᠷᠤᠳᠠᠯ᠎ᠢ ᠺᠣᠮᠫᠠᠨᠢ᠎ᠠᠴᠠ ᠳᠠᠭᠠᠭᠠᠨ᠎ᠠ᠃

  ᠵᠠᠭᠤ ᠠᠷᠪᠠ ᠶᠢᠰᠦᠳᠦᠭᠡᠷ ᠵᠦᠢᠯ ᠬᠡᠷᠡᠭ ᠬᠢᠨᠠᠭᠴᠢᠳ᠎ᠤᠨ ᠵᠥᠪᠯᠡᠯ ᠵᠢᠷᠭᠤᠭᠠᠨ ᠰᠠᠷ᠎ᠠ ᠪᠦᠷᠢ ᠠᠳᠠᠭ᠎ᠲᠤ᠎ᠪᠠᠨ ᠨᠢᠭᠡ ᠤᠳᠠᠭ᠎ᠠ ᠬᠤᠷᠠᠯ ᠬᠤᠷᠠᠯᠳᠤᠭᠤᠯᠤᠨ᠎ᠠ᠃ ᠬᠡᠷᠡᠭ ᠬᠢᠨᠠᠭᠴᠢ᠎ᠲᠦᠷ ᠴᠠᠭ᠎ᠤᠨ ᠬᠡᠷᠡᠭ ᠬᠢᠨᠠᠭᠴᠢᠳ᠎ᠤᠨ ᠵᠥᠪᠯᠡᠯ᠎ᠦᠨ ᠬᠤᠷᠠᠯᠳᠤᠭᠠᠨ᠎ᠢ ᠬᠤᠷᠠᠯᠳᠤᠭᠤᠯᠬᠤ᠎ᠪᠠᠷ ᠳᠤᠷᠠᠳᠤᠯᠭ᠎ᠠ ᠭᠠᠷᠭᠠᠵᠤ ᠪᠣᠯᠤᠨ᠎ᠠ᠃

  ᠲᠤᠰ ᠬᠠᠤᠯᠢ᠎ᠳᠤ ᠲᠣᠭᠲᠠᠭᠠᠯ᠎ᠲᠠᠢ ᠪᠠᠢᠬᠤ᠎ᠶᠢ ᠭᠠᠷᠭᠠᠪᠠᠯ᠂ ᠬᠡᠷᠡᠭ ᠬᠢᠨᠠᠭᠴᠢᠳ᠎ᠤᠨ ᠵᠥᠪᠯᠡᠯ᠎ᠦᠨ ᠬᠡᠷᠡᠭ ᠵᠥᠪᠯᠡᠬᠦ ᠠᠷᠭ᠎ᠠ ᠮᠠᠶᠢᠭ ᠪᠠ ᠪᠠᠲᠤᠯᠠᠬᠤ ᠵᠢᠷᠤᠮ᠎ᠢ ᠺᠣᠮᠫᠠᠨᠢ᠎ᠶᠢᠨ ᠳᠦᠷᠢᠮ᠎ᠳᠦ ᠲᠣᠭᠲᠠᠭᠠᠨ᠎ᠠ᠃

  ᠬᠡᠷᠡᠭ ᠬᠢᠨᠠᠭᠴᠢᠳ᠎ᠤᠨ ᠵᠥᠪᠯᠡᠯ᠎ᠦᠨ ᠱᠢᠢᠳᠪᠦᠷᠢ᠎ᠶᠢ ᠬᠠᠭᠠᠰ᠎ᠠᠴᠠ ᠳᠡᠭᠡᠭᠱᠢᠬᠢ ᠲᠣᠭᠠᠨ᠎ᠤ ᠬᠡᠷᠡᠭ ᠬᠢᠨᠠᠭᠴᠢᠳ᠎ᠢᠶ᠋ᠠᠷ ᠪᠠᠲᠤᠯᠠᠭᠤᠯᠤᠭᠰᠠᠨ ᠪᠠᠢᠬᠤ ᠬᠡᠷᠡᠭᠲᠡᠢ᠃

  ᠬᠡᠷᠡᠭ ᠬᠢᠨᠠᠭᠴᠢᠳ᠎ᠤᠨ ᠵᠥᠪᠯᠡᠯ᠎ᠨᠢ ᠵᠥᠪᠯᠡᠭᠰᠡᠨ ᠵᠦᠢᠯᠡᠰ᠎ᠦᠨ᠎ᠢᠶ᠋ᠡᠨ ᠲᠣᠭᠲᠠᠭᠠᠯ᠎ᠤᠨ ᠲᠤᠬᠠᠢ ᠬᠤᠷᠠᠯ᠎ᠤᠨ ᠲᠡᠮᠳᠡᠭᠯᠡᠯ ᠬᠢᠵᠦ᠂ ᠬᠤᠷᠠᠯ᠎ᠳᠤ ᠣᠷᠤᠯᠴᠠᠭᠰᠠᠨ ᠬᠡᠷᠡᠭ ᠬᠢᠨᠠᠭᠴᠢᠳ ᠬᠤᠷᠠᠯ᠎ᠤᠨ ᠲᠡᠮᠳᠡᠭᠯᠡᠯ ᠳᠡᠭᠡᠷ᠎ᠡ ᠭᠠᠷ᠎ᠤᠨ ᠦᠰᠦᠭ ᠵᠢᠷᠤᠬᠤ ᠬᠡᠷᠡᠭᠲᠡᠢ᠃

 

    ᠲᠠᠪᠤᠳᠤᠭᠠᠷ ᠬᠡᠰᠡᠭ ᠰᠲ᠋ᠤᠺ᠎ᠢᠶ᠋ᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠶᠢᠨ ᠵᠣᠬᠢᠶᠠᠨ ᠪᠠᠢᠭᠤᠯᠤᠯᠲᠠ᠎ᠶᠢᠨ ᠪᠠᠢᠭᠤᠯᠤᠮᠵᠢ᠎ᠶᠢᠨ ᠲᠤᠬᠠᠢ ᠣᠨᠴᠠᠭᠠᠢ ᠲᠣᠭᠲᠠᠭᠠᠯ

 

  ᠵᠠᠭᠤ ᠬᠣᠷᠢᠳᠤᠭᠠᠷ ᠵᠦᠢᠯ ᠲᠤᠰ ᠬᠠᠤᠯᠢ᠎ᠳᠤ ᠬᠡᠯᠡᠵᠦ ᠪᠠᠢᠭ᠎ᠠ ᠰᠲ᠋ᠤᠺ᠎ᠢᠶ᠋ᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ ᠭᠡᠳᠡᠭ᠎ᠨᠢ ᠰᠲ᠋ᠤᠺ᠎ᠢᠶ᠋ᠠᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠎ᠲᠤ ᠵᠠᠬ᠎ᠠ ᠳᠡᠯᠭᠡᠭᠦᠷ᠎ᠲᠦ ᠭᠠᠷᠭᠠᠵᠤ ᠠᠷᠠᠯᠵᠢᠶᠠᠯᠠᠬᠤ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢ ᠵᠢᠭᠠᠵᠤ ᠪᠠᠢᠨ᠎ᠠ᠃

  ᠵᠠᠭᠤ ᠬᠣᠷᠢᠨ ᠨᠢᠭᠡᠳᠦᠭᠡᠷ ᠵᠦᠢᠯ ᠰᠲ᠋ᠤᠺ᠎ᠢᠶ᠋ᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠶᠢᠨ ᠨᠢᠭᠡ ᠵᠢᠯ᠎ᠦᠨ ᠳᠣᠲᠤᠷ᠎ᠠ ᠴᠢᠬᠤᠯᠠ ᠶᠡᠬᠡ ᠡᠳ᠋ ᠬᠥᠷᠦᠩᠭᠡ᠎ᠶᠢ ᠬᠤᠳᠠᠯᠳᠤᠨ ᠠᠪᠬᠤ᠂ ᠬᠤᠳᠠᠯᠳᠤᠬᠤ ᠪᠤᠶᠤ ᠳᠠᠭᠠᠭᠠᠯᠲᠠ ᠬᠢᠬᠦ ᠵᠣᠭᠤᠰᠤᠨ ᠲᠣᠭ᠎ᠠ᠎ᠨᠢ ᠺᠣᠮᠫᠠᠨᠢ᠎ᠶᠢᠨ ᠡᠳ᠋ ᠬᠥᠷᠦᠩᠭᠡ᠎ᠶᠢᠨ ᠶᠡᠷᠦᠩᠬᠡᠢ ᠲᠣᠭᠠᠨ᠎ᠤ ᠵᠠᠭᠤᠨ᠎ᠤ ᠭᠤᠴᠢ᠎ᠠᠴᠠ ᠬᠡᠲᠦᠷᠡᠬᠦ᠎ᠳᠦ ᠬᠦᠷᠪᠡᠯ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠠᠴᠠ ᠱᠢᠢᠳᠪᠦᠷᠢ ᠭᠠᠷᠭᠠᠬᠤ᠎ᠶᠢᠨ ᠬᠠᠮᠲᠤ ᠬᠤᠷᠠᠯ᠎ᠳᠤ ᠣᠷᠤᠯᠴᠠᠭᠰᠠᠨ ᠬᠤᠪᠢ ᠣᠷᠤᠭᠤᠯᠤᠭᠴᠢᠳ᠎ᠤᠨ ᠡᠵᠡᠮᠱᠢᠵᠦ ᠪᠠᠢᠭ᠎ᠠ ᠪᠠᠲᠤᠯᠠᠬᠤ ᠡᠷᠬᠡ᠎ᠶᠢᠨ ᠭᠤᠷᠪᠠᠨ᠎ᠤ ᠬᠣᠶᠠᠷ᠎ᠠᠴᠠ ᠳᠡᠭᠡᠭᠱᠢᠬᠢ᠎ᠪᠡᠷ ᠪᠠᠲᠤᠯᠠᠭᠤᠯᠤᠭᠰᠠᠨ ᠪᠠᠢᠬᠤ ᠬᠡᠷᠡᠭᠲᠡᠢ᠃

  ᠵᠠᠭᠤ ᠬᠣᠷᠢᠨ ᠬᠣᠶᠠᠳᠤᠭᠠᠷ ᠵᠦᠢᠯ ᠰᠲ᠋ᠤᠺ᠎ᠢᠶ᠋ᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠨᠢ ᠲᠤᠰᠠᠭᠠᠷ ᠬᠡᠷᠡᠭ ᠮᠡᠳᠡᠭᠴᠢ ᠭᠠᠷᠭᠠᠨ᠎ᠠ᠂ ᠪᠣᠳᠠᠲᠠᠢ ᠠᠷᠭ᠎ᠠ᠎ᠶᠢ ᠲᠥᠷᠦ᠎ᠶᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭᠠᠨ᠎ᠠ᠃

  ᠵᠠᠭᠤ ᠬᠣᠷᠢᠨ ᠭᠤᠷᠪᠠᠳᠤᠭᠠᠷ ᠵᠦᠢᠯ ᠰᠲ᠋ᠤᠺ᠎ᠢᠶ᠋ᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠨᠢ ᠬᠡᠷᠡᠭ ᠮᠡᠳᠡᠭᠴᠢᠳ᠎ᠦᠨ ᠵᠥᠪᠯᠡᠯ᠎ᠦᠨ᠎ᠨᠠᠷᠢᠨ ᠪᠢᠴᠢᠭᠡᠴᠢ ᠭᠠᠷᠭᠠᠵᠤ᠂ ᠺᠣᠮᠫᠠᠨᠢ᠎ᠶᠢᠨ ᠬᠤᠪᠢ ᠣᠷᠤᠭᠤᠯᠤᠭᠴᠢᠳ᠎ᠤᠨ ᠶᠡᠬᠡ ᠬᠤᠷᠠᠯ ᠪᠣᠯᠤᠨ ᠬᠡᠷᠡᠭ ᠮᠡᠳᠡᠭᠴᠢᠳ᠎ᠦᠨ ᠵᠥᠪᠯᠡᠯ᠎ᠦᠨ ᠬᠤᠷᠠᠯᠳᠤᠭᠠᠨ᠎ᠢ ᠪᠡᠯᠡᠳᠭᠡᠬᠦ᠂ ᠪᠢᠴᠢᠭ ᠮᠠᠲᠧᠷᠢᠶᠠᠯ᠎ᠢ ᠬᠠᠳᠠᠭᠠᠯᠠᠨ ᠬᠠᠮᠢᠶᠠᠷᠬᠤ ᠵᠢᠴᠢ ᠺᠣᠮᠫᠠᠨᠢ᠎ᠶᠢᠨ ᠬᠤᠪᠢ ᠣᠷᠤᠭᠤᠯᠤᠭᠴᠢᠳ᠎ᠤᠨ ᠮᠠᠲᠧᠷᠢᠶᠠᠯ᠎ᠢ ᠬᠠᠮᠢᠶᠠᠷᠬᠤ ᠠᠵᠢᠯ᠎ᠢ ᠬᠠᠷᠢᠭᠤᠴᠠᠭᠤᠯᠵᠤ᠂ ᠮᠡᠳᠡᠭᠡ ᠵᠠᠩᠭᠢ ᠨᠡᠢᠲᠡᠯᠡᠬᠦ ᠵᠡᠷᠭᠡ ᠤᠴᠢᠷ ᠶᠠᠪᠤᠳᠠᠯ᠎ᠤᠳ᠎ᠢ ᠱ᠌ᠢᠢᠳᠪᠦᠷᠢᠯᠡᠭᠦᠯᠦᠨ᠎ᠡ᠃

  ᠵᠠᠭᠤ ᠬᠣᠷᠢᠨ ᠳᠥᠷᠪᠡᠳᠦᠭᠡᠷ ᠵᠦᠢᠯ ᠰᠲ᠋ᠤᠺ᠎ᠢᠶ᠋ᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠶᠢᠨ ᠬᠡᠷᠡᠭ ᠮᠡᠳᠡᠭᠴᠢ᠎ᠨᠢ ᠬᠡᠷᠡᠭ ᠮᠡᠳᠡᠭᠴᠢᠳ᠎ᠦᠨ ᠵᠥᠪᠯᠡᠯ᠎ᠦᠨ ᠬᠤᠷᠠᠯᠳᠤᠭᠠᠨ᠎ᠤ ᠱᠢᠢᠳᠪᠦᠷᠢ ᠭᠠᠷᠭᠠᠬᠤ ᠵᠦᠢᠯᠡᠰ᠎ᠲᠦ ᠬᠣᠯᠪᠤᠭᠳᠠᠬᠤ ᠠᠵᠤ ᠠᠬᠤᠢᠯᠠᠯ᠎ᠯᠤᠭ᠎ᠠ ᠬᠣᠯᠪᠤᠯᠳᠤᠭᠰᠠᠨ ᠬᠠᠷᠢᠴᠠᠭ᠎ᠠ᠎ᠲᠠᠢ ᠪᠠᠢᠪᠠᠯ᠂ ᠲᠤᠰ ᠱᠢᠢᠳᠪᠦᠷᠢ᠎ᠳᠦ ᠪᠠᠲᠤᠯᠠᠬᠤ ᠡᠷᠬᠡ ᠬᠡᠷᠡᠭᠵᠢᠭᠦᠯᠵᠦ ᠪᠣᠯᠬᠤ᠎ᠦᠭᠡᠢ᠂ ᠪᠠᠰᠠ ᠪᠤᠰᠤᠳ ᠬᠡᠷᠡᠭ ᠮᠡᠳᠡᠭᠴᠢ᠎ᠶᠢ ᠣᠷᠤᠯᠠᠨ ᠪᠠᠲᠤᠯᠠᠬᠤ ᠡᠷᠬᠡ ᠬᠡᠷᠡᠭᠵᠢᠭᠦᠯᠵᠦ ᠪᠣᠯᠬᠤ᠎ᠦᠭᠡᠢ᠃ ᠲᠤᠰ ᠬᠡᠷᠡᠭ ᠮᠡᠳᠡᠭᠴᠢᠳ᠎ᠦᠨ ᠵᠥᠪᠯᠡᠯ᠎ᠦᠨ ᠬᠤᠷᠠᠯᠳᠤᠭᠠᠨ᠎ᠳᠤ ᠬᠠᠭᠠᠰ ᠲᠣᠭ᠎ᠠ᠎ᠠᠴᠠ ᠳᠡᠭᠡᠭᠱᠢᠬᠢ ᠬᠣᠯᠪᠤᠯᠳᠤᠭᠰᠠᠨ ᠬᠠᠷᠢᠴᠠᠭ᠎ᠠ ᠪᠠᠢᠬᠤ᠎ᠦᠭᠡᠢ ᠬᠡᠷᠡᠭ ᠮᠡᠳᠡᠭᠴᠢᠳ ᠣᠷᠤᠯᠴᠠᠪᠠᠯ ᠬᠤᠷᠠᠯᠳᠤᠭᠠᠨ᠎ᠢ ᠬᠤᠷᠠᠯᠳᠤᠭᠤᠯᠵᠤ ᠪᠣᠯᠤᠨ᠎ᠠ᠂ ᠬᠡᠷᠡᠭ ᠮᠡᠳᠡᠭᠴᠢᠳ᠎ᠦᠨ ᠵᠥᠪᠯᠡᠯ᠎ᠦᠨ ᠬᠤᠷᠠᠯᠳᠤᠭᠠᠨ᠎ᠤ ᠱᠢᠢᠳᠪᠦᠷᠢ᠎ᠶᠢ ᠡᠷᠬᠡᠪᠱᠢ ᠬᠣᠯᠪᠤᠯᠳᠤᠭᠰᠠᠨ ᠬᠠᠷᠢᠴᠠᠭ᠎ᠠ ᠪᠠᠢᠬᠤ᠎ᠦᠭᠡᠢ ᠬᠡᠷᠡᠭ ᠮᠡᠳᠡᠭᠴᠢᠳ᠎ᠦᠨ ᠬᠠᠭᠠᠰ᠎ᠠᠴᠠ ᠳᠡᠭᠡᠭᠱᠢᠬᠢ ᠲᠣᠭ᠎ᠠ᠎ᠪᠠᠷ ᠪᠠᠲᠤᠯᠠᠭᠤᠯᠤᠭᠰᠠᠨ ᠪᠠᠢᠬᠤ ᠬᠡᠷᠡᠭᠲᠡᠢ᠃ ᠬᠡᠷᠡᠭ ᠮᠡᠳᠡᠭᠴᠢᠳ᠎ᠦᠨ ᠵᠥᠪᠯᠡᠯ᠎ᠦᠨ ᠬᠤᠷᠠᠯᠳᠤᠭᠠᠨ᠎ᠳᠤ ᠣᠷᠤᠯᠴᠠᠭᠰᠠᠨ ᠬᠣᠯᠪᠤᠯᠳᠤᠭᠰᠠᠨ ᠬᠠᠷᠢᠴᠠᠭ᠎ᠠ ᠪᠠᠢᠬᠤ᠎ᠦᠭᠡᠢ ᠬᠡᠷᠡᠭ ᠮᠡᠳᠡᠭᠴᠢ᠎ᠶᠢᠨ ᠲᠣᠭ᠎ᠠ᠎ᠨᠢ ᠭᠤᠷᠪᠠᠨ ᠬᠥᠮᠦᠨ ᠬᠦᠷᠬᠦ᠎ᠦᠭᠡᠢ ᠪᠠᠢᠪᠠᠯ᠂ ᠲᠤᠰ ᠵᠦᠢᠯᠡᠰ᠎ᠢ ᠰᠲ᠋ᠤᠺ᠎ᠢᠶ᠋ᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠶᠢᠨ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠳᠤ ᠳᠡᠪᠱᠢᠭᠦᠯᠵᠦ ᠬᠢᠨᠠᠨ ᠶᠠᠷᠢᠯᠴᠠᠭᠤᠯᠬᠤ ᠬᠡᠷᠡᠭᠲᠡᠢ᠃

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604