ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠶᠢᠨ ᠬᠠᠤᠯᠢ (ᠲᠠᠪᠤᠳᠤᠭᠠᠷ ᠪᠦᠯᠦᠭ)
2019.11.07

  

   (1993 ᠣᠨ᠎ᠤ 12 ᠰᠠᠷ᠎ᠠ᠎ᠶᠢᠨ 29᠎ᠦ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ

  1999 ᠣᠨ᠎ᠤ 12 ᠰᠠᠷ᠎ᠠ᠎ᠶᠢᠨ 25᠎ᠤ ᠡᠳᠦᠷ᠎ᠦᠨ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠭᠤᠷᠪᠠᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ

  2004 ᠣᠨ᠎ᠤ 8 ᠰᠠᠷ᠎ᠠ᠎ᠶᠢᠨ 28᠎ᠤ ᠡᠳᠦᠷ᠎ᠦᠨ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ

  2005 ᠣᠨ᠎ᠤ 10 ᠰᠠᠷ᠎ᠠ᠎ᠶᠢᠨ 27᠎ᠤ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠵᠠᠰᠠᠪᠤᠷᠢ ᠣᠷᠤᠭᠤᠯᠪᠠ

  2013 ᠣᠨ᠎ᠤ 12 ᠰᠠᠷ᠎ᠠ᠎ᠶᠢᠨ 28᠎ᠤ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ᠎ᠶᠢᠨ ᠣᠷᠴᠢᠨ ᠠᠬᠤᠢ᠎ᠶᠢ ᠬᠠᠮᠠᠭᠠᠯᠠᠬᠤ ᠬᠠᠤᠯᠢ〉ᠵᠡᠷᠭᠡ ᠳᠣᠯᠤᠭᠠᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ)

 

      ᠲᠠᠪᠤᠳᠤᠭᠠᠷ ᠪᠦᠯᠦᠭ   ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠬᠤᠪᠢ ᠲᠠᠷᠬᠠᠭᠠᠬᠤ ᠪᠠ ᠱᠢᠯᠵᠢᠭᠦᠯᠦᠨ ᠥᠭᠬᠦ

 

    ᠨᠢᠭᠡᠳᠦᠭᠡᠷ ᠬᠡᠰᠡᠭ   ᠬᠤᠪᠢ ᠲᠠᠷᠬᠠᠭᠠᠬᠤ

 

  ᠵᠠᠭᠤ ᠬᠣᠷᠢᠨ ᠲᠠᠪᠤᠳᠤᠭᠠᠷ ᠵᠦᠢᠯ   ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠬᠥᠷᠦᠩᠭᠡ᠎ᠶᠢ ᠬᠤᠪᠢ ᠪᠣᠯᠭᠠᠨ ᠬᠤᠪᠢᠶᠠᠵᠤ᠂ ᠬᠤᠪᠢ ᠨᠢᠭᠡ ᠪᠦᠷᠢ᠎ᠶᠢᠨ ᠵᠣᠭᠤᠰᠤᠨ ᠲᠣᠭ᠎ᠠ᠎ᠶᠢ ᠲᠡᠩᠴᠡᠭᠦᠦ ᠪᠠᠢᠯᠭᠠᠨ᠎ᠠ᠃

  ᠺᠣᠮᠫᠠᠨᠢ᠎ᠶᠢᠨ ᠬᠤᠪᠢ᠎ᠳᠤ ᠰᠲ᠋ᠤᠺ᠎ᠤᠨ ᠬᠡᠯᠪᠡᠷᠢ᠎ᠶᠢ ᠬᠡᠷᠡᠭᠯᠡᠨ᠎ᠡ᠃ ᠰᠲ᠋ᠤᠺ ᠪᠣᠯ ᠺᠣᠮᠫᠠᠨᠢ᠎ᠠᠴᠠ ᠭᠠᠷ᠎ᠤᠨ ᠦᠰᠦᠭ ᠵᠢᠷᠤᠵᠤ ᠲᠠᠷᠬᠠᠭᠠᠭᠰᠠᠨ ᠬᠤᠪᠢ ᠣᠷᠤᠭᠤᠯᠤᠭᠴᠢᠳ᠎ᠤᠨ ᠡᠵᠡᠮᠱᠢᠵᠦ ᠪᠠᠢᠭ᠎ᠠ ᠬᠤᠪᠢ᠎ᠶᠢ ᠭᠡᠷᠡᠴᠢᠯᠡᠬᠦ ᠭᠡᠷᠡᠴᠢ ᠪᠠᠷᠢᠮᠲᠠ ᠪᠣᠯᠤᠨ᠎ᠠ᠃

  ᠵᠠᠭᠤ ᠬᠣᠷᠢᠨ ᠵᠢᠷᠭᠤᠳᠤᠭᠠᠷ ᠵᠦᠢᠯ   ᠬᠤᠪᠢ ᠲᠠᠷᠬᠠᠭᠠᠬᠤ᠎ᠳᠤ ᠡᠷᠬᠡ ᠲᠡᠭᠱ᠌ᠢ᠂ ᠲᠥᠪ ᠭᠣᠣᠯᠴᠢ ᠪᠠᠢᠬᠤ ᠵᠠᠷᠴᠢᠮ᠎ᠢ ᠬᠡᠷᠡᠭᠵᠢᠭᠦᠯᠵᠦ᠂ ᠠᠳᠠᠯᠢ ᠲᠥᠷᠦᠯ᠎ᠦᠨ ᠬᠤᠪᠢ ᠨᠢᠭᠡᠪᠦᠷᠢ᠎ᠶᠢ ᠠᠳᠠᠯᠢᠬᠠᠨ ᠡᠷᠬᠡ᠎ᠲᠡᠢ ᠪᠠᠢᠯᠭᠠᠬᠤ ᠬᠡᠷᠡᠭᠲᠡᠢ᠃

  ᠠᠳᠠᠯᠢ ᠨᠢᠭᠡ ᠤᠳᠠᠭ᠎ᠠ᠎ᠳᠤ ᠲᠠᠷᠬᠠᠭᠠᠭᠰᠠᠨ ᠠᠳᠠᠯᠢ ᠲᠥᠷᠦᠯ᠎ᠦᠨ ᠰᠲ᠋ᠤᠺ᠎ᠤᠨ ᠬᠤᠪᠢ ᠨᠢᠭᠡ ᠪᠦᠷᠢ᠎ᠶᠢᠨ ᠲᠠᠷᠬᠠᠭᠠᠬᠤ ᠨᠥᠬᠦᠴᠡᠯ ᠪᠠ ᠦᠨ᠎ᠡ᠎ᠨᠢ ᠠᠳᠠᠯᠢᠬᠠᠨ ᠪᠠᠢᠬᠤ ᠬᠡᠷᠡᠭᠲᠡᠢ; ᠶᠠᠮᠠᠷᠪᠠ ᠨᠢᠭᠡᠴᠢ ᠪᠤᠶᠤ ᠬᠤᠪᠢ ᠬᠥᠮᠦᠨ᠎ᠦ ᠬᠤᠳᠠᠯᠳᠤᠨ ᠠᠪᠤᠭᠰᠠᠨ ᠬᠤᠪᠢ ᠨᠢᠭᠡ ᠪᠦᠷᠢ᠎ᠳᠦ ᠴᠥᠮ ᠠᠳᠠᠯᠢ ᠦᠨ᠎ᠡ᠎ᠪᠡᠷ ᠵᠣᠭᠤᠰ ᠥᠭᠬᠦ ᠬᠡᠷᠡᠭᠲᠡᠢ᠃

  ᠵᠠᠭᠤ ᠬᠣᠷᠢᠨ ᠳᠣᠯᠤᠳᠤᠭᠠᠷ ᠵᠦᠢᠯ   ᠰᠲ᠋ᠤᠺ᠎ᠤᠨ ᠲᠠᠷᠬᠠᠭᠠᠬᠤ ᠦᠨ᠎ᠡ᠎ᠨᠢ ᠰᠲ᠋ᠤᠺ᠎ᠤᠨ ᠨᠢᠭᠤᠷ᠎ᠤᠨ ᠦᠨ᠎ᠡ ᠪᠠᠢᠵᠤ ᠪᠣᠯᠤᠨ᠎ᠠ᠂ ᠨᠢᠭᠤᠷ᠎ᠤᠨ ᠦᠨ᠎ᠡ᠎ᠡᠴᠡ ᠳᠠᠪᠠᠭᠰᠠᠨ ᠪᠠᠢᠵᠤ ᠪᠠᠰᠠ ᠪᠣᠯᠤᠨ᠎ᠠ᠂ ᠭᠡᠪᠡᠴᠦ ᠨᠢᠭᠤᠷ᠎ᠤᠨ ᠦᠨ᠎ᠡ᠎ᠡᠴᠡ ᠳᠣᠣᠷ᠎ᠠ ᠪᠠᠢᠵᠤ ᠪᠣᠯᠬᠤ᠎ᠦᠭᠡᠢ᠃

  ᠵᠠᠭᠤ ᠬᠣᠷᠢᠨ ᠨᠠᠢ᠍ᠮᠠᠳᠤᠭᠠᠷ ᠵᠦᠢᠯ   ᠰᠲ᠋ᠤᠺ᠎ᠢ ᠴᠠᠭᠠᠰᠤ᠎ᠪᠠᠷ ᠬᠢᠬᠦ ᠪᠤᠶᠤ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠦᠨᠡᠲᠦ ᠲᠡᠮᠳᠡᠭᠲᠦ᠎ᠶᠢ ᠬᠢᠨᠠᠵᠤ ᠬᠠᠮᠢᠶᠠᠷᠬᠤ ᠪᠠᠢᠭᠤᠯᠤᠮᠵᠢ᠎ᠶᠢᠨ ᠲᠣᠭᠲᠠᠭᠠᠭᠰᠠᠨ ᠪᠤᠰᠤᠳ ᠬᠡᠯᠪᠡᠷᠢ᠎ᠪᠡᠷ ᠬᠢᠨ᠎ᠡ᠃

  ᠰᠲ᠋ᠤᠺ᠎ᠲᠤ ᠳᠣᠣᠷ᠎ᠠ ᠵᠢᠭᠰᠠᠭᠠᠭᠰᠠᠨ ᠭᠣᠣᠯ ᠪᠣᠯᠬᠤ ᠵᠦᠢᠯ᠎ᠢ ᠲᠣᠳᠤᠷᠬᠠᠢ ᠲᠡᠮᠳᠡᠭᠯᠡᠭᠰᠡᠨ ᠪᠠᠢᠬᠤ ᠬᠡᠷᠡᠭᠲᠡᠢ᠄

  (ᠨᠢᠭᠡ) ᠺᠣᠮᠫᠠᠨᠢ᠎ᠶᠢᠨ ᠨᠡᠷᠡᠢᠳᠦᠯ;

  (ᠬᠣᠶᠠᠷ) ᠺᠣᠮᠫᠠᠨᠢ ᠪᠠᠢᠭᠤᠯᠤᠭᠳᠠᠭᠰᠠᠨ ᠡᠳᠦᠷ ᠬᠤᠭᠤᠴᠠᠭ᠎ᠠ;

  (ᠭᠤᠷᠪᠠ) ᠰᠲ᠋ᠤᠺ᠎ᠤᠨ ᠲᠥᠷᠦᠯ ᠵᠦᠢᠯ᠂ ᠨᠢᠭᠤᠷ᠎ᠤᠨ ᠦᠨ᠎ᠡ ᠪᠠ ᠲᠥᠯᠦᠭᠡᠯᠡᠵᠦ ᠪᠦᠬᠦᠢ ᠬᠤᠪᠢ᠎ᠶᠢᠨ ᠲᠣᠭ᠎ᠠ;

  (ᠳᠥᠷᠪᠡ) ᠰᠲ᠋ᠤᠺ᠎ᠤᠨ ᠳ᠋ᠤᠭᠠᠷᠯᠠᠯ᠃

  ᠰᠲ᠋ᠤᠺ ᠳᠡᠭᠡᠷ᠎ᠡ ᠬᠠᠤᠯᠢ᠎ᠪᠠᠷ ᠲᠣᠭᠲᠠᠭᠠᠭᠰᠠᠨ ᠲᠥᠯᠦᠭᠡᠯᠡᠭᠴᠢ ᠭᠠᠷ᠎ᠤᠨ ᠦᠰᠦᠭ ᠵᠢᠷᠤᠵᠤ᠂ ᠺᠣᠮᠫᠠᠨᠢ ᠲᠠᠮᠠᠭ᠎ᠠ ᠳᠠᠷᠤᠨ᠎ᠠ᠃

  ᠡᠭᠦᠰᠭᠡᠨ ᠪᠠᠢᠭᠤᠯᠤᠭᠴᠢᠳ᠎ᠤᠨ ᠰᠲ᠋ᠤᠺ ᠪᠣᠯᠬᠤ᠎ᠳᠤ ᠬᠦᠷᠪᠡᠯ᠂ ᠡᠭᠦᠰᠭᠡᠨ ᠪᠠᠢᠭᠤᠯᠤᠭᠴᠢᠳ᠎ᠤᠨ ᠰᠲ᠋ᠤᠺ ᠭᠡᠰᠡᠨ ᠦᠰᠦᠭ᠎ᠢ ᠲᠣᠳᠤᠷᠬᠠᠢᠯᠠᠬᠤ ᠬᠡᠷᠡᠭᠲᠡᠢ᠃

  ᠵᠠᠭᠤ ᠬᠣᠷᠢ ᠶᠢᠰᠦᠳᠦᠭᠡᠷ ᠵᠦᠢᠯ   ᠺᠣᠮᠫᠠᠨᠢ᠎ᠶᠢᠨ ᠲᠠᠷᠬᠠᠭᠠᠬᠤ ᠰᠲ᠋ᠤᠺ᠎ᠨᠢ᠎ᠨᠡᠷ᠎ᠡ ᠬᠠᠲᠠᠭᠰᠠᠨ ᠰᠲ᠋ᠤᠺ ᠪᠠᠢᠵᠤ ᠪᠣᠯᠤᠨ᠎ᠠ᠂᠎ᠨᠡᠷ᠎ᠡ ᠬᠠᠲᠠᠭᠰᠠᠨ᠎ᠦᠭᠡᠢ ᠰᠲ᠋ᠤᠺ ᠪᠠᠢᠭᠰᠠᠨ᠎ᠴᠤ ᠪᠣᠯᠤᠨ᠎ᠠ᠃

  ᠺᠣᠮᠫᠠᠨᠢ᠎ᠠᠴᠠ ᠡᠭᠦᠰᠭᠡᠨ ᠪᠠᠢᠭᠤᠯᠤᠭᠴᠢ᠂ ᠬᠠᠤᠯᠢ᠎ᠶᠢᠨ ᠬᠥᠮᠦᠨ᠎ᠳᠦ ᠲᠠᠷᠬᠠᠭᠠᠭᠰᠠᠨ ᠰᠲ᠋ᠤᠺ᠎ᠨᠢ᠎ᠨᠡᠷ᠎ᠡ ᠬᠠᠲᠠᠭᠰᠠᠨ ᠰᠲ᠋ᠤᠺ ᠪᠠᠢᠬᠤ ᠬᠡᠷᠡᠭᠲᠡᠢ ᠪᠥᠭᠡᠳ ᠲᠡᠭᠦᠨ᠎ᠳᠦ ᠲᠤᠰ ᠡᠭᠦᠰᠭᠡᠨ ᠪᠠᠢᠭᠤᠯᠤᠭᠴᠢ᠂ ᠬᠠᠤᠯᠢ᠎ᠶᠢᠨ ᠬᠥᠮᠦᠨ᠎ᠦ ᠨᠡᠷᠡᠢᠳᠦᠯ ᠪᠤᠶᠤ ᠣᠪᠤᠭ᠎ᠨᠡᠷ᠎ᠡ᠎ᠶᠢ ᠲᠡᠮᠳᠡᠭᠯᠡᠭᠰᠡᠨ ᠪᠠᠢᠬᠤ ᠬᠡᠷᠡᠭᠲᠡᠢ᠂ ᠠᠰᠲᠠᠭᠠᠨ ᠡᠷᠦᠬᠡ᠎ᠶᠢᠨ᠎ᠨᠡᠷ᠎ᠡ ᠭᠠᠷᠭᠠᠬᠤ ᠪᠤᠶᠤ ᠲᠥᠯᠦᠭᠡᠯᠡᠭᠴᠢ᠎ᠶᠢᠨ ᠣᠪᠤᠭ᠎ᠨᠡᠷ᠎ᠡ᠎ᠪᠡᠷ ᠲᠡᠮᠳᠡᠭᠯᠡᠵᠦ ᠪᠣᠯᠬᠤ᠎ᠦᠭᠡᠢ᠃

  ᠵᠠᠭᠤ ᠭᠤᠴᠢᠳᠤᠭᠠᠷ ᠵᠦᠢᠯ   ᠺᠣᠮᠫᠠᠨᠢ᠎ᠨᠡᠷ᠎ᠡ ᠬᠠᠲᠠᠭᠰᠠᠨ ᠰᠲ᠋ᠤᠺ ᠲᠠᠷᠬᠠᠭᠠᠪᠠᠯ᠂ ᠬᠤᠪᠢ ᠣᠷᠤᠭᠤᠯᠤᠭᠴᠢᠳ᠎ᠤᠨ ᠨᠡᠷᠡᠰ᠎ᠦᠨ ᠳᠡᠪᠲᠡᠷ ᠪᠡᠯᠡᠳᠭᠡᠵᠦ᠂ ᠳᠣᠣᠷ᠎ᠠ ᠵᠢᠭᠰᠠᠭᠠᠭᠰᠠᠨ ᠵᠦᠢᠯᠡᠰ᠎ᠢ ᠲᠡᠮᠳᠡᠭᠯᠡᠭᠰᠡᠨ ᠪᠠᠢᠬᠤ ᠬᠡᠷᠡᠭᠲᠡᠢ᠄

  (ᠨᠢᠭᠡ) ᠬᠤᠪᠢ ᠣᠷᠤᠭᠤᠯᠤᠭᠴᠢᠳ᠎ᠤᠨ ᠣᠪᠤᠭ᠎ᠨᠡᠷ᠎ᠡ ᠪᠤᠶᠤ ᠨᠡᠷᠡᠢᠳᠦᠯ ᠵᠢᠴᠢ ᠣᠷᠤᠨ ᠰᠠᠭᠤᠴᠠ;

  (ᠬᠣᠶᠠᠷ) ᠬᠤᠪᠢ ᠣᠷᠤᠭᠤᠯᠤᠭᠴᠢᠳ᠎ᠤᠨ ᠡᠵᠡᠮᠱᠢᠵᠦ ᠪᠠᠢᠭ᠎ᠠ ᠬᠤᠪᠢ᠎ᠶᠢᠨ ᠲᠣᠭ᠎ᠠ;

  (ᠭᠤᠷᠪᠠ) ᠬᠤᠪᠢ ᠣᠷᠤᠭᠤᠯᠤᠭᠴᠢᠳ᠎ᠤᠨ ᠡᠵᠡᠮᠱᠢᠵᠦ ᠪᠠᠢᠭ᠎ᠠ ᠰᠲ᠋ᠤᠺ᠎ᠤᠨ ᠳ᠋ᠤᠭᠠᠷᠯᠠᠯ;

  (ᠳᠥᠷᠪᠡ) ᠬᠤᠪᠢ ᠣᠷᠤᠭᠤᠯᠤᠭᠴᠢᠳ᠎ᠤᠨ ᠬᠤᠪᠢ ᠣᠯᠤᠭᠰᠠᠨ ᠡᠳᠦᠷ ᠬᠤᠭᠤᠴᠠᠭ᠎ᠠ᠃

  ᠨᠡᠷ᠎ᠡ ᠬᠠᠲᠠᠭᠰᠠᠨ᠎ᠦᠭᠡᠢ ᠰᠲ᠋ᠤᠺ ᠲᠠᠷᠬᠠᠭᠠᠪᠠᠯ ᠺᠣᠮᠫᠠᠨᠢ᠎ᠨᠢ ᠰᠲ᠋ᠤᠺ᠎ᠤᠨ ᠲᠣᠭ᠎ᠠ ᠬᠡᠮᠵᠢᠶ᠎ᠡ᠂ ᠳ᠋ᠤᠭᠠᠷᠯᠠᠯ ᠪᠠ ᠲᠠᠷᠬᠠᠭᠠᠭᠰᠠᠨ ᠡᠳᠦᠷ ᠬᠤᠭᠤᠴᠠᠭ᠎ᠠ᠎ᠶᠢ ᠲᠡᠮᠳᠡᠭᠯᠡᠭᠰᠡᠨ ᠪᠠᠢᠬᠤ ᠬᠡᠷᠡᠭᠲᠡᠢ᠃

  ᠵᠠᠭᠤ ᠭᠤᠴᠢᠨ ᠨᠢᠭᠡᠳᠦᠭᠡᠷ ᠵᠦᠢᠯ   ᠺᠣᠮᠫᠠᠨᠢ᠎ᠶᠢᠨ ᠲᠤᠰ ᠬᠠᠤᠯᠢ᠎ᠳᠤ ᠲᠣᠭᠲᠠᠭᠠᠭᠰᠠᠨ ᠬᠤᠪᠢ᠎ᠠᠴᠠ ᠥᠭᠡᠷ᠎ᠡ ᠲᠥᠷᠦᠯ ᠵᠦᠢᠯ᠎ᠦᠨ ᠬᠤᠪᠢ ᠲᠠᠷᠬᠠᠭᠠᠬᠤ ᠲᠤᠬᠠᠢ ᠲᠥᠷᠦ᠎ᠶᠢᠨ ᠶᠠᠪᠤᠳᠠᠯ᠎ᠤᠨ ᠬᠣᠷᠢᠶ᠎ᠠ᠎ᠠᠴᠠ ᠠᠰ᠎ᠲᠤ᠎ᠨᠢ ᠲᠣᠭᠲᠠᠭᠠᠯ ᠭᠠᠷᠭᠠᠵᠤ ᠪᠣᠯᠤᠨ᠎ᠠ᠃

  ᠵᠠᠭᠤ ᠭᠤᠴᠢᠨ ᠬᠣᠶᠠᠳᠤᠭᠠᠷ ᠵᠦᠢᠯ   ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠠᠢᠭᠤᠯᠤᠭᠳᠠᠭᠰᠠᠨ᠎ᠤ ᠳᠠᠷᠠᠭ᠎ᠠ ᠬᠤᠪᠢ ᠣᠷᠤᠭᠤᠯᠤᠭᠴᠢᠳ᠎ᠲᠤ ᠰᠲ᠋ᠤᠺ᠎ᠢᠶᠠᠨ ᠳᠠᠷᠤᠢᠬᠠᠨ ᠵᠢᠩᠬᠢᠨᠢ᠎ᠪᠡᠷ ᠲᠤᠱᠢᠶᠠᠵᠤ ᠥᠭᠬᠦ ᠬᠡᠷᠡᠭᠲᠡᠢ᠃ ᠺᠣᠮᠫᠠᠨᠢ ᠪᠠᠢᠭᠤᠯᠤᠭᠳᠠᠬᠤ᠎ᠠᠴᠠ ᠡᠮᠦᠨ᠎ᠡ ᠬᠤᠪᠢ ᠣᠷᠤᠭᠤᠯᠤᠭᠴᠢᠳ᠎ᠲᠤ ᠰᠲ᠋ᠤᠺ ᠲᠤᠱᠢᠶᠠᠨ ᠥᠭᠴᠦ ᠪᠣᠯᠬᠤ᠎ᠦᠭᠡᠢ᠃

  ᠵᠠᠭᠤ ᠭᠤᠴᠢᠨ ᠭᠤᠷᠪᠠᠳᠤᠭᠠᠷ ᠵᠦᠢᠯ   ᠺᠣᠮᠫᠠᠨᠢ ᠱᠢᠨ᠎ᠡ ᠬᠤᠪᠢ ᠲᠠᠷᠬᠠᠭᠠᠬᠤ᠎ᠳᠤ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠠᠴᠠ ᠳᠣᠣᠷ᠎ᠠ ᠵᠢᠭᠰᠠᠭᠠᠭᠰᠠᠨ ᠵᠦᠢᠯᠡᠰ᠎ᠦᠨ ᠲᠤᠬᠠᠢ ᠱᠢᠢᠳᠪᠦᠷᠢ ᠭᠠᠷᠭᠠᠬᠤ ᠬᠡᠷᠡᠭᠲᠡᠢ᠄

  (ᠨᠢᠭᠡ) ᠱᠢᠨ᠎ᠡ ᠬᠤᠪᠢ᠎ᠶᠢᠨ ᠲᠥᠷᠦᠯ ᠵᠦᠢᠯ ᠬᠢᠭᠡᠳ ᠲᠣᠭ᠎ᠠ ᠬᠡᠮᠵᠢᠶ᠎ᠡ;

  (ᠬᠣᠶᠠᠷ) ᠱᠢᠨ᠎ᠡ ᠬᠤᠪᠢ᠎ᠶᠢᠨ ᠲᠠᠷᠬᠠᠭᠠᠬᠤ ᠦᠨ᠎ᠡ;

  (ᠭᠤᠷᠪᠠ) ᠱᠢᠨ᠎ᠡ ᠬᠤᠪᠢ ᠲᠠᠷᠬᠠᠭᠠᠬᠤ᠎ᠶᠢᠨ ᠡᠬᠢᠯᠡᠵᠦ ᠳᠠᠭᠤᠰᠭᠤ ᠡᠳᠦᠷ ᠬᠤᠭᠤᠴᠠᠭ᠎ᠠ;

  (ᠳᠥᠷᠪᠡ) ᠤᠤᠯ᠎ᠤᠨ ᠬᠤᠪᠢ ᠣᠷᠤᠭᠤᠯᠤᠭᠴᠢᠳ᠎ᠲᠤ ᠲᠠᠷᠬᠠᠭᠠᠬᠤ ᠱᠢᠨ᠎ᠡ ᠬᠤᠪᠢ᠎ᠶᠢᠨ ᠲᠥᠷᠦᠯ ᠵᠦᠢᠯ ᠵᠢᠴᠢ ᠲᠣᠭ᠎ᠠ ᠬᠡᠮᠵᠢᠶ᠎ᠡ᠃

  ᠵᠠᠭᠤ ᠭᠤᠴᠢᠨ ᠳᠥᠷᠪᠡᠳᠦᠭᠡᠷ ᠵᠦᠢᠯ   ᠺᠣᠮᠫᠠᠨᠢ᠎ᠨᠢ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠦᠨᠡᠲᠦ ᠲᠡᠮᠳᠡᠭᠲᠦ᠎ᠶᠢ ᠬᠢᠨᠠᠵᠤ ᠬᠠᠮᠢᠶᠠᠷᠬᠤ ᠪᠠᠢᠭᠤᠯᠤᠮᠵᠢ᠎ᠪᠠᠷ ᠬᠢᠨᠠᠨ ᠵᠥᠪᠱᠢᠶᠡᠷᠡᠭᠦᠯᠦᠭᠡᠳ ᠢᠯᠡ᠎ᠪᠡᠷ ᠱᠢᠨ᠎ᠡ ᠬᠤᠪᠢ ᠲᠠᠷᠬᠠᠭᠠᠬᠤ᠎ᠳᠤ᠎ᠪᠠᠨ ᠡᠷᠬᠡᠪᠱᠢ ᠱᠢᠨ᠎ᠡ ᠬᠤᠪᠢ᠎ᠶᠢᠨ ᠬᠤᠪᠢ ᠡᠯᠰᠡᠬᠦ ᠲᠣᠳᠤᠷᠬᠠᠢᠯᠠᠯᠲᠠ᠎ᠶᠢᠨ ᠪᠢᠴᠢᠭ ᠪᠠ ᠡᠳ᠋᠎ᠦᠨ ᠶᠠᠪᠤᠳᠠᠯ᠎ᠤᠨ ᠨᠢᠭᠲᠠᠯᠠᠨ ᠪᠣᠳᠤᠯᠲᠠ᠎ᠶᠢᠨ ᠮᠡᠳᠡᠭᠦᠯᠦᠯᠲᠡ᠎ᠪᠡᠨ ᠵᠠᠷᠯᠠᠨ ᠨᠡᠢᠲᠡᠯᠡᠬᠦ᠎ᠶᠢᠨ ᠬᠠᠮᠲᠤ ᠬᠤᠪᠢ ᠠᠪᠬᠤ ᠪᠢᠴᠢᠭ ᠵᠣᠬᠢᠶᠠᠬᠤ ᠬᠡᠷᠡᠭᠲᠡᠢ᠃

  ᠲᠤᠰ ᠬᠠᠤᠯᠢ᠎ᠶᠢᠨ ᠨᠠᠶᠠᠨ ᠳᠣᠯᠤᠳᠤᠭᠠᠷ ᠵᠦᠢᠯ᠂ ᠨᠠᠶᠠᠨ ᠨᠠᠢ᠍ᠮᠠᠳᠤᠭᠠᠷ ᠵᠦᠢᠯ᠎ᠦᠨ ᠲᠣᠭᠲᠠᠭᠠᠯ᠎ᠢ ᠺᠣᠮᠫᠠᠨᠢ᠎ᠶᠢᠨ ᠢᠯᠡ᠎ᠪᠡᠷ ᠱᠢᠨ᠎ᠡ ᠬᠤᠪᠢ ᠲᠠᠷᠬᠠᠭᠠᠬᠤ᠎ᠳᠤ ᠬᠡᠷᠡᠭᠯᠡᠨ᠎ᠡ᠃

  ᠵᠠᠭᠤ ᠭᠤᠴᠢᠨ ᠲᠠᠪᠤᠳᠤᠭᠠᠷ ᠵᠦᠢᠯ   ᠺᠣᠮᠫᠠᠨᠢ ᠱᠢᠨ᠎ᠡ ᠬᠤᠪᠢ ᠲᠠᠷᠬᠠᠭᠠᠬᠤ᠎ᠳᠤ᠎ᠪᠠᠨ ᠺᠣᠮᠫᠠᠨᠢ᠎ᠶᠢᠨ ᠡᠵᠡᠩᠨᠡᠯᠲᠡ᠎ᠶᠢᠨ ᠪᠠᠢᠳᠠᠯ ᠪᠣᠯᠤᠨ ᠡᠳ᠋᠎ᠦᠨ ᠶᠠᠪᠤᠳᠠᠯ᠎ᠤᠨ ᠪᠠᠢᠳᠠᠯ᠎ᠢᠶᠠᠨ ᠦᠨᠳᠦᠰᠦᠯᠡᠵᠦ᠂ ᠦᠨ᠎ᠡ ᠲᠣᠭᠲᠠᠭᠠᠬᠤ ᠲᠥᠰᠦᠯ᠎ᠢᠶᠡᠨ ᠲᠣᠭᠲᠠᠭᠠᠵᠤ ᠪᠣᠯᠤᠨ᠎ᠠ᠃

  ᠵᠠᠭᠤ ᠭᠤᠴᠢᠨ ᠵᠢᠷᠭᠤᠳᠤᠭᠠᠷ ᠵᠦᠢᠯ   ᠺᠣᠮᠫᠠᠨᠢ ᠱᠢᠨ᠎ᠡ ᠬᠤᠪᠢ ᠲᠠᠷᠬᠠᠭᠠᠭᠰᠠᠨ ᠵᠣᠭᠤᠰ᠎ᠢᠶᠠᠨ ᠭᠦᠢᠴᠡᠳ ᠴᠤᠭᠯᠠᠭᠤᠯᠤᠭᠰᠠᠨ᠎ᠤ ᠳᠠᠷᠠᠭ᠎ᠠ ᠡᠷᠬᠡᠪᠱᠢ ᠺᠣᠮᠫᠠᠨᠢ ᠳᠠᠩᠰᠠᠯᠠᠬᠤ ᠪᠠᠢᠭᠤᠯᠭ᠎ᠠ᠎ᠪᠠᠷ ᠬᠤᠪᠢᠷᠠᠭᠤᠯᠬᠤ ᠳᠡᠩᠰᠡᠯᠡᠯᠲᠡ ᠬᠢᠯᠭᠡᠬᠦ᠎ᠶᠢᠨ ᠬᠠᠮᠲᠤ ᠲᠡᠭᠦᠨ᠎ᠢᠶᠡᠨ ᠵᠠᠷᠯᠠᠨ ᠨᠡᠢᠲᠡᠯᠡᠬᠦ ᠬᠡᠷᠡᠭᠲᠡᠢ᠃

 

    ᠬᠣᠶᠠᠳᠤᠭᠠᠷ ᠬᠡᠰᠡᠭ   ᠬᠤᠪᠢ ᠱᠢᠯᠵᠢᠭᠦᠯᠦᠨ ᠥᠭᠬᠦ

 

  ᠵᠠᠭᠤ ᠭᠤᠴᠢᠨ ᠳᠣᠯᠤᠳᠤᠭᠠᠷ ᠵᠦᠢᠯ   ᠬᠤᠪᠢ ᠣᠷᠤᠭᠤᠯᠤᠭᠴᠢ ᠡᠵᠡᠮᠱᠢᠵᠦ ᠪᠠᠢᠭ᠎ᠠ ᠬᠤᠪᠢ᠎ᠪᠠᠨ ᠬᠠᠤᠯᠢ ᠶᠣᠰᠤᠭᠠᠷ ᠱᠢᠯᠵᠢᠭᠦᠯᠦᠨ ᠥᠭᠴᠦ ᠪᠣᠯᠤᠨ᠎ᠠ᠃

  ᠵᠠᠭᠤ ᠭᠤᠴᠢᠨ ᠨᠠᠢ᠍ᠮᠠᠳᠤᠭᠠᠷ ᠵᠦᠢᠯ   ᠬᠤᠪᠢ ᠣᠷᠤᠭᠤᠯᠤᠭᠴᠢ ᠬᠤᠪᠢ᠎ᠪᠠᠨ ᠱᠢᠯᠵᠢᠭᠦᠯᠦᠨ ᠥᠭᠬᠦ᠎ᠳᠤ᠎ᠪᠠᠨ ᠬᠠᠤᠯᠢ ᠶᠣᠰᠤᠭᠠᠷ ᠪᠠᠢᠭᠤᠯᠤᠭᠳᠠᠭᠰᠠᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠎ᠲᠤ ᠭᠦᠢᠴᠡᠳᠭᠡᠬᠦ ᠪᠤᠶᠤ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠲᠣᠭᠲᠠᠭᠠᠭᠰᠠᠨ ᠪᠤᠰᠤᠳ ᠠᠷᠭ᠎ᠠ ᠮᠠᠶᠢᠭ᠎ᠢᠶᠠᠷ ᠭᠦᠢᠴᠡᠳᠭᠡᠬᠦ ᠬᠡᠷᠡᠭᠲᠡᠢ᠃

  ᠵᠠᠭᠤ ᠭᠤᠴᠢ ᠶᠢᠰᠦᠳᠦᠭᠡᠷ ᠵᠦᠢᠯ   ᠨᠡᠷ᠎ᠡ ᠬᠠᠲᠠᠭᠰᠠᠨ ᠰᠲ᠋ᠤᠺ᠎ᠢ ᠬᠤᠪᠢ ᠣᠷᠤᠭᠤᠯᠤᠭᠴᠢ᠎ᠠᠴᠠ ᠠᠷᠤ᠎ᠶᠢᠨ ᠦᠰᠦᠭ ᠵᠢᠷᠤᠬᠤ ᠠᠷᠭ᠎ᠠ ᠮᠠᠶᠢᠭ ᠪᠤᠶᠤ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠳᠤ ᠲᠣᠭᠲᠠᠭᠠᠭᠰᠠᠨ ᠪᠤᠰᠤᠳ ᠠᠷᠭ᠎ᠠ ᠮᠠᠶᠢᠭ᠎ᠢᠶᠠᠷ ᠱᠢᠯᠵᠢᠭᠦᠯᠦᠨ ᠥᠭᠭᠦᠨ᠎ᠡ; ᠱᠢᠯᠵᠢᠭᠦᠯᠦᠨ ᠦᠭᠭᠦᠭᠰᠡᠨ᠎ᠦ ᠳᠠᠷᠠᠭ᠎ᠠ ᠺᠣᠮᠫᠠᠨᠢ ᠱᠢᠯᠵᠢᠭᠦᠯᠦᠨ ᠠᠪᠤᠭᠴᠢ᠎ᠶᠢᠨ ᠣᠪᠤᠭ᠎ᠨᠡᠷ᠎ᠡ ᠪᠤᠶᠤ ᠨᠡᠷᠡᠢᠳᠦᠯ ᠵᠢᠴᠢ ᠣᠷᠤᠨ ᠰᠠᠭᠤᠴᠠ᠎ᠶᠢ ᠬᠤᠪᠢ ᠣᠷᠤᠭᠤᠯᠤᠭᠴᠢᠳ᠎ᠤᠨ ᠨᠡᠷᠡᠰ᠎ᠦᠨ ᠳᠡᠪᠲᠡᠷ᠎ᠲᠦ ᠲᠡᠮᠳᠡᠭᠯᠡᠨ᠎ᠡ᠃

  ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠢ ᠬᠤᠷᠠᠯᠳᠤᠭᠤᠯᠬᠤ᠎ᠠᠴᠠ ᠡᠮᠦᠨ᠎ᠡ ᠬᠣᠷᠢᠨ ᠡᠳᠦᠷ᠎ᠦᠨ ᠳᠣᠲᠤᠷ᠎ᠠ ᠪᠤᠶᠤ ᠺᠣᠮᠫᠠᠨᠢ᠎ᠠᠴᠠ ᠬᠤᠪᠢ ᠣᠷᠤᠭᠤᠯᠤᠯᠲᠠ᠎ᠶᠢᠨ ᠠᠱᠢᠭ ᠣᠯᠵᠠᠪᠤᠷᠢ᠎ᠶᠢ ᠬᠤᠪᠢᠶᠠᠷᠢᠯᠠᠬᠤ᠎ᠪᠠᠷ ᠲᠣᠭᠲᠠᠭᠠᠭᠰᠠᠨ ᠪᠠᠷᠢᠮᠵᠢᠶᠠᠲᠤ ᠡᠳᠦᠷ᠎ᠡᠴᠡ ᠡᠮᠦᠨ᠎ᠡ ᠲᠠᠪᠤᠨ ᠡᠳᠦᠷ᠎ᠦᠨ ᠳᠣᠲᠤᠷ᠎ᠠ ᠡᠮᠦᠨᠡᠬᠢ ᠪᠠᠳᠠᠭ᠎ᠲᠤ ᠲᠣᠭᠲᠠᠭᠠᠭᠰᠠᠨ ᠬᠤᠪᠢ ᠣᠷᠤᠭᠤᠯᠤᠭᠴᠢᠳ᠎ᠤᠨ ᠨᠡᠷᠡᠰ᠎ᠦᠨ ᠳᠡᠪᠲᠡᠷ᠎ᠢ ᠬᠤᠪᠢᠷᠠᠭᠤᠯᠤᠨ ᠳᠠᠩᠰᠠᠯᠠᠵᠤ ᠪᠣᠯᠬᠤ᠎ᠦᠭᠡᠢ᠃ ᠭᠡᠪᠡᠴᠦ ᠬᠠᠤᠯᠢ ᠴᠠᠭᠠᠵᠠ᠎ᠳᠤ ᠰᠲ᠋ᠤᠺ᠎ᠢᠶᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠶᠢᠨ ᠬᠤᠪᠢ ᠣᠷᠤᠭᠤᠯᠤᠭᠴᠢᠳ᠎ᠤᠨ ᠨᠡᠷᠡᠰ᠎ᠦᠨ ᠳᠡᠪᠲᠡᠷ᠎ᠢ ᠬᠤᠪᠢᠷᠠᠭᠤᠯᠤᠨ ᠳᠠᠩᠰᠠᠯᠠᠬᠤ ᠲᠤᠬᠠᠢ ᠠᠰᠲᠠᠭᠠᠨ ᠲᠣᠭᠲᠠᠭᠠᠯ᠎ᠲᠠᠢ ᠪᠠᠢᠪᠠᠯ᠂ ᠲᠡᠷᠡ ᠲᠣᠭᠲᠠᠭᠠᠯ᠎ᠢ ᠵᠢᠷᠤᠮᠯᠠᠨ᠎ᠠ᠃

  ᠵᠠᠭᠤ ᠳᠥᠴᠢᠳᠦᠭᠡᠷ ᠵᠦᠢᠯ  ᠨᠡᠷ᠎ᠡ ᠬᠠᠲᠠᠭᠰᠠᠨ᠎ᠦᠭᠡᠢ ᠰᠲ᠋ᠤᠺ᠎ᠢ ᠪᠤᠰᠤᠳ᠎ᠲᠤ ᠱᠢᠯᠵᠢᠭᠦᠯᠦᠨ ᠥᠭᠬᠦ᠎ᠳᠦ ᠬᠤᠪᠢ ᠣᠷᠤᠭᠤᠯᠤᠭᠴᠢ᠎ᠠᠴᠠ ᠲᠤᠰ ᠰᠲ᠋ᠤᠺ᠎ᠢᠶᠠᠨ ᠱᠢᠯᠵᠢᠭᠦᠯᠦᠨ ᠠᠪᠤᠭᠴᠢ᠎ᠳᠤ ᠲᠤᠱᠢᠶᠠᠭᠰᠠᠨ᠎ᠤ ᠳᠠᠷᠠᠭ᠎ᠠ ᠱᠢᠯᠵᠢᠭᠦᠯᠦᠨ ᠦᠭᠭᠦᠭᠰᠡᠨ ᠶᠠᠪᠤᠳᠠᠯ᠎ᠨᠢ ᠬᠦᠴᠦᠨ᠎ᠲᠡᠢ ᠪᠣᠯᠤᠨ᠎ᠠ᠃

  ᠵᠠᠭᠤ ᠳᠥᠴᠢᠨ ᠨᠢᠭᠡᠳᠦᠭᠡᠷ ᠵᠦᠢᠯ   ᠡᠭᠦᠰᠭᠡᠨ ᠪᠠᠢᠭᠤᠯᠤᠭᠴᠢ᠎ᠶᠢᠨ ᠡᠵᠡᠮᠱᠢᠵᠦ ᠪᠠᠢᠭ᠎ᠠ ᠲᠤᠰ ᠺᠣᠮᠫᠠᠨᠢ᠎ᠶᠢᠨ ᠬᠤᠪᠢ᠎ᠶᠢ ᠺᠣᠮᠫᠠᠨᠢ ᠪᠠᠢᠭᠤᠯᠤᠭᠳᠠᠭᠰᠠᠨ ᠡᠳᠦᠷ᠎ᠡᠴᠡ ᠡᠬᠢᠯᠡᠨ ᠨᠢᠭᠡ ᠵᠢᠯ᠎ᠦᠨ ᠳᠣᠲᠤᠷ᠎ᠠ ᠱᠢᠯᠵᠢᠭᠦᠯᠦᠨ ᠥᠭᠴᠦ ᠪᠣᠯᠬᠤ᠎ᠦᠭᠡᠢ᠃ ᠺᠣᠮᠫᠠᠨᠢ᠎ᠶᠢᠨ ᠢᠯᠡ᠎ᠪᠡᠷ ᠬᠤᠪᠢ ᠲᠠᠷᠬᠠᠭᠠᠬᠤ᠎ᠠᠴᠠ ᠡᠮᠦᠨ᠎ᠡ ᠨᠢᠭᠡᠨᠲᠡ ᠲᠠᠷᠬᠠᠭᠠᠭᠰᠠᠨ ᠬᠤᠪᠢ᠎ᠶᠢ ᠺᠣᠮᠫᠠᠨᠢ᠎ᠶᠢᠨ ᠰᠲ᠋ᠤᠺ᠎ᠢ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠎ᠲᠤ ᠵᠠᠬ᠎ᠠ ᠳᠡᠯᠭᠡᠭᠦᠷ᠎ᠲᠦ ᠭᠠᠷᠭᠠᠵᠤ ᠠᠷᠠᠯᠵᠢᠶᠠᠯᠠᠭᠰᠠᠨ ᠡᠳᠦᠷ᠎ᠡᠴᠡ ᠡᠬᠢᠯᠡᠨ ᠨᠢᠭᠡ ᠵᠢᠯ᠎ᠦᠨ ᠳᠣᠲᠤᠷ᠎ᠠ ᠪᠤᠰᠤᠳ᠎ᠲᠤ ᠱᠢᠯᠵᠢᠭᠦᠯᠦᠨ ᠥᠭᠴᠦ ᠪᠣᠯᠬᠤ᠎ᠦᠭᠡᠢ᠃

  ᠺᠣᠮᠫᠠᠨᠢ᠎ᠶᠢᠨ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠡᠵᠡᠮᠱᠢᠵᠦ ᠪᠠᠢᠭ᠎ᠠ ᠲᠤᠰ ᠺᠣᠮᠫᠠᠨᠢ᠎ᠶᠢᠨ ᠬᠤᠪᠢ ᠪᠣᠯᠤᠨ ᠬᠤᠪᠢᠷᠠᠯᠲᠠ᠎ᠶᠢᠨ ᠪᠠᠢᠳᠠᠯ᠎ᠢᠶᠠᠨ ᠺᠣᠮᠫᠠᠨᠢ᠎ᠳᠤ᠎ᠪᠠᠨ ᠮᠡᠳᠡᠭᠦᠯᠬᠦ ᠬᠡᠷᠡᠭᠲᠡᠢ᠂ ᠲᠤᠱᠢᠶᠠᠯ ᠡᠭᠦᠷᠭᠡᠯᠡᠵᠦ ᠪᠠᠢᠬᠤ ᠬᠤᠭᠤᠴᠠᠭᠠᠨ᠎ᠳᠤ᠎ᠪᠠᠨ ᠵᠢᠯ ᠪᠦᠷᠢ᠎ᠶᠢᠨ ᠱᠢᠯᠵᠢᠭᠦᠯᠦᠨ ᠥᠭᠬᠦ ᠬᠤᠪᠢ᠎ᠶᠢ ᠲᠡᠭᠦᠨ᠎ᠦ ᠡᠵᠡᠮᠱᠢᠵᠦ ᠪᠠᠢᠭ᠎ᠠ ᠲᠤᠰ ᠺᠣᠮᠫᠠᠨᠢ᠎ᠶᠢᠨ ᠬᠤᠪᠢ᠎ᠶᠢᠨ ᠶᠡᠷᠦᠩᠬᠡᠢ ᠲᠣᠭᠠᠨ᠎ᠤ ᠵᠠᠭᠤᠨ᠎ᠤ ᠬᠣᠷᠢᠨ ᠲᠠᠪᠤ᠎ᠠᠴᠠ ᠬᠡᠲᠦᠷᠡᠭᠦᠯᠵᠦ ᠪᠣᠯᠬᠤ᠎ᠦᠭᠡᠢ; ᠺᠣᠮᠫᠠᠨᠢ᠎ᠶᠢᠨ ᠰᠲ᠋ᠤᠺ᠎ᠢ ᠵᠠᠬ᠎ᠠ ᠳᠡᠯᠭᠡᠭᠦᠷ᠎ᠲᠦ ᠭᠠᠷᠭᠠᠵᠤ ᠠᠷᠠᠯᠵᠢᠶᠠᠯᠠᠭᠰᠠᠨ ᠡᠳᠦᠷ᠎ᠡᠴᠡ ᠡᠬᠢᠯᠡᠨ ᠨᠢᠭᠡ ᠵᠢᠯ᠎ᠦᠨ ᠳᠣᠲᠤᠷ᠎ᠠ ᠡᠵᠡᠮᠱᠢᠵᠦ ᠪᠠᠢᠭ᠎ᠠ ᠲᠤᠰ ᠺᠣᠮᠫᠠᠨᠢ᠎ᠶᠢᠨ ᠬᠤᠪᠢ᠎ᠪᠠᠨ ᠱᠢᠯᠵᠢᠭᠦᠯᠦᠨ ᠥᠭᠴᠦ ᠪᠣᠯᠬᠤ᠎ᠦᠭᠡᠢ᠃ ᠳᠡᠭᠡᠷ᠎ᠡ ᠳᠤᠷᠠᠳᠤᠭᠰᠠᠨ ᠬᠥᠮᠦᠰ ᠲᠤᠱᠢᠶᠠᠯ᠎ᠠᠴᠠ᠎ᠪᠠᠨ ᠰᠠᠯᠤᠭᠰᠠᠨ᠎ᠤ ᠳᠠᠷᠠᠭ᠎ᠠ ᠬᠠᠭᠠᠰ ᠵᠢᠯ᠎ᠦᠨ ᠳᠣᠲᠤᠷ᠎ᠠ ᠡᠵᠡᠮᠱᠢᠵᠦ ᠪᠠᠢᠭ᠎ᠠ ᠲᠤᠰ ᠺᠣᠮᠫᠠᠨᠢ᠎ᠶᠢᠨ ᠬᠤᠪᠢ᠎ᠪᠠᠨ ᠱᠢᠯᠵᠢᠭᠦᠯᠦᠨ ᠥᠭᠴᠦ ᠪᠣᠯᠬᠤ᠎ᠦᠭᠡᠢ᠃ ᠺᠣᠮᠫᠠᠨᠢ᠎ᠶᠢᠨ ᠳᠦᠷᠢᠮ᠎ᠳᠦ ᠺᠣᠮᠫᠠᠨᠢ᠎ᠶᠢᠨ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ᠎ᠤ ᠡᠵᠡᠮᠱᠢᠵᠦ ᠪᠠᠢᠭ᠎ᠠ ᠲᠤᠰ ᠺᠣᠮᠫᠠᠨᠢ᠎ᠶᠢᠨ ᠬᠤᠪᠢ᠎ᠶᠢ ᠪᠤᠰᠤᠳ᠎ᠲᠤ ᠱᠢᠯᠵᠢᠭᠦᠯᠦᠨ ᠥᠭᠬᠦ ᠲᠤᠬᠠᠢ ᠪᠤᠰᠤᠳ ᠬᠢᠵᠠᠭᠠᠷᠯᠠᠬᠤ ᠴᠢᠨᠠᠷᠲᠠᠢ ᠲᠣᠭᠲᠠᠭᠠᠯ ᠭᠠᠷᠭᠠᠵᠤ ᠪᠣᠯᠤᠨ᠎ᠠ᠃

  ᠵᠠᠭᠤ ᠳᠥᠴᠢᠨ ᠬᠣᠶᠠᠳᠤᠭᠠᠷ ᠵᠦᠢᠯ   ᠺᠣᠮᠫᠠᠨᠢ ᠲᠤᠰ ᠺᠣᠮᠫᠠᠨᠢ᠎ᠶᠢᠨ᠎ᠢᠶᠡᠨ ᠬᠤᠪᠢ᠎ᠶᠢ ᠬᠤᠳᠠᠯᠳᠤᠨ ᠠᠪᠴᠤ ᠪᠣᠯᠬᠤ᠎ᠦᠭᠡᠢ᠃ ᠭᠡᠪᠡᠴᠦ ᠳᠣᠣᠷ᠎ᠠ ᠵᠢᠭᠰᠠᠭᠠᠭᠰᠠᠨ ᠪᠠᠢᠳᠠᠯ᠎ᠤᠨ ᠨᠢᠭᠡ᠎ᠨᠢ ᠪᠠᠢᠪᠠᠯ ᠡᠭᠦᠨ᠎ᠳᠦ ᠪᠠᠭᠲᠠᠬᠤ᠎ᠦᠭᠡᠢ᠄

  (ᠨᠢᠭᠡ) ᠺᠣᠮᠫᠠᠨᠢ᠎ᠶᠢᠨ ᠳᠠᠩᠰᠠᠯᠠᠭᠤᠯᠤᠭᠰᠠᠨ ᠬᠥᠷᠦᠩᠭᠡ᠎ᠶᠢ ᠪᠠᠭᠠᠰᠭᠠᠭᠰᠠᠨ;

  (ᠬᠣᠶᠠᠷ) ᠲᠤᠰ ᠺᠣᠮᠫᠠᠨᠢ᠎ᠶᠢᠨ ᠬᠤᠪᠢ᠎ᠶᠢ ᠡᠵᠡᠮᠱᠢᠵᠦ ᠪᠠᠢᠭ᠎ᠠ ᠪᠤᠰᠤᠳ ᠺᠣᠮᠫᠠᠨᠢ᠎ᠯᠤᠭ᠎ᠠ ᠨᠡᠢᠯᠡᠭᠰᠡᠨ;

  (ᠭᠤᠷᠪᠠ) ᠬᠤᠪᠢ᠎ᠪᠠᠨ ᠲᠤᠰ ᠺᠣᠮᠫᠠᠨᠢ᠎ᠶᠢᠨ ᠠᠵᠢᠯᠲᠠᠨ ᠠᠵᠢᠯᠴᠢᠨ᠎ᠳᠤ ᠱᠠᠩᠨᠠᠵᠤ ᠦᠭᠭᠦᠭᠰᠡᠨ;

  (ᠳᠥᠷᠪᠡ) ᠬᠤᠪᠢ ᠣᠷᠤᠭᠤᠯᠤᠭᠴᠢ᠎ᠨᠢ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠭᠠᠷᠭᠠᠭᠰᠠᠨ ᠺᠣᠮᠫᠠᠨᠢ᠎ᠶᠢ ᠨᠡᠢᠯᠡᠭᠦᠯᠬᠦ᠂ ᠰᠠᠯᠭᠠᠬᠤ ᠲᠤᠬᠠᠢ ᠱᠢᠢᠳᠪᠦᠷᠢ᠎ᠳᠦ ᠣᠨᠳᠣᠣ ᠰᠠᠨᠠᠯ᠎ᠲᠠᠢ᠎ᠠᠴᠠ ᠪᠣᠯᠵᠤ ᠲᠡᠭᠦᠨ᠎ᠦ ᠬᠤᠪᠢ᠎ᠶᠢ ᠬᠤᠳᠠᠯᠳᠤᠨ ᠠᠪᠤᠭᠤᠯᠬᠤ᠎ᠪᠠᠷ ᠺᠣᠮᠫᠠᠨᠢ᠎ᠳᠤ ᠱᠠᠭᠠᠷᠳᠠᠭᠰᠠᠨ᠃

  ᠺᠣᠮᠫᠠᠨᠢ ᠡᠮᠦᠨᠡᠬᠢ ᠪᠠᠳᠠᠭ᠎ᠤᠨ (ᠨᠢᠭᠡ)᠎ᠳᠦᠭᠡᠷ ᠵᠤᠷᠪᠤᠰ᠎ᠠᠴᠠ (ᠭᠤᠷᠪᠠ)᠎ᠳᠤᠭᠠᠷ ᠵᠤᠷᠪᠤᠰ ᠬᠦᠷᠲᠡᠯᠡᠬᠢ ᠱᠢᠯᠲᠠᠭᠠᠨ᠎ᠠᠴᠠ ᠪᠣᠯᠤᠭᠠᠳ ᠲᠤᠰ ᠺᠣᠮᠫᠠᠨᠢ᠎ᠶᠢᠨ᠎ᠢᠶᠡᠨ ᠬᠤᠪᠢ᠎ᠶᠢ ᠬᠤᠳᠠᠯᠳᠤᠨ ᠠᠪᠬᠤ᠎ᠳᠤ ᠬᠦᠷᠪᠡᠯ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠢᠶᠠᠷ ᠳᠠᠮᠵᠢᠨ ᠱᠢᠢᠳᠪᠦᠷᠢ ᠭᠠᠷᠭᠠᠬᠤ ᠬᠡᠷᠡᠭᠲᠡᠢ᠃ ᠺᠣᠮᠫᠠᠨᠢ ᠡᠮᠦᠨᠡᠬᠢ ᠪᠠᠳᠠᠭ᠎ᠤᠨ ᠲᠣᠭᠲᠠᠭᠠᠯ ᠶᠣᠰᠤᠭᠠᠷ ᠲᠤᠰ ᠺᠣᠮᠫᠠᠨᠢ᠎ᠶᠢᠨ᠎ᠢᠶᠡᠨ ᠬᠤᠪᠢ᠎ᠶᠢ ᠬᠤᠳᠠᠯᠳᠤᠨ ᠠᠪᠤᠭᠰᠠᠨ᠎ᠤ ᠳᠠᠷᠠᠭ᠎ᠠ (ᠨᠢᠭᠡ)᠎ᠳᠦᠭᠡᠷ ᠵᠤᠷᠪᠤᠰ᠎ᠤᠨ ᠪᠠᠢᠳᠠᠯ᠎ᠳᠤ ᠲᠣᠭᠠᠴᠠᠭᠳᠠᠪᠠᠯ᠂ ᠬᠤᠳᠠᠯᠳᠤᠨ ᠠᠪᠤᠭᠰᠠᠨ ᠡᠳᠦᠷ᠎ᠡᠴᠡ ᠡᠬᠢᠯᠡᠨ ᠠᠷᠪᠠᠨ ᠡᠳᠦᠷ᠎ᠦᠨ ᠳᠣᠲᠤᠷ᠎ᠠ ᠬᠦᠴᠦᠨ᠎ᠦᠭᠡᠢ ᠪᠣᠯᠭᠠᠬᠤ ᠬᠡᠷᠡᠭᠲᠡᠢ; (ᠬᠣᠶᠠᠷ)᠎ᠳᠤᠭᠠᠷ ᠵᠤᠷᠪᠤᠰ᠂ (ᠳᠥᠷᠪᠡ)᠎ᠳᠦᠭᠡᠷ ᠵᠤᠷᠪᠤᠰ᠎ᠤᠨ ᠪᠠᠢᠳᠠᠯ᠎ᠳᠤ ᠲᠣᠭᠠᠴᠠᠭᠳᠠᠪᠠᠯ᠂ ᠵᠢᠷᠭᠤᠭᠠᠨ ᠰᠠᠷ᠎ᠠ᠎ᠶᠢᠨ ᠳᠣᠲᠤᠷ᠎ᠠ ᠱᠢᠯᠵᠢᠭᠦᠯᠦᠨ ᠥᠭᠬᠦ ᠪᠤᠶᠤ ᠬᠦᠴᠦᠨ᠎ᠦᠭᠡᠢ ᠪᠣᠯᠭᠠᠬᠤ ᠬᠡᠷᠡᠭᠲᠡᠢ᠃

  ᠺᠣᠮᠫᠠᠨᠢ᠎ᠶᠢᠨ ᠨᠢᠭᠡᠳᠦᠭᠡᠷ ᠪᠠᠳᠠᠭ᠎ᠤᠨ (ᠭᠤᠷᠪᠠ)᠎ᠳᠤᠭᠠᠷ ᠵᠤᠷᠪᠤᠰ᠎ᠤᠨ ᠲᠣᠭᠲᠠᠭᠠᠯ ᠶᠣᠰᠤᠭᠠᠷ ᠬᠤᠳᠠᠯᠳᠤᠨ ᠠᠪᠤᠭᠰᠠᠨ ᠲᠤᠰ ᠺᠣᠮᠫᠠᠨᠢ᠎ᠶᠢᠨ ᠬᠤᠪᠢ᠎ᠶᠢ ᠲᠤᠰ ᠺᠣᠮᠫᠠᠨᠢ᠎ᠶᠢᠨ ᠨᠢᠭᠡᠨᠲᠡ ᠲᠠᠷᠬᠠᠭᠠᠭᠰᠠᠨ ᠬᠤᠪᠢ᠎ᠶᠢᠨ ᠶᠡᠷᠦᠩᠬᠡᠢ ᠲᠣᠭᠠᠨ᠎ᠤ ᠵᠠᠭᠤᠨ᠎ᠤ ᠲᠠᠪᠤ᠎ᠠᠴᠠ ᠬᠡᠲᠦᠷᠡᠭᠦᠯᠵᠦ ᠪᠣᠯᠬᠤ᠎ᠦᠭᠡᠢ; ᠬᠤᠳᠠᠯᠳᠤᠨ ᠠᠪᠬᠤ᠎ᠳᠤ ᠬᠡᠷᠡᠭᠯᠡᠬᠦ ᠪᠡᠯᠡ ᠮᠥᠩᠭᠦ᠎ᠶᠢ ᠺᠣᠮᠫᠠᠨᠢ᠎ᠶᠢᠨ ᠭᠠᠢᠯᠢ ᠲᠤᠱᠢᠶᠠᠭᠰᠠᠨ᠎ᠤ ᠳᠠᠷᠠᠭᠠᠬᠢ ᠠᠱᠢᠭ ᠬᠣᠨᠵᠢᠪᠤᠷᠢ᠎ᠶᠢᠨ ᠳᠣᠲᠤᠷ᠎ᠠ᠎ᠠᠴᠠ ᠭᠠᠷᠭᠠᠬᠤ ᠬᠡᠷᠡᠭᠲᠡᠢ; ᠬᠤᠳᠠᠯᠳᠤᠨ ᠠᠪᠤᠭᠰᠠᠨ ᠬᠤᠪᠢ᠎ᠶᠢ ᠨᠢᠭᠡ ᠵᠢᠯ᠎ᠦᠨ ᠳᠣᠲᠤᠷ᠎ᠠ ᠠᠵᠢᠯᠲᠠᠨ ᠠᠵᠢᠯᠴᠢᠨ᠎ᠳᠤ ᠱᠢᠯᠵᠢᠭᠦᠯᠦᠨ ᠥᠭᠬᠦ ᠬᠡᠷᠡᠭᠲᠡᠢ᠃

  ᠺᠣᠮᠫᠠᠨᠢ ᠲᠤᠰ ᠺᠣᠮᠫᠠᠨᠢ᠎ᠶᠢᠨ ᠰᠲ᠋ᠤᠺ᠎ᠢᠶᠠᠷ ᠪᠠᠷᠢᠴᠠᠭᠠᠯᠠᠬᠤ ᠡᠷᠬᠡ ᠪᠣᠯᠭᠠᠭᠰᠠᠨ ᠬᠠᠷᠠᠯᠲᠠ᠎ᠶᠢ ᠬᠦᠯᠢᠶᠡᠨ ᠠᠪᠴᠤ ᠪᠣᠯᠬᠤ᠎ᠦᠭᠡᠢ᠃

  ᠵᠠᠭᠤ ᠳᠥᠴᠢᠨ ᠭᠤᠷᠪᠠᠳᠤᠭᠠᠷ ᠵᠦᠢᠯ   ᠨᠡᠷ᠎ᠡ ᠬᠠᠲᠠᠭᠰᠠᠨ ᠰᠲ᠋ᠤᠺ ᠬᠤᠯᠠᠭᠠᠢᠯᠠᠭᠳᠠᠭᠰᠠᠨ᠂ ᠭᠡᠭᠡᠭᠳᠡᠭᠰᠡᠨ ᠪᠤᠶᠤ ᠤᠰᠠᠳᠤᠭᠰᠠᠨ ᠪᠠᠢᠪᠠᠯ᠂ ᠬᠤᠪᠢ ᠣᠷᠤᠭᠤᠯᠤᠭᠴᠢ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠦ ᠵᠠᠷᠭᠤ᠎ᠶᠢᠨ ᠬᠠᠤᠯᠢ》᠎ᠳᠤ ᠲᠣᠭᠲᠠᠭᠠᠭᠰᠠᠨ ᠵᠠᠷᠯᠠᠨ ᠱᠢᠪᠠᠳᠠᠬᠤ ᠵᠢᠷᠤᠮ᠎ᠢᠶᠠᠷ ᠲᠤᠰ ᠰᠲ᠋ᠤᠺ᠎ᠤᠨ ᠬᠦᠴᠦᠨ᠎ᠦᠭᠡᠢ ᠪᠣᠯᠤᠭᠰᠠᠨ᠎ᠢ ᠲᠤᠩᠬᠠᠭᠯᠠᠭᠤᠯᠬᠤ᠎ᠪᠠᠷ ᠠᠷᠠᠳ᠎ᠤᠨ ᠱᠢᠭᠦᠬᠦ ᠬᠣᠷᠢᠶ᠎ᠠ᠎ᠳᠤ ᠭᠤᠶᠤᠴᠢᠯᠠᠵᠤ ᠪᠣᠯᠤᠨ᠎ᠠ᠃ ᠠᠷᠠᠳ᠎ᠤᠨ ᠱᠢᠭᠦᠬᠦ ᠬᠣᠷᠢᠶ᠎ᠠ ᠲᠤᠰ ᠰᠲ᠋ᠤᠺ᠎ᠤᠨ ᠬᠦᠴᠦᠨ᠎ᠦᠭᠡᠢ ᠪᠣᠯᠤᠭᠰᠠᠨ᠎ᠢ ᠲᠤᠩᠬᠠᠭᠯᠠᠭᠰᠠᠨ᠎ᠤ ᠳᠠᠷᠠᠭ᠎ᠠ ᠬᠤᠪᠢ ᠣᠷᠤᠭᠤᠯᠤᠭᠴᠢ᠎ᠨᠢ ᠰᠲ᠋ᠤᠺ᠎ᠢᠶᠠᠨ ᠨᠥᠬᠦᠪᠦᠷᠢᠯᠡᠭᠦᠯᠬᠦ᠎ᠪᠡᠷ ᠺᠣᠮᠫᠠᠨᠢ᠎ᠳᠤ ᠭᠤᠶᠤᠴᠢᠯᠠᠯ ᠭᠠᠷᠭᠠᠵᠤ ᠪᠣᠯᠤᠨ᠎ᠠ᠃

  ᠵᠠᠭᠤ ᠳᠥᠴᠢᠨ ᠳᠥᠷᠪᠡᠳᠦᠭᠡᠷ ᠵᠦᠢᠯ   ᠰᠲ᠋ᠤᠺ᠎ᠢᠶᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠶᠢᠨ ᠰᠲ᠋ᠤᠺ᠎ᠢ ᠬᠣᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠵᠢᠴᠢ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠎ᠤᠨ ᠠᠷᠠᠯᠵᠢᠶᠠᠯᠠᠬᠤ ᠳᠦᠷᠢᠮ ᠶᠣᠰᠤᠭᠠᠷ ᠰᠲ᠋ᠤᠺ᠎ᠢᠶᠠᠨ ᠵᠠᠬ᠎ᠠ ᠳᠡᠯᠭᠡᠭᠦᠷ᠎ᠲᠦ ᠭᠠᠷᠭᠠᠵᠤ ᠠᠷᠠᠯᠵᠢᠶᠠᠯᠠᠨ᠎ᠠ᠃

  ᠵᠠᠭᠤ ᠳᠥᠴᠢᠨ ᠲᠠᠪᠤᠳᠤᠭᠠᠷ ᠵᠦᠢᠯ   ᠰᠲ᠋ᠤᠺ᠎ᠢᠶᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ ᠡᠷᠬᠡᠪᠱᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠤᠨ ᠲᠣᠭᠲᠠᠭᠠᠯ ᠶᠣᠰᠤᠭᠠᠷ ᠡᠳ᠋᠎ᠦᠨ ᠶᠠᠪᠤᠳᠠᠯ᠎ᠤᠨ ᠪᠠᠢᠳᠠᠯ᠂ ᠡᠵᠡᠩᠨᠡᠯᠲᠡ᠎ᠶᠢᠨ ᠪᠠᠢᠳᠠᠯ ᠪᠣᠯᠤᠨ ᠴᠢᠬᠤᠯᠠ ᠶᠡᠬᠡ ᠵᠠᠷᠭᠤ᠎ᠪᠠᠨ ᠢᠯᠡ᠎ᠪᠡᠷ ᠨᠡᠢᠲᠡᠯᠡᠵᠦ᠂ ᠨᠢᠭᠲᠠᠯᠠᠨ ᠪᠣᠳᠤᠬᠤ ᠣᠨ ᠪᠦᠷᠢ᠎ᠳᠦ ᠡᠳ᠋᠎ᠦᠨ ᠶᠠᠪᠤᠳᠠᠯ᠎ᠤᠨ ᠨᠢᠭᠲᠠᠯᠠᠨ ᠪᠣᠳᠤᠭᠰᠠᠨ ᠮᠡᠳᠡᠭᠦᠯᠦᠯᠲᠡ᠎ᠪᠡᠨ ᠬᠠᠭᠠᠰ ᠵᠢᠯ᠎ᠳᠦ ᠨᠢᠭᠡ ᠤᠳᠠᠭ᠎ᠠ ᠨᠡᠢᠲᠡᠯᠡᠬᠦ ᠬᠡᠷᠡᠭᠲᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604