ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠶᠢᠨ ᠬᠠᠤᠯᠢ (ᠵᠢᠷᠭᠤᠳᠤᠭᠠᠷ ᠪᠦᠯᠦᠭ)
2019.11.07

  

   (1993 ᠣᠨ᠎ᠤ 12 ᠰᠠᠷ᠎ᠠ᠎ᠶᠢᠨ 29 ᠎ᠦ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ

  1999 ᠣᠨ᠎ᠤ 12 ᠰᠠᠷ᠎ᠠ᠎ᠶᠢᠨ 25᠎ᠤ ᠡᠳᠦᠷ᠎ᠦᠨ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠭᠤᠷᠪᠠᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ

  2004 ᠣᠨ᠎ᠤ 8 ᠰᠠᠷ᠎ᠠ᠎ᠶᠢᠨ 28᠎ᠤ ᠡᠳᠦᠷ᠎ᠦᠨ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ

  2005 ᠣᠨ᠎ᠤ 10 ᠰᠠᠷ᠎ᠠ᠎ᠶᠢᠨ 27᠎ᠤ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠵᠠᠰᠠᠪᠤᠷᠢ ᠣᠷᠤᠭᠤᠯᠪᠠ

  2013 ᠣᠨ᠎ᠤ 12 ᠰᠠᠷ᠎ᠠ᠎ᠶᠢᠨ 28᠎ᠤ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ᠎ᠶᠢᠨ ᠣᠷᠴᠢᠨ ᠠᠬᠤᠢ᠎ᠶᠢ ᠬᠠᠮᠠᠭᠠᠯᠠᠬᠤ ᠬᠠᠤᠯᠢ〉 ᠵᠡᠷᠭᠡ ᠳᠣᠯᠤᠭᠠᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ)

 

 

    ᠵᠢᠷᠭᠤᠳᠤᠭᠠᠷ ᠪᠦᠯᠦᠭ   ᠺᠣᠮᠫᠠᠨᠢ᠎ᠶᠢᠨ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ᠎ᠤ ᠬᠢᠷᠢ ᠭᠡᠮ ᠪᠠ ᠡᠭᠦᠷᠭᠡ

 

  ᠵᠠᠭᠤ ᠳᠥᠴᠢᠨ ᠵᠢᠷᠭᠤᠳᠤᠭᠠᠷ ᠵᠦᠢᠯ   ᠳᠣᠣᠷ᠎ᠠ ᠵᠢᠭᠰᠠᠭᠠᠭᠰᠠᠨ ᠪᠠᠢᠳᠠᠯ᠎ᠤᠨ ᠨᠢᠭᠡ᠎ᠨᠢ ᠪᠠᠢᠪᠠᠯ᠂ ᠺᠣᠮᠫᠠᠨᠢ᠎ᠶᠢᠨ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ᠎ᠤ ᠲᠤᠱᠢᠶᠠᠯ᠎ᠢ ᠡᠭᠦᠷᠭᠡᠯᠡᠵᠦ ᠪᠣᠯᠬᠤ᠎ᠦᠭᠡᠢ᠄

  (ᠨᠢᠭᠡ) ᠢᠷᠭᠡᠨ᠎ᠦ ᠬᠡᠷᠡᠭ᠎ᠦᠨ ᠦᠢᠯᠡ ᠠᠵᠢᠯᠯᠠᠭ᠎ᠠ᠎ᠶᠢᠨ ᠴᠢᠳᠠᠪᠤᠷᠢ᠎ᠦᠭᠡᠢ ᠪᠤᠶᠤ ᠢᠷᠭᠡᠨ᠎ᠦ ᠬᠡᠷᠡᠭ᠎ᠦᠨ ᠦᠢᠯᠡ ᠠᠵᠢᠯᠯᠠᠭ᠎ᠠ᠎ᠶᠢᠨ ᠴᠢᠳᠠᠪᠤᠷᠢ᠎ᠨᠢ ᠬᠢᠵᠠᠭᠠᠷᠲᠠᠢ ᠪᠠᠢᠬᠤ;

  (ᠬᠣᠶᠠᠷ) ᠱᠠᠮᠱᠢᠭᠰᠠᠨ᠂ ᠬᠡᠭᠡᠯᠢ ᠲᠦᠯᠬᠢᠵᠦ ᠬᠠᠬᠤᠤᠯᠢ ᠢᠳᠡᠭᠰᠡᠨ᠂ ᠡᠳ ᠬᠥᠷᠦᠩᠭᠡ᠎ᠶᠢ ᠡᠵᠡᠯᠡᠨ ᠠᠪᠤᠭᠰᠠᠨ᠂ ᠡᠳ ᠬᠥᠷᠦᠩᠭᠡ᠎ᠶᠢ ᠨᠡᠭᠦᠯᠭᠡᠨ ᠬᠡᠷᠡᠭᠯᠡᠭᠰᠡᠨ ᠪᠤᠶᠤ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠡᠮᠬᠢ ᠵᠢᠷᠤᠮ᠎ᠢ ᠡᠪᠳᠡᠭᠡᠳ ᠡᠷᠡᠭᠦᠦ ᠱᠢᠳᠭᠡᠯ᠎ᠢᠶᠡᠷ ᠱ᠌ᠢᠳᠭᠡᠭᠳᠡᠵᠦ᠂ ᠭᠦᠢᠴᠡᠳᠭᠡᠬᠦ ᠬᠤᠭᠤᠴᠠᠭ᠎ᠠ᠎ᠨᠢ ᠳᠦᠭᠦᠷᠦᠭᠡᠳ ᠲᠠᠪᠤᠨ ᠵᠢᠯ ᠬᠡᠲᠦᠷᠡᠭᠡᠳᠦᠢ᠂ ᠡᠰᠡᠬᠦᠯ᠎ᠡ ᠶᠠᠯ᠎ᠠ ᠬᠢᠭᠰᠡᠨ᠎ᠡᠴᠡ ᠪᠣᠯᠤᠭᠠᠳ ᠤᠯᠤᠰ ᠲᠥᠷᠦ᠎ᠶᠢᠨ ᠡᠷᠬᠡ᠎ᠪᠡᠨ ᠬᠠᠰᠤᠭᠳᠠᠵᠤ᠂ ᠭᠦᠢᠴᠡᠳᠭᠡᠬᠦ ᠬᠤᠭᠤᠴᠠᠭ᠎ᠠ᠎ᠨᠢ ᠳᠦᠭᠦᠷᠦᠭᠡᠳ ᠲᠠᠪᠤᠨ ᠵᠢᠯ ᠬᠡᠲᠦᠷᠡᠭᠡᠳᠦᠢ ᠪᠠᠢᠬᠤ;

  (ᠭᠤᠷᠪᠠ) ᠳᠠᠮᠫᠤᠷᠠᠵᠤ ᠢᠯᠭᠠᠷᠠᠭᠤᠯᠤᠨ ᠪᠣᠳᠤᠭᠰᠠᠨ ᠺᠣᠮᠫᠠᠨᠢ᠂ ᠠᠵᠤ ᠠᠬᠤᠢᠯᠠᠯ᠎ᠳᠤ ᠬᠡᠷᠡᠭ ᠮᠡᠳᠡᠭᠴᠢ ᠪᠤᠶᠤ ᠦᠢᠯᠡᠳᠪᠦᠷᠢ᠎ᠶᠢᠨ ᠳᠠᠷᠤᠭ᠎ᠠ᠂ ᠵᠢᠩᠯᠢ᠎ᠶᠢᠨ ᠲᠤᠱᠢᠶᠠᠯ ᠡᠭᠦᠷᠭᠡᠯᠡᠵᠦ ᠪᠠᠢᠭᠰᠠᠨ ᠪᠥᠭᠡᠳ ᠲᠤᠰ ᠺᠣᠮᠫᠠᠨᠢ᠂ ᠠᠵᠤ ᠠᠬᠤᠢᠯᠠᠯ᠎ᠤᠨ ᠳᠠᠮᠫᠤᠷᠠᠭᠰᠠᠨ ᠶᠠᠪᠤᠳᠠᠯ᠎ᠳᠤ ᠬᠤᠪᠢ ᠬᠥᠮᠦᠨ᠎ᠦ ᠬᠠᠷᠢᠭᠤᠴᠠᠯᠭ᠎ᠠ᠎ᠲᠠᠢ ᠪᠠᠢᠵᠤ᠂ ᠲᠤᠰ ᠺᠣᠮᠫᠠᠨᠢ᠂ ᠠᠵᠤ ᠠᠬᠤᠢᠯᠠᠯ᠎ᠤᠨ ᠳᠠᠮᠫᠤᠷᠠᠵᠤ ᠢᠯᠭᠠᠷᠠᠭᠤᠯᠤᠨ ᠪᠣᠳᠤᠭᠰᠠᠨ ᠶᠠᠪᠤᠳᠠᠯ ᠳᠠᠭᠤᠰᠤᠭᠰᠠᠨ ᠡᠳᠦᠷ᠎ᠡᠴᠡ ᠡᠬᠢᠯᠡᠵᠦ ᠭᠤᠷᠪᠠᠨ ᠵᠢᠯ ᠬᠡᠲᠦᠷᠡᠭᠡᠳᠦᠢ ᠪᠠᠢᠬᠤ;

  (ᠳᠥᠷᠪᠡ) ᠬᠠᠤᠯᠢ᠎ᠶᠢ ᠵᠥᠷᠢᠴᠡᠭᠰᠡᠨ᠎ᠡᠴᠡ ᠪᠣᠯᠤᠭᠠᠳ ᠡᠵᠡᠩᠨᠡᠯᠲᠡ᠎ᠶᠢᠨ ᠦᠨᠡᠮᠯᠡᠯ᠎ᠢᠶᠡᠨ ᠬᠤᠷᠢᠶᠠᠭᠳᠠᠨ ᠬᠦᠴᠦᠨ᠎ᠦᠭᠡᠢ ᠪᠣᠯᠭᠠᠭᠳᠠᠵᠤ᠂ ᠵᠠᠷᠯᠢᠭ᠎ᠢᠶᠠᠷ ᠡᠭᠦᠳᠡ᠎ᠪᠡᠨ ᠬᠠᠭᠠᠯᠭᠠᠭᠰᠠᠨ ᠺᠣᠮᠫᠠᠨᠢ᠂ ᠠᠵᠤ ᠠᠬᠤᠢᠯᠠᠯ᠎ᠳᠤ ᠬᠠᠤᠯᠢ᠎ᠪᠠᠷ ᠲᠣᠭᠲᠠᠭᠠᠭᠰᠠᠨ ᠲᠥᠯᠦᠭᠡᠯᠡᠭᠴᠢ᠎ᠶᠢᠨ ᠲᠤᠱᠢᠶᠠᠯ ᠡᠭᠦᠷᠭᠡᠯᠡᠵᠦ ᠪᠠᠢᠭᠰᠠᠨ ᠪᠥᠭᠡᠳ ᠬᠤᠪᠢ ᠬᠥᠮᠦᠨ᠎ᠦ ᠬᠠᠷᠢᠭᠤᠴᠠᠯᠭ᠎ᠠ᠎ᠲᠠᠢ ᠪᠠᠢᠵᠤ᠂ ᠲᠤᠰ ᠺᠣᠮᠫᠠᠨᠢ᠂ ᠠᠵᠤ ᠠᠬᠤᠢᠯᠠᠯ᠎ᠨᠢ ᠡᠵᠡᠩᠨᠡᠯᠲᠡ᠎ᠶᠢᠨ ᠦᠨᠡᠮᠯᠡᠯ᠎ᠢᠶᠡᠨ ᠬᠤᠷᠢᠶᠠᠭᠳᠠᠨ ᠬᠦᠴᠦᠨ᠎ᠦᠭᠡᠢ ᠪᠣᠯᠭᠠᠭᠳᠠᠭᠰᠠᠨ ᠡᠳᠦᠷ᠎ᠡᠴᠡ ᠡᠬᠢᠯᠡᠵᠦ ᠭᠤᠷᠪᠠᠨ ᠵᠢᠯ ᠬᠡᠲᠦᠷᠡᠭᠡᠳᠦᠢ ᠪᠠᠢᠬᠤ;

  (ᠲᠠᠪᠤ) ᠬᠤᠪᠢ ᠬᠥᠮᠦᠨ᠎ᠦ ᠥᠷᠢᠲᠦᠵᠦ ᠪᠠᠢᠭ᠎ᠠ ᠲᠣᠭ᠎ᠠ ᠬᠡᠮᠵᠢᠶ᠎ᠡ᠎ᠪᠡᠷ ᠨᠡᠯᠢᠶᠡᠳ ᠶᠡᠬᠡ ᠥᠭᠴᠡᠭᠡ᠎ᠪᠡᠨ ᠬᠤᠭᠤᠴᠠᠭ᠎ᠠ ᠲᠤᠯᠤᠭᠠᠳ ᠲᠥᠯᠦᠭᠡᠳᠦᠢ ᠪᠠᠢᠬᠤ᠃

  ᠺᠣᠮᠫᠠᠨᠢ ᠡᠮᠦᠨᠡᠬᠢ ᠪᠠᠳᠠᠭ᠎ᠤᠨ ᠲᠣᠭᠲᠠᠭᠠᠯ᠎ᠢ ᠵᠥᠷᠢᠴᠡᠨ ᠬᠡᠷᠡᠭ ᠮᠡᠳᠡᠭᠴᠢ᠂ ᠬᠡᠷᠡᠭ ᠬᠢᠨᠠᠭᠴᠢ᠎ᠶᠢ ᠰᠣᠩᠭᠤᠵᠤ᠂ ᠲᠣᠮᠢᠯᠠᠭᠰᠠᠨ ᠪᠤᠶᠤ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ᠎ᠢ ᠤᠷᠢᠵᠤ ᠲᠣᠮᠢᠯᠠᠭᠰᠠᠨ ᠪᠠᠢᠪᠠᠯ᠂ ᠲᠤᠰ ᠰᠣᠩᠭᠤᠯᠲᠠ᠂ ᠲᠣᠮᠢᠯᠠᠯᠲᠠ ᠪᠤᠶᠤ ᠤᠷᠢᠨ ᠲᠣᠮᠢᠯᠠᠯᠲᠠ᠎ᠨᠢ ᠬᠦᠴᠦᠨ᠎ᠦᠭᠡᠢ ᠪᠣᠯᠤᠨ᠎ᠠ᠃

  ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠲᠤᠱᠢᠶᠠᠯ᠎ᠤᠨ ᠬᠤᠭᠤᠴᠠᠭᠠᠨ᠎ᠳᠤ᠎ᠪᠠᠨ ᠲᠤᠰ ᠵᠦᠢᠯ᠎ᠦᠨ ᠨᠢᠭᠡᠳᠦᠭᠡᠷ ᠪᠠᠳᠠᠭ᠎ᠲᠤ ᠵᠢᠭᠰᠠᠭᠠᠭᠰᠠᠨ ᠪᠠᠢᠳᠠᠯ᠎ᠢ ᠭᠠᠷᠭᠠᠭᠰᠠᠨ ᠪᠠᠢᠪᠠᠯ᠂ ᠺᠣᠮᠫᠠᠨᠢ ᠲᠡᠭᠦᠨ᠎ᠢ ᠲᠤᠱᠢᠶᠠᠯ᠎ᠠᠴᠠ᠎ᠨᠢ ᠤᠭᠴᠠᠷᠠᠭᠤᠯᠬᠤ ᠬᠡᠷᠡᠭᠲᠡᠢ᠃

  ᠵᠠᠭᠤ ᠳᠥᠴᠢᠨ ᠳᠣᠯᠤᠳᠤᠭᠠᠷ ᠵᠦᠢᠯ   ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠣᠯᠤᠨ ᠺᠣᠮᠫᠠᠨᠢ᠎ᠶᠢᠨ ᠳᠦᠷᠢᠮ᠎ᠢ ᠵᠢᠷᠤᠮᠯᠠᠬᠤ ᠬᠡᠷᠡᠭᠲᠡᠢ᠂ ᠺᠣᠮᠫᠠᠨᠢ᠎ᠳᠤ ᠦᠨᠡᠨᠴᠢ ᠱᠢᠳᠤᠷᠭᠤ ᠪᠠᠢᠬᠤ ᠪᠠ ᠱᠢᠷᠭᠠᠭᠤ ᠬᠢᠴᠢᠶᠡᠩᠭᠦᠢ᠎ᠪᠡᠷ ᠠᠵᠢᠯᠯᠠᠬᠤ ᠡᠭᠦᠷᠭᠡ᠎ᠲᠡᠢ᠃

  ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠡᠷᠬᠡ ᠲᠤᠱᠢᠶᠠᠯ᠎ᠢᠶᠠᠨ ᠠᠱᠢᠭᠯᠠᠨ ᠬᠡᠭᠡᠯᠢ ᠲᠦᠯᠬᠢᠵᠦ ᠬᠠᠬᠤᠤᠯᠢ ᠢᠳᠡᠬᠦ ᠪᠤᠶᠤ ᠬᠠᠤᠯᠢ ᠪᠤᠰᠤ ᠪᠤᠰᠤᠳ ᠣᠷᠤᠯᠭ᠎ᠠ ᠣᠯᠵᠤ ᠪᠣᠯᠬᠤ᠎ᠦᠭᠡᠢ᠂ ᠺᠣᠮᠫᠠᠨᠢ᠎ᠶᠢᠨ ᠡᠳ ᠬᠥᠷᠦᠩᠭᠡ᠎ᠶᠢ ᠡᠵᠡᠯᠡᠨ ᠠᠪᠴᠤ ᠪᠣᠯᠬᠤ᠎ᠦᠭᠡᠢ᠃

  ᠵᠠᠭᠤ ᠳᠥᠴᠢᠨ ᠨᠠᠢ᠍ᠮᠠᠳᠤᠭᠠᠷ ᠵᠦᠢᠯ   ᠬᠡᠷᠡᠭ ᠮᠡᠳᠡᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ᠎ᠶᠢ ᠬᠢᠵᠦ ᠪᠣᠯᠬᠤ᠎ᠦᠭᠡᠢ᠄

  (ᠨᠢᠭᠡ) ᠺᠣᠮᠫᠠᠨᠢ᠎ᠶᠢᠨ ᠪᠡᠯᠡ ᠮᠥᠩᠭᠦ᠎ᠶᠢ ᠨᠡᠭᠦᠯᠭᠡᠨ ᠬᠡᠷᠡᠭᠯᠡᠬᠦ;

  (ᠬᠣᠶᠠᠷ) ᠺᠣᠮᠫᠠᠨᠢ᠎ᠶᠢᠨ ᠪᠡᠯᠡ ᠮᠥᠩᠭᠦ᠎ᠶᠢ ᠥᠪᠡᠷ᠎ᠦᠨ᠎ᠢᠶᠡᠨ᠎ᠨᠡᠷ᠎ᠡ᠎ᠪᠡᠷ ᠪᠤᠶᠤ ᠪᠤᠰᠤᠳ ᠬᠤᠪᠢ ᠬᠥᠮᠦᠨ᠎ᠦ᠎ᠨᠡᠷ᠎ᠡ᠎ᠪᠡᠷ ᠳᠠᠩᠰᠠᠨ ᠡᠷᠦᠬᠡ ᠭᠠᠷᠭᠠᠵᠤ ᠬᠠᠳᠠᠭᠠᠯᠠᠬᠤ;

  (ᠭᠤᠷᠪᠠ) ᠺᠣᠮᠫᠠᠨᠢ᠎ᠶᠢᠨ ᠳᠦᠷᠢᠮ᠎ᠦᠨ ᠲᠣᠭᠲᠠᠭᠠᠯ᠎ᠢ ᠵᠥᠷᠢᠴᠡᠵᠦ᠂ ᠬᠤᠪᠢ ᠣᠷᠤᠭᠤᠯᠤᠭᠴᠢᠳ᠎ᠤᠨ ᠵᠥᠪᠯᠡᠯ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ ᠪᠤᠶᠤ ᠬᠡᠷᠡᠭ ᠮᠡᠳᠡᠭᠴᠢᠳ᠎ᠦᠨ ᠵᠥᠪᠯᠡᠯ᠎ᠦᠨ ᠵᠥᠪᠱᠢᠶᠡᠷᠡᠯ᠎ᠦᠭᠡᠢ᠎ᠪᠡᠷ ᠺᠣᠮᠫᠠᠨᠢ᠎ᠶᠢᠨ ᠪᠡᠯᠡ ᠮᠥᠩᠭᠦ᠎ᠶᠢ ᠪᠤᠰᠤᠳ ᠬᠥᠮᠦᠨ᠎ᠳᠦ ᠵᠢᠭᠡᠯᠡᠵᠦ ᠥᠭᠬᠦ ᠪᠤᠶᠤ ᠺᠣᠮᠫᠠᠨᠢ᠎ᠶᠢᠨ ᠡᠳ ᠬᠥᠷᠦᠩᠭᠡ᠎ᠪᠡᠷ ᠪᠤᠰᠤᠳ ᠬᠥᠮᠦᠨ᠎ᠳᠦ ᠳᠠᠭᠠᠭᠠᠯᠲᠠ ᠬᠠᠩᠭᠠᠬᠤ;

  (ᠳᠥᠷᠪᠡ) ᠺᠣᠮᠫᠠᠨᠢ᠎ᠶᠢᠨ ᠳᠦᠷᠢᠮ᠎ᠦᠨ ᠲᠣᠭᠲᠠᠭᠠᠯ᠎ᠢ ᠵᠥᠷᠢᠴᠡᠬᠦ ᠪᠤᠶᠤ ᠬᠤᠪᠢ ᠣᠷᠤᠭᠤᠯᠤᠭᠴᠢᠳ᠎ᠤᠨ ᠵᠥᠪᠯᠡᠯ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠵᠥᠪᠱᠢᠶᠡᠷᠡᠯ᠎ᠦᠭᠡᠢ᠎ᠪᠡᠷ ᠲᠤᠰ ᠺᠣᠮᠫᠠᠨᠢ᠎ᠯᠤᠭ᠎ᠠ ᠭᠡᠷ᠎ᠡ ᠪᠠᠢᠭᠤᠯᠬᠤ ᠪᠤᠶᠤ ᠠᠷᠠᠯᠵᠢᠶ᠎ᠠ ᠬᠢᠬᠦ;

  (ᠲᠠᠪᠤ) ᠬᠤᠪᠢ ᠣᠷᠤᠭᠤᠯᠤᠭᠴᠢᠳ᠎ᠤᠨ ᠵᠥᠪᠯᠡᠯ ᠪᠤᠶᠤ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠵᠥᠪᠱᠢᠶᠡᠷᠡᠯ᠎ᠦᠭᠡᠢ᠎ᠪᠡᠷ ᠲᠤᠱᠢᠶᠠᠯ᠎ᠤᠨ᠎ᠢᠶᠠᠨ ᠳᠥᠭᠦᠮ᠎ᠢ ᠠᠱᠢᠭᠯᠠᠨ ᠺᠣᠮᠫᠠᠨᠢ᠎ᠶᠢᠨ ᠬᠤᠳᠠᠯᠳᠤᠭᠠᠨ᠎ᠤ ᠠᠵᠠ ᠲᠣᠬᠢᠶᠠᠯ᠎ᠢ ᠪᠡᠶ᠎ᠡ᠎ᠳᠤ᠎ᠪᠠᠨ ᠪᠤᠶᠤ ᠪᠤᠰᠤᠳ ᠬᠥᠮᠦᠨ᠎ᠳᠦ ᠣᠯᠭᠤᠵᠤ᠂ ᠲᠤᠱᠢᠶᠠᠯ ᠡᠭᠦᠷᠭᠡᠯᠡᠵᠦ ᠪᠠᠢᠭ᠎ᠠ ᠺᠣᠮᠫᠠᠨᠢ᠎ᠯᠤᠭ᠎ᠠ ᠠᠳᠠᠯᠢ ᠲᠥᠷᠦᠯ᠎ᠦᠨ ᠲᠤᠬᠠᠢᠯᠠᠭᠰᠠᠨ ᠠᠵᠢᠯ᠎ᠢ ᠥᠪᠡᠰᠦᠪᠡᠨ ᠡᠵᠡᠩᠨᠡᠬᠦ ᠪᠤᠶᠤ ᠪᠤᠰᠤᠳ᠎ᠲᠤ ᠡᠵᠡᠩᠨᠡᠵᠦ ᠥᠭᠬᠦ;

  (ᠵᠢᠷᠭᠤᠭ᠎ᠠ) ᠺᠣᠮᠫᠠᠨᠢ᠎ᠯᠤᠭ᠎ᠠ ᠠᠷᠠᠯᠵᠢᠶᠠᠯᠠᠭᠰᠠᠨ ᠪᠤᠰᠤᠳ ᠬᠥᠮᠦᠨ᠎ᠦ ᠦᠨ᠎ᠡ ᠵᠠᠰᠠᠬᠤ ᠵᠣᠭᠤᠰ᠎ᠢ ᠬᠦᠯᠢᠶᠡᠨ ᠠᠪᠴᠤ ᠥᠪᠡᠷ᠎ᠦᠨ ᠬᠢ᠎ᠪᠡᠨ ᠪᠣᠯᠭᠠᠬᠤ;

  (ᠳᠣᠯᠤᠭ᠎ᠠ) ᠺᠣᠮᠫᠠᠨᠢ᠎ᠶᠢᠨ ᠨᠢᠭᠤᠴᠠ᠎ᠶᠢ ᠳᠤᠷ᠎ᠠ᠎ᠪᠠᠷ᠎ᠢᠶᠠᠨ ᠵᠠᠳᠠᠷᠠᠭᠤᠯᠬᠤ;

  (ᠨᠠᠢ᠍ᠮᠠ) ᠺᠣᠮᠫᠠᠨᠢ᠎ᠳᠤ ᠦᠨᠡᠨᠴᠢ ᠱᠢᠳᠤᠷᠭᠤ ᠪᠠᠢᠬᠤ ᠡᠭᠦᠷᠭᠡ᠎ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃

  ᠬᠡᠷᠡᠭ ᠮᠡᠳᠡᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ᠎ᠤ ᠡᠮᠦᠨᠡᠬᠢ ᠪᠠᠳᠠᠭ᠎ᠤᠨ ᠲᠣᠭᠲᠠᠭᠠᠯ᠎ᠢ ᠵᠥᠷᠢᠴᠡᠵᠦ ᠣᠯᠤᠭᠰᠠᠨ ᠣᠷᠤᠯᠭ᠎ᠠ᠎ᠶᠢ ᠺᠣᠮᠫᠠᠨᠢ᠎ᠳᠤ ᠥᠮᠴᠢᠯᠡᠭᠦᠯᠬᠦ ᠬᠡᠷᠡᠭᠲᠡᠢ᠃

  ᠵᠠᠭᠤ ᠳᠥᠴᠢ ᠶᠢᠰᠦᠳᠦᠭᠡᠷ ᠵᠦᠢᠯ   ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠺᠣᠮᠫᠠᠨᠢ᠎ᠶᠢᠨ ᠲᠤᠱᠢᠶᠠᠯ᠎ᠢᠶᠠᠨ ᠭᠦᠢᠴᠡᠳᠭᠡᠬᠦ ᠦᠶ᠎ᠡ᠎ᠳᠦ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠤᠶᠤ ᠺᠣᠮᠫᠠᠨᠢ᠎ᠶᠢᠨ ᠳᠦᠷᠢᠮ᠎ᠦᠨ ᠲᠣᠭᠲᠠᠭᠠᠯ᠎ᠢ ᠵᠥᠷᠢᠴᠡᠵᠦ ᠺᠣᠮᠫᠠᠨᠢ᠎ᠳᠤ ᠬᠣᠬᠢᠷᠠᠯ ᠤᠴᠠᠷᠠᠭᠤᠯᠤᠭᠰᠠᠨ ᠪᠠᠢᠪᠠᠯ᠂ ᠲᠥᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃

  ᠵᠠᠭᠤ ᠲᠠᠪᠢᠳᠤᠭᠠᠷ ᠵᠦᠢᠯ   ᠬᠤᠪᠢ ᠣᠷᠤᠭᠤᠯᠤᠭᠴᠢᠳ᠎ᠤᠨ ᠵᠥᠪᠯᠡᠯ ᠪᠤᠶᠤ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠠᠴᠠ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ᠎ᠢ ᠬᠤᠷᠠᠯᠳᠤᠭᠠᠨ᠎ᠳᠤ ᠰᠤᠯᠠ ᠣᠷᠤᠯᠴᠠᠭᠤᠯᠬᠤ᠎ᠪᠠᠷ ᠱᠠᠭᠠᠷᠳᠠᠭᠰᠠᠨ ᠪᠠᠢᠪᠠᠯ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠬᠤᠷᠠᠯᠳᠤᠭᠠᠨ᠎ᠳᠤ ᠰᠤᠯᠠ ᠣᠷᠤᠯᠴᠠᠬᠤ ᠬᠡᠷᠡᠭᠲᠡᠢ ᠪᠥᠭᠡᠳ ᠬᠤᠪᠢ ᠣᠷᠤᠭᠤᠯᠤᠭᠴᠢᠳ᠎ᠤᠨ ᠲᠤᠯᠭᠠᠨ ᠠᠰᠠᠭᠤᠬᠤ᠎ᠶᠢ ᠬᠦᠯᠢᠶᠡᠬᠦ ᠬᠡᠷᠡᠭᠲᠡᠢ᠃

  ᠬᠡᠷᠡᠭ ᠮᠡᠳᠡᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠬᠣᠯᠪᠤᠭᠳᠠᠯ ᠪᠦᠬᠦᠢ ᠪᠠᠢᠳᠠᠯ ᠪᠣᠯᠤᠨ ᠮᠠᠲᠧᠷᠢᠶᠠᠯ᠎ᠢᠶᠠᠨ ᠬᠡᠷᠡᠭ ᠬᠢᠨᠠᠭᠴᠢᠳ᠎ᠤᠨ ᠵᠥᠪᠯᠡᠯ ᠪᠤᠶᠤ ᠬᠡᠷᠡᠭ ᠬᠢᠨᠠᠭᠴᠢᠳ᠎ᠤᠨ ᠵᠥᠪᠯᠡᠯ ᠪᠠᠢᠭᠤᠯᠤᠭᠰᠠᠨ᠎ᠦᠭᠡᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠡᠷᠡᠭ ᠬᠢᠨᠠᠭᠴᠢ᠎ᠳᠤ ᠦᠨᠡᠨ ᠮᠥᠨ᠎ᠢᠶᠡᠷ᠎ᠨᠢ ᠬᠠᠩᠭᠠᠬᠤ ᠬᠡᠷᠡᠭᠲᠡᠢ᠂ ᠬᠡᠷᠡᠭ ᠬᠢᠨᠠᠭᠴᠢᠳ᠎ᠤᠨ ᠵᠥᠪᠯᠡᠯ ᠪᠤᠶᠤ ᠬᠡᠷᠡᠭ ᠬᠢᠨᠠᠭᠴᠢ᠎ᠶᠢᠨ ᠡᠷᠬᠡ ᠲᠤᠱᠢᠶᠠᠯ᠎ᠢᠶᠠᠨ ᠭᠦᠢᠴᠡᠳᠭᠡᠬᠦ᠎ᠶᠢ ᠬᠠᠷᠱᠢᠯᠠᠵᠤ ᠪᠣᠯᠬᠤ᠎ᠦᠭᠡᠢ᠃

  ᠵᠠᠭᠤ ᠲᠠᠪᠢᠨ ᠨᠢᠭᠡᠳᠦᠭᠡᠷ ᠵᠦᠢᠯ   ᠬᠡᠷᠡᠭ ᠮᠡᠳᠡᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ᠎ᠳᠤ ᠲᠤᠰ ᠬᠠᠤᠯᠢ᠎ᠶᠢᠨ ᠵᠠᠭᠤ ᠳᠥᠴᠢ ᠶᠢᠰᠦᠳᠦᠭᠡᠷ ᠵᠦᠢᠯ᠎ᠦᠨ ᠲᠣᠭᠲᠠᠭᠠᠯ᠎ᠳᠠᠬᠢ ᠪᠠᠢᠳᠠᠯ᠎ᠲᠠᠢ ᠪᠠᠢᠪᠠᠯ᠂ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠤᠪᠢ ᠣᠷᠤᠭᠤᠯᠤᠭᠴᠢ᠂ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠵᠠᠭᠤᠨ᠎ᠤ ᠨᠢᠭᠡ᠎ᠡᠴᠡ ᠳᠡᠭᠡᠭᠱᠢᠬᠢ ᠬᠤᠪᠢ᠎ᠶᠢ ᠵᠠᠯᠭᠠᠭᠠᠪᠠᠷ ᠵᠠᠭᠤ ᠨᠠᠶᠠᠨ ᠡᠳᠦᠷ᠎ᠡᠴᠡ ᠳᠡᠭᠡᠭᠱᠢ ᠲᠤᠰᠠᠭᠠᠷ ᠪᠤᠶᠤ ᠨᠡᠢᠲᠡ᠎ᠪᠡᠷ ᠡᠵᠡᠮᠱᠢᠭᠰᠡᠨ ᠬᠤᠪᠢ ᠣᠷᠤᠭᠤᠯᠤᠭᠴᠢ᠎ᠨᠢ ᠬᠡᠷᠡᠭ ᠬᠢᠨᠠᠭᠴᠢᠳ᠎ᠤᠨ ᠵᠥᠪᠯᠡᠯ ᠪᠤᠶᠤ ᠬᠡᠷᠡᠭ ᠬᠢᠨᠠᠭᠴᠢᠳ᠎ᠤᠨ ᠵᠥᠪᠯᠡᠯ ᠪᠠᠢᠭᠤᠯᠤᠭᠰᠠᠨ᠎ᠦᠭᠡᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠡᠷᠡᠭ ᠬᠢᠨᠠᠭᠴᠢ᠎ᠶᠢ ᠠᠷᠠᠳ᠎ᠤᠨ ᠱᠢᠭᠦᠬᠦ ᠬᠣᠷᠢᠶ᠎ᠠ᠎ᠳᠤ ᠵᠠᠷᠭᠤ ᠬᠢᠯᠭᠡᠬᠦ᠎ᠪᠡᠷ ᠪᠢᠴᠢᠭ᠎ᠢᠶᠡᠷ ᠭᠤᠶᠤᠴᠢᠯᠠᠵᠤ ᠪᠣᠯᠤᠨ᠎ᠠ; ᠬᠡᠷᠡᠭ ᠬᠢᠨᠠᠭᠴᠢ᠎ᠳᠤ ᠲᠤᠰ ᠬᠠᠤᠯᠢ᠎ᠶᠢᠨ ᠵᠠᠭᠤ ᠳᠥᠴᠢ ᠶᠢᠰᠦᠳᠦᠭᠡᠷ ᠵᠦᠢᠯ᠎ᠦᠨ ᠲᠣᠭᠲᠠᠭᠠᠯ᠎ᠳᠠᠬᠢ ᠪᠠᠢᠳᠠᠯ᠎ᠲᠠᠢ ᠪᠠᠢᠪᠠᠯ᠂ ᠡᠮᠦᠨ᠎ᠡ ᠳᠤᠷᠠᠳᠤᠭᠰᠠᠨ ᠬᠤᠪᠢ ᠣᠷᠤᠭᠤᠯᠤᠭᠴᠢ᠎ᠨᠢ ᠬᠡᠷᠡᠭ ᠮᠡᠳᠡᠭᠴᠢᠳ᠎ᠦᠨ ᠵᠥᠪᠯᠡᠯ ᠪᠤᠶᠤ ᠬᠡᠷᠡᠭ ᠮᠡᠳᠡᠭᠴᠢᠳ᠎ᠦᠨ ᠵᠥᠪᠯᠡᠯ ᠪᠠᠢᠭᠤᠯᠤᠭᠰᠠᠨ᠎ᠦᠭᠡᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠭᠦᠢᠴᠡᠳᠭᠡᠬᠦ ᠬᠡᠷᠡᠭ ᠮᠡᠳᠡᠭᠴᠢ᠎ᠶᠢ ᠠᠷᠠᠳ᠎ᠤᠨ ᠱᠢᠭᠦᠬᠦ ᠬᠣᠷᠢᠶ᠎ᠠ᠎ᠳᠤ ᠵᠠᠷᠭᠤ ᠬᠢᠯᠭᠡᠬᠦ᠎ᠪᠡᠷ ᠪᠢᠴᠢᠭ᠎ᠢᠶᠡᠷ ᠭᠤᠶᠤᠴᠢᠯᠠᠵᠤ ᠪᠣᠯᠤᠨ᠎ᠠ᠃

  ᠬᠡᠷᠡᠭ ᠬᠢᠨᠠᠭᠴᠢᠳ᠎ᠤᠨ ᠵᠥᠪᠯᠡᠯ᠂ ᠬᠡᠷᠡᠭ ᠬᠢᠨᠠᠭᠴᠢᠳ᠎ᠤᠨ ᠵᠥᠪᠯᠡᠯ ᠪᠠᠢᠭᠤᠯᠤᠭᠰᠠᠨ᠎ᠦᠭᠡᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠡᠷᠡᠭ ᠬᠢᠨᠠᠭᠴᠢ ᠪᠤᠶᠤ ᠬᠡᠷᠡᠭ ᠮᠡᠳᠡᠭᠴᠢᠳ᠎ᠦᠨ ᠵᠥᠪᠯᠡᠯ᠂ ᠭᠦᠢᠴᠡᠳᠭᠡᠬᠦ ᠬᠡᠷᠡᠭ ᠮᠡᠳᠡᠭᠴᠢ ᠡᠮᠦᠨᠡᠬᠢ ᠪᠠᠳᠠᠭ᠎ᠲᠤ ᠲᠣᠭᠲᠠᠭᠠᠭᠰᠠᠨ ᠬᠤᠪᠢ ᠣᠷᠤᠭᠤᠯᠤᠭᠴᠢ᠎ᠶᠢᠨ ᠪᠢᠴᠢᠭ᠎ᠦᠨ ᠭᠤᠶᠤᠴᠢᠯᠠᠯ᠎ᠢ ᠣᠯᠤᠭᠰᠠᠨ᠎ᠤ ᠳᠠᠷᠠᠭ᠎ᠠ ᠵᠠᠭᠠᠯᠳᠤᠬᠤ᠎ᠶᠢ ᠲᠡᠪᠴᠢᠬᠦ᠂ ᠡᠰᠡᠬᠦᠯ᠎ᠡ ᠭᠤᠶᠤᠴᠢᠯᠠᠯ᠎ᠢ ᠣᠯᠤᠭᠰᠠᠨ ᠡᠳᠦᠷ᠎ᠡᠴᠡ ᠡᠬᠢᠯᠡᠨ ᠭᠤᠴᠢᠨ ᠡᠳᠦᠷ᠎ᠦᠨ ᠳᠣᠲᠤᠷ᠎ᠠ ᠵᠠᠭᠠᠯᠳᠤᠭᠰᠠᠨ᠎ᠦᠭᠡᠢ᠂ ᠡᠰᠡᠬᠦᠯ᠎ᠡ ᠪᠠᠢᠳᠠᠯ ᠪᠠᠴᠢᠮ᠂ ᠲᠡᠷᠡ ᠳᠠᠷᠤᠢ᠎ᠳᠤ᠎ᠨᠢ ᠵᠠᠭᠠᠯᠳᠤᠬᠤ᠎ᠦᠭᠡᠢ ᠪᠣᠯ ᠺᠣᠮᠫᠠᠨᠢ᠎ᠶᠢᠨ ᠠᠱᠢᠭ ᠲᠤᠰᠠ᠎ᠳᠤ ᠨᠥᠬᠦᠪᠦᠷᠢᠯᠡᠬᠦᠶ᠎ᠡ ᠪᠡᠷᠬᠡ ᠬᠣᠬᠢᠷᠠᠯ ᠤᠴᠠᠷᠠᠭᠤᠯᠬᠤ᠎ᠳᠤ ᠬᠦᠷᠪᠡᠯ᠂ ᠡᠮᠦᠨᠡᠬᠢ ᠪᠠᠳᠠᠭ᠎ᠲᠤ ᠲᠣᠭᠲᠠᠭᠠᠭᠰᠠᠨ ᠬᠤᠪᠢ ᠣᠷᠤᠭᠤᠯᠤᠭᠴᠢ᠎ᠨᠢ ᠺᠣᠮᠫᠠᠨᠢ᠎ᠶᠢᠨ ᠠᠱᠢᠭ ᠲᠤᠰᠠ᠎ᠶᠢᠨ ᠲᠥᠯᠦᠭᠡ ᠥᠪᠡᠷ᠎ᠦᠨ᠎ᠨᠡᠷ᠎ᠡ᠎ᠪᠡᠷ᠎ᠢᠶᠡᠨ ᠠᠷᠠᠳ᠎ᠤᠨ ᠱᠢᠭᠦᠬᠦ ᠬᠣᠷᠢᠶᠠᠨ᠎ᠳᠤ ᠱᠢᠭᠤᠳ ᠵᠠᠭᠠᠯᠳᠤᠬᠤ ᠡᠷᠬᠡ᠎ᠲᠡᠢ᠃

  ᠪᠤᠰᠤᠳ ᠬᠥᠮᠦᠨ ᠺᠣᠮᠫᠠᠨᠢ᠎ᠶᠢᠨ ᠬᠠᠤᠯᠢ ᠶᠣᠰᠤᠨ᠎ᠤ ᠡᠷᠬᠡ ᠠᠱᠢᠭ᠎ᠲᠤ ᠬᠠᠯᠳᠠᠭᠠᠳ ᠺᠣᠮᠫᠠᠨᠢ᠎ᠳᠤ ᠬᠣᠬᠢᠷᠠᠯ ᠤᠴᠠᠷᠠᠭᠤᠯᠤᠭᠰᠠᠨ ᠪᠠᠢᠪᠠᠯ᠂ ᠲᠤᠰ ᠵᠦᠢᠯ᠎ᠦᠨ ᠨᠢᠭᠡᠳᠦᠭᠡᠷ ᠪᠠᠳᠠᠭ᠎ᠲᠤ ᠲᠣᠭᠲᠠᠭᠠᠭᠰᠠᠨ ᠬᠤᠪᠢ ᠣᠷᠤᠭᠤᠯᠤᠭᠴᠢ ᠡᠮᠦᠨᠡᠬᠢ ᠬᠣᠶᠠᠷ ᠪᠠᠳᠠᠭ᠎ᠤᠨ ᠲᠣᠭᠲᠠᠭᠠᠯ ᠶᠣᠰᠤᠭᠠᠷ ᠠᠷᠠᠳ᠎ᠤᠨ ᠱᠢᠭᠦᠬᠦ ᠬᠣᠷᠢᠶᠠᠨ᠎ᠳᠤ ᠵᠠᠭᠠᠯᠳᠤᠵᠤ ᠪᠣᠯᠤᠨ᠎ᠠ᠃

  ᠵᠠᠭᠤ ᠲᠠᠪᠢᠨ ᠬᠣᠶᠠᠳᠤᠭᠠᠷ ᠵᠦᠢᠯ   ᠬᠡᠷᠡᠭ ᠮᠡᠳᠡᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠤᠶᠤ ᠺᠣᠮᠫᠠᠨᠢ᠎ᠶᠢᠨ ᠳᠦᠷᠢᠮ᠎ᠦᠨ ᠲᠣᠭᠲᠠᠭᠠᠯ᠎ᠢ ᠵᠥᠷᠢᠴᠡᠵᠦ᠂ ᠬᠤᠪᠢ ᠣᠷᠤᠭᠤᠯᠤᠭᠴᠢᠳ᠎ᠤᠨ ᠠᠱᠢᠭ ᠲᠤᠰᠠ᠎ᠶᠢ ᠬᠣᠬᠢᠷᠠᠭᠤᠯᠤᠭᠰᠠᠨ ᠪᠠᠢᠪᠠᠯ᠂ ᠬᠤᠪᠢ ᠣᠷᠤᠭᠤᠯᠤᠭᠴᠢ ᠠᠷᠠᠳ᠎ᠤᠨ ᠱᠢᠭᠦᠬᠦ ᠬᠣᠷᠢᠶᠠᠨ᠎ᠳᠤ ᠵᠠᠭᠠᠯᠳᠤᠵᠤ ᠪᠣᠯᠤᠨ᠎ᠠ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604