ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠶᠢᠨ ᠬᠠᠤᠯᠢ (ᠳᠣᠯᠤᠳᠤᠭᠠᠷ ᠪᠦᠯᠦᠭ)
2019.11.07

  

   (1993 ᠣᠨ᠎ᠤ 12 ᠰᠠᠷ᠎ᠠ᠎ᠶᠢᠨ 29᠎ᠦ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ

  1999 ᠣᠨ᠎ᠤ 12 ᠰᠠᠷ᠎ᠠ᠎ᠶᠢᠨ 25᠎ᠤ ᠡᠳᠦᠷ᠎ᠦᠨ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠭᠤᠷᠪᠠᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ

  2004 ᠣᠨ᠎ᠤ 8 ᠰᠠᠷ᠎ᠠ᠎ᠶᠢᠨ 28᠎ᠤ ᠡᠳᠦᠷ᠎ᠦᠨ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ

  2005 ᠣᠨ᠎ᠤ 10 ᠰᠠᠷ᠎ᠠ᠎ᠶᠢᠨ 27᠎ᠤ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠵᠠᠰᠠᠪᠤᠷᠢ ᠣᠷᠤᠭᠤᠯᠪᠠ

  2013 ᠣᠨ᠎ᠤ 12 ᠰᠠᠷ᠎ᠠ᠎ᠶᠢᠨ 28᠎ᠤ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ᠎ᠶᠢᠨ ᠣᠷᠴᠢᠨ ᠠᠬᠤᠢ᠎ᠶᠢ ᠬᠠᠮᠠᠭᠠᠯᠠᠬᠤ ᠬᠠᠤᠯᠢ〉 ᠵᠡᠷᠭᠡ ᠳᠣᠯᠤᠭᠠᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ)

 

 

    ᠳᠣᠯᠤᠳᠤᠭᠠᠷ ᠪᠦᠯᠦᠭ   ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ

 

  ᠵᠠᠭᠤ ᠲᠠᠪᠢᠨ ᠭᠤᠷᠪᠠᠳᠤᠭᠠᠷ ᠵᠦᠢᠯ   ᠲᠤᠰ ᠬᠠᠤᠯᠢ᠎ᠳᠤ ᠬᠡᠯᠡᠵᠦ ᠪᠠᠢᠭ᠎ᠠ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ ᠭᠡᠳᠡᠭ᠎ᠨᠢ ᠺᠣᠮᠫᠠᠨᠢ᠎ᠠᠴᠠ ᠬᠠᠤᠯᠢ᠎ᠪᠠᠷ ᠲᠣᠭᠲᠠᠭᠠᠭᠰᠠᠨ ᠵᠢᠷᠤᠮ ᠶᠣᠰᠤᠭᠠᠷ ᠲᠠᠷᠬᠠᠭᠠᠭᠰᠠᠨ᠂ ᠵᠣᠬᠢᠬᠤ ᠬᠤᠭᠤᠴᠠᠭᠠᠨ᠎ᠳᠤ ᠡᠬᠡ ᠮᠥᠩᠭᠦ᠎ᠶᠢ᠎ᠨᠢ ᠪᠤᠴᠠᠭᠠᠵᠤ ᠬᠦᠦ ᠮᠥᠩᠭᠦ᠎ᠶᠢ᠎ᠨᠢ ᠲᠥᠯᠦᠬᠦ᠎ᠪᠡᠷ ᠪᠣᠯᠵᠤᠨ ᠲᠣᠭᠲᠠᠭᠠᠭᠰᠠᠨ ᠦᠨᠡᠲᠦ ᠲᠡᠮᠳᠡᠭᠲᠦ᠎ᠶᠢ ᠵᠢᠭᠠᠵᠤ ᠪᠠᠢᠨ᠎ᠠ᠃

 ᠺᠣᠮᠫᠠᠨᠢ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ ᠲᠠᠷᠬᠠᠭᠠᠬᠤ᠎ᠳᠤ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠡᠲᠦ ᠲᠡᠮᠳᠡᠭᠲᠦ᠎ᠶᠢᠨ ᠬᠠᠤᠯᠢ》᠎ᠳᠤ ᠲᠣᠭᠲᠠᠭᠠᠭᠰᠠᠨ ᠲᠠᠷᠬᠠᠭᠠᠬᠤ ᠨᠥᠬᠦᠴᠡᠯ᠎ᠳᠦ ᠨᠡᠢᠴᠡᠭᠰᠡᠨ ᠪᠠᠢᠬᠤ ᠬᠡᠷᠡᠭᠲᠡᠢ᠃

  ᠵᠠᠭᠤ ᠲᠠᠪᠢᠨ ᠳᠥᠷᠪᠡᠳᠦᠭᠡᠷ ᠵᠦᠢᠯ   ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ ᠲᠠᠷᠬᠠᠭᠠᠬᠤ ᠭᠤᠶᠤᠴᠢᠯᠠᠯ᠎ᠢ ᠲᠥᠷᠦ᠎ᠶᠢᠨ ᠶᠠᠪᠤᠳᠠᠯ᠎ᠤᠨ ᠬᠣᠷᠢᠶᠠᠨ᠎ᠠᠴᠠ ᠡᠷᠬᠡ ᠣᠯᠭᠤᠭᠰᠠᠨ ᠰᠠᠯᠠᠭ᠎ᠠ ᠮᠥᠴᠢᠷ᠎ᠢᠶᠡᠷ ᠬᠢᠨᠠᠨ ᠵᠥᠪᠱᠢᠶᠡᠷᠡᠭᠦᠯᠦᠭᠰᠡᠨ᠎ᠦ ᠳᠠᠷᠠᠭ᠎ᠠ᠂ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠪᠡᠷ ᠵᠣᠭᠤᠰ ᠴᠤᠭᠯᠠᠭᠤᠯᠬᠤ ᠠᠷᠭ᠎ᠠ᠎ᠶᠢ ᠵᠠᠷᠯᠠᠨ ᠨᠡᠢᠲᠡᠯᠡᠬᠦ ᠬᠡᠷᠡᠭᠲᠡᠢ᠃

  ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠪᠡᠷ ᠵᠣᠭᠤᠰ ᠴᠤᠭᠯᠠᠭᠤᠯᠬᠤ ᠠᠷᠭ᠎ᠠ᠎ᠳᠤ ᠳᠣᠣᠷ᠎ᠠ ᠵᠢᠭᠰᠠᠭᠠᠭᠰᠠᠨ ᠭᠣᠣᠯ ᠵᠦᠢᠯᠡᠰ᠎ᠢ ᠲᠣᠳᠤᠷᠬᠠᠢ ᠲᠡᠮᠳᠡᠭᠯᠡᠭᠰᠡᠨ ᠪᠠᠢᠬᠤ ᠬᠡᠷᠡᠭᠲᠡᠢ᠄

  (ᠨᠢᠭᠡ) ᠺᠣᠮᠫᠠᠨᠢ᠎ᠶᠢᠨ ᠨᠡᠷᠡᠢᠳᠦᠯ;

  (ᠬᠣᠶᠠᠷ) ᠵᠢᠭᠡᠯᠡᠯᠭᠡ᠎ᠶᠢᠨ ᠲᠡᠮᠳᠡᠭᠲᠦ᠎ᠪᠡᠷ ᠴᠤᠭᠯᠠᠭᠤᠯᠤᠭᠰᠠᠨ ᠪᠡᠯᠡ ᠮᠥᠩᠭᠦ᠎ᠶᠢᠨ ᠬᠡᠷᠡᠭᠴᠡᠭᠡ;

  (ᠭᠤᠷᠪᠠ) ᠵᠢᠭᠡᠯᠡᠯᠭᠡ᠎ᠶᠢᠨ ᠲᠡᠮᠳᠡᠭᠲᠦ᠎ᠶᠢᠨ ᠶᠡᠷᠦᠩᠬᠡᠢ ᠲᠣᠭ᠎ᠠ ᠪᠣᠯᠤᠨ ᠵᠢᠭᠡᠯᠡᠯᠭᠡ᠎ᠶᠢᠨ ᠲᠡᠮᠳᠡᠭᠲᠦ᠎ᠶᠢᠨ ᠨᠢᠭᠤᠷ᠎ᠤᠨ ᠵᠣᠭᠤᠰ᠎ᠤᠨ ᠲᠣᠭ᠎ᠠ;

  (ᠳᠥᠷᠪᠡ) ᠵᠢᠭᠡᠯᠡᠯᠭᠡ᠎ᠶᠢᠨ ᠲᠡᠮᠳᠡᠭᠲᠦ᠎ᠶᠢᠨ ᠬᠦᠦ᠎ᠶᠢᠨ ᠨᠣᠷᠮ᠎ᠠ᠎ᠶᠢ ᠲᠣᠭᠲᠠᠭᠠᠬᠤ ᠠᠷᠭ᠎ᠠ ᠮᠠᠶᠢᠭ;

  (ᠲᠠᠪᠤ) ᠡᠬᠡ ᠮᠥᠩᠭᠦ᠎ᠶᠢ᠎ᠨᠢ ᠪᠤᠴᠠᠭᠠᠵᠤ ᠬᠦᠦ ᠮᠥᠩᠭᠦ᠎ᠶᠢ᠎ᠨᠢ ᠲᠥᠯᠦᠬᠦ ᠴᠠᠭ ᠬᠤᠭᠤᠴᠠᠭ᠎ᠠ ᠪᠣᠯᠤᠨ ᠠᠷᠭ᠎ᠠ ᠮᠠᠶᠢᠭ;

  (ᠵᠢᠷᠭᠤᠭ᠎ᠠ) ᠵᠢᠭᠡᠯᠡᠯᠭᠡ᠎ᠶᠢᠨ ᠲᠡᠮᠳᠡᠭᠲᠦ᠎ᠶᠢᠨ ᠳᠠᠭᠠᠭᠠᠯᠲᠠ᠎ᠶᠢᠨ ᠪᠠᠢᠳᠠᠯ;

  (ᠳᠣᠯᠤᠭ᠎ᠠ) ᠵᠢᠭᠡᠯᠡᠯᠭᠡ᠎ᠶᠢᠨ ᠲᠡᠮᠳᠡᠭᠲᠦ᠎ᠶᠢᠨ ᠲᠠᠷᠬᠠᠭᠠᠬᠤ ᠦᠨ᠎ᠡ᠂ ᠲᠠᠷᠬᠠᠭᠠᠯᠲᠠ᠎ᠶᠢᠨ ᠡᠬᠢᠯᠡᠬᠦ ᠪᠠ ᠳᠠᠭᠤᠰᠭᠤ ᠡᠳᠦᠷ ᠬᠤᠭᠤᠴᠠᠭ᠎ᠠ;

  (ᠨᠠᠢ᠍ᠮᠠ) ᠺᠣᠮᠫᠠᠨᠢ᠎ᠶᠢᠨ ᠴᠡᠪᠡᠷ ᠡᠳ ᠬᠥᠷᠦᠩᠭᠡ᠎ᠶᠢᠨ ᠬᠡᠮᠵᠢᠶ᠎ᠡ;

  (ᠶᠢᠰᠦ) ᠺᠣᠮᠫᠠᠨᠢ᠎ᠶᠢᠨ ᠨᠢᠭᠡᠨᠲᠡ ᠲᠠᠷᠬᠠᠭᠠᠭᠠᠳ ᠬᠤᠭᠤᠴᠠᠭ᠎ᠠ᠎ᠨᠢ ᠲᠤᠯᠤᠭᠠᠳᠤᠢ ᠵᠢᠭᠡᠯᠡᠯᠭᠡ᠎ᠶᠢᠨ ᠲᠡᠮᠳᠡᠭᠲᠦ᠎ᠶᠢᠨ ᠶᠡᠷᠦᠩᠬᠡᠢ ᠲᠣᠭ᠎ᠠ;

  (ᠠᠷᠪᠠ) ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢ ᠳᠠᠭᠠᠭᠠᠨ ᠪᠣᠷᠤᠯᠠᠭᠤᠯᠬᠤ ᠪᠠᠢᠭᠤᠯᠤᠮᠵᠢ᠃

  ᠵᠠᠭᠤ ᠲᠠᠪᠢᠨ ᠲᠠᠪᠤᠳᠤᠭᠠᠷ ᠵᠦᠢᠯ   ᠺᠣᠮᠫᠠᠨᠢ ᠪᠣᠳᠠᠲᠤ ᠲᠡᠮᠳᠡᠭᠲᠦ᠎ᠶᠢᠨ ᠠᠷᠭ᠎ᠠ ᠮᠠᠶᠢᠭ᠎ᠢᠶᠠᠷ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ ᠲᠠᠷᠬᠠᠭᠠᠬᠤ᠎ᠳᠤ ᠡᠷᠬᠡᠪᠱᠢ ᠵᠢᠭᠡᠯᠡᠯᠭᠡ᠎ᠶᠢᠨ ᠲᠡᠮᠳᠡᠭᠲᠦ ᠳᠡᠭᠡᠷ᠎ᠡ᠎ᠪᠡᠨ ᠺᠣᠮᠫᠠᠨᠢ᠎ᠶᠢᠨ ᠨᠡᠷᠡᠢᠳᠦᠯ᠂ ᠵᠢᠭᠡᠯᠡᠯᠭᠡ᠎ᠶᠢᠨ ᠲᠡᠮᠳᠡᠭᠲᠦ᠎ᠶᠢᠨ ᠨᠢᠭᠤᠷ᠎ᠤᠨ ᠵᠣᠭᠤᠰ᠎ᠤᠨ ᠲᠣᠭ᠎ᠠ᠂ ᠬᠦᠦ᠎ᠶᠢᠨ ᠨᠣᠷᠮ᠎ᠠ᠂ ᠪᠤᠴᠠᠭᠠᠨ ᠥᠭᠬᠦ ᠴᠠᠭ ᠬᠤᠭᠤᠴᠠᠭ᠎ᠠ ᠵᠡᠷᠭᠡ ᠵᠦᠢᠯᠡᠰ᠎ᠢ ᠲᠣᠳᠤᠷᠬᠠᠢ ᠲᠡᠮᠳᠡᠭᠯᠡᠬᠦ᠎ᠶᠢᠨ ᠬᠠᠮᠲᠤ ᠬᠠᠤᠯᠢ᠎ᠪᠠᠷ ᠲᠣᠭᠲᠠᠭᠠᠭᠰᠠᠨ ᠲᠥᠯᠦᠭᠡᠯᠡᠭᠴᠢ᠎ᠨᠢ ᠭᠠᠷ᠎ᠤᠨ ᠦᠰᠦᠭ ᠵᠢᠷᠤᠵᠤ᠂ ᠺᠣᠮᠫᠠᠨᠢ ᠲᠠᠮᠠᠭ᠎ᠠ᠎ᠪᠠᠨ ᠳᠠᠷᠤᠬᠤ ᠬᠡᠷᠡᠭᠲᠡᠢ᠃

  ᠵᠠᠭᠤ ᠲᠠᠪᠢᠨ ᠵᠢᠷᠭᠤᠳᠤᠭᠠᠷ ᠵᠦᠢᠯ   ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠨᠢ᠎ᠨᠡᠷ᠎ᠡ ᠬᠠᠲᠠᠭᠰᠠᠨ ᠵᠢᠭᠡᠯᠡᠯᠭᠡ᠎ᠶᠢᠨ ᠲᠡᠮᠳᠡᠭᠲᠦ ᠪᠠᠢᠵᠤ ᠪᠣᠯᠤᠨ᠎ᠠ᠂᠎ᠨᠡᠷ᠎ᠡ ᠬᠠᠲᠠᠭᠰᠠᠨ᠎ᠦᠭᠡᠢ ᠵᠢᠭᠡᠯᠡᠯᠭᠡ᠎ᠶᠢᠨ ᠲᠡᠮᠳᠡᠭᠲᠦ᠎ᠴᠦ ᠪᠠᠢᠵᠤ ᠪᠣᠯᠤᠨ᠎ᠠ᠃

  ᠵᠠᠭᠤ ᠲᠠᠪᠢᠨ ᠳᠣᠯᠤᠳᠤᠭᠠᠷ ᠵᠦᠢᠯ   ᠺᠣᠮᠫᠠᠨᠢ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ ᠲᠠᠷᠬᠠᠭᠠᠬᠤ᠎ᠳᠤ᠎ᠪᠠᠨ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢᠨ ᠦᠯᠡᠳᠡᠭᠡᠰᠦ ᠳᠡᠪᠲᠡᠷ᠎ᠲᠡᠢ ᠪᠠᠢᠬᠤ ᠬᠡᠷᠡᠭᠲᠡᠢ᠃

  ᠨᠡᠷ᠎ᠡ ᠬᠠᠲᠠᠭᠰᠠᠨ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ ᠲᠠᠷᠬᠠᠭᠠᠪᠠᠯ᠂ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢᠨ ᠦᠯᠡᠳᠡᠭᠡᠰᠦ ᠳᠡᠪᠲᠡᠷ᠎ᠲᠦ ᠳᠣᠣᠷ᠎ᠠ ᠵᠢᠭᠰᠠᠭᠠᠭᠰᠠᠨ ᠵᠦᠢᠯᠡᠰ᠎ᠢ ᠲᠣᠳᠤᠷᠬᠠᠢ ᠲᠡᠮᠳᠡᠭᠯᠡᠬᠦ ᠬᠡᠷᠡᠭᠲᠡᠢ᠄

  (ᠨᠢᠭᠡ) ᠵᠢᠭᠡᠯᠡᠯᠭᠡ᠎ᠶᠢᠨ ᠲᠡᠮᠳᠡᠭᠲᠦ ᠡᠵᠡᠮᠱᠢᠭᠴᠢ᠎ᠶᠢᠨ ᠣᠪᠤᠭ᠎ᠨᠡᠷ᠎ᠡ ᠪᠤᠶᠤ ᠨᠡᠷᠡᠢᠳᠦᠯ ᠵᠢᠴᠢ ᠣᠷᠤᠨ ᠰᠠᠭᠤᠴᠠ;

  (ᠬᠣᠶᠠᠷ) ᠵᠢᠭᠡᠯᠡᠯᠭᠡ᠎ᠶᠢᠨ ᠲᠡᠮᠳᠡᠭᠲᠦ ᠡᠵᠡᠮᠱᠢᠭᠴᠢ᠎ᠶᠢᠨ ᠵᠢᠭᠡᠯᠡᠯᠭᠡ᠎ᠶᠢᠨ ᠲᠡᠮᠳᠡᠭᠲᠦ ᠣᠯᠤᠭᠰᠠᠨ ᠡᠳᠦᠷ ᠬᠤᠭᠤᠴᠠᠭ᠎ᠠ ᠪᠣᠯᠤᠨ ᠵᠢᠭᠡᠯᠡᠯᠭᠡ᠎ᠶᠢᠨ ᠲᠡᠮᠳᠡᠭᠲᠦ᠎ᠶᠢᠨ ᠳ᠋ᠤᠭᠠᠷᠯᠠᠯ;

  (ᠭᠤᠷᠪᠠ) ᠵᠢᠭᠡᠯᠡᠯᠭᠡ᠎ᠶᠢᠨ ᠲᠡᠮᠳᠡᠭᠲᠦ᠎ᠶᠢᠨ ᠶᠡᠷᠦᠩᠬᠡᠢ ᠲᠣᠭ᠎ᠠ᠂ ᠵᠢᠭᠡᠯᠡᠯᠭᠡ᠎ᠶᠢᠨ ᠲᠡᠮᠳᠡᠭᠲᠦ᠎ᠶᠢᠨ ᠨᠢᠭᠤᠷ᠎ᠤᠨ ᠵᠣᠭᠤᠰ᠎ᠤᠨ ᠲᠣᠭ᠎ᠠ᠂ ᠬᠦᠦ᠎ᠶᠢᠨ ᠨᠣᠷᠮ᠎ᠠ᠂ ᠡᠬᠡ ᠮᠥᠩᠭᠦ᠎ᠶᠢ ᠪᠤᠴᠠᠭᠠᠵᠤ ᠬᠦᠦ ᠮᠥᠩᠭᠦ᠎ᠶᠢ᠎ᠨᠢ ᠲᠥᠯᠦᠬᠦ ᠴᠠᠭ ᠬᠤᠭᠤᠴᠠᠭ᠎ᠠ ᠪᠠ ᠠᠷᠭ᠎ᠠ ᠮᠠᠶᠢᠭ;

  (ᠳᠥᠷᠪᠡ) ᠵᠢᠭᠡᠯᠡᠯᠭᠡ᠎ᠶᠢᠨ ᠲᠡᠮᠳᠡᠭᠲᠦ ᠲᠠᠷᠬᠠᠭᠠᠭᠰᠠᠨ ᠡᠳᠦᠷ ᠬᠤᠭᠤᠴᠠᠭ᠎ᠠ᠃

  ᠨᠡᠷ᠎ᠡ ᠬᠠᠲᠠᠭᠰᠠᠨ᠎ᠦᠭᠡᠢ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ ᠲᠠᠷᠬᠠᠭᠠᠪᠠᠯ᠂ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢᠨ ᠦᠯᠡᠳᠡᠭᠡᠰᠦ ᠳᠡᠪᠲᠡᠷ᠎ᠲᠦ ᠵᠢᠭᠡᠯᠡᠯᠭᠡ᠎ᠶᠢᠨ ᠲᠡᠮᠳᠡᠭᠲᠦ᠎ᠶᠢᠨ ᠶᠡᠷᠦᠩᠬᠡᠢ ᠲᠣᠭ᠎ᠠ᠂ ᠬᠦᠦ᠎ᠶᠢᠨ ᠨᠣᠷᠮ᠎ᠠ᠂ ᠪᠤᠴᠠᠭᠠᠵᠤ ᠥᠭᠬᠦ ᠴᠠᠭ ᠬᠤᠭᠤᠴᠠᠭ᠎ᠠ ᠪᠣᠯᠤᠨ ᠠᠷᠭ᠎ᠠ ᠮᠠᠶᠢᠭ᠂ ᠲᠠᠷᠬᠠᠭᠠᠭᠰᠠᠨ ᠡᠳᠦᠷ ᠬᠤᠭᠤᠴᠠᠭ᠎ᠠ ᠵᠢᠴᠢ ᠵᠢᠭᠡᠯᠡᠯᠭᠡ᠎ᠶᠢᠨ ᠲᠡᠮᠳᠡᠭᠲᠦ᠎ᠶᠢᠨ ᠳ᠋ᠤᠭᠠᠷᠯᠠᠯ᠎ᠢ ᠲᠣᠳᠤᠷᠬᠠᠢ ᠲᠡᠮᠳᠡᠭᠯᠡᠬᠦ ᠬᠡᠷᠡᠭᠲᠡᠢ᠃

  ᠵᠠᠭᠤ ᠲᠠᠪᠢᠨ ᠨᠠᠢ᠍ᠮᠠᠳᠤᠭᠠᠷ ᠵᠦᠢᠯ   ᠨᠡᠷ᠎ᠡ ᠬᠠᠲᠠᠭᠰᠠᠨ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢ ᠳᠠᠩᠰᠠᠯᠠᠵᠤ ᠳ᠋ᠦᠩᠨᠡᠨ ᠪᠣᠳᠤᠬᠤ ᠪᠠᠢᠭᠤᠯᠤᠮᠵᠢ ᠵᠢᠭᠡᠯᠡᠯᠭᠡ᠎ᠶᠢᠨ ᠲᠡᠮᠳᠡᠭᠲᠦ᠎ᠶᠢ ᠳᠠᠩᠰᠠᠯᠠᠬᠤ᠂ ᠬᠠᠳᠠᠭᠠᠯᠠᠨ ᠬᠠᠮᠢᠶᠠᠷᠬᠤ᠂ ᠬᠦᠦ᠎ᠶᠢ᠎ᠨᠢ ᠲᠥᠯᠦᠬᠦ᠂ ᠰᠣᠯᠢᠵᠤ ᠥᠭᠬᠦ ᠵᠡᠷᠭᠡ ᠬᠣᠯᠪᠤᠭᠳᠠᠯ ᠪᠦᠬᠦᠢ ᠳᠦᠷᠢᠮ᠎ᠢ ᠲᠣᠭᠲᠠᠭᠠᠬᠤ ᠬᠡᠷᠡᠭᠲᠡᠢ᠃

  ᠵᠠᠭᠤ ᠲᠠᠪᠢ ᠶᠢᠰᠦᠳᠦᠭᠡᠷ ᠵᠦᠢᠯ   ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢ ᠱᠢᠯᠵᠢᠭᠦᠯᠦᠨ ᠥᠭᠴᠦ ᠪᠣᠯᠤᠨ᠎ᠠ᠂ ᠱᠢᠯᠵᠢᠭᠦᠯᠦᠨ ᠥᠭᠬᠦ ᠦᠨ᠎ᠡ᠎ᠶᠢ ᠱᠢᠯᠵᠢᠭᠦᠯᠦᠨ ᠥᠭᠭᠦᠭᠴᠢ ᠪᠣᠯᠤᠨ ᠱᠢᠯᠵᠢᠭᠦᠯᠦᠨ ᠠᠪᠤᠭᠴᠢ ᠪᠣᠯᠵᠤᠨ ᠲᠣᠭᠲᠠᠭᠠᠨ᠎ᠠ᠃

  ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠎ᠲᠤ ᠵᠠᠬ᠎ᠠ ᠳᠡᠯᠭᠡᠭᠦᠷ᠎ᠲᠦ ᠭᠠᠷᠭᠠᠵᠤ ᠠᠷᠠᠯᠵᠢᠶᠠᠯᠠᠬᠤ᠎ᠳᠤ ᠬᠦᠷᠪᠡᠯ᠂ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ᠎ᠤᠨ ᠠᠷᠠᠯᠵᠢᠶᠠᠯᠠᠬᠤ ᠳᠦᠷᠢᠮ ᠶᠣᠰᠤᠭᠠᠷ ᠱᠢᠯᠵᠢᠭᠦᠯᠦᠨ ᠥᠭᠭᠦᠨ᠎ᠡ᠃

  ᠵᠠᠭᠤ ᠵᠢᠷᠠᠳᠤᠭᠠᠷ ᠵᠦᠢᠯ   ᠨᠡᠷ᠎ᠡ ᠬᠠᠲᠠᠭᠰᠠᠨ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢ ᠵᠢᠭᠡᠯᠡᠯᠭᠡ᠎ᠶᠢᠨ ᠲᠡᠮᠳᠡᠭᠲᠦ ᠡᠵᠡᠮᠱᠢᠭᠴᠢ ᠠᠷᠤ᠎ᠶᠢᠨ ᠦᠰᠦᠭ ᠵᠢᠷᠤᠬᠤ ᠠᠷᠭ᠎ᠠ ᠮᠠᠶᠢᠭ ᠪᠤᠶᠤ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠳᠤ ᠲᠣᠭᠲᠠᠭᠠᠭᠰᠠᠨ ᠪᠤᠰᠤᠳ ᠠᠷᠭ᠎ᠠ ᠮᠠᠶᠢᠭ᠎ᠢᠶᠠᠷ ᠱᠢᠯᠵᠢᠭᠦᠯᠦᠨ ᠥᠭᠭᠦᠨ᠎ᠡ; ᠱᠢᠯᠵᠢᠭᠦᠯᠦᠨ ᠦᠭᠭᠦᠭᠰᠡᠨ᠎ᠦ ᠳᠠᠷᠠᠭ᠎ᠠ ᠺᠣᠮᠫᠠᠨᠢ ᠱᠢᠯᠵᠢᠭᠦᠯᠦᠨ ᠠᠪᠤᠭᠴᠢ᠎ᠶᠢᠨ ᠣᠪᠤᠭ᠎ᠨᠡᠷ᠎ᠡ ᠪᠤᠶᠤ ᠨᠡᠷᠡᠢᠳᠦᠯ ᠵᠢᠴᠢ ᠣᠷᠤᠨ ᠰᠠᠭᠤᠴᠠ᠎ᠶᠢ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢᠨ ᠦᠯᠡᠳᠡᠭᠡᠰᠦ ᠳᠡᠪᠲᠡᠷ᠎ᠲᠦ ᠲᠡᠮᠳᠡᠭᠯᠡᠨ᠎ᠡ᠃

  ᠨᠡᠷ᠎ᠡ ᠬᠠᠲᠠᠭᠰᠠᠨ᠎ᠦᠭᠡᠢ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢ ᠱᠢᠯᠵᠢᠭᠦᠯᠦᠨ ᠥᠭᠬᠦ᠎ᠳᠦ ᠵᠢᠭᠡᠯᠡᠯᠭᠡ᠎ᠶᠢᠨ ᠲᠡᠮᠳᠡᠭᠲᠦ ᠡᠵᠡᠮᠱᠢᠭᠴᠢ᠎ᠨᠢ ᠲᠤᠰ ᠵᠢᠭᠡᠯᠡᠯᠭᠡ᠎ᠶᠢᠨ ᠲᠡᠮᠳᠡᠭᠲᠦ᠎ᠪᠡᠨ ᠱᠢᠯᠵᠢᠭᠦᠯᠦᠨ ᠠᠪᠤᠭᠴᠢ᠎ᠳᠤ ᠲᠤᠱᠢᠶᠠᠭᠰᠠᠨ᠎ᠤ ᠳᠠᠷᠠᠭ᠎ᠠ ᠱᠢᠯᠵᠢᠭᠦᠯᠦᠨ ᠦᠭᠭᠦᠭᠰᠡᠨ᠎ᠨᠢ ᠳᠣᠣᠷ᠎ᠠ᠎ᠪᠠᠨ ᠬᠦᠴᠦᠨ᠎ᠲᠡᠢ ᠪᠣᠯᠤᠨ᠎ᠠ᠃

  ᠵᠠᠭᠤ ᠵᠢᠷᠠᠨ ᠨᠢᠭᠡᠳᠦᠭᠡᠷ ᠵᠦᠢᠯ   ᠰᠲ᠋ᠤᠺ᠎ᠢᠶᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠢᠶᠠᠷ ᠱᠢᠢᠳᠪᠦᠷᠢ ᠭᠠᠷᠭᠠᠭᠤᠯᠤᠭᠠᠳ ᠰᠲ᠋ᠤᠺ ᠪᠣᠯᠭᠠᠨ ᠰᠣᠯᠢᠵᠤ ᠪᠣᠯᠬᠤ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢ ᠲᠠᠷᠬᠠᠭᠠᠵᠤ ᠪᠣᠯᠬᠤ ᠪᠥᠭᠡᠳ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠪᠡᠷ ᠵᠣᠭᠤᠰ ᠴᠤᠭᠯᠠᠭᠤᠯᠬᠤ ᠠᠷᠭ᠎ᠠ᠎ᠳᠤ ᠪᠣᠳᠠᠲᠠᠢ ᠰᠣᠯᠢᠬᠤ ᠠᠷᠭ᠎ᠠ᠎ᠶᠢ ᠲᠣᠭᠲᠠᠭᠠᠵᠤ ᠪᠣᠯᠤᠨ᠎ᠠ᠃ ᠰᠲ᠋ᠤᠺ᠎ᠢᠶᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ ᠰᠲ᠋ᠤᠺ ᠪᠣᠯᠭᠠᠨ ᠰᠣᠯᠢᠵᠤ ᠪᠣᠯᠬᠤ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢ ᠲᠠᠷᠬᠠᠭᠠᠬᠤ᠎ᠳᠤ᠎ᠪᠠᠨ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠦᠨᠡᠲᠦ ᠲᠡᠮᠳᠡᠭᠲᠦ᠎ᠶᠢ ᠬᠢᠨᠠᠨ ᠬᠠᠮᠢᠶᠠᠷᠬᠤ ᠪᠠᠢᠭᠤᠯᠤᠮᠵᠢ᠎ᠳᠤ ᠮᠡᠳᠡᠭᠦᠯᠦᠨ ᠬᠢᠨᠠᠨ ᠵᠥᠪᠱᠢᠶᠡᠷᠡᠭᠦᠯᠬᠦ ᠬᠡᠷᠡᠭᠲᠡᠢ᠃

  ᠰᠲ᠋ᠤᠺ ᠪᠣᠯᠭᠠᠨ ᠰᠣᠯᠢᠵᠤ ᠪᠣᠯᠬᠤ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢ ᠲᠠᠷᠬᠠᠭᠠᠬᠤ᠎ᠳᠤ ᠵᠢᠭᠡᠯᠡᠯᠭᠡ᠎ᠶᠢᠨ ᠲᠡᠮᠳᠡᠭᠲᠦ ᠳᠡᠭᠡᠷ᠎ᠡ᠎ᠪᠡᠨ ᠰᠣᠯᠢᠵᠤ ᠪᠣᠯᠬᠤ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ ᠭᠡᠵᠦ ᠲᠣᠳᠤᠷᠬᠠᠢᠯᠠᠬᠤ᠎ᠶᠢᠨ ᠬᠠᠮᠲᠤ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢᠨ ᠦᠯᠡᠳᠡᠭᠡᠰᠦ ᠳᠡᠪᠲᠡᠷ᠎ᠲᠦ ᠰᠣᠯᠢᠵᠤ ᠪᠣᠯᠬᠤ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢᠨ ᠲᠣᠭ᠎ᠠ ᠬᠡᠮᠵᠢᠶ᠎ᠡ᠎ᠶᠢ ᠲᠣᠳᠤᠷᠬᠠᠢ ᠲᠡᠮᠳᠡᠭᠯᠡᠬᠦ ᠬᠡᠷᠡᠭᠲᠡᠢ᠃

  ᠵᠠᠭᠤ ᠵᠢᠷᠠᠨ ᠬᠣᠶᠠᠳᠤᠭᠠᠷ ᠵᠦᠢᠯ   ᠰᠲ᠋ᠤᠺ ᠪᠣᠯᠭᠠᠨ ᠰᠣᠯᠢᠵᠤ ᠪᠣᠯᠬᠤ ᠺᠣᠮᠫᠠᠨᠢ᠎ᠶᠢᠨ ᠵᠢᠭᠡᠯᠡᠯᠭᠡ᠎ᠶᠢᠨ ᠲᠡᠮᠳᠡᠭᠲᠦ᠎ᠶᠢ ᠲᠠᠷᠬᠠᠭᠠᠭᠰᠠᠨ ᠪᠠᠢᠪᠠᠯ ᠺᠣᠮᠫᠠᠨᠢ ᠥᠪᠡᠷ᠎ᠦᠨ ᠰᠣᠯᠢᠬᠤ ᠠᠷᠭ᠎ᠠ᠎ᠪᠠᠷ᠎ᠢᠶᠠᠨ ᠵᠢᠭᠡᠯᠡᠯᠭᠡ᠎ᠶᠢᠨ ᠲᠡᠮᠳᠡᠭᠲᠦ ᠡᠵᠡᠮᠱᠢᠭᠴᠢ᠎ᠳᠦ ᠰᠲ᠋ᠤᠺ ᠰᠣᠯᠢᠵᠤ ᠥᠭᠬᠦ ᠬᠡᠷᠡᠭᠲᠡᠢ᠂ ᠭᠡᠪᠡᠴᠦ ᠵᠢᠭᠡᠯᠡᠯᠭᠡ᠎ᠶᠢᠨ ᠲᠡᠮᠳᠡᠭᠲᠦ ᠡᠵᠡᠮᠱᠢᠭᠴᠢ᠎ᠨᠢ ᠰᠲ᠋ᠤᠺ ᠰᠣᠯᠢᠵᠤ ᠠᠪᠬᠤ ᠪᠤᠶᠤ ᠰᠲ᠋ᠤᠺ ᠰᠣᠯᠢᠵᠤ ᠠᠪᠬᠤ᠎ᠦᠭᠡᠢ ᠪᠠᠢᠬᠤ᠎ᠶᠢ ᠰᠣᠩᠭᠤᠬᠤ ᠡᠷᠬᠡ᠎ᠲᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604