ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠶᠢᠨ ᠬᠠᠤᠯᠢ (ᠨᠠᠢ᠍ᠮᠠᠳᠤᠭᠠᠷ ᠪᠦᠯᠦᠭ)
2019.11.07

   (1993 ᠣᠨ᠎ᠤ 12 ᠰᠠᠷ᠎ᠠ᠎ᠶᠢᠨ 29᠎ᠦ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ

  1999 ᠣᠨ᠎ᠤ 12 ᠰᠠᠷ᠎ᠠ᠎ᠶᠢᠨ 25 ᠎ᠤ ᠡᠳᠦᠷ᠎ᠦᠨ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠭᠤᠷᠪᠠᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ

  2004 ᠣᠨ᠎ᠤ 8 ᠰᠠᠷ᠎ᠠ᠎ᠶᠢᠨ 28᠎ᠤ ᠡᠳᠦᠷ᠎ᠦᠨ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ

  2005 ᠣᠨ᠎ᠤ 10 ᠰᠠᠷ᠎ᠠ᠎ᠶᠢᠨ 27᠎ᠤ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠵᠠᠰᠠᠪᠤᠷᠢ ᠣᠷᠤᠭᠤᠯᠪᠠ

  2013 ᠣᠨ᠎ᠤ 12 ᠰᠠᠷ᠎ᠠ᠎ᠶᠢᠨ 28᠎ᠤ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ᠎ᠶᠢᠨ ᠣᠷᠴᠢᠨ ᠠᠬᠤᠢ᠎ᠶᠢ ᠬᠠᠮᠠᠭᠠᠯᠠᠬᠤ ᠬᠠᠤᠯᠢ〉 ᠵᠡᠷᠭᠡ ᠳᠣᠯᠤᠭᠠᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ)

 

    ᠨᠠᠢ᠍ᠮᠠᠳᠤᠭᠠᠷ ᠪᠦᠯᠦᠭ   ᠺᠣᠮᠫᠠᠨᠢ᠎ᠶᠢᠨ ᠡᠳ᠋᠎ᠦᠨ ᠶᠠᠪᠤᠳᠠᠯ᠂ ᠨᠢᠭᠲᠠᠯᠠᠨ ᠪᠣᠳᠤᠯᠲᠠ

 

  ᠵᠠᠭᠤ ᠵᠢᠷᠠᠨ ᠭᠤᠷᠪᠠᠳᠤᠭᠠᠷ ᠵᠦᠢᠯ ᠺᠣᠮᠫᠠᠨᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠣᠯᠤᠨ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠨ ᠲᠣᠭᠲᠠᠭᠠᠯ ᠶᠣᠰᠤᠭᠠᠷ ᠲᠤᠰ ᠺᠣᠮᠫᠠᠨᠢ᠎ᠶᠢᠨ᠎ᠢᠶᠡᠨ ᠡᠳ᠋᠎ᠦᠨ ᠶᠠᠪᠤᠳᠠᠯ᠂ ᠨᠢᠭᠲᠠᠯᠠᠨ ᠪᠣᠳᠤᠯᠲᠠ᠎ᠶᠢᠨ ᠳᠦᠷᠢᠮ᠎ᠢ ᠲᠣᠭᠲᠠᠭᠠᠬᠤ ᠬᠡᠷᠡᠭᠲᠡᠢ᠃

  ᠵᠠᠭᠤ ᠵᠢᠷᠠᠨ ᠳᠥᠷᠪᠡᠳᠦᠭᠡᠷ ᠵᠦᠢᠯ ᠺᠣᠮᠫᠠᠨᠢ ᠨᠢᠭᠲᠠᠯᠠᠨ ᠪᠣᠳᠤᠬᠤ ᠣᠨ ᠳᠠᠭᠤᠰᠭᠤ ᠪᠦᠷᠢ᠎ᠳᠦ ᠡᠳ᠋᠎ᠦᠨ ᠶᠠᠪᠤᠳᠠᠯ᠎ᠤᠨ ᠨᠢᠭᠲᠠᠯᠠᠨ ᠪᠣᠳᠤᠯᠲᠠ᠎ᠶᠢᠨ ᠮᠡᠳᠡᠭᠦᠯᠦᠯᠲᠡ᠎ᠪᠡᠨ ᠨᠠᠢᠷᠠᠭᠤᠯᠤᠨ ᠵᠣᠬᠢᠶᠠᠬᠤ ᠬᠡᠷᠡᠭᠲᠡᠢ ᠪᠥᠭᠡᠳ ᠬᠠᠤᠯᠢ ᠶᠣᠰᠤᠭᠠᠷ ᠨᠢᠭᠲᠠᠯᠠᠨ ᠪᠣᠳᠤᠯᠲᠠ᠎ᠶᠢᠨ ᠬᠡᠷᠡᠭ ᠡᠷᠬᠢᠯᠡᠬᠦ ᠭᠠᠵᠠᠷ᠎ᠢᠶᠠᠷ ᠬᠢᠨᠠᠨ ᠪᠣᠳᠤᠭᠤᠯᠬᠤ ᠬᠡᠷᠡᠭᠲᠡᠢ᠃

  ᠡᠳ᠋᠎ᠦᠨ ᠶᠠᠪᠤᠳᠠᠯ᠎ᠤᠨ ᠨᠢᠭᠲᠠᠯᠠᠨ ᠪᠣᠳᠤᠯᠲᠠ᠎ᠶᠢᠨ ᠮᠡᠳᠡᠭᠦᠯᠦᠯᠲᠡ᠎ᠶᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠣᠯᠤᠨ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠨ ᠲᠣᠭᠲᠠᠭᠠᠯ ᠶᠣᠰᠤᠭᠠᠷ ᠵᠣᠬᠢᠶᠠᠬᠤ ᠬᠡᠷᠡᠭᠲᠡᠢ᠃

  ᠵᠠᠭᠤ ᠵᠢᠷᠠᠨ ᠲᠠᠪᠤᠳᠤᠭᠠᠷ ᠵᠦᠢᠯ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠬᠤᠭᠤᠴᠠᠭ᠎ᠠ᠎ᠶᠢᠨ ᠬᠢᠵᠠᠭᠠᠷ ᠶᠣᠰᠤᠭᠠᠷ ᠡᠳ᠋᠎ᠦᠨ ᠶᠠᠪᠤᠳᠠᠯ᠎ᠤᠨ ᠨᠢᠭᠲᠠᠯᠠᠨ ᠪᠣᠳᠤᠯᠲᠠ᠎ᠶᠢᠨ ᠮᠡᠳᠡᠭᠦᠯᠦᠯᠲᠡ᠎ᠪᠡᠨ ᠬᠤᠪᠢ ᠣᠷᠤᠭᠤᠯᠤᠭᠴᠢᠳ᠎ᠲᠤ ᠬᠦᠷᠭᠡᠵᠦ ᠲᠤᠱᠢᠶᠠᠬᠤ ᠬᠡᠷᠡᠭᠲᠡᠢ᠃

  ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠡᠳ᠋᠎ᠦᠨ ᠶᠠᠪᠤᠳᠠᠯ᠎ᠤᠨ ᠨᠢᠭᠲᠠᠯᠠᠨ ᠪᠣᠳᠤᠯᠲᠠ᠎ᠶᠢᠨ ᠮᠡᠳᠡᠭᠦᠯᠦᠯᠲᠡ᠎ᠶᠢ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠣᠨ᠎ᠤ ᠬᠤᠷᠠᠯ᠎ᠢ ᠬᠤᠷᠠᠯᠳᠤᠭᠤᠯᠬᠤ᠎ᠠᠴᠠ ᠬᠣᠷᠢᠨ ᠡᠳᠦᠷ᠎ᠦᠨ ᠡᠮᠦᠨ᠎ᠡ ᠲᠤᠰ ᠺᠣᠮᠫᠠᠨᠢ᠎ᠳᠤ᠎ᠪᠠᠨ ᠪᠡᠯᠡᠳᠭᠡᠨ ᠲᠠᠯᠪᠢᠵᠤ᠂ ᠬᠤᠪᠢ ᠣᠷᠤᠭᠤᠯᠤᠭᠴᠢᠳ᠎ᠤᠨ ᠪᠠᠢᠴᠠᠭᠠᠨ ᠦᠵᠡᠬᠦ᠎ᠳᠦ ᠪᠡᠯᠡᠬᠡᠨ ᠪᠣᠯᠭᠠᠬᠤ ᠬᠡᠷᠡᠭᠲᠡᠢ; ᠢᠯᠡ᠎ᠪᠡᠷ ᠰᠲ᠋ᠤᠺ ᠲᠠᠷᠬᠠᠭᠠᠭᠰᠠᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠡᠳ᠋᠎ᠦᠨ ᠶᠠᠪᠤᠳᠠᠯ᠎ᠤᠨ ᠨᠢᠭᠲᠠᠯᠠᠨ ᠪᠣᠳᠤᠯᠲᠠ᠎ᠶᠢᠨ ᠮᠡᠳᠡᠭᠦᠯᠦᠯᠲᠡ᠎ᠪᠡᠨ ᠡᠷᠬᠡᠪᠱᠢ ᠵᠠᠷᠯᠠᠨ ᠨᠡᠢᠲᠡᠯᠡᠬᠦ ᠬᠡᠷᠡᠭᠲᠡᠢ᠃

  ᠵᠠᠭᠤ ᠵᠢᠷᠠᠨ ᠵᠢᠷᠭᠤᠳᠤᠭᠠᠷ ᠵᠦᠢᠯ ᠺᠣᠮᠫᠠᠨᠢ ᠲᠤᠰ ᠵᠢᠯ᠎ᠦᠨ ᠭᠠᠢᠯᠢ ᠲᠤᠱᠢᠶᠠᠭᠰᠠᠨ᠎ᠤ ᠳᠠᠷᠠᠭᠠᠬᠢ ᠠᠱᠢᠭ ᠬᠣᠨᠵᠢᠪᠤᠷᠢ᠎ᠪᠠᠨ ᠬᠤᠪᠢᠶᠠᠷᠢᠯᠠᠬᠤ᠎ᠳᠤ᠎ᠪᠠᠨ ᠠᠱᠢᠭ ᠬᠣᠨᠵᠢᠪᠤᠷᠢ᠎ᠶᠢᠨ᠎ᠢᠶᠡᠨ ᠵᠠᠭᠤᠨ᠎ᠤ ᠠᠷᠪᠠ᠎ᠶᠢ ᠭᠠᠷᠭᠠᠨ ᠠᠪᠴᠤ ᠺᠣᠮᠫᠠᠨᠢ᠎ᠶᠢᠨ ᠬᠠᠤᠯᠢ᠎ᠪᠠᠷ ᠲᠣᠭᠲᠠᠭᠠᠭᠰᠠᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ᠎ᠳᠦ ᠣᠷᠤᠭᠤᠯᠬᠤ ᠬᠡᠷᠡᠭᠲᠡᠢ᠃ ᠺᠣᠮᠫᠠᠨᠢ᠎ᠶᠢᠨ ᠬᠠᠤᠯᠢ᠎ᠪᠠᠷ ᠲᠣᠭᠲᠠᠭᠠᠭᠰᠠᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ᠎ᠶᠢᠨ ᠨᠡᠢᠲᠡ ᠲᠣᠭ᠎ᠠ᠎ᠨᠢ ᠺᠣᠮᠫᠠᠨᠢ᠎ᠶᠢᠨ ᠳᠠᠩᠰᠠᠯᠠᠭᠤᠯᠤᠭᠰᠠᠨ ᠬᠥᠷᠦᠩᠭᠡ᠎ᠶᠢᠨ ᠵᠠᠭᠤᠨ᠎ᠤ ᠲᠠᠪᠢ᠎ᠠᠴᠠ ᠳᠡᠭᠡᠭᠱᠢ᠎ᠳᠦ ᠬᠦᠷᠦᠭᠰᠡᠨ ᠪᠠᠢᠪᠠᠯ ᠲᠡᠭᠦᠨ᠎ᠢ ᠳᠠᠬᠢᠵᠤ ᠭᠠᠷᠭᠠᠵᠤ ᠠᠪᠬᠤ᠎ᠦᠭᠡᠢ ᠪᠠᠢᠵᠤ ᠪᠣᠯᠤᠨ᠎ᠠ᠃

  ᠺᠣᠮᠫᠠᠨᠢ᠎ᠶᠢᠨ ᠬᠠᠤᠯᠢ᠎ᠪᠠᠷ ᠲᠣᠭᠲᠠᠭᠠᠭᠰᠠᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ᠎ᠨᠢ ᠲᠦᠷᠦᠭᠦᠦ ᠵᠢᠯ᠎ᠦᠨ ᠠᠯᠳᠠᠭᠳᠠᠯ᠎ᠢ ᠨᠥᠬᠦᠪᠦᠷᠢᠯᠡᠵᠦ ᠭᠦᠢᠴᠡᠬᠦ᠎ᠦᠭᠡᠢ ᠪᠠᠢᠪᠠᠯ᠂ ᠡᠮᠦᠨᠡᠬᠢ ᠪᠠᠳᠠᠭ᠎ᠤᠨ ᠲᠣᠭᠲᠠᠭᠠᠯ ᠶᠣᠰᠤᠭᠠᠷ ᠬᠠᠤᠯᠢ᠎ᠪᠠᠷ ᠲᠣᠭᠲᠠᠭᠠᠭᠰᠠᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ᠎ᠶᠢ ᠭᠠᠷᠭᠠᠵᠤ ᠠᠪᠬᠤ᠎ᠠᠴᠠ᠎ᠪᠠᠨ ᠡᠮᠦᠨ᠎ᠡ ᠤᠷᠢᠳᠠᠪᠡᠷ ᠲᠤᠰ ᠵᠢᠯ᠎ᠦᠨ ᠠᠱᠢᠭ ᠬᠣᠨᠵᠢᠪᠤᠷᠢ᠎ᠪᠠᠷ ᠠᠯᠳᠠᠭᠳᠠᠯ᠎ᠢᠶᠠᠨ ᠨᠥᠬᠦᠪᠦᠷᠢᠯᠡᠬᠦ ᠬᠡᠷᠡᠭᠲᠡᠢ᠃

  ᠺᠣᠮᠫᠠᠨᠢ ᠭᠠᠢᠯᠢ ᠲᠤᠱᠢᠶᠠᠭᠰᠠᠨ᠎ᠤ ᠳᠠᠷᠠᠭᠠᠬᠢ ᠠᠱᠢᠭ ᠬᠣᠨᠵᠢᠪᠤᠷᠢ᠎ᠶᠢᠨ ᠳᠣᠲᠤᠷ᠎ᠠ᠎ᠠᠴᠠ ᠬᠠᠤᠯᠢ᠎ᠪᠠᠷ ᠲᠣᠭᠲᠠᠭᠠᠭᠰᠠᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ ᠭᠠᠷᠭᠠᠵᠤ ᠠᠪᠤᠭᠰᠠᠨ᠎ᠤ ᠳᠠᠷᠠᠭ᠎ᠠ ᠬᠤᠪᠢ ᠣᠷᠤᠭᠤᠯᠤᠭᠴᠢᠳ᠎ᠤᠨ ᠵᠥᠪᠯᠡᠯ ᠪᠤᠶᠤ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠢᠶᠠᠷ ᠱᠢᠢᠳᠪᠦᠷᠢ ᠭᠠᠷᠭᠠᠭᠤᠯᠤᠭᠠᠳ ᠭᠠᠢᠯᠢ ᠲᠤᠱᠢᠶᠠᠭᠰᠠᠨ᠎ᠤ ᠳᠠᠷᠠᠭᠠᠬᠢ ᠠᠱᠢᠭ ᠬᠣᠨᠵᠢᠪᠤᠷᠢ᠎ᠶᠢᠨ ᠳᠣᠲᠤᠷ᠎ᠠ᠎ᠠᠴᠠ ᠪᠠᠰᠠ ᠳᠤᠷ᠎ᠠ᠎ᠶᠢᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ ᠭᠠᠷᠭᠠᠨ ᠠᠪᠴᠤ ᠪᠣᠯᠤᠨ᠎ᠠ᠃

  ᠺᠣᠮᠫᠠᠨᠢ᠎ᠶᠢᠨ ᠠᠯᠳᠠᠭᠳᠠᠯ᠎ᠢᠶᠠᠨ ᠨᠥᠬᠦᠪᠦᠷᠢᠯᠡᠭᠰᠡᠨ ᠪᠠ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ᠎ᠪᠡᠨ ᠭᠠᠷᠭᠠᠵᠤ ᠠᠪᠤᠭᠰᠠᠨ᠎ᠤ ᠳᠠᠷᠠᠭ᠎ᠠ ᠦᠯᠡᠳᠡᠭᠰᠡᠨ ᠭᠠᠢᠯᠢ ᠲᠤᠱᠢᠶᠠᠭᠰᠠᠨ᠎ᠤ ᠳᠠᠷᠠᠭᠠᠬᠢ ᠠᠱᠢᠭ ᠬᠣᠨᠵᠢᠪᠤᠷᠢ᠎ᠶᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠲᠤᠰ ᠬᠠᠤᠯᠢ᠎ᠶᠢᠨ ᠭᠤᠴᠢᠨ ᠳᠥᠷᠪᠡᠳᠦᠭᠡᠷ ᠵᠦᠢᠯ᠎ᠦᠨ ᠲᠣᠭᠲᠠᠭᠠᠯ ᠶᠣᠰᠤᠭᠠᠷ ᠬᠤᠪᠢᠶᠠᠷᠢᠯᠠᠨ᠎ᠠ; ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠣᠯ ᠬᠤᠪᠢ ᠣᠷᠤᠭᠤᠯᠤᠭᠴᠢᠳ᠎ᠤᠨ ᠡᠵᠡᠮᠱᠢᠵᠦ ᠪᠠᠢᠭ᠎ᠠ ᠬᠤᠪᠢ᠎ᠶᠢᠨ ᠬᠠᠷᠢᠴᠠᠯ᠎ᠢᠶᠠᠷ ᠬᠤᠪᠢᠶᠠᠷᠢᠯᠠᠨ᠎ᠠ᠂ ᠭᠡᠪᠡᠴᠦ ᠬᠤᠪᠢ ᠣᠷᠤᠭᠤᠯᠤᠭᠰᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠳᠦᠷᠢᠮ᠎ᠳᠦ ᠡᠵᠡᠮᠱᠢᠵᠦ ᠪᠠᠢᠭ᠎ᠠ ᠬᠤᠪᠢ᠎ᠶᠢᠨ ᠬᠠᠷᠢᠴᠠᠯ᠎ᠢᠶᠠᠷ ᠬᠤᠪᠢᠶᠠᠷᠢᠯᠠᠬᠤ᠎ᠦᠭᠡᠢ ᠭᠡᠵᠦ ᠲᠣᠭᠲᠠᠭᠠᠭᠰᠠᠨ ᠪᠠᠢᠪᠠᠯ ᠡᠭᠦᠨ᠎ᠳᠦ ᠪᠠᠭᠲᠠᠬᠤ᠎ᠦᠭᠡᠢ᠃

  ᠬᠤᠪᠢ ᠣᠷᠤᠭᠤᠯᠤᠭᠴᠢᠳ᠎ᠤᠨ ᠵᠥᠪᠯᠡᠯ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ ᠪᠤᠶᠤ ᠬᠡᠷᠡᠭ ᠮᠡᠳᠡᠭᠴᠢᠳ᠎ᠦᠨ ᠵᠥᠪᠯᠡᠯ ᠡᠮᠦᠨᠡᠬᠢ ᠪᠠᠳᠠᠭ᠎ᠤᠨ ᠲᠣᠭᠲᠠᠭᠠᠯ᠎ᠢ ᠵᠥᠷᠢᠴᠡᠨ᠂ ᠺᠣᠮᠫᠠᠨᠢ᠎ᠶᠢᠨ ᠠᠯᠳᠠᠭᠳᠠᠯ᠎ᠢᠶᠠᠨ ᠨᠥᠬᠦᠪᠦᠷᠢᠯᠡᠬᠦ ᠪᠠ ᠬᠠᠤᠯᠢ᠎ᠪᠠᠷ ᠲᠣᠭᠲᠠᠭᠠᠭᠰᠠᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ ᠭᠠᠷᠭᠠᠵᠤ ᠠᠪᠬᠤ᠎ᠠᠴᠠ ᠡᠮᠦᠨ᠎ᠡ ᠬᠤᠪᠢ ᠣᠷᠤᠭᠤᠯᠤᠭᠴᠢᠳ᠎ᠲᠤ ᠠᠱᠢᠭ ᠬᠣᠨᠵᠢᠪᠤᠷᠢ ᠬᠤᠪᠢᠶᠠᠷᠢᠯᠠᠨ ᠦᠭᠭᠦᠭᠰᠡᠨ ᠪᠠᠢᠪᠠᠯ᠂ ᠬᠤᠪᠢ ᠣᠷᠤᠭᠤᠯᠤᠭᠴᠢᠳ᠎ᠨᠢ ᠲᠣᠭᠲᠠᠭᠠᠯ᠎ᠢ ᠵᠥᠷᠢᠴᠡᠨ ᠬᠤᠪᠢᠶᠠᠷᠢᠯᠠᠭᠰᠠᠨ ᠠᠱᠢᠭ ᠬᠣᠨᠵᠢᠪᠤᠷᠢ᠎ᠶᠢ ᠡᠷᠬᠡᠪᠱᠢ ᠺᠣᠮᠫᠠᠨᠢ᠎ᠳᠤ᠎ᠪᠠᠨ ᠪᠤᠴᠠᠭᠠᠬᠤ ᠬᠡᠷᠡᠭᠲᠡᠢ᠃

  ᠺᠣᠮᠫᠠᠨᠢ᠎ᠶᠢᠨ ᠡᠵᠡᠮᠱᠢᠵᠦ ᠪᠠᠢᠭ᠎ᠠ ᠲᠤᠰ ᠺᠣᠮᠫᠠᠨᠢ᠎ᠶᠢᠨ ᠬᠤᠪᠢ᠎ᠠᠴᠠ ᠠᠱᠢᠭ ᠬᠣᠨᠵᠢᠪᠤᠷᠢ ᠬᠤᠪᠢᠶᠠᠷᠢᠯᠠᠵᠤ ᠪᠣᠯᠬᠤ᠎ᠦᠭᠡᠢ᠃

  ᠵᠠᠭᠤ ᠵᠢᠷᠠᠨ ᠳᠣᠯᠤᠳᠤᠭᠠᠷ ᠵᠦᠢᠯ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠰᠲ᠋ᠤᠺ᠎ᠤᠨ ᠨᠢᠭᠤᠷ᠎ᠤᠨ ᠵᠣᠭᠤᠰ᠎ᠤᠨ ᠲᠣᠭ᠎ᠠ᠎ᠠᠴᠠ ᠳᠠᠪᠠᠭᠰᠠᠨ ᠲᠠᠷᠬᠠᠭᠠᠬᠤ ᠦᠨ᠎ᠡ᠎ᠪᠡᠷ ᠬᠤᠪᠢ ᠲᠠᠷᠬᠠᠭᠠᠭᠠᠳ ᠣᠯᠤᠭᠰᠠᠨ ᠳᠠᠪᠠᠯᠲᠠ ᠦᠨ᠎ᠡ᠎ᠶᠢᠨ ᠵᠣᠭᠤᠰ ᠵᠢᠴᠢ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠡᠴᠡ ᠬᠥᠷᠦᠩᠭᠡ᠎ᠶᠢᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ᠎ᠳᠦ ᠣᠷᠤᠭᠤᠯᠬᠤ᠎ᠪᠠᠷ ᠲᠣᠭᠲᠠᠭᠠᠭᠰᠠᠨ ᠪᠤᠰᠤᠳ ᠣᠷᠤᠯᠭ᠎ᠠ᠎ᠶᠢ ᠺᠣᠮᠫᠠᠨᠢ᠎ᠶᠢᠨ ᠬᠥᠷᠦᠩᠭᠡ᠎ᠶᠢᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ᠎ᠳᠦ ᠣᠷᠤᠭᠤᠯᠬᠤ ᠬᠡᠷᠡᠭᠲᠡᠢ᠃

  ᠵᠠᠭᠤ ᠵᠢᠷᠠᠨ ᠨᠠᠢ᠍ᠮᠠᠳᠤᠭᠠᠷ ᠵᠦᠢᠯ ᠺᠣᠮᠫᠠᠨᠢ᠎ᠶᠢᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ᠎ᠶᠢ ᠺᠣᠮᠫᠠᠨᠢ᠎ᠶᠢᠨ ᠠᠯᠳᠠᠭᠳᠠᠯ᠎ᠢ ᠨᠥᠬᠦᠪᠦᠷᠢᠯᠡᠬᠦ᠂ ᠺᠣᠮᠫᠠᠨᠢ᠎ᠶᠢᠨ ᠦᠢᠯᠡᠳᠪᠦᠷᠢᠯᠡᠯ ᠡᠵᠡᠩᠨᠡᠯᠲᠡ᠎ᠶᠢ ᠥᠷᠭᠡᠳᠭᠡᠬᠦ᠎ᠳᠦ ᠬᠡᠷᠡᠭᠯᠡᠬᠦ ᠪᠤᠶᠤ ᠺᠣᠮᠫᠠᠨᠢ᠎ᠶᠢᠨ ᠬᠥᠷᠦᠩᠭᠡ᠎ᠶᠢ ᠨᠡᠮᠡᠬᠦ᠎ᠳᠦ ᠱᠢᠯᠵᠢᠭᠦᠯᠵᠦ ᠬᠡᠷᠡᠭᠯᠡᠨ᠎ᠡ᠃ ᠭᠡᠪᠡᠴᠦ ᠬᠥᠷᠦᠩᠭᠡ᠎ᠶᠢᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ᠎ᠶᠢ ᠺᠣᠮᠫᠠᠨᠢ᠎ᠶᠢᠨ ᠠᠯᠳᠠᠭᠳᠠᠯ᠎ᠢ ᠨᠥᠬᠦᠪᠦᠷᠢᠯᠡᠬᠦ᠎ᠳᠦ ᠬᠡᠷᠡᠭᠯᠡᠵᠦ ᠪᠣᠯᠬᠤ᠎ᠦᠭᠡᠢ᠃

  ᠬᠠᠤᠯᠢ᠎ᠪᠠᠷ ᠲᠣᠭᠲᠠᠭᠠᠭᠰᠠᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ᠎ᠶᠢ ᠬᠥᠷᠦᠩᠭᠡ ᠪᠣᠯᠭᠠᠨ ᠱᠢᠯᠵᠢᠭᠦᠯᠬᠦ᠎ᠳᠦ ᠦᠯᠡᠳᠡᠭᠡᠬᠦ ᠲᠤᠰ ᠵᠦᠢᠯ᠎ᠦᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ᠎ᠨᠢ ᠨᠡᠮᠡᠬᠦ᠎ᠳᠦ ᠱᠢᠯᠵᠢᠭᠦᠯᠬᠦ᠎ᠡᠴᠡ ᠡᠮᠦᠨᠡᠬᠢ ᠺᠣᠮᠫᠠᠨᠢ᠎ᠶᠢᠨ ᠳᠠᠩᠰᠠᠯᠠᠭᠤᠯᠤᠭᠰᠠᠨ ᠬᠥᠷᠦᠩᠭᠡ᠎ᠶᠢᠨ ᠵᠠᠭᠤᠨ᠎ᠤ ᠬᠣᠷᠢᠨ ᠲᠠᠪᠤ᠎ᠠᠴᠠ ᠳᠤᠲᠠᠭᠤ ᠪᠠᠢᠵᠤ ᠪᠣᠯᠬᠤ᠎ᠦᠭᠡᠢ᠃

  ᠵᠠᠭᠤ ᠵᠢᠷᠠ ᠶᠢᠰᠦᠳᠦᠭᠡᠷ ᠵᠦᠢᠯ ᠺᠣᠮᠫᠠᠨᠢ ᠺᠣᠮᠫᠠᠨᠢ᠎ᠶᠢᠨ ᠬᠢᠨᠠᠨ ᠪᠣᠳᠤᠯᠲᠠ᠎ᠶᠢᠨ ᠲᠤᠬᠠᠢᠯᠠᠭᠰᠠᠨ ᠠᠵᠢᠯ᠎ᠢ ᠳᠠᠭᠠᠭᠠᠨ ᠡᠷᠬᠢᠯᠡᠬᠦ ᠨᠢᠭᠲᠠᠯᠠᠨ ᠪᠣᠳᠤᠭᠴᠢ᠎ᠶᠢᠨ ᠬᠡᠷᠡᠭ ᠡᠷᠬᠢᠯᠡᠬᠦ ᠭᠠᠵᠠᠷ᠎ᠢ ᠤᠷᠢᠨ ᠬᠡᠷᠡᠭᠯᠡᠬᠦ᠂ ᠤᠷᠢᠬᠤ᠎ᠪᠠᠨ ᠪᠣᠯᠢᠬᠤ᠎ᠳᠤ ᠺᠣᠮᠫᠠᠨᠢ᠎ᠶᠢᠨ ᠳᠦᠷᠢᠮ᠎ᠦᠨ ᠲᠣᠭᠲᠠᠭᠠᠯ ᠶᠣᠰᠤᠭᠠᠷ ᠬᠤᠪᠢ ᠣᠷᠤᠭᠤᠯᠤᠭᠴᠢᠳ᠎ᠤᠨ ᠵᠥᠪᠯᠡᠯ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ ᠪᠤᠶᠤ ᠬᠡᠷᠡᠭ ᠮᠡᠳᠡᠭᠴᠢᠳ᠎ᠦᠨ ᠵᠥᠪᠯᠡᠯ᠎ᠡᠴᠡ ᠲᠣᠭᠲᠠᠭᠠᠨ᠎ᠠ᠃

  ᠺᠣᠮᠫᠠᠨᠢ᠎ᠶᠢᠨ ᠬᠤᠪᠢ ᠣᠷᠤᠭᠤᠯᠤᠭᠴᠢᠳ᠎ᠤᠨ ᠵᠥᠪᠯᠡᠯ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ ᠪᠤᠶᠤ ᠬᠡᠷᠡᠭ ᠮᠡᠳᠡᠭᠴᠢᠳ᠎ᠦᠨ ᠵᠥᠪᠯᠡᠯ ᠨᠢᠭᠲᠠᠯᠠᠨ ᠪᠣᠳᠤᠭᠴᠢ᠎ᠶᠢᠨ ᠬᠡᠷᠡᠭ ᠡᠷᠬᠢᠯᠡᠬᠦ ᠭᠠᠵᠠᠷ᠎ᠢ ᠤᠷᠢᠬᠤ᠎ᠪᠠᠨ ᠪᠣᠯᠢᠬᠤ ᠲᠤᠬᠠᠢ ᠪᠠᠲᠤᠯᠠᠬᠤ ᠦᠶ᠎ᠡ᠎ᠳᠦ ᠨᠢᠭᠲᠠᠯᠠᠨ ᠪᠣᠳᠤᠭᠴᠢ᠎ᠶᠢᠨ ᠬᠡᠷᠡᠭ ᠡᠷᠬᠢᠯᠡᠬᠦ ᠭᠠᠵᠠᠷ᠎ᠤᠨ ᠰᠠᠨᠠᠯ᠎ᠢᠶᠠᠨ ᠲᠣᠭᠠᠴᠢᠬᠤ᠎ᠶᠢ ᠵᠥᠪᠱᠢᠶᠡᠷᠡᠬᠦ ᠬᠡᠷᠡᠭᠲᠡᠢ᠃

  ᠵᠠᠭᠤ ᠳᠠᠯᠠᠳᠤᠭᠠᠷ ᠵᠦᠢᠯ ᠺᠣᠮᠫᠠᠨᠢ ᠦᠨᠡᠨ ᠪᠣᠳᠠᠲᠠᠢ᠂ ᠪᠦᠷᠢᠨ ᠭᠦᠢᠴᠡᠳ ᠨᠢᠭᠲᠠᠯᠠᠨ ᠪᠣᠳᠤᠯᠲᠠ᠎ᠶᠢᠨ ᠭᠡᠷᠡᠴᠢ ᠪᠠᠷᠢᠮᠲᠠ᠂ ᠨᠢᠭᠲᠠᠯᠠᠨ ᠪᠣᠳᠤᠯᠲᠠ᠎ᠶᠢᠨ ᠳᠠᠩᠰᠠ ᠬᠠᠷ᠎ᠠ᠂ ᠡᠳ᠋᠎ᠦᠨ ᠶᠠᠪᠤᠳᠠᠯ᠎ᠤᠨ ᠨᠢᠭᠲᠠᠯᠠᠨ ᠪᠣᠳᠤᠯᠲᠠ᠎ᠶᠢᠨ ᠮᠡᠳᠡᠭᠦᠯᠦᠯᠲᠡ ᠵᠢᠴᠢ ᠨᠢᠭᠲᠠᠯᠠᠨ ᠪᠣᠳᠤᠯᠲᠠ᠎ᠶᠢᠨ ᠪᠤᠰᠤᠳ ᠮᠠᠲᠧᠷᠢᠶᠠᠯ᠎ᠤ᠋ᠳ᠎ᠢ ᠤᠷᠢᠨ ᠬᠡᠷᠡᠭᠯᠡᠭᠰᠡᠨ ᠨᠢᠭᠲᠠᠯᠠᠨ ᠪᠣᠳᠤᠭᠴᠢ᠎ᠶᠢᠨ ᠬᠡᠷᠡᠭ ᠡᠷᠬᠢᠯᠡᠬᠦ ᠭᠠᠵᠠᠷ᠎ᠲᠤ ᠬᠠᠩᠭᠠᠬᠤ ᠬᠡᠷᠡᠭᠲᠡᠢ᠂ ᠲᠡᠪᠴᠢᠵᠦ᠂ ᠨᠢᠭᠤᠨ ᠳᠠᠯᠳᠠᠯᠠᠵᠤ᠂ ᠬᠠᠭᠤᠷᠮᠠᠭ᠎ᠢᠶᠠᠷ ᠮᠡᠳᠡᠭᠦᠯᠵᠦ ᠪᠣᠯᠬᠤ᠎ᠦᠭᠡᠢ᠃

  ᠵᠠᠭᠤ ᠳᠠᠯᠠᠨ ᠨᠢᠭᠡᠳᠦᠭᠡᠷ ᠵᠦᠢᠯ ᠺᠣᠮᠫᠠᠨᠢ ᠬᠠᠤᠯᠢ᠎ᠪᠠᠷ ᠲᠣᠭᠲᠠᠭᠠᠭᠰᠠᠨ ᠨᠢᠭᠲᠠᠯᠠᠨ ᠪᠣᠳᠤᠯᠲᠠ᠎ᠶᠢᠨ ᠳᠠᠩᠰᠠ ᠬᠠᠷ᠎ᠠ᠎ᠠᠴᠠ ᠭᠠᠳᠠᠨ᠎ᠠ ᠠᠰᠲᠠᠭᠠᠨ ᠨᠢᠭᠲᠠᠯᠠᠨ ᠪᠣᠳᠤᠯᠲᠠ᠎ᠶᠢᠨ ᠳᠠᠩᠰᠠ ᠬᠠᠷ᠎ᠠ ᠪᠠᠢᠭᠤᠯᠵᠤ ᠪᠣᠯᠬᠤ᠎ᠦᠭᠡᠢ᠃

  ᠺᠣᠮᠫᠠᠨᠢ᠎ᠶᠢᠨ ᠡᠳ᠋ ᠬᠥᠷᠦᠩᠭᠡ᠎ᠶᠢ ᠶᠠᠮᠠᠷᠪᠠ ᠬᠤᠪᠢ ᠬᠥᠮᠦᠨ᠎ᠦ᠎ᠨᠡᠷ᠎ᠡ᠎ᠪᠡᠷ ᠳᠠᠩᠰᠠᠨ ᠡᠷᠦᠬᠡ ᠪᠠᠢᠭᠤᠯᠤᠨ ᠬᠠᠳᠠᠭᠠᠯᠠᠵᠤ ᠪᠣᠯᠬᠤ᠎ᠦᠭᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604