ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠶᠢᠨ ᠬᠠᠤᠯᠢ (ᠶᠢᠰᠦᠳᠦᠭᠡᠷ ᠪᠦᠯᠦᠭ)
2019.11.07

   (1993 ᠣᠨ᠎ᠤ 12 ᠰᠠᠷ᠎ᠠ᠎ᠶᠢᠨ 29᠎ᠦ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ

  1999 ᠣᠨ᠎ᠤ 12 ᠰᠠᠷ᠎ᠠ᠎ᠶᠢᠨ 25᠎ᠤ ᠡᠳᠦᠷ᠎ᠦᠨ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠭᠤᠷᠪᠠᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ

  2004 ᠣᠨ᠎ᠤ 8 ᠰᠠᠷ᠎ᠠ᠎ᠶᠢᠨ 28᠎ᠤ ᠡᠳᠦᠷ᠎ᠦᠨ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ

  2005 ᠣᠨ᠎ᠤ 10 ᠰᠠᠷ᠎ᠠ᠎ᠶᠢᠨ 27᠎ᠤ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠵᠠᠰᠠᠪᠤᠷᠢ ᠣᠷᠤᠭᠤᠯᠪᠠ

  2013 ᠣᠨ᠎ᠤ 12 ᠰᠠᠷ᠎ᠠ᠎ᠶᠢᠨ 28᠎ᠤ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ᠎ᠶᠢᠨ ᠣᠷᠴᠢᠨ ᠠᠬᠤᠢ᠎ᠶᠢ ᠬᠠᠮᠠᠭᠠᠯᠠᠬᠤ ᠬᠠᠤᠯᠢ〉ᠵᠡᠷᠭᠡ ᠳᠣᠯᠤᠭᠠᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ)

 

 

    ᠶᠢᠰᠦᠳᠦᠭᠡᠷ ᠪᠦᠯᠦᠭ  ᠺᠣᠮᠫᠠᠨᠢ᠎ᠶᠢ ᠨᠡᠢᠯᠡᠭᠦᠯᠬᠦ᠂ ᠰᠠᠯᠭᠠᠬᠤ᠂ ᠺᠣᠮᠫᠠᠨᠢ᠎ᠶᠢᠨ ᠬᠥᠷᠦᠩᠭᠡ᠎ᠶᠢ ᠨᠡᠮᠡᠬᠦ ᠪᠠ ᠪᠠᠭᠠᠰᠭᠠᠬᠤ

 

  ᠵᠠᠭᠤ ᠳᠠᠯᠠᠨ ᠬᠣᠶᠠᠳᠤᠭᠠᠷ ᠵᠦᠢᠯ ᠺᠣᠮᠫᠠᠨᠢ᠎ᠶᠢ ᠨᠡᠢᠯᠡᠭᠦᠯᠬᠦ᠎ᠳᠦ ᠱᠢᠩᠭᠡᠭᠡᠨ ᠨᠡᠢᠯᠡᠭᠦᠯᠬᠦ ᠪᠤᠶᠤ ᠱᠢᠨ᠎ᠡ᠎ᠪᠡᠷ ᠪᠠᠢᠭᠤᠯᠤᠨ ᠨᠡᠢᠯᠡᠭᠦᠯᠬᠦ ᠠᠷᠭ᠎ᠠ ᠮᠠᠶᠢᠭ᠎ᠢ ᠠᠪᠴᠤ ᠪᠣᠯᠤᠨ᠎ᠠ᠃

  ᠨᠢᠭᠡ ᠺᠣᠮᠫᠠᠨᠢ᠎ᠨᠢ ᠪᠤᠰᠤᠳ ᠺᠣᠮᠫᠠᠨᠢ᠎ᠶᠢ ᠱᠢᠩᠭᠡᠭᠡᠬᠦ᠎ᠶᠢ ᠱᠢᠩᠭᠡᠭᠡᠨ ᠨᠡᠢᠯᠡᠭᠦᠯᠬᠦ ᠭᠡᠨ᠎ᠡ᠂ ᠱᠢᠩᠭᠡᠭᠡᠭᠳᠡᠭᠰᠡᠨ ᠺᠣᠮᠫᠠᠨᠢ᠎ᠶᠢ ᠲᠠᠷᠬᠠᠭᠠᠨ᠎ᠠ᠃ ᠬᠣᠶᠠᠷ᠎ᠠᠴᠠ ᠳᠡᠭᠡᠭᠱᠢᠬᠢ ᠺᠣᠮᠫᠠᠨᠢ᠎ᠶᠢ ᠨᠡᠢᠯᠡᠭᠦᠯᠵᠦ ᠨᠢᠭᠡᠨ ᠱᠢᠨ᠎ᠡ ᠺᠣᠮᠫᠠᠨᠢ ᠪᠠᠢᠭᠤᠯᠬᠤ᠎ᠶᠢ ᠱᠢᠨ᠎ᠡ᠎ᠪᠡᠷ ᠪᠠᠢᠭᠤᠯᠤᠨ ᠨᠡᠢᠯᠡᠭᠦᠯᠬᠦ ᠭᠡᠨ᠎ᠡ᠂ ᠨᠡᠢᠯᠡᠭᠰᠡᠨ ᠡᠯ᠎ᠡ ᠲᠠᠯ᠎ᠠ᠎ᠶᠢ ᠲᠠᠷᠬᠠᠭᠠᠨ᠎ᠠ᠃

  ᠵᠠᠭᠤ ᠳᠠᠯᠠᠨ ᠭᠤᠷᠪᠠᠳᠤᠭᠠᠷ ᠵᠦᠢᠯ ᠺᠣᠮᠫᠠᠨᠢ᠎ᠶᠢ ᠨᠡᠢᠯᠡᠭᠦᠯᠬᠦ᠎ᠳᠦ ᠨᠡᠢᠯᠡᠬᠦ ᠡᠯ᠎ᠡ ᠲᠠᠯ᠎ᠠ᠎ᠶᠢᠨ ᠬᠢᠨ ᠨᠡᠢᠯᠡᠬᠦ ᠬᠡᠯᠡᠯᠴᠡᠭᠡᠷ ᠲᠣᠭᠲᠠᠭᠠᠬᠤ᠎ᠶᠢᠨ ᠬᠠᠮᠲᠤ ᠡᠳ᠋ ᠬᠥᠷᠦᠩᠭᠡ᠎ᠶᠢᠨ ᠥᠷᠢ ᠱᠢᠷᠢ᠎ᠶᠢᠨ ᠬᠦᠰᠦᠨᠦᠭᠲᠦ ᠬᠢᠭᠡᠳ ᠡᠳ᠋ ᠬᠥᠷᠦᠩᠭᠡ᠎ᠶᠢᠨ ᠨᠠᠷᠢᠨ ᠳᠠᠩᠰᠠ᠎ᠶᠢ ᠨᠠᠢᠷᠠᠭᠤᠯᠤᠨ ᠵᠣᠬᠢᠶᠠᠬᠤ ᠬᠡᠷᠡᠭᠲᠡᠢ᠃ ᠺᠣᠮᠫᠠᠨᠢ ᠨᠡᠢᠯᠡᠭᠦᠯᠬᠦ ᠱᠢᠢᠳᠪᠦᠷᠢ ᠭᠠᠷᠭᠠᠭᠰᠠᠨ ᠡᠳᠦᠷ᠎ᠡᠴᠡ ᠡᠬᠢᠯᠡᠨ ᠠᠷᠪᠠᠨ ᠡᠳᠦᠷ᠎ᠦᠨ ᠳᠣᠲᠤᠷ᠎ᠠ ᠠᠪᠴᠠᠭᠠᠲᠠᠨ᠎ᠳᠤ᠎ᠪᠠᠨ ᠮᠡᠳᠡᠭᠳᠡᠬᠦ ᠬᠡᠷᠡᠭᠲᠡᠢ ᠪᠥᠭᠡᠳ ᠭᠤᠴᠢᠨ ᠡᠳᠦᠷ᠎ᠦᠨ ᠳᠣᠲᠤᠷ᠎ᠠ ᠰᠣᠨᠢᠨ ᠳᠡᠭᠡᠷ᠎ᠡ ᠵᠠᠷᠯᠠᠨ ᠨᠡᠢᠲᠡᠯᠡᠬᠦ ᠬᠡᠷᠡᠭᠲᠡᠢ᠃ ᠠᠪᠴᠠᠭᠠᠲᠠᠨ ᠮᠡᠳᠡᠭᠳᠡᠯ᠎ᠦᠨ ᠪᠢᠴᠢᠭ᠎ᠢ ᠣᠯᠤᠭᠰᠠᠨ ᠡᠳᠦᠷ᠎ᠡᠴᠡ ᠡᠬᠢᠯᠡᠨ ᠭᠤᠴᠢᠨ ᠡᠳᠦᠷ᠎ᠦᠨ ᠳᠣᠲᠤᠷ᠎ᠠ᠂ ᠮᠡᠳᠡᠭᠳᠡᠯ᠎ᠦᠨ ᠪᠢᠴᠢᠭ᠎ᠢ ᠣᠯᠤᠭᠰᠠᠨ᠎ᠦᠭᠡᠢ᠎ᠨᠢ ᠵᠠᠷᠯᠠᠨ ᠨᠡᠢᠲᠡᠯᠡᠭᠰᠡᠨ ᠡᠳᠦᠷ᠎ᠡᠴᠡ ᠡᠬᠢᠯᠡᠨ ᠳᠥᠴᠢᠨ ᠲᠠᠪᠤᠨ ᠡᠳᠦᠷ᠎ᠦᠨ ᠳᠣᠲᠤᠷ᠎ᠠ ᠺᠣᠮᠫᠠᠨᠢ᠎ᠪᠠᠷ ᠥᠭᠴᠡᠭᠡ᠎ᠶᠢ ᠢᠯᠭᠠᠷᠠᠭᠤᠯᠤᠨ ᠲᠥᠯᠦᠭᠦᠯᠬᠦ᠎ᠪᠡᠷ ᠪᠤᠶᠤ ᠵᠣᠬᠢᠴᠠᠩᠭᠤᠢ ᠳᠠᠭᠠᠭᠠᠯᠲᠠ ᠬᠠᠨᠭᠭᠠᠯᠭᠠᠬᠤ᠎ᠪᠠᠷ ᠱᠠᠭᠠᠷᠳᠠᠵᠤ ᠪᠣᠯᠤᠨ᠎ᠠ᠃

  ᠵᠠᠭᠤ ᠳᠠᠯᠠᠨ ᠳᠥᠷᠪᠡᠳᠦᠭᠡᠷ ᠵᠦᠢᠯ ᠺᠣᠮᠫᠠᠨᠢ᠎ᠶᠢ ᠨᠡᠢᠯᠡᠭᠦᠯᠬᠦ ᠦᠶ᠎ᠡ᠎ᠳᠦ ᠨᠡᠢᠯᠡᠭᠰᠡᠨ ᠡᠯ᠎ᠡ ᠲᠠᠯ᠎ᠠ᠎ᠶᠢᠨ ᠬᠢᠨ᠎ᠦ ᠠᠪᠴᠠᠭ᠎ᠠ᠂ ᠥᠭᠴᠡᠭᠡ᠎ᠶᠢ ᠨᠡᠢᠯᠡᠭᠰᠡᠨ᠎ᠦ ᠳᠠᠷᠠᠭᠠᠬᠢ ᠦᠷᠭᠦᠯᠵᠢᠯᠡᠬᠦ ᠺᠣᠮᠫᠠᠨᠢ ᠪᠤᠶᠤ ᠱᠢᠨ᠎ᠡ ᠪᠠᠢᠭᠤᠯᠤᠭᠰᠠᠨ ᠺᠣᠮᠫᠠᠨᠢ ᠵᠠᠯᠭᠠᠮᠵᠢᠯᠠᠨ ᠡᠭᠦᠷᠭᠡᠯᠡᠨ᠎ᠡ᠃

  ᠵᠠᠭᠤ ᠳᠠᠯᠠᠨ ᠲᠠᠪᠤᠳᠤᠭᠠᠷ ᠵᠦᠢᠯ ᠺᠣᠮᠫᠠᠨᠢ᠎ᠶᠢ ᠰᠠᠯᠭᠠᠪᠠᠯ ᠲᠡᠭᠦᠨ᠎ᠦ ᠡᠳ᠋ ᠬᠥᠷᠦᠩᠭᠡ᠎ᠶᠢ᠎ᠨᠢ ᠵᠣᠬᠢᠴᠠᠩᠭᠤᠢ᠎ᠪᠠᠷ ᠰᠠᠯᠭᠠᠬᠤ ᠬᠡᠷᠡᠭᠲᠡᠢ᠃

  ᠺᠣᠮᠫᠠᠨᠢ᠎ᠶᠢ ᠰᠠᠯᠭᠠᠬᠤ᠎ᠳᠤ ᠡᠳ᠋ ᠬᠥᠷᠦᠩᠭᠡ᠎ᠶᠢᠨ ᠥᠷᠢ ᠱᠢᠷᠢ᠎ᠶᠢᠨ ᠬᠦᠰᠦᠨᠦᠭᠲᠦ ᠬᠢᠭᠡᠳ ᠡᠳ᠋ ᠬᠥᠷᠦᠩᠭᠡ᠎ᠶᠢᠨ ᠨᠠᠷᠢᠨ ᠳᠠᠩᠰᠠ᠎ᠶᠢ ᠨᠠᠢᠷᠠᠭᠤᠯᠤᠨ ᠵᠣᠬᠢᠶᠠᠬᠤ ᠬᠡᠷᠡᠭᠲᠡᠢ᠃ ᠺᠣᠮᠫᠠᠨᠢ ᠰᠠᠯᠭᠠᠬᠤ ᠱᠢᠢᠳᠪᠦᠷᠢ ᠭᠠᠷᠭᠠᠭᠰᠠᠨ ᠡᠳᠦᠷ᠎ᠡᠴᠡ ᠡᠬᠢᠯᠡᠨ ᠠᠷᠪᠠᠨ ᠡᠳᠦᠷ᠎ᠦᠨ ᠳᠣᠲᠤᠷ᠎ᠠ ᠠᠪᠴᠠᠭᠠᠲᠠᠨ᠎ᠳᠤ᠎ᠪᠠᠨ ᠮᠡᠳᠡᠭᠳᠡᠬᠦ ᠬᠡᠷᠡᠭᠲᠡᠢ ᠪᠥᠭᠡᠳ ᠭᠤᠴᠢᠨ ᠡᠳᠦᠷ᠎ᠦᠨ ᠳᠣᠲᠤᠷ᠎ᠠ ᠰᠣᠨᠢᠨ ᠳᠡᠭᠡᠷ᠎ᠡ ᠵᠠᠷᠯᠠᠨ ᠨᠡᠢᠲᠡᠯᠡᠬᠦ ᠬᠡᠷᠡᠭᠲᠡᠢ᠃

  ᠵᠠᠭᠤ ᠳᠠᠯᠠᠨ ᠵᠢᠷᠭᠤᠳᠤᠭᠠᠷ ᠵᠦᠢᠯ ᠺᠣᠮᠫᠠᠨᠢ᠎ᠶᠢ ᠰᠠᠯᠭᠠᠬᠤ᠎ᠠᠴᠠ ᠡᠮᠦᠨᠡᠬᠢ ᠥᠭᠴᠡᠭᠡ᠎ᠳᠦ ᠰᠠᠯᠭᠠᠭᠰᠠᠨ᠎ᠤ ᠳᠠᠷᠠᠭᠠᠬᠢ ᠺᠣᠮᠫᠠᠨᠢ ᠬᠣᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠡ᠃ ᠭᠡᠪᠡᠴᠦ ᠺᠣᠮᠫᠠᠨᠢ᠎ᠶᠢ ᠰᠠᠯᠭᠠᠬᠤ᠎ᠠᠴᠠ ᠡᠮᠦᠨ᠎ᠡ ᠠᠪᠴᠠᠭᠠᠲᠠᠨ᠎ᠯᠤᠭ᠎ᠠ ᠥᠭᠴᠡᠭᠡ᠎ᠶᠢ ᠢᠯᠭᠠᠷᠠᠭᠤᠯᠤᠨ ᠲᠥᠯᠦᠭᠦᠯᠬᠦ ᠲᠤᠬᠠᠢ ᠲᠣᠭᠲᠠᠭᠰᠠᠨ ᠪᠢᠴᠢᠭ᠎ᠦᠨ ᠬᠡᠯᠡᠯᠴᠡᠭᠡᠷ᠎ᠲᠦ ᠠᠰᠲᠠᠭᠠᠨ ᠪᠣᠯᠵᠤᠯ᠎ᠲᠠᠢ ᠪᠠᠢᠪᠠᠯ ᠡᠭᠦᠨ᠎ᠳᠦ ᠪᠠᠭᠲᠠᠬᠤ᠎ᠦᠭᠡᠢ᠃

  ᠵᠠᠭᠤ ᠳᠠᠯᠠᠨ ᠳᠣᠯᠤᠳᠤᠭᠠᠷ ᠵᠦᠢᠯ ᠺᠣᠮᠫᠠᠨᠢ ᠳᠠᠩᠰᠠᠯᠠᠭᠤᠯᠤᠭᠰᠠᠨ ᠬᠥᠷᠦᠩᠭᠡ᠎ᠪᠡᠨ ᠪᠠᠭᠠᠰᠭᠠᠬᠤ ᠴᠢᠬᠤᠯᠠᠲᠠᠢ ᠦᠶ᠎ᠡ᠎ᠳᠦ ᠡᠷᠬᠡᠪᠱᠢ ᠡᠳ᠋ ᠬᠥᠷᠦᠩᠭᠡ᠎ᠶᠢᠨ ᠥᠷᠢ ᠱᠢᠷᠢ᠎ᠶᠢᠨ ᠬᠦᠰᠦᠨᠦᠭᠲᠦ ᠬᠢᠭᠡᠳ ᠡᠳ᠋ ᠬᠥᠷᠦᠩᠭᠡ᠎ᠶᠢᠨ ᠨᠠᠷᠢᠨ ᠳᠠᠩᠰᠠ᠎ᠶᠢ ᠨᠠᠢᠷᠠᠭᠤᠯᠤᠨ ᠵᠣᠬᠢᠶᠠᠬᠤ ᠬᠡᠷᠡᠭᠲᠡᠢ᠃

  ᠺᠣᠮᠫᠠᠨᠢ ᠳᠠᠩᠰᠠᠯᠠᠭᠤᠯᠤᠭᠰᠠᠨ ᠬᠥᠷᠦᠩᠭᠡ᠎ᠪᠡᠨ ᠪᠠᠭᠠᠰᠭᠠᠬᠤ ᠱᠢᠢᠳᠪᠦᠷᠢ ᠭᠠᠷᠭᠠᠭᠰᠠᠨ ᠡᠳᠦᠷ᠎ᠡᠴᠡ ᠡᠬᠢᠯᠡᠨ ᠠᠷᠪᠠᠨ ᠡᠳᠦᠷ᠎ᠦᠨ ᠳᠣᠲᠤᠷ᠎ᠠ ᠠᠪᠴᠠᠭᠠᠲᠠᠨ᠎ᠳᠤ᠎ᠪᠠᠨ ᠮᠡᠳᠡᠭᠳᠡᠬᠦ ᠬᠡᠷᠡᠭᠲᠡᠢ ᠪᠥᠭᠡᠳ ᠭᠤᠴᠢᠨ ᠡᠳᠦᠷ᠎ᠦᠨ ᠳᠣᠲᠤᠷ᠎ᠠ ᠰᠣᠨᠢᠨ ᠳᠡᠭᠡᠷ᠎ᠡ ᠵᠠᠷᠯᠠᠨ ᠨᠡᠢᠲᠡᠯᠡᠬᠦ ᠬᠡᠷᠡᠭᠲᠡᠢ᠃ ᠠᠪᠴᠠᠭᠠᠲᠠᠨ ᠮᠡᠳᠡᠭᠳᠡᠯ᠎ᠦᠨ ᠪᠢᠴᠢᠭ᠎ᠢ ᠣᠯᠤᠭᠰᠠᠨ ᠡᠳᠦᠷ᠎ᠡᠴᠡ ᠡᠬᠢᠯᠡᠨ ᠭᠤᠴᠢᠨ ᠡᠳᠦᠷ᠎ᠦᠨ ᠳᠣᠲᠤᠷ᠎ᠠ᠂ ᠮᠡᠳᠡᠭᠳᠡᠯ᠎ᠦᠨ ᠪᠢᠴᠢᠭ᠎ᠢ ᠣᠯᠤᠭᠰᠠᠨ᠎ᠦᠭᠡᠢ᠎ᠨᠢ ᠵᠠᠷᠯᠠᠨ ᠨᠡᠢᠲᠡᠯᠡᠭᠰᠡᠨ ᠡᠳᠦᠷ᠎ᠡᠴᠡ ᠡᠬᠢᠯᠡᠨ ᠳᠥᠴᠢᠨ ᠲᠠᠪᠤᠨ ᠡᠳᠦᠷ᠎ᠦᠨ ᠳᠣᠲᠤᠷ᠎ᠠ ᠺᠣᠮᠫᠠᠨᠢ᠎ᠪᠠᠷ ᠥᠭᠴᠡᠭᠡ᠎ᠶᠢ ᠢᠯᠭᠠᠷᠠᠭᠤᠯᠤᠨ ᠲᠥᠯᠦᠭᠦᠯᠬᠦ ᠪᠤᠶᠤ ᠵᠣᠬᠢᠴᠠᠩᠭᠤᠢ ᠳᠠᠭᠠᠭᠠᠯᠲᠠ ᠬᠠᠨᠭᠭᠠᠯᠭᠠᠬᠤ᠎ᠪᠠᠷ ᠱᠠᠭᠠᠷᠳᠠᠬᠤ ᠡᠷᠬᠡ᠎ᠲᠡᠢ᠃

  ᠵᠠᠭᠤ ᠳᠠᠯᠠᠨ ᠨᠠᠢ᠍ᠮᠠᠳᠤᠭᠠᠷ ᠵᠦᠢᠯ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠠᠩᠰᠠᠯᠠᠭᠤᠯᠤᠭᠰᠠᠨ ᠬᠥᠷᠦᠩᠭᠡ᠎ᠪᠡᠨ ᠨᠡᠮᠡᠬᠦ ᠦᠶ᠎ᠡ᠎ᠳᠦ᠂ ᠬᠤᠪᠢ ᠣᠷᠤᠭᠤᠯᠤᠭᠴᠢᠳ ᠱᠢᠨ᠎ᠡ᠎ᠪᠡᠷ ᠨᠡᠮᠡᠭᠳᠡᠬᠦ ᠬᠥᠷᠦᠩᠭᠡ᠎ᠶᠢᠨ ᠭᠠᠷᠭᠠᠬᠤ ᠪᠡᠯᠡ᠎ᠶᠢ ᠳᠠᠭᠠᠭᠠᠨ ᠲᠤᠱᠢᠶᠠᠬᠤ᠎ᠳᠤ᠎ᠪᠠᠨ ᠲᠤᠰ ᠬᠠᠤᠯᠢ᠎ᠳᠠᠬᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠢᠭᠤᠯᠬᠤ᠎ᠳᠤ ᠭᠠᠷᠭᠠᠬᠤ ᠪᠡᠯᠡ ᠲᠤᠱᠢᠶᠠᠬᠤ ᠲᠤᠬᠠᠢ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠭᠦᠢᠴᠡᠳᠭᠡᠨ᠎ᠡ᠃

  ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠳᠠᠩᠰᠠᠯᠠᠭᠤᠯᠤᠭᠰᠠᠨ ᠬᠥᠷᠦᠩᠭᠡ᠎ᠪᠡᠨ ᠨᠡᠮᠡᠬᠦ᠎ᠶᠢᠨ ᠲᠥᠯᠦᠭᠡ ᠱᠢᠨ᠎ᠡ ᠬᠤᠪᠢ ᠲᠠᠷᠬᠠᠭᠠᠪᠠᠯ᠂ ᠬᠤᠪᠢ ᠣᠷᠤᠭᠤᠯᠤᠭᠴᠢᠳ ᠱᠢᠨ᠎ᠡ ᠬᠤᠪᠢ᠎ᠶᠢ ᠬᠤᠳᠠᠯᠳᠤᠨ ᠠᠪᠬᠤ᠎ᠳᠤ᠎ᠪᠠᠨ ᠲᠤᠰ ᠬᠠᠤᠯᠢ᠎ᠳᠠᠬᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠠᠢᠭᠤᠯᠬᠤ᠎ᠳᠤ ᠬᠤᠪᠢ᠎ᠶᠢᠨ ᠵᠣᠭᠤᠰ ᠲᠤᠱᠢᠶᠠᠬᠤ ᠲᠤᠬᠠᠢ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠭᠦᠢᠴᠡᠳᠭᠡᠨ᠎ᠡ᠃

  ᠵᠠᠭᠤ ᠳᠠᠯᠠ ᠶᠢᠰᠦᠳᠦᠭᠡᠷ ᠵᠦᠢᠯ ᠺᠣᠮᠫᠠᠨᠢ᠎ᠶᠢ ᠨᠡᠢᠯᠡᠭᠦᠯᠬᠦ ᠪᠤᠶᠤ ᠰᠠᠯᠭᠠᠬᠤ᠎ᠳᠤ ᠳᠠᠩᠰᠠᠯᠠᠭᠤᠯᠤᠭᠰᠠᠨ ᠵᠦᠢᠯᠡᠰ᠎ᠲᠤ᠎ᠨᠢ ᠬᠤᠪᠢᠷᠠᠯᠲᠠ ᠭᠠᠷᠬᠤ᠎ᠳᠤ ᠬᠦᠷᠪᠡᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠬᠠᠤᠯᠢ ᠶᠣᠰᠤᠭᠠᠷ ᠬᠤᠪᠢᠷᠠᠭᠤᠯᠬᠤ ᠳᠡᠩᠰᠡᠯᠡᠯᠲᠡ ᠬᠢᠯᠭᠡᠬᠦ ᠬᠡᠷᠡᠭᠲᠡᠢ; ᠺᠣᠮᠫᠠᠨᠢ᠎ᠶᠢ ᠲᠠᠷᠬᠠᠭᠠᠬᠤ᠎ᠳᠤ ᠬᠦᠷᠪᠡᠯ ᠬᠠᠤᠯᠢ ᠶᠣᠰᠤᠭᠠᠷ ᠺᠣᠮᠫᠠᠨᠢ᠎ᠪᠠᠨ ᠬᠠᠰᠤᠭᠤᠯᠬᠤ ᠳᠡᠩᠰᠡᠯᠡᠯᠲᠡ ᠬᠢᠯᠭᠡᠬᠦ ᠬᠡᠷᠡᠭᠲᠡᠢ; ᠱᠢᠨ᠎ᠡ ᠺᠣᠮᠫᠠᠨᠢ ᠪᠠᠢᠭᠤᠯᠪᠠᠯ ᠺᠣᠮᠫᠠᠨᠢ ᠪᠠᠢᠭᠤᠯᠤᠭᠰᠠᠨ᠎ᠢᠶᠠᠨ ᠬᠠᠤᠯᠢ ᠶᠣᠰᠤᠭᠠᠷ ᠳᠠᠩᠰᠠᠯᠠᠭᠤᠯᠬᠤ ᠬᠡᠷᠡᠭᠲᠡᠢ᠃

  ᠺᠣᠮᠫᠠᠨᠢ ᠳᠠᠩᠰᠠᠯᠠᠭᠤᠯᠤᠭᠰᠠᠨ ᠬᠥᠷᠦᠩᠭᠡ᠎ᠪᠡᠨ ᠨᠡᠮᠡᠬᠦ ᠪᠤᠶᠤ ᠪᠠᠭᠠᠰᠭᠠᠬᠤ᠎ᠳᠤ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠬᠠᠤᠯᠢ ᠶᠣᠰᠤᠭᠠᠷ ᠬᠤᠪᠢᠷᠠᠭᠤᠯᠬᠤ ᠳᠡᠩᠰᠡᠯᠡᠯᠲᠡ ᠬᠢᠯᠭᠡᠬᠦ ᠬᠡᠷᠡᠭᠲᠡᠢ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604