ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠶᠢᠨ ᠬᠠᠤᠯᠢ (ᠠᠷᠪᠠᠳᠤᠭᠠᠷ ᠪᠦᠯᠦᠭ)
2019.11.07

  (1993 ᠣᠨ᠎ᠤ 12 ᠰᠠᠷ᠎ᠠ᠎ᠶᠢᠨ 29᠎ᠦ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ

  1999 ᠣᠨ᠎ᠤ 12 ᠰᠠᠷ᠎ᠠ᠎ᠶᠢᠨ 25᠎ᠤ ᠡᠳᠦᠷ᠎ᠦᠨ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠭᠤᠷᠪᠠᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ

  2004 ᠣᠨ᠎ᠤ 8 ᠰᠠᠷ᠎ᠠ᠎ᠶᠢᠨ 28᠎ᠤ ᠡᠳᠦᠷ᠎ᠦᠨ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ

  2005 ᠣᠨ᠎ᠤ 10 ᠰᠠᠷ᠎ᠠ᠎ᠶᠢᠨ 27᠎ᠤ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠵᠠᠰᠠᠪᠤᠷᠢ ᠣᠷᠤᠭᠤᠯᠪᠠ

  2013 ᠣᠨ᠎ᠤ 12 ᠰᠠᠷ᠎ᠠ᠎ᠶᠢᠨ 28᠎ᠤ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ᠎ᠶᠢᠨ ᠣᠷᠴᠢᠨ ᠠᠬᠤᠢ᠎ᠶᠢ ᠬᠠᠮᠠᠭᠠᠯᠠᠬᠤ ᠬᠠᠤᠯᠢ〉 ᠵᠡᠷᠭᠡ ᠳᠣᠯᠤᠭᠠᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ)

 

    ᠠᠷᠪᠠᠳᠤᠭᠠᠷ ᠪᠦᠯᠦᠭ  ᠺᠣᠮᠫᠠᠨᠢ᠎ᠶᠢ ᠲᠠᠷᠬᠠᠭᠠᠬᠤ ᠪᠠ ᠢᠯᠭᠠᠷᠠᠭᠤᠯᠤᠨ ᠪᠣᠳᠤᠬᠤ

 

  ᠵᠠᠭᠤ ᠨᠠᠶᠠᠳᠤᠭᠠᠷ ᠵᠦᠢᠯ  ᠺᠣᠮᠫᠠᠨᠢ᠎ᠶᠢ ᠳᠣᠣᠷ᠎ᠠ ᠵᠢᠭᠰᠠᠭᠠᠭᠰᠠᠨ ᠱᠢᠯᠲᠠᠭᠠᠨ᠎ᠠᠴᠠ ᠪᠣᠯᠵᠤ ᠲᠠᠷᠬᠠᠭᠠᠨ᠎ᠠ᠄

  (ᠨᠢᠭᠡ) ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠡᠵᠡᠩᠨᠡᠯᠲᠡ᠎ᠶᠢᠨ ᠬᠤᠭᠤᠴᠠᠭ᠎ᠠ ᠳᠦᠭᠦᠷᠦᠭᠰᠡᠨ ᠪᠤᠶᠤ ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠲᠠᠷᠬᠠᠭᠠᠬᠤ ᠪᠤᠰᠤᠳ ᠤᠴᠢᠷ ᠱᠢᠯᠲᠠᠭᠠᠨ ᠭᠠᠷᠤᠭᠰᠠᠨ;

  (ᠬᠣᠶᠠᠷ) ᠬᠤᠪᠢ ᠣᠷᠤᠭᠤᠯᠤᠭᠴᠢᠳ᠎ᠤᠨ ᠵᠥᠪᠯᠡᠯ ᠪᠤᠶᠤ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠠᠴᠠ ᠲᠠᠷᠬᠠᠭᠠᠬᠤ ᠱᠢᠢᠳᠪᠦᠷᠢ ᠭᠠᠷᠭᠠᠭᠰᠠᠨ;

  (ᠭᠤᠷᠪᠠ) ᠺᠣᠮᠫᠠᠨᠢ᠎ᠶᠢ ᠨᠡᠢᠯᠡᠭᠦᠯᠦᠭᠰᠡᠨ ᠪᠤᠶᠤ ᠰᠠᠯᠭᠠᠭᠰᠠᠨ᠎ᠠᠴᠠ ᠪᠣᠯᠵᠤ ᠲᠠᠷᠬᠠᠭᠠᠬᠤ ᠴᠢᠬᠤᠯᠠᠲᠠᠢ ᠪᠣᠯᠤᠭᠰᠠᠨ;

  (ᠳᠥᠷᠪᠡ) ᠡᠵᠡᠩᠨᠡᠯᠲᠡ᠎ᠶᠢᠨ ᠦᠨᠡᠮᠯᠡᠯ᠎ᠢ᠎ᠨᠢ ᠬᠠᠤᠯᠢ ᠶᠣᠰᠤᠭᠠᠷ ᠬᠣᠷᠢᠶᠠᠨ ᠠᠪᠤᠭᠠᠳ ᠬᠦᠴᠦᠨ᠎ᠦᠭᠡᠢ ᠪᠣᠯᠭᠠᠵᠤ᠂ ᠵᠠᠷᠯᠢᠭ᠎ᠢᠶᠠᠷ ᠡᠭᠦᠳᠡ᠎ᠶᠢ᠎ᠨᠢ ᠬᠠᠭᠠᠯᠭᠠᠭᠰᠠᠨ ᠪᠤᠶᠤ ᠬᠠᠰᠤᠭᠤᠯᠤᠭᠰᠠᠨ;

  (ᠲᠠᠪᠤ) ᠠᠷᠠᠳ᠎ᠤᠨ ᠱᠢᠭᠦᠬᠦ ᠬᠣᠷᠢᠶ᠎ᠠ᠎ᠠᠴᠠ ᠲᠤᠰ ᠬᠠᠤᠯᠢ᠎ᠶᠢᠨ ᠵᠠᠭᠤ ᠨᠠᠶᠠᠨ ᠬᠣᠶᠠᠳᠤᠭᠠᠷ ᠵᠦᠢᠯ᠎ᠦᠨ ᠲᠣᠭᠲᠠᠭᠠᠯ ᠶᠣᠰᠤᠭᠠᠷ ᠲᠠᠷᠬᠠᠭᠠᠭᠰᠠᠨ᠃

  ᠵᠠᠭᠤ ᠨᠠᠶᠠᠨ ᠨᠢᠭᠡᠳᠦᠭᠡᠷ ᠵᠦᠢᠯ  ᠺᠣᠮᠫᠠᠨᠢ᠎ᠳᠤ ᠲᠤᠰ ᠬᠠᠤᠯᠢ᠎ᠶᠢᠨ ᠵᠠᠭᠤ ᠨᠠᠶᠠᠳᠤᠭᠠᠷ ᠵᠦᠢᠯ᠎ᠦᠨ (ᠨᠢᠭᠡ) ᠳ᠋ᠦᠭᠡᠷ ᠵᠤᠷᠪᠤᠰ᠎ᠤᠨ ᠪᠠᠢᠳᠠᠯ᠎ᠲᠠᠢ ᠪᠠᠢᠪᠠᠯ᠂ ᠲᠡᠷᠡ᠎ᠨᠢ ᠺᠣᠮᠫᠠᠨᠢ᠎ᠶᠢᠨ ᠳᠦᠷᠢᠮ᠎ᠳᠤ᠎ᠪᠠᠨ ᠵᠠᠰᠠᠪᠤᠷᠢ ᠣᠷᠤᠭᠤᠯᠬᠤ᠎ᠪᠠᠷ ᠳᠠᠮᠵᠢᠭᠤᠯᠤᠨ ᠦᠷᠭᠦᠯᠵᠢᠯᠡᠵᠦ ᠪᠣᠯᠤᠨ᠎ᠠ᠃

  ᠡᠮᠦᠨᠡᠬᠢ ᠪᠠᠳᠠᠭ᠎ᠤᠨ ᠲᠣᠭᠲᠠᠭᠠᠯ ᠶᠣᠰᠤᠭᠠᠷ ᠺᠣᠮᠫᠠᠨᠢ᠎ᠶᠢᠨ ᠳᠦᠷᠢᠮ᠎ᠳᠦ ᠵᠠᠰᠠᠪᠤᠷᠢ ᠣᠷᠤᠭᠤᠯᠬᠤ᠎ᠳᠤ ᠬᠦᠷᠪᠡᠯ᠂ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠷᠬᠡᠪᠱᠢ ᠭᠤᠷᠪᠠᠨ᠎ᠤ ᠬᠣᠶᠠᠷ᠎ᠠᠴᠠ ᠳᠡᠭᠡᠭᠱᠢᠬᠢ ᠪᠠᠲᠤᠯᠠᠬᠤ ᠡᠷᠬᠡ᠎ᠶᠢ ᠡᠵᠡᠮᠱᠢᠵᠦ ᠪᠠᠢᠭ᠎ᠠ ᠬᠤᠪᠢ ᠣᠷᠤᠭᠤᠯᠤᠭᠴᠢᠳ᠎ᠢᠶᠠᠷ ᠪᠠᠲᠤᠯᠠᠭᠤᠯᠵᠤ᠂ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠡᠷᠬᠡᠪᠱᠢ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠬᠤᠷᠠᠯᠳᠤᠭᠠᠨ᠎ᠳᠤ ᠣᠷᠤᠯᠴᠠᠭᠰᠠᠨ ᠬᠤᠪᠢ ᠣᠷᠤᠭᠤᠯᠤᠭᠴᠢᠳ᠎ᠤᠨ ᠡᠵᠡᠮᠱᠢᠵᠦ ᠪᠠᠢᠭ᠎ᠠ ᠪᠠᠲᠤᠯᠠᠬᠤ ᠡᠷᠬᠡ᠎ᠶᠢᠨ ᠭᠤᠷᠪᠠᠨ᠎ᠤ ᠬᠣᠶᠠᠷ᠎ᠠᠴᠠ ᠳᠡᠭᠡᠭᠱᠢᠬᠢ᠎ᠪᠡᠷ ᠪᠠᠲᠤᠯᠠᠭᠤᠯᠤᠭᠰᠠᠨ ᠪᠠᠢᠬᠤ ᠬᠡᠷᠡᠭᠲᠡᠢ᠃

  ᠵᠠᠭᠤ ᠨᠠᠶᠠᠨ ᠬᠣᠶᠠᠳᠤᠭᠠᠷ ᠵᠦᠢᠯ  ᠺᠣᠮᠫᠠᠨᠢ᠎ᠶᠢᠨ ᠡᠵᠡᠩᠨᠡᠯᠲᠡ ᠬᠠᠮᠢᠶᠠᠷᠤᠯᠲᠠ᠎ᠨᠢ ᠬᠦᠨᠳᠦ ᠰᠦᠷᠡᠬᠡᠢ ᠬᠦᠴᠢᠷᠳᠡᠯ᠎ᠳᠦ ᠤᠴᠠᠷᠠᠵᠤ᠂ ᠦᠷᠭᠦᠯᠵᠢᠯᠡᠨ ᠣᠷᠤᠱᠢᠪᠠᠯ ᠬᠤᠪᠢ ᠣᠷᠤᠭᠤᠯᠤᠭᠴᠢᠳ᠎ᠤᠨ ᠠᠱᠢᠭ ᠲᠤᠰᠠ᠎ᠳᠤ ᠬᠦᠨᠳᠦ ᠶᠡᠬᠡ ᠬᠣᠬᠢᠷᠠᠯ ᠤᠴᠠᠷᠠᠭᠤᠯᠬᠤ ᠪᠥᠭᠡᠳ ᠪᠤᠰᠤᠳ ᠠᠷᠭ᠎ᠠ ᠵᠠᠮ᠎ᠢᠶᠠᠷ ᠱᠢᠢᠳᠪᠦᠷᠢᠯᠡᠵᠦ ᠳᠡᠢᠯᠬᠦ᠎ᠦᠭᠡᠢ ᠪᠠᠢᠪᠠᠯ᠂ ᠺᠣᠮᠫᠠᠨᠢ᠎ᠶᠢᠨ ᠪᠦᠬᠦ ᠬᠤᠪᠢ ᠣᠷᠤᠭᠤᠯᠤᠭᠴᠢᠳ᠎ᠤᠨ ᠵᠠᠭᠤᠨ᠎ᠤ ᠠᠷᠪᠠ᠎ᠠᠴᠠ ᠳᠡᠭᠡᠭᠱᠢᠬᠢ ᠪᠠᠲᠤᠯᠠᠬᠤ ᠡᠷᠬᠡ᠎ᠶᠢ ᠡᠵᠡᠮᠱᠢᠵᠦ ᠪᠠᠢᠭ᠎ᠠ ᠬᠤᠪᠢ ᠣᠷᠤᠭᠤᠯᠤᠭᠴᠢᠳ ᠺᠣᠮᠫᠠᠨᠢ᠎ᠶᠢ ᠲᠠᠷᠬᠠᠭᠠᠯᠭᠠᠬᠤ᠎ᠪᠠᠷ ᠠᠷᠠᠳ᠎ᠤᠨ ᠱᠢᠭᠦᠬᠦ ᠬᠣᠷᠢᠶᠠᠨ᠎ᠳᠤ ᠭᠤᠶᠤᠴᠢᠯᠠᠵᠤ ᠪᠣᠯᠤᠨ᠎ᠠ᠃

  ᠵᠠᠭᠤ ᠨᠠᠶᠠᠨ ᠭᠤᠷᠪᠠᠳᠤᠭᠠᠷ ᠵᠦᠢᠯ  ᠺᠣᠮᠫᠠᠨᠢ ᠲᠤᠰ ᠬᠠᠤᠯᠢ᠎ᠶᠢᠨ ᠵᠠᠭᠤ ᠨᠠᠶᠠᠳᠤᠭᠠᠷ ᠵᠦᠢᠯ᠎ᠦᠨ (ᠨᠢᠭᠡ) ᠳ᠋ᠦᠭᠡᠷ ᠵᠤᠷᠪᠤᠰ᠂ (ᠬᠣᠶᠠᠷ)᠎ᠳᠤᠭᠠᠷ ᠵᠤᠷᠪᠤᠰ᠂ (ᠳᠥᠷᠪᠡ)᠎ᠳᠦᠭᠡᠷ ᠵᠤᠷᠪᠤᠰ᠂ (ᠲᠠᠪᠤ)᠎ᠳᠤᠭᠠᠷ ᠵᠤᠷᠪᠤᠰ᠎ᠲᠤ ᠲᠣᠭᠲᠠᠭᠠᠭᠰᠠᠨ ᠱᠢᠯᠲᠠᠭᠠᠨ᠎ᠠᠴᠠ ᠪᠣᠯᠤᠭᠠᠳ ᠲᠠᠷᠬᠠᠬᠤ᠎ᠳᠤ ᠬᠦᠷᠪᠡᠯ᠂ ᠲᠠᠷᠬᠠᠬᠤ ᠤᠴᠢᠷ ᠱᠢᠯᠲᠠᠭᠠᠨ ᠭᠠᠷᠤᠭᠰᠠᠨ ᠡᠳᠦᠷ᠎ᠡᠴᠡ ᠡᠬᠢᠯᠡᠨ ᠠᠷᠪᠠᠨ ᠲᠠᠪᠤᠨ ᠡᠳᠦᠷ᠎ᠦᠨ ᠳᠣᠲᠤᠷ᠎ᠠ ᠢᠯᠭᠠᠷᠠᠭᠤᠯᠤᠨ ᠪᠣᠳᠤᠬᠤ ᠳᠤᠭᠤᠢᠯᠠᠩ ᠪᠠᠢᠭᠤᠯᠵᠤ᠂ ᠡᠬᠢᠯᠡᠵᠦ ᠢᠯᠭᠠᠷᠠᠭᠤᠯᠤᠨ ᠪᠣᠳᠤᠬᠤ ᠬᠡᠷᠡᠭᠲᠡᠢ᠃ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠢᠯᠭᠠᠷᠠᠭᠤᠯᠤᠨ ᠪᠣᠳᠤᠬᠤ ᠳᠤᠭᠤᠢᠯᠠᠩ᠎ᠨᠢ ᠬᠤᠪᠢ ᠣᠷᠤᠭᠤᠯᠤᠭᠴᠢᠳ᠎ᠢᠶᠠᠷ ᠪᠦᠷᠢᠯᠳᠦᠵᠦ᠂ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠢᠯᠭᠠᠷᠠᠭᠤᠯᠤᠨ ᠪᠣᠳᠤᠬᠤ ᠳᠤᠭᠤᠢᠯᠠᠩ᠎ᠨᠢ ᠬᠡᠷᠡᠭ ᠮᠡᠳᠡᠭᠴᠢ ᠪᠤᠶᠤ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠠᠴᠠ ᠲᠣᠭᠲᠠᠭᠠᠭᠰᠠᠨ ᠬᠥᠮᠦᠰ᠎ᠢᠶᠡᠷ ᠪᠦᠷᠢᠯᠳᠦᠨ᠎ᠡ᠃ ᠬᠤᠭᠤᠴᠠᠭ᠎ᠠ ᠬᠡᠲᠦᠷᠡᠲᠡᠯ᠎ᠡ ᠢᠯᠭᠠᠷᠠᠭᠤᠯᠤᠨ ᠪᠣᠳᠤᠬᠤ ᠳᠤᠭᠤᠢᠯᠠᠩ ᠪᠠᠢᠭᠤᠯᠵᠤ ᠢᠯᠭᠠᠷᠠᠭᠤᠯᠤᠨ ᠪᠣᠳᠤᠭᠰᠠᠨ᠎ᠦᠭᠡᠢ ᠪᠠᠢᠪᠠᠯ᠂ ᠠᠪᠴᠠᠭᠠᠲᠠᠨ᠎ᠨᠢ ᠬᠣᠯᠪᠤᠭᠳᠠᠯ ᠪᠦᠬᠦᠢ ᠬᠥᠮᠦᠰ᠎ᠢ ᠵᠢᠭᠠᠨ ᠲᠣᠭᠲᠠᠭᠠᠯᠭᠠᠵᠤ ᠢᠯᠭᠠᠷᠠᠭᠤᠯᠤᠨ ᠪᠣᠳᠤᠬᠤ ᠳᠤᠭᠤᠢᠯᠠᠩ ᠪᠠᠢᠭᠤᠯᠵᠤ ᠢᠯᠭᠠᠷᠠᠭᠤᠯᠤᠨ ᠪᠣᠳᠤᠭᠤᠯᠬᠤ᠎ᠪᠠᠷ ᠠᠷᠠᠳ᠎ᠤᠨ ᠱᠢᠭᠦᠬᠦ ᠬᠣᠷᠢᠶ᠎ᠠ᠎ᠳᠤ ᠭᠤᠶᠤᠴᠢᠯᠠᠵᠤ ᠪᠣᠯᠤᠨ᠎ᠠ᠃ ᠠᠷᠠᠳ᠎ᠤᠨ ᠱᠢᠭᠦᠬᠦ ᠬᠣᠷᠢᠶ᠎ᠠ ᠡᠨᠡᠬᠦ ᠭᠤᠶᠤᠴᠢᠯᠠᠯ᠎ᠢ ᠬᠦᠯᠢᠶᠡᠨ ᠠᠪᠬᠤ ᠬᠡᠷᠡᠭᠲᠡᠢ ᠪᠥᠭᠡᠳ ᠢᠯᠭᠠᠷᠠᠭᠤᠯᠤᠨ ᠪᠣᠳᠤᠬᠤ ᠳᠤᠭᠤᠢᠯᠠᠩ᠎ᠢ ᠴᠠᠭ ᠲᠤᠬᠠᠢ᠎ᠳᠤ᠎ᠨᠢ ᠵᠣᠬᠢᠶᠠᠨ ᠪᠠᠢᠭᠤᠯᠵᠤ ᠢᠯᠭᠠᠷᠠᠭᠤᠯᠤᠨ ᠪᠣᠳᠤᠭᠤᠯᠬᠤ ᠬᠡᠷᠡᠭᠲᠡᠢ᠃

  ᠵᠠᠭᠤ ᠨᠠᠶᠠᠨ ᠳᠥᠷᠪᠡᠳᠦᠭᠡᠷ ᠵᠦᠢᠯ  ᠢᠯᠭᠠᠷᠠᠭᠤᠯᠤᠨ ᠪᠣᠳᠤᠬᠤ ᠳᠤᠭᠤᠢᠯᠠᠩ ᠢᠯᠭᠠᠷᠠᠭᠤᠯᠤᠨ ᠪᠣᠳᠤᠬᠤ ᠬᠤᠭᠤᠴᠠᠭᠠᠨ᠎ᠳᠤ ᠳᠣᠣᠷ᠎ᠠ ᠵᠢᠭᠰᠠᠭᠠᠭᠰᠠᠨ ᠡᠷᠬᠡ ᠲᠤᠱᠢᠶᠠᠯ᠎ᠢ ᠭᠦᠢᠴᠡᠳᠭᠡᠨ᠎ᠡ᠄

  (ᠨᠢᠭᠡ) ᠺᠣᠮᠫᠠᠨᠢ᠎ᠶᠢᠨ ᠡᠳ᠋ ᠬᠥᠷᠦᠩᠭᠡ᠎ᠶᠢ ᠡᠮᠬᠢᠯᠡᠨ ᠢᠯᠭᠠᠷᠠᠭᠤᠯᠵᠤ᠂ ᠡᠳ᠋ ᠬᠥᠷᠦᠩᠭᠡ᠎ᠶᠢᠨ ᠥᠷᠢ ᠱᠢᠷᠢ᠎ᠶᠢᠨ ᠬᠦᠰᠦᠨᠦᠭᠲᠦ ᠪᠠ ᠡᠳ᠋ ᠬᠥᠷᠦᠩᠭᠡ᠎ᠶᠢᠨ ᠨᠠᠷᠢᠨ ᠳᠠᠩᠰᠠ᠎ᠶᠢ ᠲᠤᠰ ᠲᠤᠰ᠎ᠲᠤ᠎ᠨᠢ ᠨᠠᠢᠷᠠᠭᠤᠯᠤᠨ ᠵᠣᠬᠢᠶᠠᠨ᠎ᠠ;

  (ᠬᠣᠶᠠᠷ) ᠠᠪᠴᠠᠭᠠᠲᠠᠨ᠎ᠳᠤ ᠮᠡᠳᠡᠭᠳᠡᠵᠦ᠂ ᠵᠠᠷᠯᠠᠨ ᠨᠡᠢᠲᠡᠯᠡᠨ᠎ᠡ;

  (ᠭᠤᠷᠪᠠ) ᠢᠯᠭᠠᠷᠠᠭᠤᠯᠤᠨ ᠪᠣᠳᠤᠬᠤ᠎ᠳᠤ ᠬᠣᠯᠪᠤᠭᠳᠠᠬᠤ ᠺᠣᠮᠫᠠᠨᠢ᠎ᠶᠢᠨ ᠱᠢᠢᠳᠪᠦᠷᠢᠯᠡᠵᠦ ᠳᠠᠭᠤᠰᠤᠭᠠᠳᠤᠢ ᠲᠤᠬᠠᠢᠯᠠᠭᠰᠠᠨ ᠠᠵᠢᠯ᠎ᠢ ᠱᠢᠢᠳᠪᠦᠷᠢᠯᠡᠨ᠎ᠡ;

  (ᠳᠥᠷᠪᠡ) ᠥᠷᠢᠲᠦᠵᠦ ᠪᠠᠢᠭ᠎ᠠ ᠭᠠᠢᠯᠢ᠎ᠶᠢᠨ ᠵᠣᠭᠤᠰ ᠪᠣᠯᠤᠨ ᠢᠯᠭᠠᠷᠠᠭᠤᠯᠤᠨ ᠪᠣᠳᠤᠬᠤ ᠶᠠᠪᠤᠴᠠ᠎ᠳᠤ ᠪᠣᠢ ᠪᠣᠯᠤᠭᠰᠠᠨ ᠭᠠᠢᠯᠢ᠎ᠶᠢᠨ ᠵᠣᠭᠤᠰ᠎ᠢ ᠢᠯᠭᠠᠷᠠᠭᠤᠯᠤᠨ ᠲᠤᠱᠢᠶᠠᠨ᠎ᠠ;

  (ᠲᠠᠪᠤ) ᠠᠪᠴᠠᠭ᠎ᠠ᠂ ᠥᠭᠴᠡᠭᠡ᠎ᠶᠢ ᠡᠮᠬᠢᠯᠡᠨ ᠢᠯᠭᠠᠷᠠᠭᠤᠯᠤᠨ᠎ᠠ;

  (ᠵᠢᠷᠭᠤᠭ᠎ᠠ) ᠺᠣᠮᠫᠠᠨᠢ᠎ᠶᠢᠨ ᠥᠭᠴᠡᠭᠡ᠎ᠪᠡᠨ ᠲᠥᠯᠦᠵᠦ ᠳᠠᠭᠤᠰᠤᠭᠰᠠᠨ᠎ᠤ ᠳᠠᠷᠠᠭᠠᠬᠢ ᠦᠯᠡᠳᠡᠭᠰᠡᠨ ᠡᠳ᠋ ᠬᠥᠷᠦᠩᠭᠡ᠎ᠶᠢ ᠱᠢᠢᠳᠪᠦᠷᠢᠯᠡᠨ᠎ᠡ;

  (ᠳᠣᠯᠤᠭ᠎ᠠ) ᠺᠣᠮᠫᠠᠨᠢ᠎ᠶᠢ ᠲᠥᠯᠦᠭᠡᠯᠡᠨ ᠢᠷᠭᠡᠨ᠎ᠦ ᠵᠠᠷᠭᠤ᠎ᠶᠢᠨ ᠠᠵᠢᠯᠯᠠᠭ᠎ᠠ᠎ᠳᠤ ᠣᠷᠤᠯᠴᠠᠨ᠎ᠠ᠃

  ᠵᠠᠭᠤ ᠨᠠᠶᠠᠨ ᠲᠠᠪᠤᠳᠤᠭᠠᠷ ᠵᠦᠢᠯ  ᠢᠯᠭᠠᠷᠠᠭᠤᠯᠤᠨ ᠪᠣᠳᠤᠬᠤ ᠳᠤᠭᠤᠢᠯᠠᠩ ᠪᠠᠢᠭᠤᠯᠤᠭᠳᠠᠭᠰᠠᠨ ᠡᠳᠦᠷ᠎ᠡᠴᠡ᠎ᠪᠡᠨ ᠡᠬᠢᠯᠡᠨ ᠠᠷᠪᠠᠨ ᠡᠳᠦᠷ᠎ᠦᠨ ᠳᠣᠲᠤᠷ᠎ᠠ ᠠᠪᠴᠠᠭᠠᠲᠠᠨ᠎ᠳᠤ ᠮᠡᠳᠡᠭᠳᠡᠬᠦ ᠬᠡᠷᠡᠭᠲᠡᠢ ᠪᠥᠭᠡᠳ ᠵᠢᠷᠠᠨ ᠡᠳᠦᠷ᠎ᠦᠨ ᠳᠣᠲᠤᠷ᠎ᠠ ᠰᠣᠨᠢᠨ ᠳᠡᠭᠡᠷ᠎ᠡ ᠵᠠᠷᠯᠠᠨ ᠨᠡᠢᠲᠡᠯᠡᠬᠦ ᠬᠡᠷᠡᠭᠲᠡᠢ᠃ ᠠᠪᠴᠠᠭᠠᠲᠠᠨ ᠮᠡᠳᠡᠭᠳᠡᠯ᠎ᠦᠨ ᠪᠢᠴᠢᠭ᠎ᠢ ᠣᠯᠤᠭᠰᠠᠨ ᠡᠳᠦᠷ᠎ᠡᠴᠡ ᠡᠬᠢᠯᠡᠨ ᠭᠤᠴᠢᠨ ᠡᠳᠦᠷ᠎ᠦᠨ ᠳᠣᠲᠤᠷ᠎ᠠ᠂ ᠮᠡᠳᠡᠭᠳᠡᠯ᠎ᠦᠨ ᠪᠢᠴᠢᠭ᠎ᠢ ᠣᠯᠤᠭᠰᠠᠨ᠎ᠦᠭᠡᠢ᠎ᠨᠢ ᠵᠠᠷᠯᠠᠨ ᠨᠡᠢᠲᠡᠯᠡᠭᠰᠡᠨ ᠡᠳᠦᠷ᠎ᠡᠴᠡ ᠡᠬᠢᠯᠡᠨ ᠳᠥᠴᠢᠨ ᠲᠠᠪᠤᠨ ᠡᠳᠦᠷ᠎ᠦᠨ ᠳᠣᠲᠤᠷ᠎ᠠ ᠢᠯᠭᠠᠷᠠᠭᠤᠯᠤᠨ ᠪᠣᠳᠤᠬᠤ ᠳᠤᠭᠤᠢᠯᠠᠩ᠎ᠳᠤ ᠠᠪᠴᠠᠭ᠎ᠠ᠎ᠪᠠᠨ ᠮᠡᠳᠡᠭᠦᠯᠬᠦ ᠬᠡᠷᠡᠭᠲᠡᠢ᠃

  ᠠᠪᠴᠠᠭᠠᠲᠠᠨ ᠠᠪᠴᠠᠭ᠎ᠠ᠎ᠪᠠᠨ ᠮᠡᠳᠡᠭᠦᠯᠬᠦ᠎ᠳᠤ᠎ᠪᠠᠨ ᠠᠪᠴᠠᠭ᠎ᠠ᠎ᠶᠢᠨ ᠬᠣᠯᠪᠤᠭᠳᠠᠯ ᠪᠦᠬᠦᠢ ᠵᠦᠢᠯᠡᠰ᠎ᠢ ᠲᠣᠳᠤᠷᠬᠠᠢᠯᠠᠬᠤ᠎ᠶᠢᠨ ᠬᠠᠮᠲᠤ ᠭᠡᠷᠡᠴᠢ ᠮᠠᠲᠧᠷᠢᠶᠠᠯ ᠬᠠᠩᠭᠠᠬᠤ ᠬᠡᠷᠡᠭᠲᠡᠢ᠃ ᠢᠯᠭᠠᠷᠠᠭᠤᠯᠤᠨ ᠪᠣᠳᠤᠬᠤ ᠳᠤᠭᠤᠢᠯᠠᠩ ᠠᠪᠴᠠᠭ᠎ᠠ᠎ᠶᠢ ᠳᠠᠩᠰᠠᠯᠠᠬᠤ ᠬᠡᠷᠡᠭᠲᠡᠢ᠃

  ᠠᠪᠴᠠᠭ᠎ᠠ᠎ᠪᠠᠨ ᠮᠡᠳᠡᠭᠦᠯᠬᠦ ᠬᠤᠭᠤᠴᠠᠭᠠᠨ᠎ᠳᠤ ᠢᠯᠭᠠᠷᠠᠭᠤᠯᠤᠨ ᠪᠣᠳᠤᠬᠤ ᠳᠤᠭᠤᠢᠯᠠᠩ ᠠᠪᠴᠠᠭᠠᠲᠠᠨ᠎ᠳᠤ ᠢᠯᠭᠠᠷᠠᠭᠤᠯᠤᠨ ᠲᠥᠯᠦᠵᠦ ᠪᠣᠯᠬᠤ᠎ᠦᠭᠡᠢ᠃

  ᠵᠠᠭᠤ ᠨᠠᠶᠠᠨ ᠵᠢᠷᠭᠤᠳᠤᠭᠠᠷ ᠵᠦᠢᠯ  ᠢᠯᠭᠠᠷᠠᠭᠤᠯᠤᠨ ᠪᠣᠳᠤᠬᠤ ᠳᠤᠭᠤᠢᠯᠠᠩ ᠺᠣᠮᠫᠠᠨᠢ᠎ᠶᠢᠨ ᠡᠳ᠋ ᠬᠥᠷᠦᠩᠭᠡ᠎ᠶᠢ ᠡᠮᠬᠢᠯᠡᠨ ᠢᠯᠭᠠᠷᠠᠭᠤᠯᠵᠤ᠂ ᠡᠳ᠋ ᠬᠥᠷᠦᠩᠭᠡ᠎ᠶᠢᠨ ᠥᠷᠢ ᠱᠢᠷᠢ᠎ᠶᠢᠨ ᠬᠦᠰᠦᠨᠦᠭᠲᠦ ᠪᠠ ᠡᠳ᠋ ᠬᠥᠷᠦᠩᠭᠡ᠎ᠶᠢᠨ ᠨᠠᠷᠢᠨ ᠳᠠᠩᠰᠠ᠎ᠶᠢ ᠨᠠᠢᠷᠠᠭᠤᠯᠤᠨ ᠵᠣᠬᠢᠶᠠᠭᠰᠠᠨ᠎ᠤ ᠳᠠᠷᠠᠭ᠎ᠠ᠂ ᠢᠯᠭᠠᠷᠠᠭᠤᠯᠤᠨ ᠪᠣᠳᠤᠬᠤ ᠲᠥᠰᠦᠯ ᠲᠣᠭᠲᠠᠭᠠᠬᠤ᠎ᠶᠢᠨ ᠬᠠᠮᠲᠤ ᠬᠤᠪᠢ ᠣᠷᠤᠭᠤᠯᠤᠭᠴᠢᠳ᠎ᠤᠨ ᠵᠥᠪᠯᠡᠯ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ ᠪᠤᠶᠤ ᠠᠷᠠᠳ᠎ᠤᠨ ᠱᠢᠭᠦᠬᠦ ᠬᠣᠷᠢᠶᠠᠨ᠎ᠳᠤ ᠮᠡᠳᠡᠭᠦᠯᠵᠦ ᠮᠠᠭᠠᠳᠯᠠᠭᠤᠯᠬᠤ ᠬᠡᠷᠡᠭᠲᠡᠢ᠃

  ᠺᠣᠮᠫᠠᠨᠢ᠎ᠶᠢᠨ ᠡᠳ᠋ ᠬᠥᠷᠦᠩᠭᠡ᠎ᠪᠡᠷ ᠢᠯᠭᠠᠷᠠᠭᠤᠯᠤᠨ ᠪᠣᠳᠤᠭᠰᠠᠨ ᠵᠠᠷᠤᠳᠠᠯ᠂ ᠠᠵᠢᠯᠲᠠᠨ ᠠᠵᠢᠯᠴᠢᠨ᠎ᠤ ᠴᠠᠯᠢᠩ᠂ ᠨᠡᠢᠭᠡᠮ᠎ᠦᠨ ᠳᠠᠭᠠᠳᠭᠠᠯ᠎ᠤᠨ ᠵᠠᠷᠤᠳᠠᠯ ᠪᠣᠯᠤᠨ ᠬᠠᠤᠯᠢ᠎ᠪᠠᠷ ᠲᠣᠭᠲᠠᠭᠠᠭᠰᠠᠨ ᠨᠥᠬᠦᠪᠦᠷᠢ ᠮᠥᠩᠭᠦ᠎ᠶᠢ ᠲᠤᠰ ᠲᠤᠰ ᠥᠭᠴᠦ᠂ ᠥᠷᠢᠲᠦᠵᠦ ᠪᠠᠢᠭ᠎ᠠ ᠭᠠᠢᠯᠢ᠎ᠶᠢᠨ ᠵᠣᠭᠤᠰ᠎ᠢ ᠲᠤᠱᠢᠶᠠᠵᠤ᠂ ᠺᠣᠮᠫᠠᠨᠢ᠎ᠶᠢᠨ ᠥᠭᠴᠡᠭᠡ᠎ᠶᠢ ᠢᠯᠭᠠᠷᠠᠭᠤᠯᠤᠨ ᠲᠥᠯᠦᠭᠰᠡᠨ᠎ᠦ ᠳᠠᠷᠠᠭ᠎ᠠ᠂ ᠦᠯᠡᠳᠡᠭᠰᠡᠨ ᠡᠳ᠋ ᠬᠥᠷᠦᠩᠭᠡ᠎ᠶᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠬᠤᠪᠢ ᠣᠷᠤᠭᠤᠯᠤᠭᠴᠢᠳ᠎ᠤᠨ ᠪᠡᠯᠡ ᠭᠠᠷᠭᠠᠭᠰᠠᠨ ᠬᠠᠷᠢᠴᠠᠯ᠎ᠢᠶᠠᠷ ᠬᠤᠪᠢᠶᠠᠷᠢᠯᠠᠵᠤ᠂ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠪᠣᠯ ᠬᠤᠪᠢ ᠣᠷᠤᠭᠤᠯᠤᠭᠴᠢᠳ᠎ᠤᠨ ᠡᠵᠡᠮᠱᠢᠵᠦ ᠪᠠᠢᠭ᠎ᠠ ᠬᠤᠪᠢ᠎ᠶᠢᠨ ᠬᠠᠷᠢᠴᠠᠯ᠎ᠢᠶᠠᠷ ᠬᠤᠪᠢᠶᠠᠷᠢᠯᠠᠨ᠎ᠠ᠃

  ᠢᠯᠭᠠᠷᠠᠭᠤᠯᠤᠨ ᠪᠣᠳᠤᠬᠤ ᠬᠤᠭᠤᠴᠠᠭᠠᠨ᠎ᠳᠤ ᠺᠣᠮᠫᠠᠨᠢ ᠦᠷᠭᠦᠯᠵᠢᠯᠡᠬᠦ ᠪᠣᠯᠪᠠᠴᠤ ᠢᠯᠭᠠᠷᠠᠭᠤᠯᠤᠨ ᠪᠣᠳᠤᠬᠤ᠎ᠯᠤᠭ᠎ᠠ ᠬᠣᠯᠪᠤᠭᠳᠠᠯ᠎ᠦᠭᠡᠢ ᠡᠵᠡᠩᠨᠡᠯᠲᠡ᠎ᠶᠢᠨ ᠠᠵᠢᠯᠯᠠᠭ᠎ᠠ ᠬᠢᠵᠦ ᠪᠣᠯᠬᠤ᠎ᠦᠭᠡᠢ᠃ ᠺᠣᠮᠫᠠᠨᠢ᠎ᠶᠢᠨ ᠡᠳ᠋ ᠬᠥᠷᠦᠩᠭᠡ᠎ᠶᠢ ᠡᠮᠦᠨᠡᠬᠢ ᠪᠠᠳᠠᠭ᠎ᠤᠨ ᠲᠣᠭᠲᠠᠭᠠᠯ ᠶᠣᠰᠤᠭᠠᠷ ᠢᠯᠭᠠᠷᠠᠭᠤᠯᠤᠨ ᠲᠥᠯᠦᠬᠦ᠎ᠡᠴᠡ ᠡᠮᠦᠨ᠎ᠡ ᠬᠤᠪᠢ ᠣᠷᠤᠭᠤᠯᠤᠭᠴᠢᠳ᠎ᠲᠤ ᠬᠤᠪᠢᠶᠠᠷᠢᠯᠠᠨ ᠥᠭᠴᠦ ᠪᠣᠯᠬᠤ᠎ᠦᠭᠡᠢ᠃

  ᠵᠠᠭᠤ ᠨᠠᠶᠠᠨ ᠳᠣᠯᠤᠳᠤᠭᠠᠷ ᠵᠦᠢᠯ  ᠢᠯᠭᠠᠷᠠᠭᠤᠯᠤᠨ ᠪᠣᠳᠤᠬᠤ ᠳᠤᠭᠤᠢᠯᠠᠩ ᠺᠣᠮᠫᠠᠨᠢ᠎ᠶᠢᠨ ᠡᠳ᠋ ᠬᠥᠷᠦᠩᠭᠡ᠎ᠶᠢ ᠡᠮᠬᠢᠯᠡᠨ ᠢᠯᠭᠠᠷᠠᠭᠤᠯᠵᠤ᠂ ᠡᠳ᠋ ᠬᠥᠷᠦᠩᠭᠡ᠎ᠶᠢᠨ ᠥᠷᠢ ᠱᠢᠷᠢ᠎ᠶᠢᠨ ᠬᠦᠰᠦᠨᠦᠭᠲᠦ ᠪᠠ ᠡᠳ᠋ ᠬᠥᠷᠦᠩᠭᠡ᠎ᠶᠢᠨ ᠨᠠᠷᠢᠨ ᠳᠠᠩᠰᠠ᠎ᠶᠢ ᠨᠠᠢᠷᠠᠭᠤᠯᠤᠨ ᠵᠣᠬᠢᠶᠠᠭᠰᠠᠨ᠎ᠤ ᠳᠠᠷᠠᠭ᠎ᠠ᠂ ᠺᠣᠮᠫᠠᠨᠢ᠎ᠶᠢᠨ ᠡᠳ᠋ ᠬᠥᠷᠦᠩᠭᠡ᠎ᠨᠢ ᠥᠭᠴᠡᠭᠡ᠎ᠪᠡᠨ ᠲᠥᠯᠦᠵᠦ ᠳᠡᠢᠯᠬᠦ᠎ᠦᠭᠡᠢ ᠪᠠᠢᠬᠤ᠎ᠶᠢ ᠣᠯᠵᠤ ᠮᠡᠳᠡᠪᠡᠯ᠂ ᠳᠠᠮᠫᠤᠷᠠᠭᠰᠠᠨ᠎ᠢᠶᠠᠷ ᠵᠠᠷᠯᠠᠭᠤᠯᠬᠤ᠎ᠪᠠᠷ ᠠᠷᠠᠳ᠎ᠤᠨ ᠱᠢᠭᠦᠬᠦ ᠬᠣᠷᠢᠶ᠎ᠠ᠎ᠳᠤ ᠬᠠᠤᠯᠢ ᠶᠣᠰᠤᠭᠠᠷ ᠭᠤᠶᠤᠴᠢᠯᠠᠬᠤ ᠬᠡᠷᠡᠭᠲᠡᠢ᠃

  ᠠᠷᠠᠳ᠎ᠤᠨ ᠱᠢᠭᠦᠬᠦ ᠬᠣᠷᠢᠶ᠎ᠠ ᠲᠣᠭᠲᠠᠭᠠᠯᠲᠠ ᠭᠠᠷᠭᠠᠵᠤ ᠺᠣᠮᠫᠠᠨᠢ᠎ᠶᠢ ᠳᠠᠮᠫᠤᠷᠠᠭᠰᠠᠨ᠎ᠢᠶᠠᠷ ᠵᠠᠷᠯᠠᠭᠰᠠᠨ᠎ᠤ ᠳᠠᠷᠠᠭ᠎ᠠ᠂ ᠢᠯᠭᠠᠷᠠᠭᠤᠯᠤᠨ ᠪᠣᠳᠤᠬᠤ ᠳᠤᠭᠤᠢᠯᠠᠩ ᠢᠯᠭᠠᠷᠠᠭᠤᠯᠤᠨ ᠪᠣᠳᠤᠬᠤ ᠠᠵᠢᠯ᠎ᠢᠶᠠᠨ ᠠᠷᠠᠳ᠎ᠤᠨ ᠱᠢᠭᠦᠬᠦ ᠬᠣᠷᠢᠶ᠎ᠠ᠎ᠳᠤ ᠱᠢᠯᠵᠢᠭᠦᠯᠦᠨ ᠲᠤᠱᠢᠶᠠᠬᠤ ᠬᠡᠷᠡᠭᠲᠡᠢ᠃

  ᠵᠠᠭᠤ ᠨᠠᠶᠠᠨ ᠨᠠᠢ᠍ᠮᠠᠳᠤᠭᠠᠷ ᠵᠦᠢᠯ  ᠺᠣᠮᠫᠠᠨᠢ᠎ᠶᠢᠨ ᠢᠯᠭᠠᠷᠠᠭᠤᠯᠤᠨ ᠪᠣᠳᠤᠬᠤ ᠠᠵᠢᠯ ᠳᠠᠭᠤᠰᠤᠭᠰᠠᠨ᠎ᠤ ᠳᠠᠷᠠᠭ᠎ᠠ᠂ ᠢᠯᠭᠠᠷᠠᠭᠤᠯᠤᠨ ᠪᠣᠳᠤᠬᠤ ᠳᠤᠭᠤᠢᠯᠠᠩ ᠢᠯᠭᠠᠷᠠᠭᠤᠯᠤᠨ ᠪᠣᠳᠤᠭᠰᠠᠨ ᠮᠡᠳᠡᠭᠦᠯᠦᠯᠲᠡ ᠪᠢᠴᠢᠵᠦ᠂ ᠬᠤᠪᠢ ᠣᠷᠤᠭᠤᠯᠤᠭᠴᠢᠳ᠎ᠤᠨ ᠵᠥᠪᠯᠡᠯ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ ᠪᠤᠶᠤ ᠠᠷᠠᠳ᠎ᠤᠨ ᠱᠢᠭᠦᠬᠦ ᠬᠣᠷᠢᠶ᠎ᠠ᠎ᠳᠤ ᠮᠡᠳᠡᠭᠦᠯᠵᠦ ᠮᠠᠭᠠᠳᠯᠠᠭᠤᠯᠬᠤ ᠬᠡᠷᠡᠭᠲᠡᠢ ᠪᠥᠭᠡᠳ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠮᠡᠳᠡᠭᠦᠯᠦᠨ ᠬᠦᠷᠭᠡᠵᠦ᠂ ᠺᠣᠮᠫᠠᠨᠢ᠎ᠶᠢᠨ ᠳᠡᠩᠰᠡᠯᠡᠯᠲᠡ᠎ᠶᠢ ᠬᠠᠰᠤᠭᠤᠯᠬᠤ᠎ᠪᠠᠷ ᠭᠤᠶᠤᠴᠢᠯᠠᠵᠤ᠂ ᠺᠣᠮᠫᠠᠨᠢ᠎ᠶᠢᠨ ᠳᠠᠭᠤᠰᠤᠭᠰᠠᠨ᠎ᠢ ᠵᠠᠷᠯᠠᠨ ᠨᠡᠢᠲᠡᠯᠡᠬᠦ ᠬᠡᠷᠡᠭᠲᠡᠢ᠃

  ᠵᠠᠭᠤ ᠨᠠᠶᠠ ᠶᠢᠰᠦᠳᠦᠭᠡᠷ ᠵᠦᠢᠯ  ᠢᠯᠭᠠᠷᠠᠭᠤᠯᠤᠨ ᠪᠣᠳᠤᠬᠤ ᠳᠤᠭᠤᠢᠯᠠᠩ᠎ᠤᠨ ᠪᠦᠷᠢᠯᠳᠦᠬᠦᠨ ᠡᠭᠦᠷᠭᠡ ᠲᠤᠱᠢᠶᠠᠯ᠎ᠳᠤ᠎ᠪᠠᠨ ᠦᠨᠡᠨᠴᠢ ᠱᠢᠳᠤᠷᠭᠤ ᠪᠠᠢᠵᠤ᠂ ᠢᠯᠭᠠᠷᠠᠭᠤᠯᠤᠨ ᠪᠣᠳᠤᠬᠤ ᠡᠭᠦᠷᠭᠡ᠎ᠪᠡᠨ ᠬᠠᠤᠯᠢ ᠶᠣᠰᠤᠭᠠᠷ ᠭᠦᠢᠴᠡᠳᠭᠡᠬᠦ ᠬᠡᠷᠡᠭᠲᠡᠢ᠃

  ᠢᠯᠭᠠᠷᠠᠭᠤᠯᠤᠨ ᠪᠣᠳᠤᠬᠤ ᠳᠤᠭᠤᠢᠯᠠᠩ᠎ᠤᠨ ᠪᠦᠷᠢᠯᠳᠦᠬᠦᠨ ᠡᠷᠬᠡ ᠲᠤᠱᠢᠶᠠᠯ᠎ᠢᠶᠠᠨ ᠠᠱᠢᠭᠯᠠᠨ ᠬᠡᠭᠡᠯᠢ ᠬᠠᠬᠤᠤᠯᠢ ᠢᠳᠡᠬᠦ ᠪᠤᠶᠤ ᠪᠤᠰᠤᠳ ᠬᠠᠤᠯᠢ ᠪᠤᠰᠤ ᠣᠷᠤᠯᠭ᠎ᠠ ᠠᠪᠴᠤ ᠪᠣᠯᠬᠤ᠎ᠦᠭᠡᠢ᠂ ᠺᠣᠮᠫᠠᠨᠢ᠎ᠶᠢᠨ ᠡᠳ ᠬᠥᠷᠦᠩᠭᠡ᠎ᠶᠢ ᠡᠵᠡᠯᠡᠨ ᠠᠪᠴᠤ ᠪᠣᠯᠬᠤ᠎ᠦᠭᠡᠢ᠃

  ᠢᠯᠭᠠᠷᠠᠭᠤᠯᠤᠨ ᠪᠣᠳᠤᠬᠤ ᠳᠤᠭᠤᠢᠯᠠᠩ᠎ᠤᠨ ᠪᠦᠷᠢᠯᠳᠦᠬᠦᠨ ᠵᠣᠷᠢᠭᠤᠳᠠ ᠬᠢᠭᠰᠡᠨ ᠪᠤᠶᠤ ᠬᠦᠨᠳᠦ ᠶᠡᠬᠡ ᠡᠨᠳᠡᠯ ᠭᠠᠷᠭᠠᠭᠰᠠᠨ᠎ᠠᠴᠠ ᠪᠣᠯᠵᠤ ᠺᠣᠮᠫᠠᠨᠢ ᠪᠤᠶᠤ ᠠᠪᠴᠠᠭᠠᠲᠠᠨ᠎ᠳᠤ ᠬᠣᠬᠢᠷᠠᠯ ᠤᠴᠠᠷᠠᠭᠤᠯᠤᠭᠰᠠᠨ ᠪᠠᠢᠪᠠᠯ ᠲᠥᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃

  ᠵᠠᠭᠤ ᠶᠡᠷᠡᠳᠦᠭᠡᠷ ᠵᠦᠢᠯ ᠺᠣᠮᠫᠠᠨᠢ ᠬᠠᠤᠯᠢ ᠶᠣᠰᠤᠭᠠᠷ ᠳᠠᠮᠫᠤᠷᠠᠭᠰᠠᠨ᠎ᠢᠶᠠᠷ ᠵᠠᠷᠯᠠᠭᠳᠠᠭᠰᠠᠨ ᠪᠠᠢᠪᠠᠯ᠂ ᠠᠵᠤ ᠠᠬᠤᠢᠯᠠᠯ᠎ᠤᠨ ᠳᠠᠮᠫᠤᠷᠠᠯ᠎ᠤᠨ ᠲᠤᠬᠠᠢ ᠬᠣᠯᠪᠤᠭᠳᠠᠯ ᠪᠦᠬᠦᠢ ᠬᠠᠤᠯᠢ ᠴᠠᠭᠠᠵᠠ᠎ᠶᠢᠨ ᠶᠣᠰᠤᠭᠠᠷ ᠲᠡᠭᠦᠨ᠎ᠳᠦ ᠳᠠᠮᠫᠤᠷᠠᠯ᠎ᠤᠨ ᠢᠯᠭᠠᠷᠠᠭᠤᠯᠤᠨ ᠪᠣᠳᠤᠯᠲᠠ ᠬᠢᠨ᠎ᠡ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604