ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠶᠢᠨ ᠬᠠᠤᠯᠢ (ᠠᠷᠪᠠᠨ ᠬᠣᠶᠠᠳᠤᠭᠠᠷ ᠪᠦᠯᠦᠭ)
2019.11.07

  

   (1993 ᠣᠨ᠎ᠤ 12 ᠰᠠᠷ᠎ᠠ᠎ᠶᠢᠨ 29 ᠎ᠦ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ

  1999 ᠣᠨ᠎ᠤ 12 ᠰᠠᠷ᠎ᠠ᠎ᠶᠢᠨ 25᠎ᠤ ᠡᠳᠦᠷ᠎ᠦᠨ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠭᠤᠷᠪᠠᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ

  2004 ᠣᠨ᠎ᠤ 8 ᠰᠠᠷ᠎ᠠ᠎ᠶᠢᠨ 28᠎ᠤ ᠡᠳᠦᠷ᠎ᠦᠨ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ

  2005 ᠣᠨ᠎ᠤ 10 ᠰᠠᠷ᠎ᠠ᠎ᠶᠢᠨ 27 ᠎ᠤ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠵᠠᠰᠠᠪᠤᠷᠢ ᠣᠷᠤᠭᠤᠯᠪᠠ

  2013 ᠣᠨ᠎ᠤ 12 ᠰᠠᠷ᠎ᠠ᠎ᠶᠢᠨ 28᠎ᠤ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ᠎ᠶᠢᠨ ᠣᠷᠴᠢᠨ ᠠᠬᠤᠢ᠎ᠶᠢ ᠬᠠᠮᠠᠭᠠᠯᠠᠬᠤ ᠬᠠᠤᠯᠢ〉 ᠵᠡᠷᠭᠡ ᠳᠣᠯᠤᠭᠠᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ)

 

    ᠠᠷᠪᠠᠨ ᠬᠣᠶᠠᠳᠤᠭᠠᠷ ᠪᠦᠯᠦᠭ ᠬᠠᠤᠯᠢ᠎ᠶᠢᠨ ᠬᠠᠷᠢᠭᠤᠴᠠᠯᠭ᠎ᠠ

 

  ᠵᠠᠭᠤ ᠶᠡᠷᠡᠨ ᠨᠠᠢ᠍ᠮᠠᠳᠤᠭᠠᠷ ᠵᠦᠢᠯ ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ᠂ ᠳᠠᠩᠰᠠᠯᠠᠭᠤᠯᠬᠤ ᠬᠥᠷᠦᠩᠭᠡ᠎ᠪᠡᠨ ᠬᠤᠳᠠᠯ᠎ᠢᠶᠠᠷ ᠮᠡᠳᠡᠭᠦᠯᠦᠭᠰᠡᠨ᠂ ᠬᠤᠳᠠᠯ ᠬᠠᠭᠤᠷᠮᠠᠭ ᠮᠠᠲᠧᠷᠢᠶᠠᠯ ᠳᠡᠪᠱᠢᠭᠦᠯᠵᠦ ᠲᠤᠱᠢᠶᠠᠭᠰᠠᠨ ᠪᠤᠶᠤ ᠪᠤᠰᠤᠳ ᠮᠡᠬᠡᠯᠡᠬᠦ ᠠᠷᠭ᠎ᠠ ᠪᠠᠷᠢᠯ᠎ᠢᠶᠠᠷ ᠴᠢᠬᠤᠯᠠ ᠪᠣᠳᠠᠲᠤ ᠬᠡᠷᠡᠭ᠎ᠢᠶᠡᠨ ᠨᠢᠭᠤᠨ ᠳᠠᠯᠳᠠᠯᠠᠵᠤ ᠪᠠᠢᠭᠠᠳ ᠺᠣᠮᠫᠠᠨᠢ᠎ᠪᠠᠨ ᠳᠠᠩᠰᠠᠯᠠᠭᠤᠯᠤᠭᠰᠠᠨ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ᠂ ᠳᠠᠩᠰᠠᠯᠠᠭᠤᠯᠬᠤ ᠬᠥᠷᠦᠩᠭᠡ᠎ᠪᠡᠨ ᠬᠤᠳᠠᠯ᠎ᠢᠶᠠᠷ ᠮᠡᠳᠡᠭᠦᠯᠦᠭᠰᠡᠨ ᠺᠣᠮᠫᠠᠨᠢ᠎ᠶᠢ ᠪᠣᠯ ᠬᠤᠳᠠᠯ᠎ᠢᠶᠠᠷ ᠮᠡᠳᠡᠭᠦᠯᠵᠦ ᠳᠠᠩᠰᠠᠯᠠᠭᠤᠯᠤᠭᠰᠠᠨ ᠬᠥᠷᠦᠩᠭᠡ᠎ᠶᠢᠨ ᠵᠣᠭᠤᠰᠤᠨ ᠲᠣᠭ᠎ᠠ᠎ᠶᠢᠨ ᠬᠢᠨᠢ ᠵᠠᠭᠤᠨ᠎ᠤ ᠲᠠᠪᠤ᠎ᠠᠴᠠ ᠳᠡᠭᠡᠭᠱᠢ ᠵᠠᠭᠤᠨ᠎ᠤ ᠠᠷᠪᠠᠨ ᠲᠠᠪᠤ᠎ᠠᠴᠠ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠢᠳᠬᠡᠨ᠎ᠡ; ᠬᠤᠳᠠᠯ ᠬᠠᠭᠤᠷᠮᠠᠭ ᠮᠠᠲᠧᠷᠢᠶᠠᠯ ᠳᠡᠪᠱᠢᠭᠦᠯᠵᠦ ᠲᠤᠱᠢᠶᠠᠭᠰᠠᠨ ᠪᠤᠶᠤ ᠪᠤᠰᠤᠳ ᠮᠡᠬᠡᠯᠡᠬᠦ ᠠᠷᠭ᠎ᠠ ᠪᠠᠷᠢᠯ᠎ᠢᠶᠠᠷ ᠴᠢᠬᠤᠯᠠ ᠪᠣᠳᠠᠲᠤ ᠬᠡᠷᠡᠭ᠎ᠢᠶᠡᠨ ᠨᠢᠭᠤᠨ ᠳᠠᠯᠳᠠᠯᠠᠭᠰᠠᠨ ᠺᠣᠮᠫᠠᠨᠢ᠎ᠶᠢ ᠪᠣᠯ ᠲᠠᠪᠤᠨ ᠲᠦᠮᠡᠨ ᠲᠥᠭᠦᠷᠢᠭ᠎ᠡᠴᠡ ᠳᠡᠭᠡᠭᠱᠢ ᠲᠠᠪᠢᠨ ᠲᠦᠮᠡᠨ ᠲᠥᠭᠦᠷᠢᠭ᠎ᠡᠴᠡ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠢᠳᠬᠡᠨ᠎ᠡ; ᠦᠢᠯᠡ ᠪᠠᠢᠳᠠᠯ᠎ᠨᠢ ᠬᠦᠨᠳᠦ ᠨᠣᠴᠢᠲᠠᠢ ᠪᠠᠢᠪᠠᠯ᠂ ᠺᠣᠮᠫᠠᠨᠢ᠎ᠶᠢᠨ ᠳᠡᠩᠰᠡᠯᠡᠯᠲᠡ᠎ᠶᠢ᠎ᠨᠢ ᠬᠦᠴᠦᠨ᠎ᠦᠭᠡᠢ ᠪᠣᠯᠭᠠᠬᠤ ᠪᠤᠶᠤ ᠡᠵᠡᠩᠨᠡᠯᠲᠡ᠎ᠶᠢᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ᠎ᠦᠭᠡᠢ ᠪᠣᠯᠭᠠᠨ᠎ᠠ᠃

  ᠵᠠᠭᠤ ᠶᠡᠷᠡ ᠶᠢᠰᠦᠳᠦᠭᠡᠷ ᠵᠦᠢᠯ ᠺᠣᠮᠫᠠᠨᠢ᠎ᠶᠢᠨ ᠡᠭᠦᠰᠭᠡᠨ ᠪᠠᠢᠭᠤᠯᠤᠭᠴᠢ᠂ ᠬᠤᠪᠢ ᠣᠷᠤᠭᠤᠯᠤᠭᠴᠢ ᠬᠤᠳᠠᠯ ᠬᠠᠭᠤᠷᠮᠠᠭ᠎ᠢᠶᠠᠷ ᠪᠡᠯᠡ ᠭᠠᠷᠭᠠᠵᠤ᠂ ᠪᠡᠯᠡ ᠭᠠᠷᠭᠠᠬᠤ ᠵᠣᠭᠤᠰ ᠪᠤᠶᠤ ᠵᠣᠭᠤᠰ ᠪᠤᠰᠤ ᠡᠳ᠋ ᠬᠥᠷᠦᠩᠭᠡ ᠪᠡᠨ ᠲᠤᠱᠢᠶᠠᠭᠰᠠᠨ᠎ᠦᠭᠡᠢ ᠪᠤᠶᠤ ᠬᠤᠭᠤᠴᠠᠭ᠎ᠠ ᠶᠣᠰᠤᠭᠠᠷ ᠲᠤᠱᠢᠶᠠᠭᠰᠠᠨ᠎ᠦᠭᠡᠢ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠤᠳᠠᠯ ᠬᠠᠭᠤᠷᠮᠠᠭ᠎ᠢᠶᠠᠷ ᠭᠠᠷᠭᠠᠭᠰᠠᠨ ᠪᠡᠯᠡ᠎ᠶᠢᠨ ᠵᠣᠭᠤᠰᠤᠨ ᠲᠣᠭ᠎ᠠ᠎ᠶᠢᠨ ᠬᠢᠨᠢ ᠵᠠᠭᠤᠨ᠎ᠤ ᠲᠠᠪᠤ᠎ᠠᠴᠠ ᠳᠡᠭᠡᠭᠱᠢ ᠵᠠᠭᠤᠨ᠎ᠤ ᠠᠷᠪᠠᠨ ᠲᠠᠪᠤ᠎ᠠᠴᠠ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠢᠳᠬᠡᠨ᠎ᠡ᠃

  ᠬᠣᠶᠠᠷ ᠵᠠᠭᠤᠳᠤᠭᠠᠷ ᠵᠦᠢᠯ ᠺᠣᠮᠫᠠᠨᠢ᠎ᠶᠢᠨ ᠡᠭᠦᠰᠭᠡᠨ ᠪᠠᠢᠭᠤᠯᠤᠭᠴᠢ᠂ ᠬᠤᠪᠢ ᠣᠷᠤᠭᠤᠯᠤᠭᠴᠢ ᠺᠣᠮᠫᠠᠨᠢ ᠪᠠᠢᠭᠤᠯᠤᠭᠳᠠᠭᠰᠠᠨ᠎ᠤ ᠳᠠᠷᠠᠭ᠎ᠠ ᠭᠠᠷᠭᠠᠭᠰᠠᠨ ᠪᠡᠯᠡ᠎ᠪᠡᠨ ᠲᠡᠳᠡᠨ ᠠᠪᠴᠤ ᠵᠠᠢᠯᠠᠭᠤᠯᠤᠭᠰᠠᠨ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠲᠡᠳᠡᠨ ᠠᠪᠴᠤ ᠵᠠᠢᠯᠠᠭᠤᠯᠤᠭᠰᠠᠨ ᠭᠠᠷᠭᠠᠭᠰᠠᠨ ᠪᠡᠯᠡ᠎ᠶᠢᠨ ᠵᠣᠭᠤᠰᠤᠨ ᠲᠣᠭ᠎ᠠ᠎ᠶᠢᠨ ᠬᠢᠨᠢ ᠵᠠᠭᠤᠨ᠎ᠤ ᠲᠠᠪᠤ᠎ᠠᠴᠠ ᠳᠡᠭᠡᠭᠱᠢ ᠵᠠᠭᠤᠨ᠎ᠤ ᠠᠷᠪᠠᠨ ᠲᠠᠪᠤ᠎ᠠᠴᠠ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠢᠳᠬᠡᠨ᠎ᠡ᠃

  ᠬᠣᠶᠠᠷ ᠵᠠᠭᠤ ᠨᠢᠭᠡᠳᠦᠭᠡᠷ ᠵᠦᠢᠯ ᠺᠣᠮᠫᠠᠨᠢ ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ᠂ ᠬᠠᠤᠯᠢ᠎ᠪᠠᠷ ᠲᠣᠭᠲᠠᠭᠠᠭᠰᠠᠨ ᠨᠢᠭᠲᠠᠯᠠᠨ ᠪᠣᠳᠤᠯᠲᠠ᠎ᠶᠢᠨ ᠳᠠᠩᠰᠠ ᠬᠠᠷ᠎ᠠ᠎ᠠᠴᠠ ᠠᠰᠲᠠᠭᠠᠨ ᠨᠢᠭᠲᠠᠯᠠᠨ ᠪᠣᠳᠤᠯᠲᠠ᠎ᠶᠢᠨ ᠳᠠᠩᠰᠠ ᠬᠠᠷ᠎ᠠ ᠭᠠᠷᠭᠠᠭᠰᠠᠨ ᠪᠠᠢᠪᠠᠯ᠂ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠡᠴᠡ ᠵᠠᠷᠯᠢᠭᠳᠠᠨ ᠵᠠᠯᠠᠷᠠᠭᠤᠯᠤᠭᠤᠯᠵᠤ᠂ ᠲᠠᠪᠤᠨ ᠲᠦᠮᠡᠨ ᠲᠥᠭᠦᠷᠢᠭ᠎ᠡᠴᠡ ᠳᠡᠭᠡᠭᠱᠢ ᠲᠠᠪᠢᠨ ᠲᠦᠮᠡᠨ ᠲᠥᠭᠦᠷᠢᠭ᠎ᠡᠴᠡ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠢᠳᠬᠡᠨ᠎ᠡ᠃

  ᠬᠣᠶᠠᠷ ᠵᠠᠭᠤ ᠬᠣᠶᠠᠳᠤᠭᠠᠷ ᠵᠦᠢᠯ ᠺᠣᠮᠫᠠᠨᠢ ᠬᠠᠤᠯᠢ ᠶᠣᠰᠤᠭᠠᠷ ᠬᠣᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠦ ᠬᠠᠩᠭᠠᠭᠰᠠᠨ ᠡᠳ᠋᠎ᠦᠨ ᠶᠠᠪᠤᠳᠠᠯ᠎ᠤᠨ ᠨᠢᠭᠲᠠᠯᠠᠨ ᠪᠣᠳᠤᠯᠲᠠ᠎ᠶᠢᠨ ᠮᠡᠳᠡᠭᠦᠯᠦᠯᠲᠡ ᠵᠡᠷᠭᠡ ᠮᠠᠲᠧᠷᠢᠶᠠᠯ᠎ᠳᠤ᠎ᠪᠠᠨ ᠬᠤᠳᠠᠯ ᠬᠠᠭᠤᠷᠮᠠᠭ ᠲᠡᠮᠳᠡᠭᠯᠡᠯ ᠬᠢᠭᠰᠡᠨ ᠪᠤᠶᠤ ᠴᠢᠬᠤᠯᠠ ᠪᠣᠳᠠᠲᠤ ᠬᠡᠷᠡᠭ᠎ᠢ ᠨᠢᠭᠤᠵᠤ ᠳᠠᠯᠳᠠᠯᠠᠭᠰᠠᠨ ᠪᠠᠢᠪᠠᠯ᠂ ᠬᠣᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠡᠴᠡ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠱᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠢ ᠭᠤᠷᠪᠠᠨ ᠲᠦᠮᠡᠨ ᠲᠥᠭᠦᠷᠢᠭ᠎ᠡᠴᠡ ᠳᠡᠭᠡᠭᠱᠢ ᠭᠤᠴᠢᠨ ᠲᠦᠮᠡᠨ ᠲᠥᠭᠦᠷᠢᠭ᠎ᠡᠴᠡ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠢᠳᠬᠡᠨ᠎ᠡ᠃

  ᠬᠣᠶᠠᠷ ᠵᠠᠭᠤ ᠭᠤᠷᠪᠠᠳᠤᠭᠠᠷ ᠵᠦᠢᠯ ᠺᠣᠮᠫᠠᠨᠢ ᠲᠤᠰ ᠬᠠᠤᠯᠢ᠎ᠶᠢᠨ ᠲᠣᠭᠲᠠᠭᠠᠯ ᠶᠣᠰᠤᠭᠠᠷ ᠬᠠᠤᠯᠢ᠎ᠪᠠᠷ ᠲᠣᠭᠲᠠᠭᠠᠭᠰᠠᠨ ᠨᠡᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠦ ᠭᠠᠷᠭᠠᠵᠤ ᠠᠪᠤᠭᠰᠠᠨ᠎ᠦᠭᠡᠢ ᠪᠠᠢᠪᠠᠯ᠂ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠡᠴᠡ ᠭᠠᠷᠭᠠᠵᠤ ᠠᠪᠬᠤ ᠶᠣᠰᠤᠲᠠᠢ ᠵᠣᠭᠤᠰ᠎ᠤᠨ ᠲᠣᠭ᠎ᠠ᠎ᠶᠢ ᠲᠣᠭ᠎ᠠ ᠶᠣᠰᠤᠭᠠᠷ᠎ᠨᠢ ᠵᠠᠷᠯᠢᠭᠳᠠᠨ ᠨᠥᠬᠦᠪᠦᠷᠢᠯᠡᠭᠦᠯᠵᠦ᠂ ᠺᠣᠮᠫᠠᠨᠢ᠎ᠶᠢ ᠬᠣᠷᠢᠨ ᠲᠦᠮᠡᠨ ᠲᠥᠭᠦᠷᠢᠭ᠎ᠡᠴᠡ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠢᠳᠭᠡᠵᠦ ᠪᠣᠯᠤᠨ᠎ᠠ᠃

  ᠬᠣᠶᠠᠷ ᠵᠠᠭᠤ ᠳᠥᠷᠪᠡᠳᠦᠭᠡᠷ ᠵᠦᠢᠯ ᠺᠣᠮᠫᠠᠨᠢ᠎ᠶᠢ ᠨᠡᠢᠯᠡᠭᠦᠯᠬᠦ᠂ ᠰᠠᠯᠭᠠᠬᠤ᠂ ᠺᠣᠮᠫᠠᠨᠢ᠎ᠶᠢᠨ ᠳᠠᠩᠰᠠᠯᠠᠭᠤᠯᠤᠭᠰᠠᠨ ᠬᠥᠷᠦᠩᠭᠡ᠎ᠶᠢ ᠪᠠᠭᠠᠰᠭᠠᠬᠤ ᠪᠤᠶᠤ ᠢᠯᠭᠠᠷᠠᠭᠤᠯᠤᠨ ᠪᠣᠳᠤᠬᠤ᠎ᠳᠤ᠎ᠪᠠᠨ ᠲᠤᠰ ᠬᠠᠤᠯᠢ᠎ᠶᠢᠨ ᠲᠣᠭᠲᠠᠭᠠᠯ ᠶᠣᠰᠤᠭᠠᠷ ᠠᠪᠴᠠᠭᠠᠲᠠᠨ᠎ᠳᠤ᠎ᠪᠠᠨ ᠮᠡᠳᠡᠭᠳᠡᠭᠰᠡᠨ᠎ᠦᠭᠡᠢ ᠪᠤᠶᠤ ᠵᠠᠷᠯᠠᠨ ᠨᠡᠢᠲᠡᠯᠡᠭᠰᠡᠨ᠎ᠦᠭᠡᠢ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠺᠣᠮᠫᠠᠨᠢ᠎ᠶᠢ ᠲᠦᠮᠡᠨ ᠲᠥᠭᠦᠷᠢᠭ᠎ᠡᠴᠡ ᠳᠡᠭᠡᠭᠱᠢ ᠠᠷᠪᠠᠨ ᠲᠦᠮᠡᠨ ᠲᠥᠭᠦᠷᠢᠭ᠎ᠡᠴᠡ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠢᠳᠬᠡᠨ᠎ᠡ᠃

  ᠺᠣᠮᠫᠠᠨᠢ ᠢᠯᠭᠠᠷᠠᠭᠤᠯᠤᠨ ᠪᠣᠳᠤᠬᠤ᠎ᠳᠤ᠎ᠪᠠᠨ ᠡᠳ᠋ ᠬᠥᠷᠦᠩᠭᠡ ᠪᠡᠨ ᠨᠢᠭᠤᠨ ᠳᠠᠯᠳᠠᠯᠠᠵᠤ᠂ ᠡᠳ᠋ ᠬᠥᠷᠦᠩᠭᠡ ᠶᠢᠨ ᠥᠷᠢ ᠱᠢᠷᠢ᠎ᠶᠢᠨ ᠬᠦᠰᠦᠨᠦᠭᠲᠦ ᠪᠤᠶᠤ ᠡᠳ᠋ ᠬᠥᠷᠦᠩᠭᠡ᠎ᠶᠢᠨ ᠨᠠᠷᠢᠨ ᠳᠠᠩᠰᠠ᠎ᠪᠠᠨ ᠬᠤᠳᠠᠯ ᠬᠠᠭᠤᠷᠮᠠᠭ᠎ᠢᠶᠠᠷ ᠲᠡᠮᠳᠡᠭᠯᠡᠭᠰᠡᠨ ᠪᠤᠶᠤ ᠥᠭᠴᠡᠭᠡ᠎ᠪᠡᠨ ᠢᠯᠭᠠᠷᠠᠭᠤᠯᠤᠨ ᠲᠥᠯᠦᠵᠦ ᠳᠠᠭᠤᠰᠭᠤ᠎ᠠᠴᠠ ᠡᠮᠦᠨ᠎ᠡ ᠺᠣᠮᠫᠠᠨᠢ᠎ᠶᠢᠨ ᠡᠳ᠋ ᠬᠥᠷᠦᠩᠭᠡ ᠪᠡᠨ ᠬᠤᠪᠢᠶᠠᠷᠢᠯᠠᠭᠰᠠᠨ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠺᠣᠮᠫᠠᠨᠢ᠎ᠶᠢ ᠨᠢᠭᠤᠵᠤ ᠳᠠᠯᠳᠠᠯᠠᠭᠰᠠᠨ ᠡᠳ᠋ ᠬᠥᠷᠦᠩᠭᠡ ᠪᠤᠶᠤ ᠥᠭᠴᠡᠭᠡ᠎ᠪᠡᠨ ᠢᠯᠭᠠᠷᠠᠭᠤᠯᠤᠨ ᠲᠥᠯᠦᠵᠦ ᠳᠠᠭᠤᠰᠭᠤ᠎ᠠᠴᠠ ᠡᠮᠦᠨ᠎ᠡ ᠬᠤᠪᠢᠶᠠᠷᠢᠯᠠᠭᠰᠠᠨ ᠺᠣᠮᠫᠠᠨᠢ᠎ᠶᠢᠨ ᠡᠳ᠋ ᠬᠥᠷᠦᠩᠭᠡ᠎ᠶᠢᠨ ᠵᠣᠭᠤᠰᠤᠨ ᠲᠣᠭ᠎ᠠ᠎ᠶᠢᠨ ᠬᠢᠨᠢ ᠵᠠᠭᠤᠨ᠎ᠤ ᠲᠠᠪᠤ᠎ᠠᠴᠠ ᠳᠡᠭᠡᠭᠱᠢ ᠵᠠᠭᠤᠨ᠎ᠤ ᠠᠷᠪᠠ᠎ᠠᠴᠠ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠢᠳᠬᠡᠨ᠎ᠡ; ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠱᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠢ ᠲᠦᠮᠡᠨ ᠲᠥᠭᠦᠷᠢᠭ᠎ᠡᠴᠡ ᠳᠡᠭᠡᠭᠱᠢ ᠠᠷᠪᠠᠨ ᠲᠦᠮᠡᠨ ᠲᠥᠭᠦᠷᠢᠭ᠎ᠡᠴᠡ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠢᠳᠬᠡᠨ᠎ᠡ᠃

  ᠬᠣᠶᠠᠷ ᠵᠠᠭᠤ ᠲᠠᠪᠤᠳᠤᠭᠠᠷ ᠵᠦᠢᠯ ᠺᠣᠮᠫᠠᠨᠢ ᠢᠯᠭᠠᠷᠠᠭᠤᠯᠤᠨ ᠪᠣᠳᠤᠬᠤ ᠬᠤᠭᠤᠴᠠᠭᠠᠨ᠎ᠳᠤ ᠢᠯᠭᠠᠷᠠᠭᠤᠯᠤᠨ ᠪᠣᠳᠤᠬᠤ᠎ᠯᠤᠭ᠎ᠠ ᠬᠠᠮᠢᠶ᠎ᠠ᠎ᠦᠭᠡᠢ ᠡᠵᠡᠩᠨᠡᠯᠲᠡ᠎ᠶᠢᠨ ᠠᠵᠢᠯᠯᠠᠭ᠎ᠠ ᠬᠢᠭᠰᠡᠨ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠳᠣᠩᠭᠤᠳᠴᠤ᠂ ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠢ᠎ᠨᠢ ᠬᠣᠷᠢᠶᠠᠨ ᠠᠪᠤᠨ᠎ᠠ᠃

  ᠬᠣᠶᠠᠷ ᠵᠠᠭᠤ ᠵᠢᠷᠭᠤᠳᠤᠭᠠᠷ ᠵᠦᠢᠯ ᠢᠯᠭᠠᠷᠠᠭᠤᠯᠤᠨ ᠪᠣᠳᠤᠬᠤ ᠳᠤᠭᠤᠢᠯᠠᠩ ᠲᠤᠰ ᠬᠠᠤᠯᠢ᠎ᠶᠢᠨ ᠲᠣᠭᠲᠠᠭᠠᠯ ᠶᠣᠰᠤᠭᠠᠷ ᠺᠣᠮᠫᠠᠨᠢ ᠳᠠᠩᠰᠠᠯᠠᠬᠤ ᠪᠠᠢᠭᠤᠯᠭ᠎ᠠ᠎ᠳᠤ ᠢᠯᠭᠠᠷᠠᠭᠤᠯᠤᠨ ᠪᠣᠳᠤᠭᠰᠠᠨ ᠮᠡᠳᠡᠭᠦᠯᠦᠯᠲᠡ᠎ᠪᠡᠨ ᠮᠡᠳᠡᠭᠦᠯᠦᠨ ᠬᠦᠷᠭᠡᠭᠰᠡᠨ᠎ᠦᠭᠡᠢ ᠪᠤᠶᠤ ᠢᠯᠭᠠᠷᠠᠭᠤᠯᠤᠨ ᠪᠣᠳᠤᠭᠰᠠᠨ ᠮᠡᠳᠡᠭᠦᠯᠦᠯᠲᠡ᠎ᠪᠡᠨ ᠮᠡᠳᠡᠭᠦᠯᠦᠨ ᠬᠦᠷᠭᠡᠬᠦ᠎ᠳᠤ᠎ᠪᠠᠨ ᠴᠢᠬᠤᠯᠠ ᠪᠣᠳᠠᠲᠤ ᠬᠡᠷᠡᠭ᠎ᠢ ᠨᠢᠭᠤᠵᠤ ᠳᠠᠯᠳᠠᠯᠠᠭᠰᠠᠨ᠂ ᠡᠰᠡᠬᠦᠯ᠎ᠡ ᠴᠢᠬᠤᠯᠠ ᠶᠡᠬᠡ ᠣᠷᠬᠢᠭᠳᠠᠭᠤᠯᠤᠯ ᠭᠠᠷᠭᠠᠭᠰᠠᠨ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ᠃

  ᠢᠯᠭᠠᠷᠠᠭᠤᠯᠤᠨ ᠪᠣᠳᠤᠬᠤ ᠳᠤᠭᠤᠢᠯᠠᠩ᠎ᠤᠨ ᠪᠦᠷᠢᠯᠳᠦᠬᠦᠨ ᠡᠷᠬᠡ ᠲᠤᠱᠢᠶᠠᠯ᠎ᠢᠶᠠᠨ ᠠᠱᠢᠭᠯᠠᠨ ᠬᠤᠪᠢ᠎ᠶᠢᠨ ᠨᠠᠢᠷ᠎ᠢᠶᠠᠷ ᠬᠠᠤᠯᠢ ᠶᠣᠰᠤ᠎ᠶᠢ ᠵᠥᠷᠢᠴᠡᠵᠦ᠂ ᠬᠠᠤᠯᠢ ᠪᠤᠰᠤ ᠣᠷᠤᠯᠭ᠎ᠠ ᠣᠯᠤᠭᠰᠠᠨ ᠪᠤᠶᠤ ᠺᠣᠮᠫᠠᠨᠢ᠎ᠶᠢᠨ ᠡᠳ᠋ ᠬᠥᠷᠦᠩᠭᠡ᠎ᠶᠢ ᠡᠵᠡᠯᠡᠨ ᠠᠪᠤᠭᠰᠠᠨ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠺᠣᠮᠫᠠᠨᠢ᠎ᠶᠢᠨ ᠡᠳ᠋ ᠬᠥᠷᠦᠩᠭᠡ᠎ᠶᠢ ᠵᠠᠷᠯᠢᠭᠳᠠᠨ ᠪᠤᠴᠠᠭᠠᠯᠭᠠᠵᠤ᠂ ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠢ᠎ᠨᠢ ᠬᠣᠷᠢᠶᠠᠨ ᠠᠪᠬᠤ᠎ᠶᠢᠨ ᠬᠠᠮᠲᠤ ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠤᠨ ᠬᠢᠨᠢ ᠨᠢᠭᠡ ᠳᠠᠬᠢᠨ᠎ᠠᠴᠠ ᠳᠡᠭᠡᠭᠱᠢ ᠲᠠᠪᠤᠨ ᠳᠠᠬᠢᠨ᠎ᠠᠴᠠ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠳᠭᠡᠵᠦ ᠪᠣᠯᠤᠨ᠎ᠠ᠃

  ᠬᠣᠶᠠᠷ ᠵᠠᠭᠤ ᠳᠣᠯᠤᠳᠤᠭᠠᠷ ᠵᠦᠢᠯ ᠡᠳ᠋ ᠬᠥᠷᠦᠩᠭᠡ᠎ᠶᠢ ᠦᠨᠡᠯᠡᠨ ᠵᠢᠱᠢᠬᠦ᠂ ᠪᠡᠯᠡ ᠱᠢᠯᠭᠠᠬᠤ ᠪᠤᠶᠤ ᠭᠡᠷᠡᠴᠢ ᠲᠡᠮᠳᠡᠭ ᠱᠢᠯᠭᠠᠬᠤ ᠪᠠᠢᠭᠤᠯᠤᠮᠵᠢ ᠬᠤᠳᠠᠯ ᠬᠠᠭᠤᠷᠮᠠᠭ ᠮᠠᠲᠧᠷᠢᠶᠠᠯ ᠬᠠᠩᠭᠠᠭᠰᠠᠨ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠢ᠎ᠨᠢ ᠬᠣᠷᠢᠶᠠᠨ ᠠᠪᠴᠤ᠂ ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠤᠨ ᠬᠢᠨᠢ ᠨᠢᠭᠡ ᠳᠠᠬᠢᠨ᠎ᠠᠴᠠ ᠳᠡᠭᠡᠭᠱᠢ ᠲᠠᠪᠤᠨ ᠳᠠᠬᠢᠨ᠎ᠠᠴᠠ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠢᠳᠭᠡᠬᠦ᠎ᠶᠢᠨ ᠬᠠᠮᠲᠤ ᠬᠣᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠡᠴᠡ ᠬᠠᠤᠯᠢ ᠶᠣᠰᠤᠭᠠᠷ ᠲᠤᠰ ᠪᠠᠢᠭᠤᠯᠤᠮᠵᠢ᠎ᠶᠢ ᠵᠠᠷᠯᠢᠭᠳᠠᠨ ᠠᠵᠢᠯ᠎ᠢ᠎ᠨᠢ ᠵᠣᠭᠰᠤᠭᠠᠵᠤ᠂ ᠱᠢᠭᠤᠳ ᠬᠠᠷᠢᠭᠤᠴᠠᠯᠭ᠎ᠠ᠎ᠲᠠᠢ ᠬᠥᠮᠦᠨ᠎ᠦ ᠬᠢᠷᠢ ᠭᠡᠮ᠎ᠦᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ᠎ᠦᠭᠡᠢ ᠪᠣᠯᠭᠠᠵᠤ᠂ ᠡᠵᠡᠩᠨᠡᠯᠲᠡ᠎ᠶᠢᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ᠎ᠦᠭᠡᠢ ᠪᠣᠯᠭᠠᠵᠤ ᠪᠣᠯᠤᠨ᠎ᠠ᠃

  ᠡᠳ᠋ ᠬᠥᠷᠦᠩᠭᠡ᠎ᠶᠢ ᠦᠨᠡᠯᠡᠨ ᠵᠢᠱᠢᠬᠦ᠂ ᠪᠡᠯᠡ ᠱᠢᠯᠭᠠᠬᠤ ᠪᠤᠶᠤ ᠭᠡᠷᠡᠴᠢ ᠲᠡᠮᠳᠡᠭ ᠱᠢᠯᠭᠠᠬᠤ ᠪᠠᠢᠭᠤᠯᠤᠮᠵᠢ ᠡᠨᠳᠡᠯ᠎ᠡᠴᠡ ᠪᠣᠯᠵᠤ ᠴᠢᠬᠤᠯᠠ ᠶᠡᠬᠡ ᠣᠷᠬᠢᠭᠳᠠᠭᠤᠯᠤᠯ᠎ᠲᠠᠢ ᠮᠡᠳᠡᠭᠦᠯᠦᠯᠲᠡ ᠬᠠᠩᠭᠠᠭᠰᠠᠨ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ᠂ ᠦᠢᠯᠡ ᠪᠠᠢᠳᠠᠯ᠎ᠨᠢ ᠨᠡᠯᠢᠶᠡᠳ ᠬᠦᠨᠳᠦ ᠨᠣᠴᠢᠲᠠᠢ ᠪᠠᠢᠪᠠᠯ ᠣᠯᠤᠭᠰᠠᠨ ᠣᠷᠤᠯᠭ᠎ᠠ᠎ᠶᠢᠨ ᠬᠢᠨᠢ ᠨᠢᠭᠡ ᠳᠠᠬᠢᠨ᠎ᠠᠴᠠ ᠳᠡᠭᠡᠭᠱᠢ ᠲᠠᠪᠤᠨ ᠳᠠᠬᠢᠨ᠎ᠠᠴᠠ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠳᠭᠡᠬᠦ᠎ᠶᠢᠨ ᠬᠠᠮᠲᠤ ᠬᠣᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠡᠴᠡ ᠬᠠᠤᠯᠢ ᠶᠣᠰᠤᠭᠠᠷ ᠲᠤᠰ ᠪᠠᠢᠭᠤᠯᠤᠮᠵᠢ᠎ᠶᠢ ᠵᠠᠷᠯᠢᠭᠳᠠᠨ ᠠᠵᠢᠯ᠎ᠢ᠎ᠨᠢ ᠵᠣᠭᠰᠤᠭᠠᠵᠤ᠂ ᠱᠢᠭᠤᠳ ᠬᠠᠷᠢᠭᠤᠴᠠᠯᠭ᠎ᠠ᠎ᠲᠠᠢ ᠬᠥᠮᠦᠨ᠎ᠦ ᠬᠢᠷᠢ ᠭᠡᠮ᠎ᠦᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ᠎ᠦᠭᠡᠢ ᠪᠣᠯᠭᠠᠵᠤ᠂ ᠡᠵᠡᠩᠨᠡᠯᠲᠡ᠎ᠶᠢᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ᠎ᠦᠭᠡᠢ ᠪᠣᠯᠭᠠᠵᠤ ᠪᠣᠯᠤᠨ᠎ᠠ᠃

  ᠡᠳ᠋ ᠬᠥᠷᠦᠩᠭᠡ᠎ᠶᠢ ᠦᠨᠡᠯᠡᠨ ᠵᠢᠱᠢᠬᠦ᠂ ᠪᠡᠯᠡ ᠱᠢᠯᠭᠠᠬᠤ ᠪᠤᠶᠤ ᠭᠡᠷᠡᠴᠢ ᠲᠡᠮᠳᠡᠭ ᠱᠢᠯᠭᠠᠬᠤ ᠪᠠᠢᠭᠤᠯᠤᠮᠵᠢ᠎ᠶᠢᠨ ᠭᠠᠷᠭᠠᠭᠰᠠᠨ ᠦᠨᠡᠯᠡᠨ ᠵᠢᠱᠢᠭᠰᠡᠨ ᠦᠷ᠎ᠡ ᠳ᠋ᠦᠩ᠂ ᠪᠡᠯᠡ ᠱᠢᠯᠭᠠᠭᠰᠠᠨ ᠪᠤᠶᠤ ᠭᠡᠷᠡᠴᠢ ᠲᠡᠮᠳᠡᠭ ᠱᠢᠯᠭᠠᠭᠰᠠᠨ ᠭᠡᠷᠡᠴᠢᠯᠡᠯ᠎ᠨᠢ ᠦᠨᠡᠨ ᠪᠣᠳᠠᠲᠠᠢ ᠪᠢᠱᠢ ᠪᠠᠢᠭᠰᠠᠨ᠎ᠤ ᠤᠯᠠᠮ᠎ᠠᠴᠠ ᠺᠣᠮᠫᠠᠨᠢ᠎ᠶᠢᠨ ᠠᠪᠴᠠᠭᠠᠲᠠᠨ᠎ᠳᠤ ᠬᠣᠬᠢᠷᠠᠯ ᠤᠴᠠᠷᠠᠭᠤᠯᠤᠭᠰᠠᠨ ᠪᠠᠢᠪᠠᠯ᠂ ᠥᠪᠡᠷ᠎ᠢ᠎ᠪᠡᠨ ᠪᠤᠷᠤᠭᠤ᠎ᠦᠭᠡᠢ ᠭᠡᠳᠡᠭ᠎ᠢ ᠭᠡᠷᠡᠴᠢᠯᠡᠵᠦ ᠳᠡᠢᠯᠬᠦ᠎ᠶᠢ ᠭᠠᠷᠭᠠᠪᠠᠯ᠂ ᠲᠡᠭᠦᠨ᠎ᠦ ᠦᠨᠡᠯᠡᠨ ᠵᠢᠱᠢᠭᠰᠡᠨ ᠪᠤᠶᠤ ᠭᠡᠷᠡᠴᠢᠯᠡᠭᠰᠡᠨ᠎ᠨᠢ ᠦᠨᠡᠨ ᠪᠣᠳᠠᠲᠠᠢ ᠪᠢᠱᠢ ᠪᠣᠯᠤᠭᠰᠠᠨ ᠵᠣᠭᠤᠰᠤᠨ ᠲᠣᠭᠠᠨ᠎ᠤ ᠬᠡᠪᠴᠢᠶᠡᠨ ᠳᠣᠲᠤᠷ᠎ᠠ ᠲᠥᠯᠦᠬᠦ ᠬᠠᠷᠢᠭᠤᠴᠠᠯᠭ᠎ᠠ ᠡᠭᠦᠷᠭᠡᠯᠡᠨ᠎ᠡ᠃

  ᠬᠣᠶᠠᠷ ᠵᠠᠭᠤ ᠨᠠᠢ᠍ᠮᠠᠳᠤᠭᠠᠷ ᠵᠦᠢᠯ ᠺᠣᠮᠫᠠᠨᠢ ᠳᠠᠩᠰᠠᠯᠠᠬᠤ ᠪᠠᠢᠭᠤᠯᠭ᠎ᠠ ᠲᠤᠰ ᠬᠠᠤᠯᠢ᠎ᠳᠤ ᠲᠣᠭᠲᠠᠭᠠᠭᠰᠠᠨ ᠨᠥᠬᠦᠴᠡᠯ᠎ᠳᠦ ᠦᠯᠦ ᠨᠡᠢᠴᠡᠬᠦ ᠳᠠᠩᠰᠠᠯᠠᠭᠤᠯᠬᠤ ᠭᠤᠶᠤᠴᠢᠯᠠᠯ᠎ᠳᠤ ᠳᠡᠩᠰᠡᠯᠡᠯᠲᠡ ᠬᠢᠵᠦ ᠦᠭᠭᠦᠭᠰᠡᠨ᠂ ᠡᠰᠡᠬᠦᠯ᠎ᠡ ᠲᠤᠰ ᠬᠠᠤᠯᠢ᠎ᠳᠤ ᠲᠣᠭᠲᠠᠭᠠᠭᠰᠠᠨ ᠨᠥᠬᠦᠴᠡᠯ᠎ᠳᠦ ᠨᠡᠢᠴᠡᠬᠦ ᠳᠠᠩᠰᠠᠯᠠᠭᠤᠯᠬᠤ ᠭᠤᠶᠤᠴᠢᠯᠠᠯ᠎ᠳᠤ ᠳᠡᠩᠰᠡᠯᠡᠯᠲᠡ ᠬᠢᠵᠦ ᠦᠭᠭᠦᠭᠰᠡᠨ᠎ᠦᠭᠡᠢ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠱᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠦ ᠬᠠᠤᠯᠢ ᠶᠣᠰᠤᠭᠠᠷ ᠵᠠᠰᠠᠭ ᠵᠠᠬᠢᠷᠭᠠᠨ᠎ᠤ ᠱᠢᠢᠳᠭᠡᠯ ᠥᠭᠭᠦᠨ᠎ᠡ᠃

  ᠬᠣᠶᠠᠷ ᠵᠠᠭᠤ ᠶᠢᠰᠦᠳᠦᠭᠡᠷ ᠵᠦᠢᠯ ᠺᠣᠮᠫᠠᠨᠢ ᠳᠠᠩᠰᠠᠯᠠᠬᠤ ᠪᠠᠢᠭᠤᠯᠭ᠎ᠠ᠎ᠶᠢᠨ ᠳᠡᠭᠡᠳᠦ ᠱᠠᠲᠤᠨ᠎ᠤ ᠰᠠᠯᠠᠭ᠎ᠠ ᠮᠥᠴᠢᠷ ᠺᠣᠮᠫᠠᠨᠢ ᠳᠠᠩᠰᠠᠯᠠᠬᠤ ᠪᠠᠢᠭᠤᠯᠭ᠎ᠠ᠎ᠶᠢ ᠠᠯᠪᠠᠲᠠᠨ ᠵᠠᠷᠯᠢᠭᠳᠠᠵᠤ ᠪᠠᠢᠭᠠᠳ ᠲᠤᠰ ᠬᠠᠤᠯᠢ᠎ᠳᠤ ᠲᠣᠭᠲᠠᠭᠠᠭᠰᠠᠨ ᠨᠥᠬᠦᠴᠡᠯ᠎ᠳᠦ ᠦᠯᠦ ᠨᠡᠢᠴᠡᠬᠦ ᠳᠠᠩᠰᠠᠯᠠᠭᠤᠯᠬᠤ ᠭᠤᠶᠤᠴᠢᠯᠠᠯ᠎ᠳᠤ ᠳᠡᠩᠰᠡᠯᠡᠯᠲᠡ ᠬᠢᠯᠭᠡᠭᠰᠡᠨ᠂ ᠡᠰᠡᠬᠦᠯ᠎ᠡ ᠲᠤᠰ ᠬᠠᠤᠯᠢ᠎ᠳᠤ ᠲᠣᠭᠲᠠᠭᠠᠭᠰᠠᠨ ᠨᠥᠬᠦᠴᠡᠯ᠎ᠳᠦ ᠨᠡᠢᠴᠡᠬᠦ ᠳᠠᠩᠰᠠᠯᠠᠭᠤᠯᠬᠤ ᠭᠤᠶᠤᠴᠢᠯᠠᠯ᠎ᠳᠤ ᠳᠡᠩᠰᠡᠯᠡᠯᠲᠡ ᠬᠢᠵᠦ ᠦᠭᠭᠦᠭᠰᠡᠨ᠎ᠦᠭᠡᠢ᠂ ᠡᠰᠡᠬᠦᠯ᠎ᠡ ᠬᠠᠤᠯᠢ᠎ᠶᠢ ᠵᠥᠷᠢᠴᠡᠭᠰᠡᠨ ᠳᠡᠩᠰᠡᠯᠡᠯᠲᠡ᠎ᠶᠢ ᠥᠮᠦᠭᠯᠡᠭᠰᠡᠨ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠱᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠦ ᠬᠠᠤᠯᠢ ᠶᠣᠰᠤᠭᠠᠷ ᠵᠠᠰᠠᠭ ᠵᠠᠬᠢᠷᠭᠠᠨ᠎ᠤ ᠱᠢᠢᠳᠭᠡᠯ ᠥᠭᠭᠦᠨ᠎ᠡ᠃

  ᠬᠣᠶᠠᠷ ᠵᠠᠭᠤ ᠠᠷᠪᠠᠳᠤᠭᠠᠷ ᠵᠦᠢᠯ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠤᠶᠤ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠭᠡᠵᠦ ᠬᠠᠤᠯᠢ ᠶᠣᠰᠤᠭᠠᠷ ᠳᠠᠩᠰᠠᠯᠠᠭᠤᠯᠤᠭᠰᠠᠨ᠎ᠦᠭᠡᠢ ᠪᠠᠢᠲᠠᠯ᠎ᠠ᠎ᠪᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠤᠶᠤ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ᠎ᠨᠡᠷ᠎ᠡ᠎ᠶᠢ ᠬᠠᠭᠤᠷᠮᠠᠭᠯᠠᠨ ᠬᠡᠷᠡᠭᠯᠡᠭᠰᠡᠨ᠂ ᠡᠰᠡᠬᠦᠯ᠎ᠡ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠤᠶᠤ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠬᠤᠪᠢᠶᠠᠷᠢ ᠺᠣᠮᠫᠠᠨᠢ ᠭᠡᠵᠦ ᠬᠠᠤᠯᠢ ᠶᠣᠰᠤᠭᠠᠷ ᠳᠠᠩᠰᠠᠯᠠᠭᠤᠯᠤᠭᠰᠠᠨ᠎ᠦᠭᠡᠢ ᠪᠠᠢᠲᠠᠯ᠎ᠠ᠎ᠪᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠪᠤᠶᠤ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠬᠤᠪᠢᠶᠠᠷᠢ ᠺᠣᠮᠫᠠᠨᠢ᠎ᠶᠢᠨ᠎ᠨᠡᠷ᠎ᠡ᠎ᠶᠢ ᠬᠠᠭᠤᠷᠮᠠᠭᠯᠠᠨ ᠬᠡᠷᠡᠭᠯᠡᠭᠰᠡᠨ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠵᠠᠷᠯᠢᠭᠳᠠᠨ ᠵᠠᠯᠠᠷᠠᠭᠤᠯᠤᠭᠤᠯᠬᠤ ᠪᠤᠶᠤ ᠬᠦᠴᠦᠨ᠎ᠦᠭᠡᠢ ᠪᠣᠯᠭᠠᠵᠤ᠂ ᠠᠷᠪᠠᠨ ᠲᠦᠮᠡᠨ ᠲᠥᠭᠦᠷᠢᠭ᠎ᠡᠴᠡ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠨᠡᠢᠯᠡᠭᠦᠯᠦᠨ ᠱᠢᠢᠳᠭᠡᠵᠦ ᠪᠣᠯᠤᠨ᠎ᠠ᠃

  ᠬᠣᠶᠠᠷ ᠵᠠᠭᠤ ᠠᠷᠪᠠᠨ ᠨᠢᠭᠡᠳᠦᠭᠡᠷ ᠵᠦᠢᠯ ᠺᠣᠮᠫᠠᠨᠢ ᠪᠠᠢᠭᠤᠯᠤᠭᠳᠠᠭᠰᠠᠨ᠎ᠤ ᠳᠠᠷᠠᠭ᠎ᠠ ᠵᠦᠢ ᠶᠣᠰᠤᠨ᠎ᠤ ᠱᠢᠯᠲᠠᠭᠠᠨ᠎ᠦᠭᠡᠢ᠎ᠪᠡᠷ ᠵᠢᠷᠭᠤᠭᠠᠨ ᠰᠠᠷ᠎ᠠ ᠬᠡᠲᠦᠷᠡᠲᠡᠯ᠎ᠡ ᠠᠵᠢᠯ᠎ᠢᠶᠠᠨ ᠡᠬᠢᠯᠡᠭᠦᠯᠦᠭᠰᠡᠨ᠎ᠦᠭᠡᠢ ᠪᠤᠶᠤ ᠠᠵᠢᠯ᠎ᠢᠶᠠᠨ ᠡᠬᠢᠯᠡᠭᠦᠯᠦᠭᠰᠡᠨ᠎ᠦ ᠳᠠᠷᠠᠭ᠎ᠠ ᠥᠪᠡᠰᠦᠪᠡᠨ ᠵᠡᠯᠭᠠᠭᠠᠪᠡᠷ ᠵᠢᠷᠭᠤᠭᠠᠨ ᠰᠠᠷ᠎ᠠ᠎ᠠᠴᠠ ᠳᠡᠭᠡᠭᠱᠢ ᠠᠵᠢᠯ᠎ᠢᠶᠠᠨ ᠵᠣᠭᠰᠤᠭᠠᠭᠰᠠᠨ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠡᠵᠡᠩᠨᠡᠯᠲᠡ᠎ᠶᠢᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ᠎ᠦᠭᠡᠢ ᠪᠣᠯᠭᠠᠵᠤ ᠪᠣᠯᠤᠨ᠎ᠠ᠃

  ᠺᠣᠮᠫᠠᠨᠢ᠎ᠶᠢᠨ ᠳᠠᠩᠰᠠᠯᠠᠭᠤᠯᠤᠭᠰᠠᠨ ᠵᠦᠢᠯᠡᠰ᠎ᠲᠦ ᠬᠤᠪᠢᠷᠠᠯᠲᠠ ᠭᠠᠷᠬᠤ ᠦᠶ᠎ᠡ᠎ᠳᠦ ᠲᠤᠰ ᠬᠠᠤᠯᠢ᠎ᠶᠢᠨ ᠲᠣᠭᠲᠠᠭᠠᠯ ᠶᠣᠰᠤᠭᠠᠷ ᠬᠣᠯᠪᠤᠭᠳᠠᠯ ᠪᠦᠬᠦᠢ ᠳᠡᠩᠰᠡᠯᠡᠯᠲᠡ᠎ᠪᠡᠨ ᠬᠤᠪᠢᠷᠠᠭᠤᠯᠬᠤ ᠭᠠᠷ ᠭᠦᠢᠴᠡᠳᠭᠡᠯ ᠬᠢᠯᠭᠡᠭᠰᠡᠨ᠎ᠦᠭᠡᠢ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠵᠠᠷᠯᠢᠭᠳᠠᠵᠤ ᠪᠠᠢᠭᠠᠳ ᠬᠤᠭᠤᠴᠠᠭ᠎ᠠ ᠲᠣᠭᠲᠠᠭᠠᠨ ᠳᠠᠩᠰᠠᠯᠠᠭᠤᠯᠤᠨ᠎ᠠ; ᠬᠤᠭᠤᠴᠠᠭ᠎ᠠ ᠬᠡᠲᠦᠷᠡᠲᠡᠯ᠎ᠡ ᠳᠠᠩᠰᠠᠯᠠᠭᠤᠯᠤᠭᠰᠠᠨ᠎ᠦᠭᠡᠢ ᠪᠠᠢᠪᠠᠯ᠂ ᠲᠦᠮᠡᠨ ᠲᠥᠭᠦᠷᠢᠭ᠎ᠡᠴᠡ ᠳᠡᠭᠡᠭᠱᠢ ᠠᠷᠪᠠᠨ ᠲᠦᠮᠡᠨ ᠲᠥᠭᠦᠷᠢᠭ᠎ᠡᠴᠡ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠱᠢᠢᠳᠬᠡᠨ᠎ᠡ᠃

  ᠬᠣᠶᠠᠷ ᠵᠠᠭᠤ ᠠᠷᠪᠠᠨ ᠬᠣᠶᠠᠳᠤᠭᠠᠷ ᠵᠦᠢᠯ ᠭᠠᠳᠠᠭᠠᠳᠤ ᠤᠯᠤᠰ᠎ᠤᠨ ᠺᠣᠮᠫᠠᠨᠢ ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ ᠳᠤᠮᠳᠠᠳᠤ ᠤᠯᠤᠰ᠎ᠤᠨ ᠬᠢᠯᠢ ᠳᠣᠲᠤᠷ᠎ᠠ ᠳᠤᠷ᠎ᠠ᠎ᠪᠠᠷ᠎ᠢᠶᠠᠨ ᠰᠠᠯᠪᠤᠷᠢ ᠪᠠᠢᠭᠤᠯᠤᠮᠵᠢ ᠪᠠᠢᠭᠤᠯᠤᠭᠰᠠᠨ ᠪᠠᠢᠪᠠᠯ᠂ ᠺᠣᠮᠫᠠᠨᠢ ᠳᠠᠩᠰᠠᠯᠠᠬᠤ ᠪᠠᠢᠭᠤᠯᠭ᠎ᠠ᠎ᠠᠴᠠ ᠵᠠᠷᠯᠢᠭᠳᠠᠵᠤ ᠪᠠᠢᠭᠠᠳ ᠵᠠᠯᠠᠷᠠᠭᠤᠯᠤᠭᠤᠯᠬᠤ ᠪᠤᠶᠤ ᠬᠠᠭᠠᠯᠭᠠᠵᠤ᠂ ᠲᠠᠪᠤᠨ ᠲᠦᠮᠡᠨ ᠲᠥᠭᠦᠷᠢᠭ᠎ᠡᠴᠡ ᠳᠡᠭᠡᠭᠱᠢ ᠬᠣᠷᠢᠨ ᠲᠦᠮᠡᠨ ᠲᠥᠭᠦᠷᠢᠭ᠎ᠡᠴᠡ ᠳᠣᠭᠤᠭᠱᠢ ᠵᠣᠭᠤᠰ᠎ᠢᠶᠠᠷ ᠲᠣᠷᠭᠠᠬᠤ᠎ᠪᠠᠷ ᠨᠡᠢᠯᠡᠭᠦᠯᠦᠨ ᠱᠢᠢᠳᠭᠡᠵᠦ ᠪᠣᠯᠤᠨ᠎ᠠ᠃

  ᠬᠣᠶᠠᠷ ᠵᠠᠭᠤ ᠠᠷᠪᠠᠨ ᠭᠤᠷᠪᠠᠳᠤᠭᠠᠷ ᠵᠦᠢᠯ ᠺᠣᠮᠫᠠᠨᠢ᠎ᠶᠢᠨ᠎ᠨᠡᠷ᠎ᠡ᠎ᠶᠢ ᠠᠱᠢᠭᠯᠠᠨ ᠤᠯᠤᠰ ᠣᠷᠤᠨ᠎ᠤ ᠠᠮᠤᠷ ᠲᠦᠪᠱ᠌ᠢᠨ᠂ ᠨᠡᠢᠭᠡᠮ ᠨᠡᠢᠲᠡ᠎ᠶᠢᠨ ᠠᠱᠢᠭ ᠲᠤᠰᠠ᠎ᠶᠢ ᠬᠣᠬᠢᠷᠠᠭᠤᠯᠬᠤ ᠬᠠᠤᠯᠢ᠎ᠶᠢ ᠬᠦᠨᠳᠦ ᠨᠣᠴᠢᠲᠠᠢ ᠵᠥᠷᠢᠴᠡᠭᠰᠡᠨ ᠦᠢᠯᠡ ᠠᠵᠢᠯᠯᠠᠭ᠎ᠠ ᠬᠢᠭᠰᠡᠨ ᠪᠠᠢᠪᠠᠯ ᠡᠵᠡᠩᠨᠡᠯᠲᠡ᠎ᠶᠢᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ᠎ᠦᠭᠡᠢ ᠪᠣᠯᠭᠠᠨ᠎ᠠ᠃

  ᠬᠣᠶᠠᠷ ᠵᠠᠭᠤ ᠠᠷᠪᠠᠨ ᠳᠥᠷᠪᠡᠳᠦᠭᠡᠷ ᠵᠦᠢᠯ ᠺᠣᠮᠫᠠᠨᠢ ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠭᠡᠳ᠂ ᠢᠷᠭᠡᠨ᠎ᠦ ᠬᠡᠷᠡᠭ᠎ᠦᠨ ᠲᠥᠯᠦᠬᠦ ᠬᠠᠷᠢᠭᠤᠴᠠᠯᠭ᠎ᠠ ᠡᠭᠦᠷᠭᠡᠯᠡᠬᠦ ᠪᠠ ᠲᠣᠷᠭᠠᠭᠤᠯᠢ᠎ᠶᠢᠨ ᠵᠣᠭᠤᠰ᠂ ᠶᠠᠯᠠᠳᠠᠯᠭ᠎ᠠ᠎ᠶᠢᠨ ᠮᠥᠩᠭᠦ ᠲᠤᠱᠢᠶᠠᠬᠤ ᠬᠡᠷᠡᠭᠲᠡᠢ ᠪᠠᠢᠲᠠᠯ᠎ᠠ ᠡᠳ᠋ ᠬᠥᠷᠦᠩᠭᠡ ᠨᠢ ᠲᠥᠯᠦᠵᠦ ᠭᠦᠢᠴᠡᠬᠦ᠎ᠦᠭᠡᠢ ᠪᠣᠯ᠂ ᠤᠷᠢᠳ᠎ᠢᠶᠠᠷ ᠢᠷᠭᠡᠨ᠎ᠦ ᠬᠡᠷᠡᠭ᠎ᠦᠨ ᠲᠥᠯᠦᠬᠦ ᠬᠠᠷᠢᠭᠤᠴᠠᠯᠭ᠎ᠠ ᠡᠭᠦᠷᠭᠡᠯᠡᠨ᠎ᠡ᠃

  ᠬᠣᠶᠠᠷ ᠵᠠᠭᠤ ᠠᠷᠪᠠᠨ ᠲᠠᠪᠤᠳᠤᠭᠠᠷ ᠵᠦᠢᠯ ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ ᠶᠠᠯ᠎ᠠ ᠪᠣᠯᠵᠤ ᠪᠦᠷᠢᠯᠳᠦᠭᠰᠡᠨ ᠪᠠᠢᠪᠠᠯ ᠬᠠᠤᠯᠢ ᠶᠣᠰᠤᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604