ᠪᠦᠬᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠶᠢᠨ ᠬᠠᠤᠯᠢ (ᠠᠷᠪᠠᠨ ᠭᠤᠷᠪᠠᠳᠤᠭᠠᠷ ᠪᠦᠯᠦᠭ)
2019.11.07

   (1993 ᠣᠨ᠎ᠤ 12 ᠰᠠᠷ᠎ᠠ᠎ᠶᠢᠨ 29᠎ᠦ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠲᠠᠪᠤᠳᠤᠭᠠᠷ ᠬᠤᠷᠠᠯᠳᠤᠭᠠᠨ᠎ᠠᠴᠠ ᠪᠠᠲᠤᠯᠠᠪᠠ

  1999 ᠣᠨ᠎ᠤ 12 ᠰᠠᠷ᠎ᠠ᠎ᠶᠢᠨ 25᠎ᠤ ᠡᠳᠦᠷ᠎ᠦᠨ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠭᠤᠷᠪᠠᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠠᠩᠬ᠎ᠠ ᠤᠳᠠᠭ᠎ᠠ ᠵᠠᠰᠠᠪᠠ

  2004 ᠣᠨ᠎ᠤ 8 ᠰᠠᠷ᠎ᠠ᠎ᠶᠢᠨ 28᠎ᠤ ᠡᠳᠦᠷ᠎ᠦᠨ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠢᠭᠡᠳᠦᠭᠡᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ᠎ᠶᠢᠨ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠬᠣᠶᠠᠳᠠᠬᠢ ᠤᠳᠠᠭ᠎ᠠ ᠵᠠᠰᠠᠪᠠ

  2005 ᠣᠨ᠎ᠤ 10 ᠰᠠᠷ᠎ᠠ᠎ᠶᠢᠨ 27 ᠎ᠤ ᠡᠳᠦᠷ ᠠᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ ᠵᠠᠰᠠᠪᠤᠷᠢ ᠣᠷᠤᠭᠤᠯᠪᠠ

  2013 ᠣᠨ᠎ᠤ 12 ᠰᠠᠷ᠎ᠠ᠎ᠶᠢᠨ 28 ᠎ᠤ ᠡᠳᠦᠷ᠎ᠦᠨ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠯᠠᠢ᠎ᠶᠢᠨ ᠣᠷᠴᠢᠨ ᠠᠬᠤᠢ᠎ᠶᠢ ᠬᠠᠮᠠᠭᠠᠯᠠᠬᠤ ᠬᠠᠤᠯᠢ〉ᠵᠡᠷᠭᠡ ᠳᠣᠯᠤᠭᠠᠨ ᠬᠠᠤᠯᠢ᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠭᠤᠷᠪᠠᠳᠠᠬᠢ ᠤᠳᠠᠭ᠎ᠠ ᠵᠠᠰᠠᠪᠠ)

 

 

    ᠠᠷᠪᠠᠨ ᠭᠤᠷᠪᠠᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ

 

  ᠬᠣᠶᠠᠷ ᠵᠠᠭᠤ ᠠᠷᠪᠠᠨ ᠵᠢᠷᠭᠤᠳᠤᠭᠠᠷ ᠵᠦᠢᠯ   ᠲᠤᠰ ᠬᠠᠤᠯᠢ᠎ᠳᠠᠬᠢ ᠳᠣᠣᠷ᠎ᠠ ᠵᠢᠭᠰᠠᠭᠠᠭᠰᠠᠨ ᠬᠡᠯᠡᠯᠭᠡ᠎ᠶᠢᠨ ᠤᠳᠭ᠎ᠠ᠄

   (ᠨᠢᠭᠡ) ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠭᠡᠳᠡᠭ᠎ᠨᠢ ᠺᠣᠮᠫᠠᠨᠢ᠎ᠶᠢᠨ ᠵᠢᠩᠯᠢ᠂ ᠳᠡᠳ᠋ ᠵᠢᠩᠯᠢ᠂ ᠡᠳ᠋᠎ᠦᠨ ᠶᠠᠪᠤᠳᠠᠯ᠎ᠤᠨ ᠬᠠᠷᠢᠭᠤᠴᠠᠯᠭᠠᠲᠠᠨ᠂ ᠰᠲ᠋ᠤᠺ᠎ᠢᠶᠠᠨ ᠵᠠᠬ᠎ᠠ ᠳᠡᠯᠭᠡᠭᠦᠷ᠎ᠲᠦ ᠭᠠᠷᠭᠠᠭᠰᠠᠨ ᠺᠣᠮᠫᠠᠨᠢ᠎ᠶᠢᠨ ᠬᠡᠷᠡᠭ ᠮᠡᠳᠡᠭᠴᠢᠳ᠎ᠦᠨ ᠵᠥᠪᠯᠡᠯ᠎ᠦᠨ ᠨᠠᠷᠢᠨ ᠪᠢᠴᠢᠭᠡᠴᠢ ᠪᠣᠯᠤᠨ ᠺᠣᠮᠫᠠᠨᠢ᠎ᠶᠢᠨ ᠳᠦᠷᠢᠮ᠎ᠳᠦ ᠲᠣᠭᠲᠠᠭᠠᠭᠰᠠᠨ ᠪᠤᠰᠤᠳ ᠬᠥᠮᠦᠰ᠎ᠢ ᠵᠢᠭᠠᠵᠤ ᠪᠠᠢᠨ᠎ᠠ᠃

   (ᠬᠣᠶᠠᠷ) ᠬᠤᠪᠢ ᠡᠵᠡᠮᠳᠡᠬᠦ ᠬᠤᠪᠢ ᠣᠷᠤᠭᠤᠯᠤᠭᠴᠢ ᠭᠡᠳᠡᠭ᠎ᠨᠢ ᠲᠡᠭᠦᠨ᠎ᠦ ᠪᠡᠯᠡ ᠭᠠᠷᠭᠠᠭᠰᠠᠨ ᠲᠣᠭ᠎ᠠ᠎ᠨᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠬᠥᠷᠦᠩᠭᠡ᠎ᠶᠢᠨ ᠪᠦᠬᠦ ᠲᠣᠭᠠᠨ᠎ᠤ ᠵᠠᠭᠤᠨ᠎ᠤ ᠲᠠᠪᠢ᠎ᠠᠴᠠ ᠳᠡᠭᠡᠭᠱᠢᠬᠢ᠎ᠶᠢ ᠡᠵᠡᠯᠡᠵᠦ ᠪᠠᠢᠬᠤ ᠪᠤᠶᠤ ᠲᠡᠭᠦᠨ᠎ᠦ ᠡᠵᠡᠮᠱᠢᠵᠦ ᠪᠠᠢᠭ᠎ᠠ ᠬᠤᠪᠢ᠎ᠨᠢ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠶᠢᠨ ᠰᠲ᠋ᠤᠺ᠎ᠤᠨ ᠡᠬᠡ ᠮᠥᠩᠭᠦ᠎ᠶᠢᠨ ᠪᠦᠬᠦ ᠲᠣᠭᠠᠨ᠎ᠤ ᠵᠠᠭᠤᠨ᠎ᠤ ᠲᠠᠪᠢ᠎ᠠᠴᠠ ᠳᠡᠭᠡᠭᠱᠢᠬᠢ᠎ᠶᠢ ᠡᠵᠡᠯᠡᠭᠰᠡᠨ ᠬᠤᠪᠢ ᠣᠷᠤᠭᠤᠯᠤᠭᠴᠢ; ᠪᠡᠯᠡ ᠭᠠᠷᠭᠠᠭᠰᠠᠨ ᠲᠣᠭ᠎ᠠ ᠪᠤᠶᠤ ᠡᠵᠡᠮᠱᠢᠵᠦ ᠪᠠᠢᠭ᠎ᠠ ᠬᠤᠪᠢ᠎ᠶᠢᠨ ᠬᠠᠷᠢᠴᠠᠯ᠎ᠨᠢ ᠬᠡᠳᠦᠢᠪᠡᠷ ᠵᠠᠭᠤᠨ᠎ᠤ ᠲᠠᠪᠢ᠎ᠳᠤ ᠬᠦᠷᠬᠦ᠎ᠦᠭᠡᠢ ᠪᠣᠯᠪᠠᠴᠤ ᠲᠡᠭᠦᠨ᠎ᠦ ᠪᠡᠯᠡ ᠭᠠᠷᠭᠠᠭᠰᠠᠨ ᠲᠣᠭ᠎ᠠ ᠪᠤᠶᠤ ᠡᠵᠡᠮᠱᠢᠵᠦ ᠪᠠᠢᠭ᠎ᠠ ᠬᠤᠪᠢ᠎ᠶᠢᠨ ᠡᠳ᠋ᠯᠡᠬᠦ ᠪᠠᠲᠤᠯᠠᠬᠤ ᠡᠷᠬᠡ᠎ᠨᠢ ᠨᠢᠭᠡᠨᠲᠡ ᠬᠤᠪᠢ ᠣᠷᠤᠭᠤᠯᠤᠭᠴᠢᠳ᠎ᠤᠨ ᠵᠥᠪᠯᠡᠯ᠂ ᠬᠤᠪᠢ ᠣᠷᠤᠭᠤᠯᠤᠭᠴᠢᠳ᠎ᠤᠨ ᠶᠡᠬᠡ ᠬᠤᠷᠠᠯ᠎ᠤᠨ ᠱᠢᠢᠳᠪᠦᠷᠢ᠎ᠳᠦ ᠴᠢᠬᠤᠯᠠ ᠶᠡᠬᠡ ᠨᠥᠯᠦᠭᠡ ᠭᠠᠷᠭᠠᠵᠤ ᠳᠡᠢᠯᠬᠦ ᠬᠤᠪᠢ ᠣᠷᠤᠭᠤᠯᠤᠭᠴᠢ᠎ᠶᠢ ᠵᠢᠭᠠᠵᠤ ᠪᠠᠢᠨ᠎ᠠ᠃

   (ᠭᠤᠷᠪᠠ) ᠪᠣᠳᠠᠲᠠᠢ ᠵᠠᠬᠢᠷᠤᠭᠴᠢ ᠭᠡᠳᠡᠭ᠎ᠨᠢ ᠬᠡᠳᠦᠢᠪᠡᠷ ᠺᠣᠮᠫᠠᠨᠢ᠎ᠶᠢᠨ ᠬᠤᠪᠢ ᠣᠷᠤᠭᠤᠯᠤᠭᠴᠢ ᠪᠢᠱᠢ ᠪᠣᠯᠪᠠᠴᠤ ᠪᠡᠯᠡ ᠣᠷᠤᠭᠤᠯᠬᠤ ᠬᠠᠷᠢᠴᠠᠭ᠎ᠠ᠂ ᠬᠡᠯᠡᠯᠴᠡᠭᠡᠷ ᠪᠤᠶᠤ ᠪᠤᠰᠤᠳ ᠲᠣᠬᠢᠷᠠᠭᠤᠯᠤᠯᠲᠠ᠎ᠪᠠᠷ ᠳᠠᠮᠵᠢᠨ ᠺᠣᠮᠫᠠᠨᠢ᠎ᠶᠢᠨ ᠦᠢᠯᠡ ᠠᠵᠢᠯᠯᠠᠭ᠎ᠠ᠎ᠶᠢ ᠪᠣᠳᠠᠲᠠᠢ᠎ᠪᠠᠷ ᠵᠠᠬᠢᠷᠴᠤ ᠳᠡᠢᠯᠬᠦ ᠬᠥᠮᠦᠨ᠎ᠢ ᠵᠢᠭᠠᠵᠤ ᠪᠠᠢᠨ᠎ᠠ᠃

   (ᠳᠥᠷᠪᠡ) ᠬᠣᠯᠪᠤᠯᠳᠤᠭᠰᠠᠨ ᠬᠠᠷᠢᠴᠠᠭ᠎ᠠ ᠭᠡᠳᠡᠭ᠎ᠨᠢ ᠺᠣᠮᠫᠠᠨᠢ᠎ᠶᠢᠨ ᠬᠤᠪᠢ ᠡᠵᠡᠮᠳᠡᠬᠦ ᠬᠤᠪᠢ ᠣᠷᠤᠭᠤᠯᠤᠭᠴᠢ᠂ ᠪᠣᠳᠠᠲᠠᠢ ᠵᠠᠬᠢᠷᠤᠭᠴᠢ᠂ ᠬᠡᠷᠡᠭ ᠮᠡᠳᠡᠭᠴᠢ᠂ ᠬᠡᠷᠡᠭ ᠬᠢᠨᠠᠭᠴᠢ᠂ ᠳᠡᠭᠡᠳᠦ ᠳᠡᠰ᠎ᠦᠨ ᠬᠠᠮᠢᠶᠠᠷᠤᠯᠲᠠ᠎ᠶᠢᠨ ᠠᠵᠢᠯᠲᠠᠨ ᠬᠢᠭᠡᠳ ᠲᠡᠭᠦᠨ᠎ᠦ ᠱᠢᠭᠤᠳ ᠪᠤᠶᠤ ᠳᠠᠮ᠎ᠢᠶᠠᠷ ᠡᠵᠡᠮᠳᠡᠵᠦ ᠪᠠᠢᠭ᠎ᠠ ᠠᠵᠤ ᠠᠬᠤᠢᠯᠠᠯ᠎ᠯᠤᠭ᠎ᠠ᠎ᠶᠢᠨ ᠬᠠᠷᠢᠴᠠᠭ᠎ᠠ ᠵᠢᠴᠢ ᠺᠣᠮᠫᠠᠨᠢ᠎ᠶᠢᠨ ᠠᠱᠢᠭ ᠲᠤᠰᠠ᠎ᠶᠢ ᠱᠢᠯᠵᠢᠭᠦᠯᠬᠦ᠎ᠳᠦ ᠬᠦᠷᠭᠡᠵᠦ ᠮᠡᠳᠡᠬᠦ ᠪᠤᠰᠤᠳ ᠬᠠᠷᠢᠴᠠᠭ᠎ᠠ᠎ᠶᠢ ᠵᠢᠭᠠᠵᠤ ᠪᠠᠢᠨ᠎ᠠ᠃ ᠭᠡᠪᠡᠴᠦ ᠤᠯᠤᠰ᠎ᠠᠴᠠ ᠬᠤᠪᠢ ᠡᠵᠡᠮᠳᠡᠵᠦ ᠪᠠᠢᠭ᠎ᠠ ᠠᠵᠤ ᠠᠬᠤᠢᠯᠠᠯ᠎ᠤ᠋ᠳ᠎ᠤᠨ ᠬᠣᠭᠤᠷᠤᠨᠳᠤ ᠪᠣᠯ ᠤᠯᠤᠰ᠎ᠤᠨ ᠬᠤᠪᠢ ᠡᠵᠡᠮᠳᠡᠯ᠎ᠢ ᠬᠠᠮᠲᠤ᠎ᠪᠠᠷ ᠬᠦᠯᠢᠶᠡᠭᠰᠡᠨ᠎ᠡᠴᠡ᠎ᠯᠡ ᠪᠣᠯᠤᠭᠠᠳ ᠬᠣᠯᠪᠤᠯᠳᠤᠭᠰᠠᠨ ᠬᠠᠷᠢᠴᠠᠭ᠎ᠠ᠎ᠲᠠᠢ ᠪᠣᠯᠬᠤ᠎ᠦᠭᠡᠢ᠃

  ᠬᠣᠶᠠᠷ ᠵᠠᠭᠤ ᠠᠷᠪᠠᠨ ᠳᠣᠯᠤᠳᠤᠭᠠᠷ ᠵᠦᠢᠯ  ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠤᠭᠤᠯᠤᠭᠰᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ᠎ᠳᠤ ᠲᠤᠰ ᠬᠠᠤᠯᠢ᠎ᠶᠢ ᠬᠡᠷᠡᠭᠯᠡᠨ᠎ᠡ; ᠭᠠᠳᠠᠭᠠᠳᠤ᠎ᠶᠢᠨ ᠬᠤᠳᠠᠯᠳᠤᠭᠠᠴᠢᠨ᠎ᠤ ᠪᠡᠯᠡ ᠣᠷᠤᠭᠤᠯᠤᠯᠲᠠ᠎ᠶᠢᠨ ᠲᠤᠬᠠᠢ ᠬᠠᠤᠯᠢ ᠴᠠᠭᠠᠵᠠ᠎ᠳᠤ ᠠᠰᠲᠠᠭᠠᠨ ᠲᠣᠭᠲᠠᠭᠠᠯ᠎ᠲᠠᠢ ᠪᠠᠢᠪᠠᠯ᠂ ᠲᠡᠷᠡ ᠲᠣᠭᠲᠠᠭᠠᠯ᠎ᠢ ᠬᠡᠷᠡᠭᠯᠡᠨ᠎ᠡ᠃

  ᠬᠣᠶᠠᠷ ᠵᠠᠭᠤ ᠠᠷᠪᠠᠨ ᠨᠠᠢ᠍ᠮᠠᠳᠤᠭᠠᠷ ᠵᠦᠢᠯ   ᠲᠤᠰ ᠬᠠᠤᠯᠢ᠎ᠶᠢ 2006 ᠣᠨ᠎ᠤ 1 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

 

 

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604