ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠠᠬᠢᠭᠤᠯᠬᠤ ᠬᠠᠤᠯᠢ (ᠨᠢᠭᠡᠳᠦᠭᠡᠷ ᠪᠦᠯᠦᠭ)
2019.11.11

  

   (1996 ᠣᠨ᠎ᠤ 5 ᠰᠠᠷ᠎ᠠ᠎ᠶᠢᠨ 15 ᠎ᠤ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠ ᠶᠢᠰᠦᠳᠦᠭᠡᠷ ᠬᠤᠷᠠᠯᠳᠤᠭᠠᠨ᠎ᠠᠴᠠ ᠪᠠᠲᠤᠯᠠᠪᠠ

   2015 ᠣᠨ᠎ᠤ 8 ᠰᠠᠷ᠎ᠠ᠎ᠶᠢᠨ 29᠎ᠦ ᠡᠳᠦᠷ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠠᠬᠢᠭᠤᠯᠬᠤ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠵᠠᠰᠠᠪᠠ)

 

 

    ᠨᠢᠭᠡᠳᠦᠭᠡᠷ ᠪᠦᠯᠦᠭ  ᠶᠡᠷᠦᠩᠬᠡᠢ ᠳᠦᠷᠢᠮ

 

  ᠨᠢᠭᠡᠳᠦᠭᠡᠷ ᠵᠦᠢᠯ  ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ᠎ᠶᠢ ᠠᠬᠢᠭᠤᠯᠤᠨ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯᠯᠠᠭ᠎ᠠ᠎ᠶᠢ ᠵᠢᠷᠤᠮᠵᠢᠭᠤᠯᠵᠤ᠂ ᠱᠢᠨᠵᠢᠯᠡᠬᠦ ᠤᠬᠠᠭᠠᠨ ᠮᠡᠷᠭᠡᠵᠢᠯ᠎ᠦᠨ ᠲᠠᠪᠱᠢᠯᠲᠠ᠎ᠶᠢ ᠲᠦᠷᠭᠡᠳᠭᠡᠵᠦ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ ᠪᠣᠯᠤᠨ ᠨᠡᠢᠭᠡᠮ᠎ᠦᠨ ᠬᠥᠭᠵᠢᠯᠲᠡ᠎ᠶᠢ ᠲᠦᠯᠬᠢᠨ ᠠᠬᠢᠭᠤᠯᠬᠤ᠎ᠶᠢᠨ ᠲᠥᠯᠦᠭᠡ ᠲᠤᠰ ᠬᠠᠤᠯᠢ᠎ᠶᠢ ᠲᠣᠭᠲᠠᠭᠠᠪᠠ᠃

  ᠬᠣᠶᠠᠳᠤᠭᠠᠷ ᠵᠦᠢᠯ  ᠲᠤᠰ ᠬᠠᠤᠯᠢ᠎ᠳᠤ ᠬᠡᠯᠡᠵᠦ ᠪᠠᠢᠭ᠎ᠠ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ ᠭᠡᠳᠡᠭ᠎ᠨᠢ ᠱᠢᠨᠵᠢᠯᠡᠬᠦ ᠤᠬᠠᠭᠠᠨ᠎ᠤ ᠰᠤᠳᠤᠯᠭᠠᠨ ᠪᠣᠯᠤᠨ ᠮᠡᠷᠭᠡᠵᠢᠯ᠎ᠦᠨ ᠨᠡᠭᠡᠭᠡᠨ ᠠᠱᠢᠭᠯᠠᠯᠲᠠ᠎ᠪᠠᠷ ᠳᠠᠮᠵᠢᠨ ᠪᠣᠢ ᠪᠣᠯᠤᠭᠰᠠᠨ ᠬᠡᠷᠡᠭᠯᠡᠭᠡᠨ᠎ᠦ ᠦᠨ᠎ᠡ ᠥᠷᠲᠡᠭ ᠪᠦᠬᠦᠢ ᠦᠷ᠎ᠡ ᠪᠦᠲᠦᠭᠡᠯ᠎ᠢ ᠵᠢᠭᠠᠵᠤ ᠪᠠᠢᠨ᠎ᠠ᠃ ᠡᠭᠦᠷᠭᠡ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ ᠭᠡᠳᠡᠭ᠎ᠨᠢ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ ᠪᠠ ᠠᠵᠤ ᠠᠬᠤᠢᠯᠠᠯ ᠵᠡᠷᠭᠡ ᠨᠢᠭᠡᠴᠢ᠎ᠶᠢᠨ ᠠᠵᠢᠯ᠎ᠤᠨ ᠡᠭᠦᠷᠭᠡ᠎ᠶᠢ ᠭᠦᠢᠴᠡᠳᠭᠡᠭᠰᠡᠨ᠂ ᠡᠰᠡᠬᠦᠯ᠎ᠡ ᠭᠣᠣᠯᠳᠠᠭᠤ ᠳᠡᠭᠡᠷ᠎ᠡ ᠳᠤᠷᠠᠳᠤᠭᠰᠠᠨ ᠨᠢᠭᠡᠴᠢ᠎ᠶᠢᠨ ᠪᠣᠳᠠᠰ᠎ᠤᠨ ᠮᠡᠷᠭᠡᠵᠢᠯ᠎ᠦᠨ ᠨᠥᠬᠦᠴᠡᠯ᠎ᠢ ᠠᠱᠢᠭᠯᠠᠨ ᠪᠡᠶᠡᠯᠡᠭᠦᠯᠦᠭᠰᠡᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠵᠢᠭᠠᠵᠤ ᠪᠠᠢᠨ᠎ᠠ᠃

  ᠲᠤᠰ ᠬᠠᠤᠯᠢ᠎ᠳᠤ ᠬᠡᠯᠡᠵᠦ ᠪᠠᠢᠭ᠎ᠠ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ ᠭᠡᠳᠡᠭ᠎ᠨᠢ ᠦᠢᠯᠡᠳᠪᠦᠷᠢᠯᠡᠯ᠎ᠦᠨ ᠬᠦᠴᠦᠨ᠎ᠦ ᠬᠢᠷᠢ ᠲᠦᠪᠱᠢᠨ᠎ᠢ ᠳᠡᠭᠡᠭᠱᠢᠯᠡᠭᠦᠯᠬᠦ᠎ᠶᠢᠨ ᠲᠥᠯᠦᠭᠡ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠳᠦ ᠵᠣᠷᠢᠭᠤᠯᠤᠭᠰᠠᠨ ᠦᠷᠭᠦᠯᠵᠢᠯᠡᠨ ᠲᠤᠷᠱᠢᠬᠤ᠂ ᠨᠡᠭᠡᠭᠡᠨ ᠠᠱ᠌ᠢᠭᠯᠠᠬᠤ᠂ ᠬᠡᠷᠡᠭᠯᠡᠬᠦ᠂ ᠳᠡᠯᠭᠡᠷᠡᠭᠦᠯᠬᠦ ᠪᠠ ᠡᠭᠦᠨ᠎ᠦ ᠤᠯᠠᠮ᠎ᠠᠴᠠ ᠱᠢᠨ᠎ᠡ ᠮᠡᠷᠭᠡᠵᠢᠯ᠂ ᠱᠢᠨ᠎ᠡ ᠤᠷᠠᠯᠠᠯ᠂ ᠱᠢᠨ᠎ᠡ ᠮᠠᠲᠧᠷᠢᠶᠠᠯ᠂ ᠱᠢᠨ᠎ᠡ ᠦᠢᠯᠡᠳᠬᠦᠨ᠎ᠢ ᠪᠦᠷᠢᠯᠳᠦᠭᠦᠯᠦᠨ ᠪᠦᠲᠦᠭᠡᠬᠦ᠂ ᠱᠢᠨ᠎ᠡ ᠠᠵᠤ ᠦᠢᠯᠡᠰ᠎ᠢ ᠬᠥᠭᠵᠢᠭᠦᠯᠬᠦ ᠵᠡᠷᠭᠡ ᠠᠵᠢᠯᠯᠠᠭ᠎ᠠ᠎ᠶᠢ ᠵᠢᠭᠠᠵᠤ ᠪᠠᠢᠨ᠎ᠠ᠃

  ᠭᠤᠷᠪᠠᠳᠤᠭᠠᠷ ᠵᠦᠢᠯ  ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯᠯᠠᠭ᠎ᠠ᠎ᠨᠢ ᠱᠢᠨ᠎ᠡ᠎ᠶᠢ ᠡᠭᠦᠳᠬᠦ᠎ᠪᠡᠷ ᠬᠥᠭᠵᠢᠯᠲᠡ᠎ᠶᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠤᠯᠭ᠎ᠠ᠎ᠶᠢ ᠲᠦᠷᠭᠡᠪᠴᠢᠯᠡᠨ ᠬᠡᠷᠡᠭᠵᠢᠭᠦᠯᠵᠦ᠂ ᠱᠢᠨᠵᠢᠯᠡᠬᠦ ᠤᠬᠠᠭᠠᠨ ᠮᠡᠷᠭᠡᠵᠢᠯ ᠪᠣᠯᠤᠨ ᠠᠵᠤ ᠠᠬᠤᠢ᠎ᠶᠢᠨ ᠤᠶᠠᠯᠳᠤᠯ᠎ᠢ ᠠᠬᠢᠭᠤᠯᠬᠤ᠎ᠳᠤ ᠠᠱᠢᠭᠲᠠᠢ᠂ ᠠᠵᠤ ᠠᠬᠤᠢ᠎ᠶᠢᠨ ᠦᠷ᠎ᠡ ᠠᠱᠢᠭ᠂ ᠨᠡᠢᠭᠡᠮ᠎ᠦᠨ ᠦᠷ᠎ᠡ ᠠᠱᠢᠭ᠎ᠢ ᠳᠡᠭᠡᠭᠱᠢᠯᠡᠭᠦᠯᠬᠦ ᠪᠠ ᠣᠷᠴᠢᠨ ᠠᠬᠤᠢ᠎ᠶᠢ ᠬᠠᠮᠠᠭᠠᠯᠠᠬᠤ᠂ ᠡᠬᠢ ᠪᠠᠶᠠᠯᠢᠭ᠎ᠢ ᠵᠦᠢ ᠵᠣᠬᠢᠰᠲᠠᠢ ᠠᠱᠢᠭᠯᠠᠬᠤ᠎ᠳᠤ ᠠᠱᠢᠭᠲᠠᠢ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠂ ᠨᠡᠢᠭᠡᠮ᠎ᠦᠨ ᠬᠥᠭᠵᠢᠯᠲᠡ᠎ᠶᠢ ᠠᠬᠢᠭᠤᠯᠬᠤ ᠪᠠ ᠤᠯᠤᠰ ᠣᠷᠤᠨ᠎ᠤ ᠠᠮᠤᠷ ᠲᠦᠪᠱᠢᠨ᠎ᠢ ᠬᠠᠮᠠᠭᠠᠯᠠᠬᠤ᠎ᠳᠤ ᠠᠱᠢᠭᠲᠠᠢ ᠪᠠᠢᠬᠤ ᠬᠡᠷᠡᠭᠲᠡᠢ᠃

  ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯᠯᠠᠭ᠎ᠠ᠎ᠨᠢ ᠵᠠᠬ᠎ᠠ ᠳᠡᠯᠭᠡᠭᠦᠷ᠎ᠦᠨ ᠵᠢᠮ᠎ᠡ ᠶᠣᠰᠤ᠎ᠶᠢ ᠬᠦᠨᠳᠦᠳᠭᠡᠵᠦ᠂ ᠠᠵᠤ ᠠᠬᠤᠢᠯᠠᠯ᠎ᠤᠨ ᠪᠡᠶᠡᠴᠢ ᠴᠣᠭᠴᠠ᠎ᠶᠢᠨ ᠦᠢᠯᠡᠳᠦᠯ᠎ᠢ ᠪᠠᠳᠠᠷᠠᠭᠤᠯᠤᠨ᠂ ᠰᠠᠢᠨ ᠳᠤᠷ᠎ᠠ᠎ᠶᠢᠨ᠂ ᠬᠠᠷᠢᠯᠴᠠᠨ ᠠᠱᠢᠭᠲᠠᠢ᠂ ᠡᠷᠬᠡ ᠲᠡᠭᠱᠢ᠂ ᠦᠨᠡᠨᠴᠢ ᠢᠲᠡᠭᠡᠮᠵᠢᠲᠡᠢ ᠪᠠᠢᠬᠤ ᠵᠠᠷᠴᠢᠮ᠎ᠢ ᠵᠢᠷᠤᠮᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ᠎ᠤᠨ ᠲᠣᠭᠲᠠᠭᠠᠯ ᠪᠠ ᠭᠡᠷ᠎ᠡ᠎ᠶᠢᠨ ᠪᠣᠯᠵᠤᠭ᠎ᠠ ᠶᠣᠰᠤᠭᠠᠷ ᠡᠷᠬᠡ ᠠᠱᠢᠭ ᠡᠳ᠋ᠯᠡᠵᠦ᠂ ᠲᠦᠭᠱᠢᠭᠦᠷᠢ᠎ᠶᠢ ᠡᠭᠦᠷᠭᠡᠯᠡᠬᠦ ᠬᠡᠷᠡᠭᠲᠡᠢ᠃ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯᠯᠠᠭ᠎ᠠ᠎ᠳᠠᠬᠢ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢ ᠬᠠᠤᠯᠢ᠎ᠪᠠᠷ ᠬᠠᠮᠠᠭᠠᠯᠠᠨ᠎ᠠ᠃

  ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯᠯᠠᠭ᠎ᠠ᠎ᠨᠢ ᠬᠠᠤᠯᠢ ᠴᠠᠭᠠᠵᠠ ᠬᠠᠤᠯᠢ ᠲᠣᠭᠲᠠᠭᠠᠯ᠎ᠢ ᠵᠢᠷᠤᠮᠯᠠᠵᠤ᠂ ᠤᠯᠤᠰ ᠣᠷᠤᠨ᠎ᠤ ᠠᠱᠢᠭ ᠲᠤᠰᠠ᠎ᠶᠢ ᠬᠠᠮᠠᠭᠠᠯᠠᠬᠤ ᠬᠡᠷᠡᠭᠲᠡᠢ᠂ ᠨᠡᠢᠭᠡᠮ ᠨᠡᠢᠲᠡ᠎ᠶᠢᠨ ᠠᠱᠢᠭ ᠲᠤᠰᠠ ᠪᠠ ᠪᠤᠰᠤᠳ ᠬᠥᠮᠦᠨ᠎ᠦ ᠬᠠᠤᠯᠢ ᠶᠣᠰᠤᠨ᠎ᠤ ᠡᠷᠬᠡ ᠠᠱᠢᠭ᠎ᠢ ᠬᠣᠬᠢᠷᠠᠭᠤᠯᠵᠤ ᠪᠣᠯᠬᠤ᠎ᠦᠭᠡᠢ᠃

  ᠳᠥᠷᠪᠡᠳᠦᠭᠡᠷ ᠵᠦᠢᠯ  ᠤᠯᠤᠰ᠎ᠠᠴᠠ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠳᠠᠬᠢ ᠡᠳ᠋᠎ᠦᠨ ᠵᠠᠰᠠᠭ᠎ᠤᠨ ᠪᠡᠯᠡ ᠮᠥᠩᠭᠦ᠎ᠶᠢᠨ ᠣᠷᠤᠭᠤᠯᠤᠯᠲᠠ᠎ᠪᠠᠨ ᠵᠦᠢ ᠵᠣᠬᠢᠰᠲᠠᠢ ᠲᠣᠬᠢᠷᠠᠭᠤᠯᠵᠤ᠂ ᠨᠡᠢᠭᠡᠮ᠎ᠦᠨ ᠪᠡᠯᠡ ᠮᠥᠩᠭᠦ᠎ᠶᠢᠨ ᠣᠷᠤᠭᠤᠯᠤᠯᠲᠠ᠎ᠶᠢ ᠬᠥᠲᠦᠯᠦᠨ ᠵᠢᠯᠤᠭᠤᠳᠴᠤ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠳᠠᠬᠢ ᠪᠡᠯᠡ ᠮᠥᠩᠭᠦ᠎ᠶᠢᠨ ᠣᠷᠤᠭᠤᠯᠤᠯᠲᠠ᠎ᠶᠢᠨ ᠣᠯᠠᠨ ᠡᠱᠢᠵᠢᠯᠲᠡ᠎ᠶᠢ ᠲᠦᠯᠬᠢᠨ ᠠᠬᠢᠭᠤᠯᠤᠨ᠎ᠠ᠃

  ᠲᠠᠪᠤᠳᠤᠭᠠᠷ ᠵᠦᠢᠯ  ᠲᠥᠷᠦ᠎ᠶᠢᠨ ᠶᠠᠪᠤᠳᠠᠯ᠎ᠤᠨ ᠬᠣᠷᠢᠶ᠎ᠠ ᠪᠠ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠠᠴᠠ ᠱᠢᠨᠵᠢᠯᠡᠬᠦ ᠤᠬᠠᠭᠠᠨ ᠮᠡᠷᠭᠡᠵᠢᠯ᠂ ᠡᠳ᠋᠎ᠦᠨ ᠵᠠᠰᠠᠭ᠂ ᠪᠡᠯᠡ ᠣᠷᠤᠭᠤᠯᠤᠯᠲᠠ᠂ ᠭᠠᠢᠯᠢ ᠲᠠᠲᠠᠪᠤᠷᠢ᠂ ᠴᠢᠳᠠᠪᠤᠷᠢᠲᠠᠨ᠂ ᠠᠵᠤ ᠦᠢᠯᠡᠰ᠂ ᠮᠥᠩᠭᠦᠨ ᠭᠦᠢᠯᠭᠡᠭᠡ᠂ ᠵᠠᠰᠠᠭ᠎ᠤᠨ ᠣᠷᠳᠤᠨ᠎ᠤ ᠬᠤᠳᠠᠯᠳᠤᠨ ᠠᠪᠬᠤ᠂ ᠴᠡᠷᠢᠭ᠎ᠦᠨ ᠬᠡᠷᠡᠭᠯᠡᠭᠡ ᠪᠠ ᠠᠷᠠᠳ᠎ᠤᠨ ᠬᠡᠷᠡᠭᠯᠡᠭᠡ᠎ᠶᠢ ᠤᠶᠠᠯᠳᠤᠭᠤᠯᠬᠤ ᠵᠡᠷᠭᠡ ᠲᠥᠷᠦ᠎ᠶᠢᠨ ᠪᠣᠳᠤᠯᠭ᠎ᠠ᠎ᠶᠢᠨ ᠬᠠᠮᠵᠢᠯᠴᠠᠭ᠎ᠠ᠎ᠪᠠᠨ ᠴᠢᠩᠭᠠᠳᠭᠠᠵᠤ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠳᠤ ᠰᠠᠢᠨ ᠰᠠᠢᠬᠠᠨ ᠣᠷᠴᠢᠨ ᠨᠥᠬᠦᠴᠡᠯ᠎ᠢ ᠪᠣᠢ ᠪᠣᠯᠭᠠᠬᠤ ᠬᠡᠷᠡᠭᠲᠡᠢ᠃

  ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠲᠤᠰ ᠬᠠᠤᠯᠢ᠎ᠳᠤ ᠲᠣᠭᠲᠠᠭᠠᠭᠰᠠᠨ ᠵᠠᠷᠴᠢᠮ᠎ᠢ ᠦᠨᠳᠦᠰᠦᠯᠡᠨ ᠲᠤᠬᠠᠢ᠎ᠶᠢᠨ ᠭᠠᠵᠠᠷ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠠᠬᠢᠭᠤᠯᠬᠤ᠎ᠳᠤ ᠨᠡᠩ ᠠᠱᠢᠭᠲᠠᠢ ᠠᠷᠭ᠎ᠠ ᠬᠡᠮᠵᠢᠶ᠎ᠡ ᠠᠪᠴᠤ ᠪᠣᠯᠤᠨ᠎ᠠ᠃

  ᠵᠢᠷᠭᠤᠳᠤᠭᠠᠷ ᠵᠦᠢᠯ  ᠤᠯᠤᠰ᠎ᠠᠴᠠ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢᠶᠡᠨ ᠳᠤᠮᠳᠠᠳᠤ ᠤᠯᠤᠰ᠎ᠤᠨ ᠬᠢᠯᠢ᠎ᠶᠢᠨ ᠳᠣᠲᠤᠷ᠎ᠠ ᠤᠷᠢᠳ᠎ᠢᠶᠠᠷ ᠬᠡᠷᠡᠭᠵᠢᠭᠦᠯᠬᠦ᠎ᠶᠢ ᠵᠣᠷᠢᠭᠵᠢᠭᠤᠯᠤᠨ᠎ᠠ᠃ ᠳᠤᠮᠳᠠᠳᠤ ᠤᠯᠤᠰ᠎ᠤᠨ ᠨᠢᠭᠡᠴᠢ ᠪᠤᠶᠤ ᠬᠤᠪᠢ ᠬᠥᠮᠦᠨ ᠥᠪᠡᠷ᠎ᠦᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢᠶᠡᠨ ᠬᠢᠯᠢ᠎ᠶᠢᠨ ᠭᠠᠳᠠᠨᠠᠬᠢ ᠵᠣᠬᠢᠶᠠᠨ ᠪᠠᠢᠭᠤᠯᠤᠯᠲᠠ᠂ ᠬᠤᠪᠢ ᠬᠥᠮᠦᠨ᠎ᠳᠦ ᠱᠢᠯᠵᠢᠭᠦᠯᠦᠨ ᠥᠭᠬᠦ ᠪᠤᠶᠤ ᠬᠡᠷᠡᠭᠵᠢᠭᠦᠯᠦᠭᠦᠯᠬᠦ᠎ᠪᠡᠷ ᠵᠦᠪᠱᠢᠶᠡᠷᠡᠬᠦ᠎ᠳᠤ᠎ᠪᠠᠨ᠂ ᠬᠣᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠵᠢᠴᠢ ᠤᠯᠤᠰ᠎ᠤᠨ ᠬᠣᠯᠪᠤᠭᠳᠠᠯ ᠪᠦᠬᠦᠢ ᠲᠣᠭᠲᠠᠭᠠᠯ᠎ᠢ ᠵᠢᠷᠤᠮᠯᠠᠬᠤ ᠬᠡᠷᠡᠭᠲᠡᠢ᠃

  ᠳᠣᠯᠤᠳᠤᠭᠠᠷ ᠵᠦᠢᠯ  ᠤᠯᠤᠰ᠎ᠠᠴᠠ ᠤᠯᠤᠰ ᠣᠷᠤᠨ᠎ᠤ ᠠᠮᠤᠷ ᠲᠦᠪᠱᠢᠨ᠂ ᠤᠯᠤᠰ ᠣᠷᠤᠨ᠎ᠤ ᠠᠱᠢᠭ ᠲᠤᠰᠠ ᠪᠠ ᠨᠡᠢᠭᠡᠮ ᠨᠡᠢᠲᠡ᠎ᠶᠢᠨ ᠴᠢᠬᠤᠯᠠ ᠶᠡᠬᠡ ᠠᠱᠢᠭ ᠲᠤᠰᠠ᠎ᠶᠢ ᠬᠠᠮᠠᠭᠠᠯᠠᠬᠤ ᠱᠠᠭᠠᠷᠳᠠᠯᠭ᠎ᠠ᠎ᠠᠴᠠ ᠬᠣᠯᠪᠤᠭᠳᠠᠯ ᠪᠦᠬᠦᠢ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠬᠠᠤᠯᠢ ᠶᠣᠰᠤᠭᠠᠷ ᠵᠣᠬᠢᠶᠠᠨ ᠪᠠᠢᠭᠤᠯᠵᠤ ᠬᠡᠷᠡᠭᠵᠢᠭᠦᠯᠬᠦ ᠪᠤᠶᠤ ᠪᠤᠰᠤᠳ ᠬᠥᠮᠦᠨ᠎ᠦ ᠬᠡᠷᠡᠭᠵᠢᠭᠦᠯᠬᠦ᠎ᠶᠢ ᠵᠥᠪᠱᠢᠶᠡᠷᠡᠵᠦ ᠪᠣᠯᠤᠨ᠎ᠠ᠃

  ᠨᠠᠢ᠍ᠮᠠᠳᠤᠭᠠᠷ ᠵᠦᠢᠯ  ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠱᠢᠨᠵᠢᠯᠡᠬᠦ ᠤᠬᠠᠭᠠᠨ ᠮᠡᠷᠭᠡᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠠᠵᠤ ᠠᠬᠤᠢ᠎ᠶᠢᠨ ᠶᠡᠷᠦᠩᠬᠡᠢᠯᠡᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠣᠯᠪᠤᠭᠳᠠᠯ ᠪᠦᠬᠦᠢ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦ᠋ᠳ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠲᠣᠭᠲᠠᠭᠠᠭᠰᠠᠨ ᠲᠤᠱᠢᠶᠠᠯ ᠬᠠᠷᠢᠭᠤᠴᠠᠯᠭ᠎ᠠ᠎ᠶᠢᠨ ᠶᠣᠰᠤᠭᠠᠷ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯ᠎ᠢ ᠬᠠᠮᠢᠶᠠᠷᠴᠤ᠂ ᠵᠢᠯᠤᠭᠤᠳᠴᠤ᠂ ᠵᠣᠬᠢᠴᠠᠭᠤᠯᠤᠨ᠎ᠠ᠃

  ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠲᠤᠰ ᠵᠠᠰᠠᠭ ᠵᠠᠬᠢᠷᠭᠠᠨ᠎ᠤ ᠣᠷᠤᠨ᠎ᠳᠠᠬᠢ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯ᠎ᠢ ᠬᠠᠮᠢᠶᠠᠷᠬᠤ᠂ ᠵᠢᠯᠤᠭᠤᠳᠭᠤ᠂ ᠵᠣᠬᠢᠴᠠᠭᠤᠯᠬᠤ ᠶᠠᠪᠤᠳᠠᠯ᠎ᠢ ᠬᠠᠷᠢᠭᠤᠴᠠᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604