ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠠᠬᠢᠭᠤᠯᠬᠤ ᠬᠠᠤᠯᠢ (ᠬᠣᠶᠠᠳᠤᠭᠠᠷ ᠪᠦᠯᠦᠭ)
2019.11.11

  (1996 ᠣᠨ᠎ᠤ 5 ᠰᠠᠷ᠎ᠠ᠎ᠶᠢᠨ 15 ᠎ᠤ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠ ᠶᠢᠰᠦᠳᠦᠭᠡᠷ ᠬᠤᠷᠠᠯᠳᠤᠭᠠᠨ᠎ᠠᠴᠠ ᠪᠠᠲᠤᠯᠠᠪᠠ

  2015 ᠣᠨ᠎ᠤ 8 ᠰᠠᠷ᠎ᠠ᠎ᠶᠢᠨ 29᠎ᠦ ᠡᠳᠦᠷ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠵᠢᠷᠭᠤᠳᠤᠭᠠᠷ ᠬᠤᠷᠠᠯᠳᠤᠭᠠᠨ᠎ᠤ 《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠠᠬᠢᠭᠤᠯᠬᠤ ᠬᠠᠤᠯᠢ〉᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠵᠠᠰᠠᠪᠠ)

 

  ᠬᠣᠶᠠᠳᠤᠭᠠᠷ ᠪᠦᠯᠦᠭ  ᠵᠣᠬᠢᠶᠠᠨ ᠪᠠᠢᠭᠤᠯᠵᠤ ᠬᠡᠷᠡᠭᠵᠢᠭᠦᠯᠬᠦ

 

  ᠶᠢᠰᠦᠳᠦᠭᠡᠷ ᠵᠦᠢᠯ  ᠲᠥᠷᠦ᠎ᠶᠢᠨ ᠶᠠᠪᠤᠳᠠᠯ᠎ᠤᠨ ᠬᠣᠷᠢᠶ᠎ᠠ ᠪᠣᠯᠤᠨ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠬᠤ ᠠᠵᠢᠯ᠎ᠢ ᠤᠯᠤᠰ ᠠᠷᠠᠳ᠎ᠤᠨ ᠠᠵᠤ ᠠᠬᠤᠢ ᠪᠣᠯᠤᠨ ᠨᠡᠢᠭᠡᠮ᠎ᠦᠨ ᠬᠥᠭᠵᠢᠯᠲᠡ᠎ᠶᠢᠨ ᠲᠥᠯᠦᠪᠯᠡᠭᠡ᠎ᠳᠦ ᠣᠷᠤᠭᠤᠯᠬᠤ ᠬᠡᠷᠡᠭᠲᠡᠢ ᠪᠥᠭᠡᠳ ᠬᠣᠯᠪᠤᠭᠳᠠᠯ ᠪᠦᠬᠦᠢ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠬᠤ ᠠᠵᠢᠯ᠎ᠢ ᠵᠣᠬᠢᠶᠠᠨ ᠪᠠᠢᠭᠤᠯᠵᠤ ᠵᠣᠬᠢᠴᠠᠭᠤᠯᠵᠤ ᠬᠡᠷᠡᠭᠵᠢᠭᠦᠯᠬᠦ ᠬᠡᠷᠡᠭᠲᠡᠢ᠃

  ᠠᠷᠪᠠᠳᠤᠭᠠᠷ ᠵᠦᠢᠯ  ᠡᠳ᠋᠎ᠦᠨ ᠵᠠᠰᠠᠭ᠎ᠤᠨ ᠪᠡᠯᠡ ᠮᠥᠩᠭᠦ᠎ᠶᠢ ᠠᠱᠢᠭᠯᠠᠨ ᠬᠡᠷᠡᠭᠯᠡᠭᠡᠨ᠎ᠦ ᠲᠥᠷᠦᠯ᠎ᠦᠨ ᠱᠢᠨᠵᠢᠯᠡᠬᠦ ᠤᠬᠠᠭᠠᠨ ᠮᠡᠷᠭᠡᠵᠢᠯ᠎ᠦᠨ ᠵᠦᠢᠯᠡᠰ ᠪᠠ ᠪᠤᠰᠤᠳ ᠬᠣᠯᠪᠤᠭᠳᠠᠯ ᠪᠦᠬᠦᠢ ᠱᠢᠨᠵᠢᠯᠡᠬᠦ ᠤᠬᠠᠭᠠᠨ ᠮᠡᠷᠭᠡᠵᠢᠯ᠎ᠦᠨ ᠵᠦᠢᠯᠡᠰ᠎ᠢ ᠪᠠᠢᠭᠤᠯᠬᠤ᠎ᠳᠤ᠂ ᠬᠣᠯᠪᠤᠭᠳᠠᠯ ᠪᠦᠬᠦᠢ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠬᠠᠮᠢᠶᠠᠷᠤᠯᠲᠠ᠎ᠶᠢᠨ ᠪᠠᠢᠭᠤᠯᠤᠮᠵᠢ᠎ᠠᠴᠠ ᠱᠢᠨᠵᠢᠯᠡᠬᠦ ᠤᠬᠠᠭᠠᠨ᠎ᠤ ᠰᠤᠳᠤᠯᠭᠠᠨ᠎ᠤ ᠵᠣᠬᠢᠶᠠᠨ ᠪᠠᠢᠭᠤᠯᠤᠯᠲᠠ᠎ᠶᠢ ᠬᠠᠮᠢᠶᠠᠷᠬᠤ ᠠᠷᠭ᠎ᠠ ᠮᠠᠶᠢᠭ᠎ᠢᠶᠠᠨ ᠰᠠᠢᠵᠢᠷᠠᠭᠤᠯᠤᠨ ᠲᠡᠭᠦᠯᠳᠡᠷᠵᠢᠭᠦᠯᠵᠦ᠂ ᠬᠣᠯᠪᠤᠭᠳᠠᠯ ᠪᠦᠬᠦᠢ ᠱᠢᠨᠵᠢᠯᠡᠬᠦ ᠤᠬᠠᠭᠠᠨ ᠮᠡᠷᠭᠡᠵᠢᠯ᠎ᠦᠨ ᠲᠥᠯᠦᠪᠵᠢᠭᠦᠯᠭᠡ᠂ ᠲᠥᠯᠦᠪᠯᠡᠭᠡ᠎ᠶᠢ ᠲᠣᠭᠲᠠᠭᠠᠬᠤ ᠪᠠ ᠵᠦᠢᠯᠡᠰ᠎ᠦᠨ ᠠᠵᠢᠯᠯᠠᠭᠠᠨ᠎ᠤ ᠵᠢᠭᠠᠯᠲᠠ᠎ᠪᠠᠨ ᠨᠠᠢᠷᠠᠭᠤᠯᠤᠨ ᠵᠣᠬᠢᠶᠠᠬᠤ᠎ᠳᠤ ᠬᠣᠯᠪᠤᠭᠳᠠᠯ ᠪᠦᠬᠦᠢ ᠠᠵᠢᠯ ᠲᠥᠷᠦᠯ᠂ ᠠᠵᠤ ᠠᠬᠤᠢᠯᠠᠯ᠎ᠤᠨ ᠬᠢᠨ᠎ᠦ ᠰᠠᠨᠠᠯ᠎ᠢ ᠰᠣᠨᠤᠰᠭᠤ ᠬᠡᠷᠡᠭᠲᠡᠢ; ᠬᠡᠷᠡᠭᠯᠡᠭᠡᠨ᠎ᠦ ᠲᠥᠷᠦᠯ᠎ᠦᠨ ᠱᠢᠨᠵᠢᠯᠡᠬᠦ ᠤᠬᠠᠭᠠᠨ ᠮᠡᠷᠭᠡᠵᠢᠯ᠎ᠦᠨ ᠵᠦᠢᠯᠡᠰ᠎ᠢ ᠵᠣᠬᠢᠶᠠᠨ ᠪᠠᠢᠭᠤᠯᠵᠤ ᠬᠡᠷᠡᠭᠵᠢᠭᠦᠯᠬᠦ᠎ᠳᠦ᠂ ᠵᠦᠢᠯᠡᠰ᠎ᠦᠨ ᠳᠠᠭᠠᠭᠠᠨ ᠬᠢᠭᠴᠢ᠎ᠶᠢᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠬᠤ ᠡᠭᠦᠷᠭᠡ᠎ᠶᠢ ᠲᠣᠳᠤᠷᠬᠠᠢᠯᠠᠵᠤ᠂ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠬᠠᠮᠢᠶᠠᠷᠤᠯᠲᠠ᠎ᠪᠠᠨ ᠴᠢᠩᠭᠠᠳᠭᠠᠬᠤ᠎ᠶᠢᠨ ᠬᠠᠮᠲᠤ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠬᠤ ᠪᠠ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢ ᠡᠭᠦᠳᠬᠦ᠂ ᠬᠡᠷᠡᠭᠯᠡᠬᠦ ᠶᠠᠪᠤᠳᠠᠯ᠎ᠢ ᠵᠦᠢᠯᠡᠰ ᠲᠣᠭᠲᠠᠭᠠᠬᠤ ᠪᠠ ᠱᠢᠯᠭᠠᠨ ᠠᠪᠬᠤ᠎ᠶᠢᠨ ᠴᠢᠬᠤᠯᠠ ᠠᠭᠤᠯᠭ᠎ᠠ ᠪᠠ ᠦᠨᠳᠦᠰᠦᠯᠡᠯ ᠪᠣᠯᠭᠠᠬᠤ ᠬᠡᠷᠡᠭᠲᠡᠢ᠃

  ᠠᠷᠪᠠᠨ ᠨᠢᠭᠡᠳᠦᠭᠡᠷ ᠵᠦᠢᠯ  ᠤᠯᠤᠰ᠎ᠠᠴᠠ ᠱᠢᠨᠵᠢᠯᠡᠬᠦ ᠤᠬᠠᠭᠠᠨ ᠮᠡᠷᠭᠡᠵᠢᠯ᠎ᠦᠨ ᠮᠡᠳᠡᠭᠦᠯᠦᠯᠲᠡ᠎ᠶᠢᠨ ᠳᠦᠷᠢᠮ ᠪᠠ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠮᠡᠳᠡᠭᠡ ᠵᠠᠩᠭᠢ᠎ᠶᠢᠨ ᠱᠢᠰᠲᠧᠮ᠎ᠢ ᠪᠠᠢᠭᠤᠯᠤᠨ ᠲᠡᠭᠦᠯᠳᠡᠷᠵᠢᠭᠦᠯᠵᠦ᠂ ᠱᠢᠨᠵᠢᠯᠡᠬᠦ ᠤᠬᠠᠭᠠᠨ ᠮᠡᠷᠭᠡᠵᠢᠯ᠎ᠦᠨ ᠵᠦᠢᠯᠡᠰ᠎ᠢ ᠬᠡᠷᠡᠭᠵᠢᠭᠦᠯᠦᠭᠰᠡᠨ ᠪᠠᠢᠳᠠᠯ ᠵᠢᠴᠢ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ ᠪᠠ ᠬᠣᠯᠪᠤᠭᠳᠠᠯ ᠪᠦᠬᠦᠢ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠮᠡᠳᠡᠭᠡ ᠵᠠᠩᠭᠢ᠎ᠶᠢ ᠨᠡᠢᠭᠡᠮ᠎ᠳᠦ ᠨᠡᠢᠲᠡᠯᠡᠵᠦ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠮᠡᠳᠡᠭᠡ ᠵᠠᠩᠭᠢ᠎ᠶᠢ ᠡᠷᠢᠵᠦ ᠯᠠᠪᠯᠠᠬᠤ᠂ ᠱᠢᠯᠢᠨ ᠰᠣᠩᠭᠤᠬᠤ ᠵᠡᠷᠭᠡ ᠨᠡᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ ᠬᠠᠩᠭᠠᠨ᠎ᠠ᠃ ᠬᠣᠯᠪᠤᠭᠳᠠᠯ ᠪᠦᠬᠦᠢ ᠮᠡᠳᠡᠭᠡ ᠵᠠᠩᠭᠢ᠎ᠶᠢ ᠨᠡᠢᠲᠡᠯᠡᠬᠦ᠎ᠳᠦ ᠤᠯᠤᠰ᠎ᠤᠨ ᠨᠢᠭᠤᠴᠠ ᠪᠠ ᠬᠤᠳᠠᠯᠳᠤᠭᠠᠨ᠎ᠤ ᠨᠢᠭᠤᠴᠠ᠎ᠶᠢ ᠵᠠᠳᠠᠷᠠᠭᠤᠯᠵᠤ ᠪᠣᠯᠬᠤ᠎ᠦᠭᠡᠢ᠃ ᠨᠡᠢᠲᠡᠯᠡᠵᠦ ᠪᠣᠯᠬᠤ᠎ᠦᠭᠡᠢ ᠮᠡᠳᠡᠭᠡ ᠵᠠᠩᠭᠢ᠎ᠶᠢ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠬᠣᠯᠪᠤᠭᠳᠠᠯ ᠪᠦᠬᠦᠢ ᠱᠢᠨᠵᠢᠯᠡᠬᠦ ᠤᠬᠠᠭᠠᠨ ᠮᠡᠷᠭᠡᠵᠢᠯ᠎ᠦᠨ ᠵᠦᠢᠯᠡᠰ᠎ᠦᠨ ᠳᠠᠭᠠᠭᠠᠨ ᠬᠢᠭᠴᠢ᠎ᠳᠦ ᠴᠠᠭ ᠲᠤᠬᠠᠢ᠎ᠳᠤ᠎ᠨᠢ ᠮᠡᠳᠡᠭᠳᠡᠬᠦ ᠬᠡᠷᠡᠭᠲᠡᠢ᠃

  ᠡᠳ᠋᠎ᠦᠨ ᠵᠠᠰᠠᠭ᠎ᠤᠨ ᠪᠡᠯᠡ ᠮᠥᠩᠭᠦ᠎ᠶᠢ ᠠᠱᠢᠭᠯᠠᠨ ᠪᠠᠢᠭᠤᠯᠤᠭᠰᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠵᠦᠢᠯᠡᠰ᠎ᠦᠨ ᠳᠠᠭᠠᠭᠠᠨ ᠬᠢᠭᠴᠢ ᠬᠣᠯᠪᠤᠭᠳᠠᠯ ᠪᠦᠬᠦᠢ ᠱᠢᠨᠵᠢᠯᠡᠬᠦ ᠤᠬᠠᠭᠠᠨ ᠮᠡᠷᠭᠡᠵᠢᠯ᠎ᠦᠨ ᠮᠡᠳᠡᠭᠦᠯᠦᠯᠲᠡ᠎ᠪᠡᠨ ᠲᠣᠭᠲᠠᠭᠠᠯ ᠶᠣᠰᠤᠭᠠᠷ ᠴᠠᠭ ᠲᠤᠬᠠᠢ᠎ᠳᠤ᠎ᠨᠢ ᠲᠤᠱᠢᠶᠠᠬᠤ᠎ᠶᠢᠨ ᠬᠠᠮᠲᠤ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ ᠪᠠ ᠬᠣᠯᠪᠤᠭᠳᠠᠯ ᠪᠦᠬᠦᠢ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠮᠡᠳᠡᠭᠡ ᠵᠠᠩᠭᠢ᠎ᠪᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠮᠡᠳᠡᠭᠡ ᠵᠠᠩᠭᠢ᠎ᠶᠢᠨ ᠱᠢᠰᠲᠧᠮ᠎ᠳᠦ ᠬᠤᠷᠢᠶᠠᠩᠭᠤᠢᠯᠠᠨ ᠲᠤᠱᠢᠶᠠᠬᠤ ᠬᠡᠷᠡᠭᠲᠡᠢ᠃

  ᠤᠯᠤᠰ᠎ᠠᠴᠠ ᠡᠳ᠋᠎ᠦᠨ ᠵᠠᠰᠠᠭ᠎ᠤᠨ ᠪᠤᠰᠤ ᠪᠡᠯᠡ ᠮᠥᠩᠭᠦ᠎ᠶᠢ ᠠᠱᠢᠭᠯᠠᠨ ᠪᠠᠢᠭᠤᠯᠤᠭᠰᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠵᠦᠢᠯᠡᠰ᠎ᠦᠨ ᠳᠠᠭᠠᠭᠠᠨ ᠬᠢᠭᠴᠢ᠎ᠶᠢᠨ ᠬᠣᠯᠪᠤᠭᠳᠠᠯ ᠪᠦᠬᠦᠢ ᠱᠢᠨᠵᠢᠯᠡᠬᠦ ᠤᠬᠠᠭᠠᠨ ᠮᠡᠷᠭᠡᠵᠢᠯ᠎ᠦᠨ ᠮᠡᠳᠡᠭᠦᠯᠦᠯᠲᠡ᠎ᠪᠡᠨ ᠲᠤᠰᠢᠶᠠᠨ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ ᠪᠠ ᠬᠣᠯᠪᠤᠭᠳᠠᠯ ᠪᠦᠬᠦᠢ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠮᠡᠳᠡᠭᠡ ᠵᠠᠩᠭᠢ᠎ᠪᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠮᠡᠳᠡᠭᠡ ᠵᠠᠩᠭᠢ᠎ᠶᠢᠨ ᠱᠢᠰᠲᠧᠮ᠎ᠳᠦ ᠬᠤᠷᠢᠶᠠᠩᠭᠤᠢᠯᠠᠨ ᠲᠤᠱᠢᠶᠠᠬᠤ᠎ᠶᠢ ᠵᠣᠷᠢᠭᠵᠢᠭᠤᠯᠤᠨ᠎ᠠ᠂ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠠᠵᠢᠯ᠎ᠢ ᠬᠠᠷᠢᠭᠤᠴᠠᠵᠤ ᠪᠠᠢᠭ᠎ᠠ ᠰᠠᠯᠠᠭ᠎ᠠ ᠮᠥᠴᠢᠷ᠎ᠡᠴᠡ ᠲᠡᠭᠦᠨ᠎ᠳᠦ ᠳᠥᠭᠦᠮ ᠦᠵᠡᠭᠦᠯᠬᠦ ᠬᠡᠷᠡᠭᠲᠡᠢ᠃

  ᠠᠷᠪᠠᠨ ᠬᠣᠶᠠᠳᠤᠭᠠᠷ ᠵᠦᠢᠯ  ᠤᠯᠤᠰ᠎ᠠᠴᠠ ᠵᠠᠰᠠᠭ᠎ᠤᠨ ᠣᠷᠳᠤᠨ᠎ᠤ ᠬᠤᠳᠠᠯᠳᠤᠨ ᠠᠪᠬᠤ᠂ ᠰᠤᠳᠤᠯᠬᠤ ᠪᠠ ᠨᠡᠭᠡᠭᠡᠨ ᠠᠱᠢᠭᠯᠠᠬᠤ᠎ᠶᠢ ᠲᠤᠰᠠᠯᠠᠨ ᠳᠡᠮᠵᠢᠬᠦ᠂ ᠠᠵᠤ ᠦᠢᠯᠡᠰ᠎ᠦᠨ ᠮᠡᠷᠭᠡᠵᠢᠯ᠎ᠦᠨ ᠵᠢᠯᠤᠭᠤᠳᠭᠤ ᠭᠠᠷᠴᠠᠭ᠎ᠢ ᠨᠡᠢᠲᠡᠯᠡᠬᠦ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠵᠡᠷᠭᠡ ᠠᠷᠭ᠎ᠠ ᠮᠠᠶᠢᠭ᠎ᠢᠶᠠᠷ ᠳᠠᠮᠵᠢᠨ᠂ ᠳᠣᠣᠷ᠎ᠠ ᠵᠢᠭᠰᠠᠭᠠᠭᠰᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠵᠦᠢᠯᠡᠰ᠎ᠲᠦ ᠳᠡᠮᠵᠢᠯᠭᠡ ᠦᠵᠡᠭᠦᠯᠦᠨ᠎ᠡ᠄

   (ᠨᠢᠭᠡ) ᠠᠵᠤ ᠦᠢᠯᠡᠰ᠎ᠦᠨ ᠮᠡᠷᠭᠡᠵᠢᠯ᠎ᠦᠨ ᠬᠢᠷᠢ ᠲᠦᠪᠱᠢᠨ ᠪᠣᠯᠤᠨ ᠠᠵᠤ ᠠᠬᠤᠢ᠎ᠶᠢᠨ ᠦᠷ᠎ᠡ ᠠᠱᠢᠭ᠎ᠢ ᠢᠯᠡᠳᠲᠡ ᠳᠡᠭᠡᠭᠱᠢᠯᠡᠭᠦᠯᠵᠦ ᠳᠡᠢᠯᠬᠦ ᠪᠤᠶᠤ ᠨᠡᠢᠭᠡᠮ ᠠᠵᠤ ᠠᠬᠤᠢ᠎ᠶᠢᠨ ᠡᠷᠡᠭᠦᠯ ᠬᠥᠭᠵᠢᠯᠲᠡ᠎ᠶᠢ ᠠᠬᠢᠭᠤᠯᠬᠤ ᠱᠢᠨ᠎ᠡ ᠠᠵᠤ ᠦᠢᠯᠡᠰ᠎ᠢ ᠪᠦᠷᠢᠯᠳᠦᠭᠦᠯᠵᠦ ᠳᠡᠢᠯᠬᠦ;

   (ᠬᠣᠶᠠᠷ) ᠤᠯᠤᠰ ᠣᠷᠤᠨ᠎ᠤ ᠠᠮᠤᠷ ᠲᠦᠪᠱᠢᠨ᠎ᠦ ᠴᠢᠳᠠᠪᠤᠷᠢ ᠪᠠ ᠣᠯᠠᠨ ᠨᠡᠢᠲᠡ᠎ᠶᠢᠨ ᠠᠮᠤᠷ ᠲᠦᠪᠱᠢᠨ᠎ᠦ ᠬᠢᠷᠢ ᠬᠡᠮᠵᠢᠶ᠎ᠡ᠎ᠶᠢ ᠢᠯᠡᠳᠲᠡ ᠳᠡᠭᠡᠭᠱᠢᠯᠡᠭᠦᠯᠵᠦ ᠳᠡᠢᠯᠬᠦ;

   (ᠭᠤᠷᠪᠠ) ᠡᠬᠢ ᠪᠠᠶᠠᠯᠢᠭ᠎ᠢ ᠵᠦᠢ ᠵᠣᠬᠢᠰᠲᠠᠢ᠎ᠪᠠᠷ ᠨᠡᠭᠡᠭᠡᠨ ᠠᠱᠢᠭᠯᠠᠵᠤ᠂ ᠡᠨᠧᠷᠭᠢ᠎ᠶᠢᠨ ᠰᠤᠷᠪᠤᠯᠵᠢ᠎ᠶᠢ ᠠᠷᠪᠢᠯᠠᠵᠤ᠂ ᠬᠣᠷᠤᠭᠳᠠᠯ᠎ᠢ ᠪᠠᠭᠠᠰᠭᠠᠬᠤ ᠵᠢᠴᠢ ᠣᠷᠴᠢᠨ ᠠᠬᠤᠢ᠎ᠶᠢᠨ ᠪᠣᠬᠢᠷᠲᠤᠯ᠎ᠢ ᠰᠡᠷᠭᠡᠢᠯᠡᠨ ᠵᠠᠰᠠᠵᠤ᠂ ᠠᠮᠢ ᠠᠬᠤᠢ᠎ᠶᠢ ᠬᠠᠮᠠᠭᠠᠯᠠᠨ᠂ ᠠᠭᠤᠷ ᠠᠮᠢᠰᠭᠤᠯ᠎ᠤᠨ ᠬᠤᠪᠢᠷᠠᠯᠲᠠ᠎ᠶᠢ ᠠᠷᠭᠠᠴᠠᠬᠤ ᠪᠠ ᠭᠠᠮᠱᠢᠭ᠎ᠢ ᠰᠡᠷᠭᠡᠢᠯᠡᠵᠦ ᠭᠠᠮᠱᠢᠭ᠎ᠢ ᠪᠠᠭᠠᠰᠭᠠᠬᠤ ᠴᠢᠳᠠᠪᠤᠷᠢ᠎ᠶᠢ ᠳᠡᠭᠡᠭᠱᠢᠯᠡᠭᠦᠯᠵᠦ ᠳᠡᠢᠯᠬᠦ;

   (ᠳᠥᠷᠪᠡ) ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠠ ᠣᠯᠠᠨ ᠨᠡᠢᠲᠡ᠎ᠶᠢᠨ ᠡᠷᠡᠭᠦᠯ ᠮᠡᠨᠳᠦ᠎ᠶᠢᠨ ᠬᠢᠷᠢ ᠲᠦᠪᠱᠢᠨ᠎ᠢ ᠳᠡᠭᠡᠭᠱᠢᠯᠡᠭᠦᠯᠵᠦ ᠳᠡᠢᠯᠬᠦ;

   (ᠲᠠᠪᠤ) ᠣᠳᠤ ᠦᠶ᠎ᠡ᠎ᠶᠢᠨ ᠲᠠᠷᠢᠶᠠᠯᠠᠩ ᠪᠤᠶᠤ ᠬᠥᠳᠡᠭᠡ ᠲᠣᠰᠭᠤᠨ᠎ᠤ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠵᠤ ᠳᠡᠢᠯᠬᠦ;

   (ᠵᠢᠷᠭᠤᠭ᠎ᠠ) ᠦᠨᠳᠦᠰᠦᠲᠡᠨ᠎ᠦ ᠣᠷᠤᠨ᠂ ᠵᠠᠬ᠎ᠠ ᠬᠢᠵᠠᠭᠠᠷ ᠣᠷᠤᠨ᠂ ᠶᠠᠳᠠᠭᠤ ᠬᠦᠴᠢᠷᠳᠡᠯᠲᠡᠢ ᠣᠷᠤᠨ᠎ᠤ ᠨᠡᠢᠭᠡᠮ ᠠᠵᠤ ᠠᠬᠤᠢ᠎ᠶᠢᠨ ᠬᠥᠭᠵᠢᠯᠲᠡ᠎ᠶᠢ ᠲᠦᠷᠭᠡᠳᠭᠡᠵᠦ ᠳᠡᠢᠯᠬᠦ ᠵᠦᠢᠯ᠎ᠦ᠋ᠳ᠃

  ᠠᠷᠪᠠᠨ ᠭᠤᠷᠪᠠᠳᠤᠭᠠᠷ ᠵᠦᠢᠯ  ᠤᠯᠤᠰ᠎ᠠᠴᠠ ᠲᠥᠷᠦ᠎ᠶᠢᠨ ᠪᠣᠳᠤᠯᠭ᠎ᠠ ᠠᠷᠭ᠎ᠠ ᠬᠡᠮᠵᠢᠶ᠎ᠡ ᠲᠣᠭᠲᠠᠭᠠᠵᠤ᠂ ᠲᠡᠷᠢᠭᠦᠨ᠎ᠦ ᠮᠡᠷᠭᠡᠵᠢᠯ᠂ ᠤᠷᠠᠯᠠᠯ ᠪᠣᠯᠤᠨ ᠲᠣᠨᠤᠭᠯᠠᠯ ᠬᠡᠷᠡᠭᠯᠡᠬᠦ᠎ᠶᠢ ᠰᠠᠨᠠᠭᠠᠴᠢᠯᠠᠨ ᠵᠣᠷᠢᠭᠵᠢᠭᠤᠯᠵᠤ᠂ ᠬᠣᠴᠤᠷᠤᠭᠳᠠᠮᠠᠯ ᠮᠡᠷᠭᠡᠵᠢᠯ᠂ ᠤᠷᠠᠯᠠᠯ ᠪᠣᠯᠤᠨ ᠲᠣᠨᠤᠭᠯᠠᠯ᠎ᠢ ᠲᠠᠰᠤᠷᠠᠯᠲᠠ᠎ᠦᠭᠡᠢ ᠰᠠᠢᠵᠢᠷᠠᠭᠤᠯᠬᠤ᠂ ᠬᠡᠷᠡᠭᠯᠡᠬᠦ᠎ᠶᠢ᠎ᠨᠢ ᠬᠢᠵᠠᠭᠠᠷᠯᠠᠬᠤ ᠪᠤᠶᠤ ᠱᠢᠭᠱᠢᠭᠳᠡᠭᠦᠯᠦᠨ᠎ᠡ᠃

  ᠠᠷᠪᠠᠨ ᠳᠥᠷᠪᠡᠳᠦᠭᠡᠷ ᠵᠦᠢᠯ  ᠤᠯᠤᠰ᠎ᠠᠴᠠ ᠪᠠᠷᠢᠮᠵᠢᠶ᠎ᠠ ᠲᠣᠭᠲᠠᠭᠠᠬᠤ ᠠᠵᠢᠯ᠎ᠢ ᠴᠢᠩᠭᠠᠳᠭᠠᠵᠤ᠂ ᠱᠢᠨ᠎ᠡ ᠮᠡᠷᠭᠡᠵᠢᠯ᠂ ᠱᠢᠨ᠎ᠡ ᠤᠷᠠᠯᠠᠯ᠂ ᠱᠢᠨ᠎ᠡ ᠮᠠᠲᠧᠷᠢᠶᠠᠯ᠂ ᠱᠢᠨ᠎ᠡ ᠦᠢᠯᠡᠳᠬᠦᠨ᠎ᠳᠦ ᠬᠠᠤᠯᠢ ᠶᠣᠰᠤᠭᠠᠷ ᠴᠠᠭ ᠲᠤᠬᠠᠢ᠎ᠳᠤ᠎ᠨᠢ ᠤᠯᠤᠰ᠎ᠤᠨ ᠪᠠᠷᠢᠮᠵᠢᠶ᠎ᠠ᠂ ᠠᠵᠢᠯ ᠲᠥᠷᠦᠯ᠎ᠦᠨ ᠪᠠᠷᠢᠮᠵᠢᠶ᠎ᠠ ᠲᠣᠭᠲᠠᠭᠠᠵᠤ᠂ ᠣᠯᠠᠨ ᠤᠯᠤᠰ᠎ᠤᠨ ᠪᠠᠷᠢᠮᠵᠢᠶ᠎ᠠ ᠲᠣᠭᠲᠠᠭᠠᠬᠤ ᠠᠵᠢᠯ᠎ᠳᠤ ᠢᠳᠡᠪᠬᠢᠲᠡᠢ ᠣᠷᠤᠯᠴᠠᠨ᠂ ᠲᠡᠷᠢᠭᠦᠨ᠎ᠦ ᠮᠥᠷᠲᠡᠭᠡᠨ ᠬᠡᠷᠡᠭᠯᠡᠭᠡᠨ᠎ᠳᠦ ᠲᠣᠬᠢᠷᠠᠬᠤ ᠮᠡᠷᠭᠡᠵᠢᠯ᠎ᠢ ᠳᠡᠯᠭᠡᠷᠡᠭᠦᠯᠬᠦ ᠪᠠ ᠠᠱᠢᠭᠯᠠᠯᠲᠠ᠎ᠳᠤ ᠣᠷᠤᠭᠤᠯᠬᠤ᠎ᠶᠢ ᠲᠦᠯᠬᠢᠨ ᠠᠬᠢᠭᠤᠯᠤᠨ᠎ᠠ᠃

  ᠤᠯᠤᠰ᠎ᠠᠴᠠ ᠴᠡᠷᠢᠭ ᠠᠷᠠᠳ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠬᠠᠷᠢᠯᠴᠠᠨ ᠬᠤᠪᠢᠷᠠᠭᠤᠯᠬᠤ ᠪᠦᠲᠦᠮᠵᠢᠲᠡᠢ ᠱᠢᠰᠲᠧᠮ᠎ᠢ ᠪᠠᠢᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠱᠢᠨᠵᠢᠯᠡᠬᠦ ᠤᠬᠠᠭᠠᠨ ᠮᠡᠷᠭᠡᠵᠢᠯ᠎ᠦᠨ ᠬᠠᠮᠵᠢᠯᠴᠠᠨ ᠱᠢᠨ᠎ᠡ᠎ᠶᠢ ᠡᠭᠦᠳᠬᠦ ᠪᠠᠢᠭᠤᠯᠤᠯ ᠲᠣᠭᠲᠠᠴᠠ᠎ᠶᠢ ᠲᠡᠭᠦᠯᠳᠡᠷᠵᠢᠭᠦᠯᠦᠨ᠎ᠡ᠃ ᠴᠡᠷᠢᠭ᠎ᠦᠨ ᠬᠡᠷᠡᠭᠰᠡᠯ᠎ᠦᠨ ᠱᠢᠨᠵᠢᠯᠡᠬᠦ ᠤᠬᠠᠭᠠᠨ᠎ᠤ ᠰᠤᠳᠤᠯᠭᠠᠨ ᠪᠠ ᠦᠢᠯᠡᠳᠪᠦᠷᠢᠯᠡᠯ᠎ᠳᠦ ᠲᠡᠷᠢᠭᠦᠨ᠎ᠦ ᠮᠥᠷᠲᠡᠭᠡᠨ ᠬᠡᠷᠡᠭᠯᠡᠭᠡᠨ᠎ᠳᠦ ᠲᠣᠬᠢᠷᠠᠬᠤ ᠠᠷᠠᠳ᠎ᠤᠨ ᠬᠡᠷᠡᠭᠯᠡᠭᠡᠨ᠎ᠦ ᠪᠠᠷᠢᠮᠵᠢᠶ᠎ᠠ᠎ᠶᠢ ᠬᠠᠤᠯᠢ ᠶᠣᠰᠤᠭᠠᠷ ᠤᠷᠢᠳ᠎ᠢᠶᠠᠷ ᠬᠡᠷᠡᠭᠯᠡᠵᠦ᠂ ᠴᠡᠷᠢᠭ᠎ᠦᠨ ᠬᠡᠷᠡᠭᠯᠡᠭᠡᠨ᠂ ᠠᠷᠠᠳ᠎ᠤᠨ ᠬᠡᠷᠡᠭᠯᠡᠭᠡᠨ᠎ᠦ ᠮᠡᠷᠭᠡᠵᠢᠯ᠎ᠢ ᠬᠠᠷᠢᠯᠴᠠᠨ ᠱᠢᠯᠵᠢᠭᠦᠯᠬᠦ᠂ ᠬᠠᠷᠢᠯᠴᠠᠨ ᠬᠤᠪᠢᠷᠠᠭᠤᠯᠬᠤ᠎ᠶᠢ ᠲᠦᠯᠬᠢᠨ ᠠᠬᠢᠭᠤᠯᠬᠤ ᠬᠡᠷᠡᠭᠲᠡᠢ᠃

  ᠠᠷᠪᠠᠨ ᠲᠠᠪᠤᠳᠤᠭᠠᠷ ᠵᠦᠢᠯ  ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠵᠣᠬᠢᠶᠠᠨ ᠪᠠᠢᠭᠤᠯᠵᠤ ᠬᠡᠷᠡᠭᠵᠢᠭᠦᠯᠬᠦ ᠭᠣᠣᠯᠳᠠᠯᠭ᠎ᠠ᠎ᠲᠠᠢ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠵᠦᠢᠯᠡᠰ᠎ᠢ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠵᠣᠬᠢᠶᠠᠨ ᠪᠠᠢᠭᠤᠯᠵᠤ ᠪᠠᠢᠭᠠᠳ ᠢᠯᠡ᠎ᠪᠡᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶᠢᠭ᠎ᠢᠶᠠᠷ ᠬᠤᠪᠢᠷᠠᠭᠤᠯᠤᠯᠲᠠ᠎ᠶᠢ ᠬᠡᠷᠡᠭᠵᠢᠭᠦᠯᠵᠦ ᠪᠣᠯᠤᠨ᠎ᠠ᠃ ᠬᠣᠯᠪᠤᠭᠳᠠᠯ ᠪᠦᠬᠦᠢ ᠰᠠᠯᠠᠭ᠎ᠠ ᠮᠥᠴᠢᠷ᠎ᠦ᠋ᠳ ᠳᠠᠭᠠᠭᠠᠴᠢᠯᠠᠯᠲᠠ ᠣᠯᠤᠭᠰᠠᠨ ᠨᠢᠭᠡᠴᠢ᠎ᠳᠦ ᠳᠠᠭᠠᠭᠠᠴᠢᠯᠠᠯᠲᠠ ᠵᠠᠷᠯᠠᠬᠤ ᠦᠶ᠎ᠡ᠎ᠶᠢᠨ ᠲᠣᠭᠲᠠᠭᠠᠭᠰᠠᠨ ᠲᠤᠰᠠᠯᠠᠮᠵᠢ ᠪᠤᠶᠤ ᠪᠤᠰᠤᠳ ᠨᠥᠬᠦᠴᠡᠯ᠎ᠢ ᠬᠠᠩᠭᠠᠵᠤ ᠥᠭᠬᠦ ᠬᠡᠷᠡᠭᠲᠡᠢ᠃

  ᠠᠷᠪᠠᠨ ᠵᠢᠷᠭᠤᠳᠤᠭᠠᠷ ᠵᠦᠢᠯ  ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠡᠵᠡᠮᠱᠢᠭᠴᠢ᠎ᠨᠢ ᠳᠣᠣᠷ᠎ᠠ ᠵᠢᠭᠰᠠᠭᠠᠭᠰᠠᠨ ᠠᠷᠭ᠎ᠠ ᠮᠠᠶᠢᠭ᠎ᠢᠶᠠᠷ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢᠶᠡᠨ ᠬᠤᠪᠢᠷᠠᠭᠤᠯᠵᠤ ᠪᠣᠯᠤᠨ᠎ᠠ᠄

  (ᠨᠢᠭᠡ) ᠥᠪᠡᠷᠲᠡᠭᠡᠨ ᠪᠡᠯᠡ ᠣᠷᠤᠭᠤᠯᠵᠤ ᠬᠤᠪᠢᠷᠠᠭᠤᠯᠤᠯᠲᠠ᠎ᠶᠢ ᠬᠡᠷᠡᠭᠵᠢᠭᠦᠯᠬᠦ;        

  (ᠬᠣᠶᠠᠷ) ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢᠶᠡᠨ ᠪᠤᠰᠤᠳ ᠬᠥᠮᠦᠨ᠎ᠳᠦ ᠱᠢᠯᠵᠢᠭᠦᠯᠦᠨ ᠥᠭᠬᠦ;

  (ᠭᠤᠷᠪᠠ) ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢᠶᠡᠨ ᠪᠤᠰᠤᠳ ᠬᠥᠮᠦᠨ᠎ᠳᠦ ᠬᠡᠷᠡᠭᠯᠡᠭᠦᠯᠬᠦ᠎ᠶᠢ ᠵᠥᠪᠱᠢᠶᠡᠷᠡᠬᠦ;

  (ᠳᠥᠷᠪᠡ) ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢᠶᠡᠷ᠎ᠢᠶᠡᠨ ᠬᠠᠮᠲᠤᠷᠠᠨ ᠠᠵᠢᠯᠯᠠᠬᠤ ᠨᠥᠬᠦᠴᠡᠯ ᠪᠣᠯᠭᠠᠨ ᠪᠤᠰᠤᠳ ᠬᠥᠮᠦᠨ᠎ᠲᠡᠢ ᠬᠠᠮᠲᠤ᠎ᠪᠠᠷ ᠬᠤᠪᠢᠷᠠᠭᠤᠯᠤᠯᠲᠠ᠎ᠶᠢ ᠬᠡᠷᠡᠭᠵᠢᠭᠦᠯᠬᠦ;

  (ᠲᠠᠪᠤ) ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢᠶᠡᠷ᠎ᠢᠶᠡᠨ ᠦᠨ᠎ᠡ ᠲᠣᠭᠲᠠᠭᠠᠨ ᠪᠡᠯᠡ ᠣᠷᠤᠭᠤᠯᠵᠤ᠂ ᠣᠷᠤᠭᠤᠯᠬᠤ ᠬᠤᠪᠢ ᠪᠤᠶᠤ ᠪᠠᠯᠠ ᠭᠠᠷᠭᠠᠬᠤ ᠬᠠᠷᠢᠴᠠᠯ᠎ᠢ ᠨᠤᠭᠤᠯᠤᠨ ᠪᠣᠳᠤᠬᠤ;

  (ᠵᠢᠷᠭᠤᠭ᠎ᠠ) ᠵᠥᠪᠳᠡᠯᠴᠡᠨ ᠲᠣᠭᠲᠠᠭᠠᠭᠰᠠᠨ ᠪᠤᠰᠤᠳ ᠠᠷᠭ᠎ᠠ ᠮᠠᠶᠢᠭ᠃

  ᠠᠷᠪᠠᠨ ᠳᠣᠯᠤᠳᠤᠭᠠᠷ ᠵᠦᠢᠯ  ᠤᠯᠤᠰ᠎ᠠᠴᠠ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ᠎ᠶᠢᠨ ᠱᠢᠯᠵᠢᠭᠦᠯᠦᠨ ᠥᠭᠬᠦ᠂ ᠵᠥᠪᠱᠢᠶᠡᠷᠡᠬᠦ ᠪᠤᠶᠤ ᠦᠨ᠎ᠡ ᠲᠣᠭᠲᠠᠭᠠᠨ ᠪᠡᠯᠡ ᠣᠷᠤᠭᠤᠯᠬᠤ ᠵᠡᠷᠭᠡ ᠠᠷᠭ᠎ᠠ ᠮᠠᠶᠢᠭ᠎ᠢ ᠬᠡᠷᠡᠭᠯᠡᠵᠦ ᠠᠵᠤ ᠠᠬᠤᠢᠯᠠᠯ ᠪᠤᠶᠤ ᠪᠤᠰᠤᠳ ᠵᠣᠬᠢᠶᠠᠨ ᠪᠠᠢᠭᠤᠯᠤᠯᠲᠠ᠎ᠳᠤ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢᠶᠡᠨ ᠱᠢᠯᠵᠢᠭᠦᠯᠬᠦ᠎ᠶᠢ ᠵᠣᠷᠢᠭᠵᠢᠭᠤᠯᠤᠨ᠎ᠠ᠃

  ᠤᠯᠤᠰ᠎ᠠᠴᠠ ᠪᠠᠢᠭᠤᠯᠤᠭᠰᠠᠨ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ᠎ᠨᠢ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠲᠠᠯ᠎ᠠ᠎ᠪᠠᠷ ᠬᠢ ᠬᠠᠮᠢᠶᠠᠷᠤᠯᠲᠠ᠂ ᠵᠣᠬᠢᠶᠠᠨ ᠪᠠᠢᠭᠤᠯᠤᠯᠲᠠ ᠪᠠ ᠵᠣᠬᠢᠴᠠᠭᠤᠯᠭ᠎ᠠ᠎ᠪᠠᠨ ᠴᠢᠩᠭᠠᠳᠭᠠᠵᠤ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠡᠩᠨᠡᠭᠡᠨ᠎ᠦ ᠪᠠᠢᠭᠤᠯᠤᠯᠲᠠ᠎ᠪᠠᠨ ᠠᠬᠢᠭᠤᠯᠵᠤ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠬᠤ ᠶᠠᠪᠤᠴᠠ᠎ᠪᠠᠨ ᠱ᠌ᠢᠯᠢᠳᠡᠭᠵᠢᠭᠦᠯᠵᠦ᠂ ᠲᠤᠰ ᠨᠢᠭᠡᠴᠢ᠎ᠶᠢᠨ᠎ᠢᠶᠡᠨ ᠮᠡᠷᠭᠡᠵᠢᠯ ᠱᠢᠯᠵᠢᠭᠦᠯᠬᠦ ᠠᠵᠢᠯ᠎ᠢ ᠬᠠᠷᠢᠭᠤᠴᠠᠵᠤ ᠪᠠᠢᠭ᠎ᠠ ᠪᠠᠢᠭᠤᠯᠤᠮᠵᠢ᠎ᠪᠠᠷ ᠳᠠᠮᠵᠢᠬᠤ ᠪᠤᠶᠤ ᠪᠡᠶ᠎ᠡ᠎ᠪᠡᠨ ᠳᠠᠭᠠᠭᠠᠭᠰᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠦᠢᠯᠡᠴᠢᠯᠡᠭᠡᠨ᠎ᠦ ᠪᠠᠢᠭᠤᠯᠤᠮᠵᠢ᠎ᠳᠤ ᠨᠠᠢᠳᠠᠵᠤ ᠮᠡᠷᠭᠡᠵᠢᠯ ᠱᠢᠯᠵᠢᠭᠦᠯᠬᠦ ᠠᠵᠢᠯ᠎ᠢ ᠥᠷᠨᠢᠭᠦᠯᠬᠦ ᠬᠡᠷᠡᠭᠲᠡᠢ᠃

  ᠠᠷᠪᠠᠨ ᠨᠠᠢ᠍ᠮᠠᠳᠤᠭᠠᠷ ᠵᠦᠢᠯ  ᠤᠯᠤᠰ᠎ᠠᠴᠠ ᠪᠠᠢᠭᠤᠯᠤᠭᠰᠠᠨ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ ᠥᠪᠡᠷ᠎ᠦᠨ ᠡᠵᠡᠮᠱᠢᠵᠦ ᠪᠠᠢᠭ᠎ᠠ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢᠶᠡᠨ ᠱᠢᠯᠵᠢᠭᠦᠯᠦᠨ ᠥᠭᠬᠦ᠂ ᠵᠥᠪᠱᠢᠶᠡᠷᠡᠬᠦ ᠪᠤᠶᠤ ᠦᠨ᠎ᠡ ᠲᠣᠭᠲᠠᠭᠠᠨ ᠪᠡᠯᠡ ᠣᠷᠤᠭᠤᠯᠬᠤ᠎ᠶᠢ ᠡᠵᠡᠨ ᠮᠡᠳᠡᠨ ᠲᠣᠭᠲᠠᠭᠠᠵᠤ ᠪᠣᠯᠤᠨ᠎ᠠ᠂ ᠭᠡᠪᠡᠴᠦ ᠬᠡᠯᠡᠯᠴᠡᠭᠡᠷ᠎ᠢᠶᠡᠷ ᠦᠨ᠎ᠡ ᠲᠣᠭᠲᠠᠭᠠᠬᠤ᠂ ᠮᠡᠷᠭᠡᠵᠢᠯ᠎ᠦᠨ ᠠᠷᠠᠯᠵᠢᠶᠠᠨ᠎ᠤ ᠵᠠᠬ᠎ᠠ ᠳᠡᠯᠭᠡᠭᠦᠷ᠎ᠲᠦ ᠫᠠᠢᠰᠠ ᠡᠯᠭᠦᠨ ᠠᠷᠠᠯᠵᠢᠶᠠᠯᠠᠬᠤ᠂ ᠦᠨ᠎ᠡ ᠬᠠᠶᠠᠵᠤ ᠬᠤᠳᠠᠯᠳᠤᠬᠤ ᠵᠡᠷᠭᠡ ᠠᠷᠭ᠎ᠠ ᠮᠠᠶᠢᠭ᠎ᠢᠶᠠᠷ ᠳᠠᠮᠵᠢᠨ ᠦᠨ᠎ᠡ ᠲᠣᠭᠲᠠᠭᠠᠬᠤ ᠬᠡᠷᠡᠭᠲᠡᠢ᠃ ᠬᠡᠯᠡᠯᠴᠡᠭᠡᠷ᠎ᠢᠶᠡᠷ ᠳᠠᠮᠵᠢᠨ ᠦᠨ᠎ᠡ ᠲᠣᠭᠲᠠᠭᠠᠭᠰᠠᠨ ᠪᠠᠢᠪᠠᠯ᠂ ᠲᠤᠰ ᠨᠢᠭᠡᠴᠢ᠎ᠳᠤ᠎ᠪᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠨᠡᠷᠡᠢᠳᠦᠯ ᠪᠠ ᠠᠷᠠᠯᠵᠢᠶᠠᠯᠠᠬᠤ᠎ᠪᠠᠷ ᠲᠥᠰᠦᠭᠡᠯᠡᠭᠰᠡᠨ ᠦᠨ᠎ᠡ᠎ᠶᠢ ᠵᠠᠷᠯᠠᠨ ᠨᠡᠢᠲᠡᠯᠡᠬᠦ ᠬᠡᠷᠡᠭᠲᠡᠢ᠃

  ᠠᠷᠪᠠ ᠶᠢᠰᠦᠳᠦᠭᠡᠷ ᠵᠦᠢᠯ  ᠤᠯᠤᠰ᠎ᠠᠴᠠ ᠪᠠᠢᠭᠤᠯᠤᠭᠰᠠᠨ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ᠎ᠶᠢᠨ ᠣᠯᠤᠭᠰᠠᠨ ᠡᠭᠦᠷᠭᠡ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠪᠡᠶᠡᠯᠡᠭᠦᠯᠦᠭᠴᠢ ᠬᠢᠭᠡᠳ ᠲᠡᠭᠦᠨ᠎ᠳᠦ ᠣᠷᠤᠯᠴᠠᠭᠴᠢ᠎ᠨᠢ ᠡᠭᠦᠷᠭᠡ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠡᠷᠬᠡ᠎ᠶᠢᠨ ᠬᠠᠷᠢᠶᠠᠯᠠᠯ᠎ᠢ ᠦᠯᠦ ᠬᠤᠪᠢᠷᠠᠭᠤᠯᠬᠤ ᠤᠷᠢᠳᠠᠯ ᠳᠣᠤᠷ᠎ᠠ᠂ ᠲᠤᠰ ᠨᠢᠭᠡᠴᠢ᠎ᠲᠡᠢ᠎ᠪᠡᠨ ᠲᠣᠭᠲᠠᠭᠰᠠᠨ ᠬᠡᠯᠡᠯᠴᠡᠭᠡᠷ᠎ᠢ ᠦᠨᠳᠦᠰᠦᠯᠡᠨ ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠬᠢᠵᠦ ᠪᠣᠯᠬᠤ ᠪᠥᠭᠡᠳ ᠬᠡᠯᠡᠯᠴᠡᠭᠡᠷ᠎ᠲᠦ ᠲᠣᠭᠲᠠᠭᠠᠭᠰᠠᠨ ᠡᠷᠬᠡ ᠠᠱᠢᠭ᠎ᠢ ᠡᠳ᠋ᠯᠡᠨ᠎ᠡ᠃ ᠲᠤᠰ ᠨᠢᠭᠡᠴᠢ᠎ᠨᠢ ᠳᠡᠭᠡᠷ᠎ᠡ ᠳᠤᠷᠠᠳᠤᠭᠰᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯᠯᠠᠭ᠎ᠠ᠎ᠶᠢ ᠳᠡᠮᠵᠢᠬᠦ ᠬᠡᠷᠡᠭᠲᠡᠢ᠃

  ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠪᠡᠶᠡᠯᠡᠭᠦᠯᠦᠭᠴᠢ ᠪᠤᠶᠤ ᠰᠡᠳᠦᠪ ᠬᠠᠷᠢᠭᠤᠴᠠᠭᠴᠢ᠎ᠨᠢ ᠡᠭᠦᠷᠭᠡ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠬᠠᠷᠱᠢᠯᠠᠵᠤ ᠪᠣᠯᠬᠤ᠎ᠦᠭᠡᠢ᠂ ᠡᠭᠦᠷᠭᠡ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ ᠵᠢᠴᠢ ᠲᠡᠭᠦᠨ᠎ᠦ ᠮᠡᠷᠭᠡᠵᠢᠯ᠎ᠦᠨ ᠮᠠᠲᠧᠷᠢᠶᠠᠯ ᠪᠣᠯᠤᠨ ᠲᠣᠭ᠎ᠠ ᠪᠠᠷᠢᠮᠲᠠ᠎ᠶᠢ ᠬᠣᠪᠢᠨ᠎ᠤ᠎ᠪᠠᠨ ᠪᠣᠯᠭᠠᠵᠤ᠂ ᠨᠢᠭᠡᠴᠢ᠎ᠶᠢᠨ ᠬᠠᠤᠯᠢ ᠶᠣᠰᠤᠨ᠎ᠤ ᠡᠷᠬᠡ ᠠᠱᠢᠭ᠎ᠲᠤ ᠬᠠᠯᠳᠠᠵᠤ ᠪᠣᠯᠬᠤ᠎ᠦᠭᠡᠢ᠃

  ᠬᠣᠷᠢᠳᠤᠭᠠᠷ ᠵᠦᠢᠯ  ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ᠎ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠢᠴᠢ ᠡᠳ᠋᠎ᠦᠨ ᠵᠠᠰᠠᠭ᠂ ᠱᠢᠨᠵᠢᠯᠡᠬᠦ ᠤᠬᠠᠭᠠᠨ ᠮᠡᠷᠭᠡᠵᠢᠯ ᠵᠡᠷᠭᠡ ᠬᠣᠯᠪᠤᠭᠳᠠᠯ ᠪᠦᠬᠦᠢ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠠᠬᠢᠭᠤᠯᠬᠤ᠎ᠳᠤ ᠠᠱᠢᠭᠲᠠᠢ ᠠᠵᠢᠯ᠎ᠤᠨ ᠪᠦᠲᠦᠮᠵᠢ᠎ᠶᠢ ᠱᠢᠯᠭᠠᠨ ᠬᠢᠨᠠᠵᠤ ᠦᠨᠡᠯᠡᠬᠦ ᠱᠢᠰᠲᠧᠮ᠎ᠢ ᠪᠠᠢᠭᠤᠯᠵᠤ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠪᠠᠢᠳᠠᠯ᠎ᠢ ᠬᠣᠯᠪᠤᠭᠳᠠᠯ ᠪᠦᠬᠦᠢ ᠨᠢᠭᠡᠴᠢ ᠵᠢᠴᠢ ᠠᠵᠢᠯᠲᠠᠨ᠎ᠢ ᠦᠨᠡᠯᠡᠬᠦ᠂ ᠱᠢᠨᠵᠢᠯᠡᠬᠦ ᠤᠬᠠᠭᠠᠨ᠎ᠤ ᠰᠤᠳᠤᠯᠭᠠᠨ᠎ᠤ ᠪᠡᠯᠡ ᠮᠥᠩᠭᠦ᠎ᠶᠢᠨ ᠳᠡᠮᠵᠢᠯᠭᠡ ᠦᠵᠡᠭᠦᠯᠬᠦ᠎ᠶᠢᠨ ᠴᠢᠬᠤᠯᠠ ᠠᠭᠤᠯᠭ᠎ᠠ ᠪᠠ ᠦᠨᠳᠦᠰᠦᠯᠡᠯ᠎ᠦᠨ ᠨᠢᠭᠡ ᠪᠣᠯᠭᠠᠬᠤ ᠪᠥᠭᠡᠳ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯ᠎ᠤᠨ ᠪᠦᠲᠦᠮᠵᠢ᠎ᠪᠡᠷ ᠳᠣᠪᠤᠢᠮ᠎ᠠ ᠬᠣᠯᠪᠤᠭᠳᠠᠯ ᠪᠦᠬᠦᠢ ᠨᠢᠭᠡᠴᠢ ᠵᠢᠴᠢ ᠠᠵᠢᠯᠲᠠᠨ᠎ᠳᠤ ᠦᠵᠡᠭᠦᠯᠬᠦ ᠱᠢᠨᠵᠢᠯᠡᠬᠦ ᠤᠬᠠᠭᠠᠨ᠎ᠤ ᠰᠤᠳᠤᠯᠭᠠᠨ᠎ᠤ ᠪᠡᠯᠡ ᠮᠥᠩᠭᠦ᠎ᠶᠢᠨ ᠳᠡᠮᠵᠢᠯᠭᠡ᠎ᠪᠡᠨ ᠨᠡᠮᠡᠭᠳᠡᠭᠦᠯᠬᠦ ᠬᠡᠷᠡᠭᠲᠡᠢ᠃

  ᠤᠯᠤᠰ᠎ᠠᠴᠠ ᠪᠠᠢᠭᠤᠯᠤᠭᠰᠠᠨ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯ᠎ᠤᠨ ᠣᠨᠴᠠᠯᠢᠭ᠎ᠲᠤ ᠲᠣᠬᠢᠷᠠᠬᠤ ᠮᠡᠷᠭᠡᠵᠢᠯ᠎ᠦᠨ ᠴᠣᠯᠠ ᠦᠨᠡᠯᠡᠨ ᠲᠣᠭᠲᠠᠭᠠᠬᠤ᠂ ᠠᠵᠢᠯ᠎ᠤᠨ ᠪᠠᠢᠷᠢ᠎ᠶᠢ ᠬᠠᠮᠢᠶᠠᠷᠬᠤ ᠪᠠ ᠱᠢᠯᠭᠠᠨ ᠬᠢᠨᠠᠵᠤ ᠦᠨᠡᠯᠡᠬᠦ ᠳᠦᠷᠢᠮ᠎ᠢ ᠪᠠᠢᠭᠤᠯᠤᠨ᠂ ᠣᠷᠤᠯᠭ᠎ᠠ᠎ᠶᠢᠨ ᠬᠤᠪᠢᠶᠠᠷᠢᠯᠠᠯᠲᠠ᠎ᠶᠢᠨ ᠤᠷᠮᠠᠱᠢᠭᠤᠯᠤᠨ ᠬᠢᠵᠠᠭᠠᠷᠯᠠᠬᠤ ᠲᠣᠭᠲᠠᠴᠠ᠎ᠶᠢ ᠲᠡᠭᠦᠯᠳᠡᠷᠵᠢᠭᠦᠯᠬᠦ ᠬᠡᠷᠡᠭᠲᠡᠢ᠃

  ᠬᠣᠷᠢᠨ ᠨᠢᠭᠡᠳᠦᠭᠡᠷ ᠵᠦᠢᠯ  ᠤᠯᠤᠰ᠎ᠠᠴᠠ ᠪᠠᠢᠭᠤᠯᠤᠭᠰᠠᠨ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ ᠲᠡᠭᠦᠨ᠎ᠦ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ᠎ᠪᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠪᠠᠢᠳᠠᠯ᠎ᠤᠨ ᠣᠨ᠎ᠤ ᠮᠡᠳᠡᠭᠦᠯᠦᠯᠲᠡ ᠲᠤᠰᠢᠶᠠᠵᠤ᠂ ᠲᠤᠰ ᠨᠢᠭᠡᠴᠢ᠎ᠶᠢᠨ ᠬᠠᠤᠯᠢ ᠶᠣᠰᠤᠭᠠᠷ ᠣᠯᠤᠭᠰᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠲᠣᠭ᠎ᠠ᠂ ᠬᠤᠪᠢᠷᠠᠭᠤᠯᠤᠯᠲᠠ᠎ᠶᠢᠨ ᠬᠡᠷᠡᠭᠵᠢᠭᠦᠯᠦᠯᠲᠡ᠎ᠶᠢᠨ ᠪᠠᠢᠳᠠᠯ ᠵᠢᠴᠢ ᠬᠣᠯᠪᠤᠭᠳᠠᠯ ᠪᠦᠬᠦᠢ ᠣᠷᠤᠯᠭ᠎ᠠ᠎ᠶᠢᠨ ᠬᠤᠪᠢᠶᠠᠷᠢᠯᠠᠯᠲᠠ᠎ᠶᠢᠨ ᠪᠠᠢᠳᠠᠯ᠎ᠢ ᠲᠣᠳᠤᠷᠬᠠᠢᠯᠠᠬᠤ ᠬᠡᠷᠡᠭᠲᠡᠢ᠂ ᠲᠤᠰ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠲᠣᠭᠲᠠᠭᠠᠯ ᠶᠣᠰᠤᠭᠠᠷ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠪᠠᠢᠳᠠᠯ᠎ᠤᠨ ᠣᠨ᠎ᠤ ᠮᠡᠳᠡᠭᠦᠯᠦᠯᠲᠡ᠎ᠶᠢ ᠡᠳ᠋᠎ᠦᠨ ᠵᠠᠰᠠᠭ᠂ ᠱᠢᠨᠵᠢᠯᠡᠬᠦ ᠤᠬᠠᠭᠠᠨ ᠮᠡᠷᠭᠡᠵᠢᠯ ᠵᠡᠷᠭᠡ ᠬᠣᠯᠪᠤᠭᠳᠠᠯ ᠪᠦᠬᠦᠢ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠦ ᠮᠡᠳᠡᠭᠦᠯᠦᠨ ᠬᠦᠷᠭᠡᠬᠦ ᠬᠡᠷᠡᠭᠲᠡᠢ᠃

  ᠬᠣᠷᠢᠨ ᠬᠣᠶᠠᠳᠤᠭᠠᠷ ᠵᠦᠢᠯ  ᠠᠵᠤ ᠠᠬᠤᠢᠯᠠᠯ᠎ᠤ᠋ᠳ ᠱᠢᠨ᠎ᠡ ᠮᠡᠷᠭᠡᠵᠢᠯ᠂ ᠱᠢᠨ᠎ᠡ ᠤᠷᠠᠯᠠᠯ᠂ ᠱᠢᠨ᠎ᠡ ᠮᠠᠲᠧᠷᠢᠶᠠᠯ ᠬᠡᠷᠡᠭᠯᠡᠬᠦ ᠪᠠ ᠱᠢᠨ᠎ᠡ ᠦᠢᠯᠡᠳᠬᠦᠨ ᠦᠢᠯᠡᠳᠪᠦᠷᠢᠯᠡᠬᠦ᠎ᠶᠢᠨ ᠲᠥᠯᠦᠭᠡ ᠥᠪᠡᠷᠲᠡᠭᠡᠨ ᠮᠡᠳᠡᠭᠡ ᠵᠠᠩᠭᠢ ᠨᠡᠢᠲᠡᠯᠡᠬᠦ ᠪᠤᠶᠤ ᠱᠢᠨᠵᠢᠯᠡᠬᠦ ᠤᠬᠠᠭᠠᠨ ᠮᠡᠷᠭᠡᠵᠢᠯ᠎ᠦᠨ ᠵᠠᠭᠤᠴᠢ ᠦᠢᠯᠡᠴᠢᠯᠡᠭᠡᠨ᠎ᠦ ᠪᠠᠢᠭᠤᠯᠤᠮᠵᠢ᠎ᠳᠤ ᠨᠠᠢᠳᠠᠵᠤ ᠥᠪᠡᠷ᠎ᠦᠨ ᠬᠡᠷᠡᠭᠰᠡᠬᠦ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢᠶᠡᠨ ᠴᠤᠭᠯᠠᠭᠤᠯᠵᠤ ᠪᠣᠯᠤᠨ᠎ᠠ᠂ ᠡᠰᠡᠬᠦᠯ᠎ᠡ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠬᠠᠮᠲᠤᠷᠠᠨ ᠠᠵᠢᠯᠯᠠᠭᠴᠢ ᠡᠯᠰᠡᠵᠦ ᠪᠣᠯᠤᠨ᠎ᠠ᠃

  ᠱᠢᠶᠠᠨ᠎ᠤ ᠱᠠᠲᠤᠨ᠎ᠠᠴᠠ ᠳᠡᠭᠡᠭᠱᠢᠬᠢ ᠣᠷᠤᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠱᠢᠨᠵᠢᠯᠡᠬᠦ ᠤᠬᠠᠭᠠᠨ ᠮᠡᠷᠭᠡᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠪᠣᠯᠤᠨ ᠪᠤᠰᠤᠳ ᠬᠣᠯᠪᠤᠭᠳᠠᠯ ᠪᠦᠬᠦᠢ ᠰᠠᠯᠠᠭ᠎ᠠ ᠮᠥᠴᠢᠷ ᠲᠤᠱᠢᠶᠠᠯ ᠬᠠᠷᠢᠭᠤᠴᠠᠯᠭ᠎ᠠ᠎ᠶᠢᠨ᠎ᠢᠶᠡᠨ ᠬᠤᠪᠢᠶᠠᠷᠢᠯᠠᠯ᠎ᠢ ᠦᠨᠳᠦᠰᠦᠯᠡᠨ᠂ ᠠᠵᠤ ᠠᠬᠤᠢᠯᠠᠯ᠎ᠤᠨ ᠬᠡᠷᠡᠭᠰᠡᠬᠦ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢᠶᠡᠨ ᠣᠯᠬᠤ᠎ᠳᠤ ᠬᠠᠪᠰᠤᠷᠤᠯᠭ᠎ᠠ ᠳᠡᠮᠵᠢᠯᠭᠡ ᠦᠵᠡᠭᠦᠯᠬᠦ ᠬᠡᠷᠡᠭᠲᠡᠢ᠃

  ᠬᠣᠷᠢᠨ ᠭᠤᠷᠪᠠᠳᠤᠭᠠᠷ ᠵᠦᠢᠯ  ᠠᠵᠤ ᠠᠬᠤᠢᠯᠠᠯ᠎ᠤ᠋ᠳ ᠬᠠᠤᠯᠢ ᠶᠣᠰᠤᠭᠠᠷ ᠲᠤᠰᠠᠭᠠᠷ᠎ᠢᠶᠠᠨ ᠪᠤᠶᠤ ᠬᠢᠯᠢ᠎ᠶᠢᠨ ᠳᠣᠲᠤᠷ᠎ᠠ ᠭᠠᠳᠠᠨᠠᠬᠢ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ ᠪᠣᠯᠤᠨ ᠪᠤᠰᠤᠳ ᠬᠠᠮᠲᠤᠷᠠᠨ ᠠᠵᠢᠯᠯᠠᠭᠴᠢ᠎ᠲᠠᠢ ᠬᠣᠯᠪᠤᠭᠠᠯᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠬᠡᠷᠡᠭᠵᠢᠭᠦᠯᠬᠦ ᠡᠷᠬᠡ᠎ᠲᠡᠢ᠃

  ᠠᠵᠤ ᠠᠬᠤᠢᠯᠠᠯ᠎ᠤ᠋ᠳ ᠡᠷᠬᠡ ᠲᠡᠭᠱᠢ ᠥᠷᠢᠰᠦᠯᠳᠦᠭᠡᠨ᠎ᠢᠶᠡᠷ ᠳᠠᠮᠵᠢᠨ᠂ ᠵᠠᠰᠠᠭ᠎ᠤᠨ ᠣᠷᠳᠤᠨ᠎ᠤ ᠵᠣᠬᠢᠶᠠᠨ ᠪᠠᠢᠭᠤᠯᠵᠤ ᠬᠡᠷᠡᠭᠵᠢᠭᠦᠯᠵᠦ ᠪᠠᠢᠭ᠎ᠠ ᠱᠢᠨᠵᠢᠯᠡᠬᠦ ᠤᠬᠠᠭᠠᠨ ᠮᠡᠷᠭᠡᠵᠢᠯ᠎ᠦᠨ ᠰᠤᠳᠤᠯᠤᠨ ᠨᠡᠭᠡᠭᠡᠯᠲᠡ ᠪᠠ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠵᠦᠢᠯᠡᠰ᠎ᠢ ᠲᠤᠰᠠᠭᠠᠷ᠎ᠢᠶᠠᠨ ᠪᠤᠶᠤ ᠪᠤᠰᠤᠳ ᠨᠢᠭᠡᠴᠢ᠎ᠲᠡᠢ ᠬᠣᠯᠪᠤᠭᠠᠯᠠᠵᠤ ᠪᠠᠢᠭᠠᠳ ᠳᠠᠭᠠᠭᠠᠨ ᠬᠢᠵᠦ ᠪᠣᠯᠤᠨ᠎ᠠ᠃

  ᠬᠣᠷᠢᠨ ᠳᠥᠷᠪᠡᠳᠦᠭᠡᠷ ᠵᠦᠢᠯ  ᠡᠳ᠋᠎ᠦᠨ ᠵᠠᠰᠠᠭ᠎ᠤᠨ ᠪᠡᠯᠡ ᠮᠥᠩᠭᠦ᠎ᠶᠢ ᠠᠱᠢᠭᠯᠠᠨ ᠪᠠᠢᠭᠤᠯᠤᠭᠰᠠᠨ ᠵᠠᠬ᠎ᠠ ᠳᠡᠯᠭᠡᠭᠦᠷ᠎ᠦᠨ ᠬᠡᠷᠡᠭᠯᠡᠭᠡᠨ᠎ᠦ ᠠᠯᠤᠰ ᠢᠷᠡᠭᠡᠳᠦᠢ᠎ᠲᠡᠢ᠂ ᠠᠵᠤ ᠦᠢᠯᠡᠰ᠎ᠦᠨ ᠬᠠᠷᠠᠯᠲᠠ ᠲᠣᠳᠤᠷᠬᠠᠢ ᠱᠢᠨᠵᠢᠯᠡᠬᠦ ᠤᠬᠠᠭᠠᠨ ᠮᠡᠷᠭᠡᠵᠢᠯ᠎ᠦᠨ ᠵᠦᠢᠯᠡᠰ᠎ᠲᠦ᠂ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ᠂ ᠬᠠᠮᠢᠶᠠᠷᠤᠯᠲᠠ᠎ᠶᠢᠨ ᠪᠠᠢᠭᠤᠯᠤᠮᠵᠢ᠎ᠠᠴᠠ ᠰᠤᠳᠤᠯᠤᠨ ᠨᠡᠭᠡᠭᠡᠬᠦ ᠴᠢᠭᠯᠡᠯ᠎ᠦᠨ ᠰᠣᠩᠭᠤᠯᠲᠠ᠂ ᠵᠦᠢᠯᠡᠰ᠎ᠦᠨ ᠬᠡᠷᠡᠭᠵᠢᠭᠦᠯᠦᠯᠲᠡ ᠪᠠ ᠦᠷ᠎ᠡ ᠪᠦᠲᠦᠭᠡᠯ᠎ᠦᠨ ᠬᠡᠷᠡᠭᠯᠡᠯᠲᠡ᠎ᠳᠡᠬᠢ ᠠᠵᠤ ᠠᠬᠤᠢᠯᠠᠯ᠎ᠤᠨ ᠭᠣᠣᠯ ᠤᠳᠤᠷᠢᠳᠤᠮᠵᠢ᠎ᠶᠢᠨ ᠦᠢᠯᠡᠳᠦᠯ᠎ᠢ ᠪᠠᠳᠠᠷᠠᠭᠤᠯᠵᠤ᠂ ᠠᠵᠤ ᠠᠬᠤᠢᠯᠠᠯ᠂ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ ᠵᠢᠴᠢ ᠪᠤᠰᠤᠳ ᠵᠣᠬᠢᠶᠠᠨ ᠪᠠᠢᠭᠤᠯᠤᠯᠲᠠ᠎ᠶᠢᠨ ᠬᠠᠮᠲᠤ᠎ᠪᠠᠷ ᠬᠡᠷᠡᠭᠵᠢᠭᠦᠯᠬᠦ᠎ᠶᠢ ᠵᠣᠷᠢᠭᠵᠢᠭᠤᠯᠬᠤ ᠬᠡᠷᠡᠭᠲᠡᠢ᠃

  ᠬᠣᠷᠢᠨ ᠲᠠᠪᠤᠳᠤᠭᠠᠷ ᠵᠦᠢᠯ  ᠤᠯᠤᠰ᠎ᠠᠴᠠ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ᠎ᠶᠢᠨ ᠠᠵᠤ ᠠᠬᠤᠢᠯᠠᠯ᠎ᠲᠠᠢ ᠬᠠᠮᠲᠤᠷᠠᠵᠤ ᠪᠠᠢᠭᠠᠳ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠬᠣᠯᠪᠤᠭᠠᠯᠠᠨ ᠬᠡᠷᠡᠭᠵᠢᠭᠦᠯᠬᠦ᠎ᠶᠢ ᠵᠣᠷᠢᠭᠵᠢᠭᠤᠯᠤᠨ᠎ᠠ᠃

  ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ ᠪᠤᠶᠤ ᠠᠵᠤ ᠠᠬᠤᠢᠯᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠬᠡᠷᠡᠭᠵᠢᠭᠦᠯᠬᠦ ᠲᠤᠬᠠᠢ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ᠎ᠳᠤ ᠣᠷᠤᠯᠴᠠᠵᠤ ᠪᠣᠯᠤᠨ᠎ᠠ᠃

  ᠬᠣᠷᠢᠨ ᠵᠢᠷᠭᠤᠳᠤᠭᠠᠷ ᠵᠦᠢᠯ  ᠤᠯᠤᠰ᠎ᠠᠴᠠ ᠠᠵᠤ ᠠᠬᠤᠢᠯᠠᠯ ᠪᠣᠯᠤᠨ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ ᠵᠢᠴᠢ ᠪᠤᠰᠤᠳ ᠵᠣᠬᠢᠶᠠᠨ ᠪᠠᠢᠭᠤᠯᠤᠯᠲᠠ ᠰᠤᠳᠤᠯᠤᠨ ᠨᠡᠭᠡᠭᠡᠬᠦ ᠲᠠᠪᠴᠠᠩ᠂ ᠮᠡᠷᠭᠡᠵᠢᠯ ᠱᠢᠯᠵᠢᠭᠦᠯᠬᠦ ᠪᠠᠢᠭᠤᠯᠤᠮᠵᠢ ᠪᠤᠶᠤ ᠮᠡᠷᠭᠡᠵᠢᠯ᠎ᠦᠨ ᠱᠢᠨ᠎ᠡ᠎ᠶᠢ ᠡᠭᠦᠳᠬᠦ ᠬᠣᠯᠪᠤᠭᠠᠯᠠᠯ᠎ᠢ ᠬᠠᠮᠲᠤᠷᠠᠨ ᠪᠠᠢᠭᠤᠯᠬᠤ ᠵᠡᠷᠭᠡ ᠠᠵᠤ ᠠᠬᠤᠢᠯᠠᠯ ᠳᠡᠭᠡᠳᠦ ᠰᠤᠷᠭᠠᠭᠤᠯᠢ ᠱᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ ᠬᠠᠮᠲᠤᠷᠠᠨ ᠠᠵᠢᠯᠯᠠᠬᠤ ᠠᠷᠭ᠎ᠠ ᠮᠠᠶᠢᠭ᠎ᠢ ᠬᠡᠷᠡᠭᠯᠡᠨ᠂ ᠰᠤᠳᠤᠯᠤᠨ ᠨᠡᠭᠡᠭᠡᠬᠦ᠂ ᠦᠷ᠎ᠡ ᠪᠦᠲᠦᠭᠡᠯ᠎ᠢ ᠬᠡᠷᠡᠭᠯᠡᠭᠡᠨ᠎ᠳᠦ ᠣᠷᠤᠭᠤᠯᠬᠤ ᠪᠣᠯᠤᠨ ᠳᠡᠯᠭᠡᠷᠡᠭᠦᠯᠬᠦ᠂ ᠪᠠᠷᠢᠮᠵᠢᠶ᠎ᠠ᠎ᠶᠢ ᠰᠤᠳᠤᠯᠤᠨ ᠲᠣᠭᠲᠠᠭᠠᠬᠤ ᠵᠡᠷᠭᠡ ᠠᠵᠢᠯᠯᠠᠭ᠎ᠠ᠎ᠶᠢ ᠬᠠᠮᠲᠤ᠎ᠪᠠᠷ ᠥᠷᠨᠢᠭᠦᠯᠬᠦ᠎ᠶᠢ ᠵᠣᠷᠢᠭᠵᠢᠭᠤᠯᠤᠨ᠎ᠠ᠃

  ᠬᠠᠮᠲᠤᠷᠠᠨ ᠠᠵᠢᠯᠯᠠᠬᠤ ᠡᠯ᠎ᠡ ᠲᠠᠯ᠎ᠠ᠎ᠶᠢᠨ ᠬᠢᠨ ᠬᠡᠯᠡᠯᠴᠡᠭᠡᠷ ᠲᠣᠭᠲᠠᠵᠤ᠂ ᠬᠠᠮᠲᠤᠷᠠᠨ ᠠᠵᠢᠯᠯᠠᠬᠤ ᠵᠣᠬᠢᠶᠠᠨ ᠪᠠᠢᠭᠤᠯᠤᠯᠲᠠ᠎ᠶᠢᠨ ᠬᠡᠯᠪᠡᠷᠢ᠂ ᠡᠭᠦᠷᠭᠡ᠎ᠶᠢᠨ ᠬᠤᠪᠢᠶᠠᠷᠢᠯᠠᠯ᠂ ᠪᠡᠯᠡ ᠮᠥᠩᠭᠦ᠎ᠶᠢᠨ ᠣᠷᠤᠭᠤᠯᠤᠯᠲᠠ᠂ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠬᠠᠷᠢᠶᠠᠯᠠᠯ᠂ ᠡᠷᠬᠡ ᠠᠱᠢᠭ᠎ᠤᠨ ᠬᠤᠪᠢᠶᠠᠷᠢᠯᠠᠯᠲᠠ᠂ ᠲᠦᠭᠱᠢᠭᠦᠷᠢ᠎ᠶᠢᠨ ᠡᠭᠦᠷᠭᠡᠯᠡᠯ ᠪᠠ ᠪᠣᠯᠵᠤᠭ᠎ᠠ᠎ᠠᠴᠠ ᠵᠥᠷᠢᠴᠡᠭᠰᠡᠨ ᠬᠠᠷᠢᠭᠤᠴᠠᠯᠭ᠎ᠠ ᠵᠡᠷᠭᠡ ᠵᠦᠢᠯᠡᠰ᠎ᠢ ᠬᠠᠤᠯᠢ ᠶᠣᠰᠤᠭᠠᠷ ᠪᠣᠯᠵᠤᠨ ᠲᠣᠭᠲᠠᠭᠠᠬᠤ ᠬᠡᠷᠡᠭᠲᠡᠢ᠃

  ᠬᠣᠷᠢᠨ ᠳᠣᠯᠤᠳᠤᠭᠠᠷ ᠵᠦᠢᠯ  ᠤᠯᠤᠰ᠎ᠠᠴᠠ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ᠎ᠶᠢᠨ ᠠᠵᠤ ᠠᠬᠤᠢᠯᠠᠯ ᠵᠢᠴᠢ ᠪᠤᠰᠤᠳ ᠵᠣᠬᠢᠶᠠᠨ ᠪᠠᠢᠭᠤᠯᠤᠯᠲᠠ᠎ᠲᠠᠢ ᠱᠢᠨᠵᠢᠯᠡᠬᠦ ᠤᠬᠠᠭᠠᠨ ᠮᠡᠷᠭᠡᠵᠢᠯ᠎ᠦᠨ ᠠᠵᠢᠯᠲᠠᠨ᠎ᠤ ᠰᠣᠯᠢᠯᠴᠠᠭ᠎ᠠ ᠥᠷᠨᠢᠭᠦᠯᠵᠦ᠂ ᠲᠤᠰᠭᠠᠢ ᠮᠡᠷᠭᠡᠵᠢᠯ᠎ᠦᠨ ᠣᠨᠴᠠᠯᠢᠭ᠂ ᠠᠵᠢᠯ ᠲᠥᠷᠦᠯ᠎ᠦᠨ ᠬᠦᠷᠢᠶᠡᠨ᠎ᠳᠡᠬᠢ ᠮᠡᠷᠭᠡᠵᠢᠯ᠎ᠦᠨ ᠬᠥᠭᠵᠢᠯᠲᠡ᠎ᠶᠢᠨ ᠱᠠᠭᠠᠷᠳᠠᠯᠭ᠎ᠠ᠎ᠪᠠᠨ ᠦᠨᠳᠦᠰᠦᠯᠡᠨ ᠠᠵᠤ ᠠᠬᠤᠢᠯᠠᠯ ᠵᠢᠴᠢ ᠪᠤᠰᠤᠳ ᠵᠣᠬᠢᠶᠠᠨ ᠪᠠᠢᠭᠤᠯᠤᠯᠲᠠ᠎ᠶᠢᠨ ᠱᠢᠨᠵᠢᠯᠡᠬᠦ ᠤᠬᠠᠭᠠᠨ ᠮᠡᠷᠭᠡᠵᠢᠯ᠎ᠦᠨ ᠠᠵᠢᠯᠲᠠᠨ᠎ᠢ ᠤᠷᠢᠵᠤ ᠲᠤᠱᠢᠶᠠᠯ ᠬᠠᠪᠰᠤᠷᠭᠠᠨ ᠵᠢᠭᠠᠨ ᠰᠤᠷᠭᠠᠯᠲᠠ ᠪᠠ ᠱᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯ ᠬᠢᠯᠭᠡᠬᠦ᠎ᠶᠢ ᠵᠣᠷᠢᠭᠵᠢᠭᠤᠯᠵᠤ᠂ ᠲᠤᠰ ᠨᠢᠭᠡᠴᠢ᠎ᠶᠢᠨ ᠱᠢᠨᠵᠢᠯᠡᠬᠦ ᠤᠬᠠᠭᠠᠨ ᠮᠡᠷᠭᠡᠵᠢᠯ᠎ᠦᠨ ᠠᠵᠢᠯᠲᠠᠨ᠎ᠤ ᠠᠵᠤ ᠠᠬᠤᠢᠯᠠᠯ ᠵᠢᠴᠢ ᠪᠤᠰᠤᠳ ᠵᠣᠬᠢᠶᠠᠨ ᠪᠠᠢᠭᠤᠯᠤᠯᠲᠠ᠎ᠳᠤ ᠣᠴᠢᠵᠤ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯᠯᠠᠭ᠎ᠠ ᠡᠷᠬᠢᠯᠡᠬᠦ᠎ᠶᠢ ᠳᠡᠮᠵᠢᠨ᠎ᠡ᠃

  ᠬᠣᠷᠢᠨ ᠨᠠᠢ᠍ᠮᠠᠳᠤᠭᠠᠷ ᠵᠦᠢᠯ  ᠤᠯᠤᠰ᠎ᠠᠴᠠ ᠠᠵᠤ ᠠᠬᠤᠢᠯᠠᠯ ᠪᠣᠯᠤᠨ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ᠂ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠢᠴᠢ ᠪᠣᠯᠪᠠᠰᠤᠷᠠᠭᠤᠯᠤᠯ᠎ᠤᠨ ᠪᠠᠢᠭᠤᠯᠤᠮᠵᠢ ᠬᠣᠯᠪᠤᠭᠠᠯᠠᠨ ᠰᠤᠷᠤᠭᠴᠢᠳ᠎ᠤᠨ ᠳᠠᠳᠤᠯᠭ᠎ᠠ ᠦᠢᠯᠡᠳᠦᠯᠭᠡ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ ᠪᠠ ᠰᠤᠳᠤᠯᠬᠤ ᠰᠤᠷᠤᠭᠴᠢᠳ᠎ᠤᠨ ᠱᠢᠨᠵᠢᠯᠡᠬᠦ ᠤᠬᠠᠭᠠᠨ᠎ᠤ ᠰᠤᠳᠤᠯᠭᠠᠨ᠎ᠤ ᠦᠢᠯᠡᠳᠦᠯᠭᠡ᠎ᠶᠢᠨ ᠠᠵᠢᠯ᠎ᠤᠨ ᠪᠠᠢᠭᠤᠯᠤᠮᠵᠢ ᠪᠠᠢᠭᠤᠯᠵᠤ᠂ ᠲᠤᠰᠭᠠᠢ ᠮᠡᠷᠭᠡᠵᠢᠯ᠎ᠦᠨ ᠴᠢᠳᠠᠪᠤᠷᠢᠲᠠᠨ ᠪᠠ ᠳᠡᠭᠡᠳᠦ ᠮᠡᠷᠭᠡᠵᠢᠯ᠎ᠦᠨ ᠴᠢᠳᠠᠪᠤᠷᠢ᠎ᠲᠠᠢ ᠴᠢᠳᠠᠪᠤᠷᠢᠲᠠᠨ᠎ᠢ ᠬᠠᠮᠲᠤ᠎ᠪᠠᠷ ᠬᠥᠮᠦᠵᠢᠭᠦᠯᠬᠦ᠎ᠶᠢ ᠳᠡᠮᠵᠢᠨ᠎ᠡ᠃

  ᠬᠣᠷᠢ ᠶᠢᠰᠦᠳᠦᠭᠡᠷ ᠵᠦᠢᠯ  ᠤᠯᠤᠰ᠎ᠠᠴᠠ ᠲᠠᠷᠢᠶᠠᠯᠠᠩ᠎ᠤᠨ ᠱᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠲᠠᠷᠢᠶᠠᠯᠠᠩ᠎ᠤᠨ ᠲᠤᠷᠱᠢᠯᠲᠠ᠎ᠶᠢᠨ ᠵᠢᠱᠢᠶ᠎ᠠ ᠦᠵᠡᠭᠦᠯᠬᠦ ᠨᠢᠭᠡᠴᠢ᠎ᠶᠢᠨ ᠲᠤᠰᠠᠭᠠᠷ᠎ᠢᠶᠠᠨ ᠪᠤᠶᠤ ᠪᠤᠰᠤᠳ ᠨᠢᠭᠡᠴᠢ᠎ᠲᠡᠢ ᠬᠠᠮᠲᠤᠷᠠᠵᠤ ᠲᠠᠷᠢᠶᠠᠯᠠᠩ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠬᠡᠷᠡᠭᠵᠢᠭᠦᠯᠬᠦ᠎ᠶᠢ ᠵᠣᠷᠢᠭᠵᠢᠭᠤᠯᠤᠨ᠎ᠠ᠃

  ᠭᠤᠴᠢᠳᠤᠭᠠᠷ ᠵᠦᠢᠯ  ᠤᠯᠤᠰ᠎ᠠᠴᠠ ᠮᠡᠷᠭᠡᠵᠢᠯ᠎ᠦᠨ ᠵᠠᠬ᠎ᠠ ᠳᠡᠯᠭᠡᠭᠦᠷ᠎ᠢ ᠪᠣᠢᠵᠢᠭᠤᠯᠤᠨ ᠬᠥᠭᠵᠢᠭᠦᠯᠵᠦ᠂ ᠱᠢᠨᠵᠢᠯᠡᠬᠦ ᠤᠬᠠᠭᠠᠨ ᠮᠡᠷᠭᠡᠵᠢᠯ᠎ᠦᠨ ᠵᠠᠭᠤᠴᠢ ᠦᠢᠯᠡᠴᠢᠯᠡᠭᠡᠨ᠎ᠦ ᠪᠠᠢᠭᠤᠯᠤᠮᠵᠢ ᠡᠭᠦᠳᠦᠨ ᠪᠠᠢᠭᠤᠯᠬᠤ᠎ᠶᠢ ᠵᠣᠷᠢᠭᠵᠢᠭᠤᠯᠤᠨ᠂ ᠮᠡᠷᠭᠡᠵᠢᠯ᠎ᠦᠨ ᠠᠷᠠᠯᠵᠢᠶ᠎ᠠ᠎ᠳᠤ ᠠᠷᠠᠯᠵᠢᠶᠠᠨ᠎ᠤ ᠲᠠᠯᠠᠪᠤᠷ᠂ ᠮᠡᠳᠡᠭᠡ ᠵᠠᠩᠭᠢ᠎ᠶᠢᠨ ᠲᠠᠪᠴᠠᠩ ᠵᠢᠴᠢ ᠮᠡᠳᠡᠭᠡ ᠵᠠᠩᠭᠢ ᠰᠤᠷᠠᠬᠤ᠂ ᠪᠣᠯᠪᠠᠰᠤᠷᠠᠭᠤᠯᠬᠤ ᠪᠠ ᠵᠠᠳᠠᠯᠬᠤ᠂ ᠦᠨᠡᠯᠡᠬᠦ᠂ ᠵᠠᠭᠤᠴᠢᠯᠠᠬᠤ ᠵᠡᠷᠭᠡ ᠦᠢᠯᠡᠴᠢᠯᠡᠭᠡ ᠬᠠᠩᠭᠠᠵᠤ ᠥᠭᠬᠦ ᠬᠡᠷᠡᠭᠲᠡᠢ᠃

  ᠱᠢᠨᠵᠢᠯᠡᠬᠦ ᠤᠬᠠᠭᠠᠨ ᠮᠡᠷᠭᠡᠵᠢᠯ᠎ᠦᠨ ᠵᠠᠭᠤᠴᠢ ᠦᠢᠯᠡᠴᠢᠯᠡᠭᠡᠨ᠎ᠦ ᠪᠠᠢᠭᠤᠯᠤᠮᠵᠢ ᠦᠢᠯᠡᠴᠢᠯᠡᠭᠡ ᠬᠠᠩᠭᠠᠬᠤ᠎ᠳᠤ᠎ᠪᠠᠨ ᠲᠥᠪ ᠭᠣᠤᠯᠴᠢ᠂ ᠪᠤᠰᠤᠳᠴᠢ ᠪᠠᠢᠬᠤ ᠵᠠᠷᠴᠢᠮ᠎ᠢ ᠵᠢᠷᠤᠮᠯᠠᠬᠤ ᠬᠡᠷᠡᠭᠲᠡᠢ᠂ ᠬᠤᠳᠠᠯ ᠬᠠᠭᠤᠷᠮᠠᠭ ᠮᠡᠳᠡᠭᠡ ᠵᠠᠩᠭᠢ ᠪᠠ ᠭᠡᠷᠡᠴᠢ ᠬᠠᠩᠭᠠᠵᠤ ᠪᠣᠯᠬᠤ᠎ᠦᠭᠡᠢ᠂ ᠦᠢᠯᠡᠴᠢᠯᠡᠭᠡ ᠬᠠᠩᠭᠠᠬᠤ ᠶᠠᠪᠤᠴᠠ᠎ᠳᠤ᠎ᠪᠠᠨ ᠣᠢᠯᠠᠭᠠᠵᠤ ᠮᠡᠳᠡᠭᠰᠡᠨ ᠤᠯᠤᠰ᠎ᠤᠨ ᠨᠢᠭᠤᠴᠠ ᠪᠠ ᠲᠤᠬᠠᠢ᠎ᠶᠢᠨ ᠬᠥᠮᠦᠨ᠎ᠦ ᠬᠤᠳᠠᠯᠳᠤᠭᠠᠨ᠎ᠤ ᠨᠢᠭᠤᠴᠠ᠎ᠶᠢ ᠬᠠᠮᠠᠭᠠᠯᠠᠬᠤ ᠡᠭᠦᠷᠭᠡ᠎ᠲᠡᠢ᠃

  ᠭᠤᠴᠢᠨ ᠨᠢᠭᠡᠳᠦᠭᠡᠷ ᠵᠦᠢᠯ  ᠤᠯᠤᠰ᠎ᠠᠴᠠ ᠠᠵᠤ ᠦᠢᠯᠡᠰ ᠪᠠ ᠣᠷᠤᠨ ᠪᠦᠰᠡ᠎ᠶᠢᠨ ᠬᠥᠭᠵᠢᠯᠲᠡ᠎ᠶᠢᠨ ᠱᠠᠭᠠᠷᠳᠠᠯᠭ᠎ᠠ᠎ᠶᠢ ᠦᠨᠳᠦᠰᠦᠯᠡᠨ ᠣᠯᠠᠨ ᠨᠡᠢᠲᠡ᠎ᠶᠢᠨ ᠰᠤᠳᠤᠯᠤᠨ ᠨᠡᠭᠡᠭᠡᠬᠦ ᠲᠠᠪᠴᠠᠩ ᠪᠠᠢᠭᠤᠯᠬᠤ᠎ᠶᠢ ᠳᠡᠮᠵᠢᠵᠦ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠳᠤ ᠮᠡᠷᠭᠡᠵᠢᠯ ᠬᠤᠷᠠᠭᠤᠯᠬᠤ᠂ ᠨᠡᠢᠲᠡᠴᠢ ᠴᠢᠨᠠᠷᠲᠠᠢ ᠮᠡᠷᠭᠡᠵᠢᠯ᠎ᠢ ᠰᠤᠳᠤᠯᠤᠨ ᠨᠡᠭᠡᠭᠡᠬᠦ᠂ ᠵᠠᠪᠰᠠᠷ᠎ᠤᠨ ᠲᠤᠷᠱᠢᠯᠲᠠ ᠪᠠ ᠠᠵᠤ ᠦᠢᠯᠡᠳᠪᠦᠷᠢ᠎ᠶᠢᠨ ᠴᠢᠨᠠᠷᠲᠠᠢ ᠲᠤᠷᠱᠢᠯᠲᠠ ᠬᠢᠬᠦ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠱᠢᠰᠲᠧᠮᠵᠢᠭᠦᠯᠦᠨ ᠢᠨᠵᠧᠨᠧᠷᠢᠨᠭᠵᠢᠭᠦᠯᠵᠦ ᠨᠡᠭᠡᠭᠡᠨ ᠠᠱ᠌ᠢᠭᠯᠠᠬᠤ᠂ ᠮᠡᠷᠭᠡᠵᠢᠯ ᠳᠡᠯᠭᠡᠷᠡᠭᠦᠯᠬᠦ ᠪᠠ ᠮᠡᠷᠭᠡᠵᠢᠯ᠎ᠦᠨ ᠵᠢᠱᠢᠶ᠎ᠡ ᠦᠵᠡᠭᠦᠯᠬᠦ ᠵᠡᠷᠭᠡ ᠦᠢᠯᠡᠴᠢᠯᠡᠭᠡ ᠬᠠᠩᠭᠠᠨ᠎ᠠ᠃

  ᠭᠤᠴᠢᠨ ᠬᠣᠶᠠᠳᠤᠭᠠᠷ ᠵᠦᠢᠯ  ᠤᠯᠤᠰ᠎ᠠᠴᠠ ᠱᠢᠨᠵᠢᠯᠡᠬᠦ ᠤᠬᠠᠭᠠᠨ ᠮᠡᠷᠭᠡᠵᠢᠯ᠎ᠦᠨ ᠠᠵᠤ ᠠᠬᠤᠢᠯᠠᠯ᠎ᠤᠨ ᠨᠡᠪᠴᠢᠭᠡᠭᠦᠷ᠂ ᠶᠡᠬᠡ ᠰᠤᠷᠭᠠᠭᠤᠯᠢ᠎ᠶᠢᠨ ᠱᠢᠨᠵᠢᠯᠡᠬᠦ ᠤᠬᠠᠭᠠᠨ ᠮᠡᠷᠭᠡᠵᠢᠯ᠎ᠦᠨ ᠬᠦᠷᠢᠶᠡᠯᠡᠩ ᠵᠡᠷᠭᠡ ᠱᠢᠨᠵᠢᠯᠡᠬᠦ ᠤᠬᠠᠭᠠᠨ ᠮᠡᠷᠭᠡᠵᠢᠯ᠎ᠦᠨ ᠠᠵᠤ ᠠᠬᠤᠢᠯᠠᠯ᠎ᠤᠨ ᠨᠡᠪᠴᠢᠭᠡᠭᠦ ᠪᠠᠢᠭᠤᠯᠤᠮᠵᠢ᠎ᠶᠢᠨ ᠬᠥᠭᠵᠢᠯᠲᠡ᠎ᠶᠢ ᠳᠡᠮᠵᠢᠵᠦ᠂ ᠠᠩᠬ᠎ᠠ ᠡᠭᠦᠳᠦᠯᠲᠡ᠎ᠶᠢᠨ ᠬᠤᠭᠤᠴᠠᠭᠠᠨ᠎ᠳᠤ᠎ᠪᠠᠨ ᠪᠠᠢᠭ᠎ᠠ ᠱᠢᠨᠵᠢᠯᠡᠬᠦ ᠤᠬᠠᠭᠠᠨ ᠮᠡᠷᠭᠡᠵᠢᠯ᠎ᠦᠨ ᠬᠡᠯᠪᠡᠷᠢ᠎ᠶᠢᠨ ᠳᠤᠮᠳᠠ ᠵᠢᠵᠢᠭ ᠠᠵᠤ ᠠᠬᠤᠢᠯᠠᠯ᠎ᠳᠤ ᠨᠡᠪᠴᠢᠭᠡᠭᠦ ᠲᠠᠯᠠᠪᠤᠷ᠂ ᠦᠢᠯᠡᠰ ᠴᠣᠭᠴᠠᠯᠠᠬᠤ ᠬᠠᠪᠰᠤᠷᠤᠨ ᠵᠢᠯᠤᠭᠤᠳᠤᠯᠭ᠎ᠠ᠂ ᠰᠤᠳᠤᠯᠤᠨ ᠨᠡᠭᠡᠭᠡᠯᠲᠡ ᠪᠠ ᠬᠠᠮᠢᠶᠠᠷᠤᠯᠲᠠ᠎ᠶᠢᠨ ᠵᠥᠪᠯᠡᠯᠭᠡ ᠵᠡᠷᠭᠡ ᠦᠢᠯᠡᠴᠢᠯᠡᠭᠡ ᠬᠠᠩᠭᠠᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604