ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠠᠬᠢᠭᠤᠯᠬᠤ ᠬᠠᠤᠯᠢ (ᠭᠤᠷᠪᠠᠳᠤᠭᠠᠷ ᠪᠦᠯᠦᠭ)
2019.11.11

  (1996 ᠣᠨ᠎ᠤ 5 ᠰᠠᠷ᠎ᠠ᠎ᠶᠢᠨ 15᠎ᠤ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠ ᠶᠢᠰᠦᠳᠦᠭᠡᠷ ᠬᠤᠷᠠᠯᠳᠤᠭᠠᠨ᠎ᠠᠴᠠ ᠪᠠᠲᠤᠯᠠᠪᠠ

  2015 ᠣᠨ᠎ᠤ 8 ᠰᠠᠷ᠎ᠠ᠎ᠶᠢᠨ 29᠎ᠦ ᠡᠳᠦᠷ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠵᠢᠷᠭᠤᠳᠤᠭᠠᠷ ᠬᠤᠷᠠᠯᠳᠤᠭᠠᠨ᠎ᠤ 《<ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠠᠬᠢᠭᠤᠯᠬᠤ ᠬᠠᠤᠯᠢ>᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠵᠠᠰᠠᠪᠠ)

 

 

    ᠭᠤᠷᠪᠠᠳᠤᠭᠠᠷ ᠪᠦᠯᠦᠭ   ᠪᠠᠲᠤᠯᠠᠬᠤ ᠠᠷᠭ᠎ᠠ ᠬᠡᠮᠵᠢᠶ᠎ᠡ

 

  ᠭᠤᠴᠢᠨ ᠭᠤᠷᠪᠠᠳᠤᠭᠠᠷ ᠵᠦᠢᠯ   ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠡᠳ᠋᠎ᠦᠨ ᠵᠠᠰᠠᠭ᠎ᠤᠨ ᠵᠠᠷᠤᠳᠠᠯ᠎ᠢ ᠭᠣᠣᠯᠳᠠᠭᠤ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠬᠥᠲᠦᠯᠦᠨ ᠵᠢᠯᠤᠭᠤᠳᠭᠤ ᠪᠡᠯᠡ ᠮᠥᠩᠭᠦ᠂ ᠵᠢᠭᠡᠯᠡᠯᠭᠡ᠎ᠶᠢᠨ ᠳᠠᠮ ᠬᠦᠦ ᠮᠥᠩᠭᠦ᠂ ᠨᠥᠬᠦᠪᠦᠷᠢ ᠪᠡᠯᠡ ᠮᠥᠩᠭᠦ ᠪᠣᠯᠤᠨ ᠲᠦᠭᠱᠢᠭᠦᠷᠢᠲᠦ ᠪᠡᠯᠡ ᠣᠷᠤᠭᠤᠯᠤᠯᠲᠠ ᠵᠢᠴᠢ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠠᠬᠢᠭᠤᠯᠬᠤ ᠪᠤᠰᠤᠳ ᠪᠡᠯᠡ ᠮᠥᠩᠭᠦ᠎ᠶᠢᠨ ᠬᠡᠷᠡᠭᠴᠡᠭᠡ᠎ᠳᠦ ᠵᠠᠷᠤᠨ᠎ᠠ᠃

  ᠭᠤᠴᠢᠨ ᠳᠥᠷᠪᠡᠳᠦᠭᠡᠷ ᠵᠦᠢᠯ   ᠤᠯᠤᠰ᠎ᠠᠴᠠ ᠬᠣᠯᠪᠤᠭᠳᠠᠯ ᠪᠦᠬᠦᠢ ᠭᠠᠢᠯᠢ ᠲᠠᠲᠠᠪᠤᠷᠢ᠎ᠶᠢᠨ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠤᠨ ᠲᠣᠭᠲᠠᠭᠠᠯ ᠶᠣᠰᠤᠭᠠᠷ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯᠯᠠᠭᠠᠨ᠎ᠳᠤ ᠭᠠᠢᠯᠢ ᠲᠠᠲᠠᠪᠤᠷᠢ᠎ᠶᠢᠨ ᠬᠠᠷᠠᠭᠠᠯᠵᠠᠯ ᠦᠵᠡᠭᠦᠯᠦᠨ᠎ᠡ᠃

  ᠭᠤᠴᠢᠨ ᠲᠠᠪᠤᠳᠤᠭᠠᠷ ᠵᠦᠢᠯ   ᠤᠯᠤᠰ᠎ᠠᠴᠠ ᠪᠠᠩᠬᠢ᠎ᠶᠢᠨ ᠦᠢᠯᠡᠰ᠎ᠦᠨ ᠮᠥᠩᠭᠦᠨ ᠭᠦᠢᠯᠭᠡᠭᠡᠨ᠎ᠦ ᠪᠠᠢᠭᠤᠯᠤᠮᠵᠢ᠎ᠶᠢᠨ ᠵᠣᠬᠢᠶᠠᠨ ᠪᠠᠢᠭᠤᠯᠬᠤ ᠬᠡᠯᠪᠡᠷᠢ᠂ ᠬᠠᠮᠢᠶᠠᠷᠤᠯᠲᠠ᠎ᠶᠢᠨ ᠲᠣᠭᠲᠠᠴᠠ᠂ ᠮᠥᠩᠭᠦᠨ ᠭᠦᠢᠯᠭᠡᠭᠡᠨ᠎ᠦ ᠪᠦᠲᠦᠭᠡᠭᠳᠡᠬᠦᠨ ᠪᠠ ᠦᠢᠯᠡᠴᠢᠯᠡᠭᠡ ᠵᠡᠷᠭᠡ ᠲᠠᠯ᠎ᠠ᠎ᠪᠠᠷ ᠱᠢᠨ᠎ᠡ᠎ᠶᠢ ᠡᠭᠦᠳᠬᠦ᠎ᠶᠢ ᠵᠣᠷᠢᠭᠵᠢᠭᠤᠯᠵᠤ᠂ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠪᠡᠨ ᠳᠠᠨᠵᠢᠯᠠᠨ ᠵᠢᠭᠡᠯᠡᠯᠭᠡ ᠠᠪᠬᠤ᠂ ᠰᠲ᠋ᠤᠺ᠎ᠤᠨ ᠡᠷᠬᠡ᠎ᠪᠡᠨ ᠳᠠᠨᠵᠢᠯᠠᠨ ᠵᠢᠭᠡᠯᠡᠯᠭᠡ ᠠᠪᠬᠤ ᠵᠡᠷᠭᠡ ᠵᠢᠭᠡᠯᠡᠯᠭᠡ᠎ᠶᠢᠨ ᠲᠤᠬᠠᠢᠯᠠᠭᠰᠠᠨ ᠠᠵᠢᠯ ᠥᠷᠨᠢᠭᠦᠯᠬᠦ᠎ᠶᠢ ᠵᠣᠷᠢᠭᠵᠢᠭᠤᠯᠵᠤ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠳᠤ ᠮᠥᠩᠭᠦᠨ ᠭᠦᠢᠯᠭᠡᠭᠡᠨ᠎ᠦ ᠳᠡᠮᠵᠢᠯᠭᠡ ᠬᠠᠩᠭᠠᠨ᠎ᠠ᠃

  ᠤᠯᠤᠰ᠎ᠠᠴᠠ ᠲᠥᠷᠦ᠎ᠶᠢᠨ ᠪᠣᠳᠤᠯᠭ᠎ᠠ᠎ᠶᠢᠨ ᠴᠢᠨᠠᠷᠲᠠᠢ ᠮᠥᠩᠭᠦᠨ ᠭᠦᠢᠯᠭᠡᠭᠡᠨ᠎ᠦ ᠪᠠᠢᠭᠤᠯᠤᠮᠵᠢ᠎ᠶᠢᠨ ᠠᠷᠭ᠎ᠠ ᠬᠡᠮᠵᠢᠶ᠎ᠡ ᠠᠪᠴᠤ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠳᠤ ᠦᠵᠡᠭᠦᠯᠬᠦ ᠮᠥᠩᠭᠦᠨ ᠭᠦᠢᠯᠭᠡᠭᠡᠨ᠎ᠦ ᠳᠡᠮᠵᠢᠯᠭᠡ᠎ᠪᠡᠨ ᠨᠡᠮᠡᠭᠳᠡᠭᠦᠯᠬᠦ᠎ᠶᠢ ᠵᠣᠷᠢᠭᠵᠢᠭᠤᠯᠤᠨ᠎ᠠ᠃

  ᠭᠤᠴᠢᠨ ᠵᠢᠷᠭᠤᠳᠤᠭᠠᠷ ᠵᠦᠢᠯ   ᠤᠯᠤᠰ᠎ᠠᠴᠠ ᠳᠠᠭᠠᠳᠭᠠᠯ᠎ᠤᠨ ᠪᠠᠢᠭᠤᠯᠤᠮᠵᠢ᠎ᠶᠢᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠣᠨᠴᠠᠯᠢᠭ᠎ᠲᠤ ᠨᠡᠢᠴᠡᠬᠦ ᠳᠠᠭᠠᠳᠭᠠᠯ᠎ᠤᠨ ᠲᠥᠷᠦᠯ ᠵᠦᠢᠯ᠎ᠢ ᠨᠡᠭᠡᠭᠡᠨ ᠬᠥᠭᠵᠢᠭᠦᠯᠵᠦ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠳᠤ ᠳᠠᠭᠠᠳᠭᠠᠯ᠎ᠤᠨ ᠦᠢᠯᠡᠴᠢᠯᠡᠭᠡ ᠬᠠᠩᠭᠠᠬᠤ᠎ᠶᠢ ᠵᠣᠷᠢᠭᠵᠢᠭᠤᠯᠤᠨ᠎ᠠ᠃

  ᠭᠤᠴᠢᠨ ᠳᠣᠯᠤᠳᠤᠭᠠᠷ ᠵᠦᠢᠯ   ᠤᠯᠤᠰ᠎ᠠᠴᠠ ᠣᠯᠠᠨ ᠳᠠᠪᠬᠤᠷᠭᠠᠲᠤ ᠬᠥᠷᠦᠩᠭᠡ᠎ᠶᠢᠨ ᠵᠠᠬ᠎ᠠ ᠳᠡᠯᠭᠡᠭᠦᠷ᠎ᠢ ᠲᠡᠭᠦᠯᠳᠡᠷᠵᠢᠭᠦᠯᠵᠦ᠂ ᠠᠵᠤ ᠠᠬᠤᠢᠯᠠᠯ᠎ᠤᠨ ᠰᠲ᠋ᠤᠺ᠎ᠤᠨ ᠡᠷᠬᠡ ᠠᠷᠠᠯᠵᠢᠶᠠᠯᠠᠬᠤ᠂ ᠬᠠᠤᠯᠢ ᠶᠣᠰᠤᠭᠠᠷ ᠰᠲ᠋ᠤᠺ ᠪᠠ ᠵᠢᠭᠡᠯᠡᠯᠭᠡ᠎ᠶᠢᠨ ᠲᠡᠮᠳᠡᠭᠲᠦ ᠲᠠᠷᠬᠠᠭᠠᠬᠤ ᠵᠡᠷᠭᠡ ᠱᠢᠭᠤᠳ ᠪᠡᠯᠡ ᠨᠡᠢᠯᠡᠭᠦᠯᠬᠦ ᠠᠷᠭ᠎ᠠ ᠮᠠᠶᠢᠭ᠎ᠢᠶᠠᠷ ᠳᠠᠮᠵᠢᠭᠤᠯᠤᠨ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠵᠦᠢᠯᠡᠰ᠎ᠲᠦ ᠪᠡᠯᠡ ᠨᠡᠢᠯᠡᠭᠦᠯᠬᠦ᠎ᠶᠢ ᠳᠡᠮᠵᠢᠨ᠎ᠡ᠃

  ᠭᠤᠴᠢᠨ ᠨᠠᠢ᠍ᠮᠠᠳᠤᠭᠠᠷ ᠵᠦᠢᠯ   ᠤᠯᠤᠰ᠎ᠠᠴᠠ ᠦᠢᠯᠡᠰ ᠴᠣᠭᠴᠠᠯᠠᠬᠤ ᠪᠡᠯᠡ ᠣᠷᠤᠭᠤᠯᠤᠯᠲᠠ᠎ᠶᠢᠨ ᠪᠠᠢᠭᠤᠯᠤᠮᠵᠢ᠎ᠶᠢᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠵᠦᠢᠯᠡᠰ᠎ᠲᠦ ᠪᠡᠯᠡ ᠣᠷᠤᠭᠤᠯᠬᠤ᠎ᠶᠢ ᠵᠣᠷᠢᠭᠵᠢᠭᠤᠯᠤᠨ᠎ᠠ᠃

  ᠤᠯᠤᠰ᠎ᠠᠴᠠ ᠪᠠᠢᠭᠤᠯᠤᠭᠰᠠᠨ ᠦᠢᠯᠡᠰ ᠴᠣᠭᠴᠠᠯᠠᠬᠤ ᠪᠡᠯᠡ ᠣᠷᠤᠭᠤᠯᠤᠯᠲᠠ᠎ᠶᠢ ᠬᠥᠲᠦᠯᠦᠨ ᠵᠢᠯᠤᠭᠤᠳᠭᠤ ᠰᠠᠭᠤᠷᠢ ᠮᠥᠩᠭᠦ᠎ᠪᠡᠷ ᠦᠢᠯᠡᠰ ᠴᠣᠭᠴᠠᠯᠠᠬᠤ ᠪᠡᠯᠡ ᠣᠷᠤᠭᠤᠯᠤᠯᠲᠠ᠎ᠶᠢᠨ ᠪᠠᠢᠭᠤᠯᠤᠮᠵᠢ᠎ᠶᠢᠨ ᠠᠩᠬ᠎ᠠ ᠡᠭᠦᠳᠦᠯᠲᠡ᠎ᠶᠢᠨ ᠬᠤᠭᠤᠴᠠᠭᠠᠨ᠎ᠳᠤ᠎ᠪᠠᠨ ᠪᠠᠢᠭ᠎ᠠ ᠱᠢᠨᠵᠢᠯᠡᠬᠦ ᠤᠬᠠᠭᠠᠨ ᠮᠡᠷᠭᠡᠵᠢᠯ᠎ᠦᠨ ᠬᠡᠯᠪᠡᠷᠢ᠎ᠶᠢᠨ ᠳᠤᠮᠳᠠ ᠵᠢᠵᠢᠭ ᠠᠵᠤ ᠠᠬᠤᠢᠯᠠᠯ᠎ᠳᠤ ᠪᠡᠯᠡ ᠣᠷᠤᠭᠤᠯᠬᠤ᠎ᠶᠢ ᠬᠥᠲᠦᠯᠦᠨ ᠵᠢᠯᠤᠭᠤᠳᠴᠤ ᠳᠡᠮᠵᠢᠬᠦ ᠬᠡᠷᠡᠭᠲᠡᠢ᠃

  ᠭᠤᠴᠢ ᠶᠢᠰᠦᠳᠦᠭᠡᠷ ᠵᠦᠢᠯ   ᠤᠯᠤᠰ᠎ᠠᠴᠠ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠰᠠᠭᠤᠷᠢ ᠮᠥᠩᠭᠦ ᠪᠤᠶᠤ ᠲᠦᠭᠱᠢᠭᠦᠷᠢ᠎ᠶᠢᠨ ᠰᠠᠭᠤᠷᠢ ᠮᠥᠩᠭᠦ ᠪᠠᠢᠭᠤᠯᠬᠤ᠎ᠶᠢ ᠵᠣᠷᠢᠭᠵᠢᠭᠤᠯᠤᠨ᠎ᠠ᠂ ᠪᠡᠯᠡ ᠮᠥᠩᠭᠦᠨ᠎ᠦ ᠢᠷᠡᠯᠲᠡ᠎ᠶᠢ ᠤᠯᠤᠰ᠂ ᠣᠷᠤᠨ ᠨᠤᠲᠤᠭ᠂ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ ᠵᠢᠴᠢ ᠪᠤᠰᠤᠳ ᠵᠣᠬᠢᠶᠠᠨ ᠪᠠᠢᠭᠤᠯᠤᠯᠲᠠ ᠪᠤᠶᠤ ᠬᠤᠪᠢ ᠬᠥᠮᠦᠨ ᠬᠠᠩᠭᠠᠵᠤ᠂ ᠪᠡᠯᠡ ᠣᠷᠤᠭᠤᠯᠤᠯᠲᠠ ᠶᠡᠬᠡᠲᠡᠢ᠂ ᠲᠦᠭᠱᠢᠭᠦᠷᠢ ᠶᠡᠬᠡᠲᠡᠢ᠂ ᠭᠠᠷᠤᠯᠲᠠ ᠶᠡᠬᠡᠲᠡᠢ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠳᠡᠮᠵᠢᠬᠦ᠎ᠳᠦ ᠬᠡᠷᠡᠭᠯᠡᠵᠦ᠂ ᠴᠢᠬᠤᠯᠠ ᠶᠡᠬᠡ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠠᠵᠤ ᠦᠢᠯᠡᠰᠵᠢᠯᠲᠡ᠎ᠶᠢ ᠲᠦᠷᠭᠡᠳᠭᠡᠨ᠎ᠡ᠃

  ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠰᠠᠭᠤᠷᠢ ᠮᠥᠩᠭᠦ ᠪᠣᠯᠤᠨ ᠲᠦᠭᠱᠢᠭᠦᠷᠢ᠎ᠶᠢᠨ ᠰᠠᠭᠤᠷᠢ ᠮᠥᠩᠭᠦ ᠪᠠᠢᠭᠤᠯᠬᠤ ᠵᠢᠴᠢ ᠲᠡᠭᠦᠨ᠎ᠦ ᠪᠡᠯᠡ ᠮᠥᠩᠭᠦ᠎ᠶᠢ ᠬᠡᠷᠡᠭᠯᠡᠬᠦ᠎ᠳᠤ᠎ᠪᠠᠨ ᠤᠯᠤᠰ᠎ᠤᠨ ᠬᠣᠯᠪᠤᠭᠳᠠᠯ ᠪᠦᠬᠦᠢ ᠲᠣᠭᠲᠠᠭᠠᠯ ᠶᠣᠰᠤᠭᠠᠷ ᠭᠦᠢᠴᠡᠳᠭᠡᠨ᠎ᠡ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604