ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠠᠬᠢᠭᠤᠯᠬᠤ ᠬᠠᠤᠯᠢ (ᠳᠥᠷᠪᠡᠳᠦᠭᠡᠷ ᠪᠦᠯᠦᠭ)
2019.11.11

   (1996 ᠣᠨ᠎ᠤ 5 ᠰᠠᠷ᠎ᠠ᠎ᠶᠢᠨ 15 ᠎ᠤ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠ ᠶᠢᠰᠦᠳᠦᠭᠡᠷ ᠬᠤᠷᠠᠯᠳᠤᠭᠠᠨ᠎ᠠᠴᠠ ᠪᠠᠲᠤᠯᠠᠪᠠ

  2015 ᠣᠨ᠎ᠤ 8 ᠰᠠᠷ᠎ᠠ᠎ᠶᠢᠨ 29᠎ᠦ ᠡᠳᠦᠷ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠵᠢᠷᠭᠤᠳᠤᠭᠠᠷ ᠬᠤᠷᠠᠯᠳᠤᠭᠠᠨ᠎ᠤ 《<ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠠᠬᠢᠭᠤᠯᠬᠤ ᠬᠠᠤᠯᠢ>᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠵᠠᠰᠠᠪᠠ)

 

    ᠳᠥᠷᠪᠡᠳᠦᠭᠡᠷ ᠪᠦᠯᠦᠭ   ᠮᠡᠷᠭᠡᠵᠢᠯ᠎ᠦᠨ ᠡᠷᠬᠡ ᠠᠱᠢᠭ

 

  ᠳᠥᠴᠢᠳᠦᠭᠡᠷ ᠵᠦᠢᠯ   ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠪᠡᠶᠡᠯᠡᠭᠦᠯᠦᠭᠰᠡᠨ ᠨᠢᠭᠡᠴᠢ ᠪᠤᠰᠤᠳ ᠨᠢᠭᠡᠴᠢ᠎ᠲᠡᠢ ᠬᠠᠮᠲᠤᠷᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ ᠬᠢᠪᠡᠯ᠂ ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠣᠯᠪᠤᠭᠳᠠᠯ ᠪᠦᠬᠦᠢ ᠡᠷᠬᠡ ᠠᠱᠢᠭ᠎ᠤᠨ ᠬᠠᠷᠢᠶᠠᠯᠠᠯ᠎ᠢ ᠬᠠᠤᠯᠢ ᠶᠣᠰᠤᠭᠠᠷ ᠭᠡᠷ᠎ᠡ᠎ᠪᠡᠷ ᠪᠣᠯᠵᠤᠨ ᠲᠣᠭᠲᠠᠭᠠᠬᠤ ᠬᠡᠷᠡᠭᠲᠡᠢ᠃ ᠭᠡᠷ᠎ᠡ᠎ᠳᠦ ᠪᠣᠯᠵᠤᠨ ᠲᠣᠭᠲᠠᠭᠠᠭᠰᠠᠨ᠎ᠦᠭᠡᠢ ᠪᠣᠯ ᠳᠣᠣᠷ᠎ᠠ ᠵᠢᠭᠰᠠᠭᠠᠭᠰᠠᠨ ᠵᠠᠷᠴᠢᠮ ᠶᠣᠰᠤᠭᠠᠷ ᠰᠢᠢᠳᠪᠦᠷᠢᠯᠡᠨ᠎ᠡ᠄

   (ᠨᠢᠭᠡ) ᠬᠠᠮᠲᠤᠷᠠᠭᠰᠠᠨ ᠬᠤᠪᠢᠷᠠᠭᠤᠯᠤᠯᠲᠠ᠎ᠶᠢᠨ ᠳᠤᠮᠳᠠ ᠱᠢᠨ᠎ᠡ ᠡᠭᠦᠳᠦᠯᠲᠡ ᠪᠦᠲᠦᠭᠡᠯᠲᠡ᠎ᠦᠭᠡᠢ ᠪᠣᠯ ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠡᠷᠬᠡ ᠠᠱᠢᠭ᠎ᠨᠢ ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠪᠡᠶᠡᠯᠡᠭᠦᠯᠦᠭᠰᠡᠨ ᠨᠢᠭᠡᠴᠢ᠎ᠳᠦ ᠬᠠᠷᠢᠶᠠᠯᠠᠭᠳᠠᠨ᠎ᠠ;

   (ᠬᠣᠶᠠᠷ) ᠬᠠᠮᠲᠤᠷᠠᠭᠰᠠᠨ ᠬᠤᠪᠢᠷᠠᠭᠤᠯᠤᠯᠲᠠ᠎ᠶᠢᠨ ᠳᠤᠮᠳᠠ ᠱᠢᠨ᠎ᠡ ᠡᠭᠦᠳᠦᠯᠲᠡ ᠪᠦᠲᠦᠭᠡᠯᠲᠡ ᠭᠠᠷᠭᠠᠭᠰᠠᠨ ᠪᠠᠢᠪᠠᠯ᠂ ᠲᠤᠰ ᠱᠢᠨ᠎ᠡ ᠡᠭᠦᠳᠦᠯᠲᠡ ᠪᠦᠲᠦᠭᠡᠯᠲᠡ᠎ᠶᠢᠨ ᠡᠷᠬᠡ ᠠᠱᠢᠭ᠎ᠢ ᠬᠠᠮᠲᠤᠷᠠᠭᠰᠠᠨ ᠡᠯ᠎ᠡ ᠲᠠᠯ᠎ᠠ᠎ᠶᠢᠨ ᠬᠢᠨ ᠬᠠᠮᠲᠤ᠎ᠪᠠᠷ ᠡᠳ᠋ᠯᠡᠨ᠎ᠡ;

   (ᠭᠤᠷᠪᠠ) ᠬᠠᠮᠲᠤᠷᠠᠭᠰᠠᠨ ᠬᠤᠪᠢᠷᠠᠭᠤᠯᠤᠯᠲᠠ᠎ᠶᠢᠨ ᠳᠤᠮᠳᠠ ᠪᠣᠢ ᠪᠣᠯᠤᠭᠰᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠳᠦ᠂ ᠡᠯ᠎ᠡ ᠲᠠᠯ᠎ᠠ᠎ᠶᠢᠨ ᠬᠢᠨ ᠴᠥᠮ ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠬᠡᠷᠡᠭᠵᠢᠭᠦᠯᠬᠦ ᠡᠷᠬᠡ᠎ᠲᠡᠢ᠂ ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠱᠢᠯᠵᠢᠭᠦᠯᠵᠦ ᠥᠭᠬᠦ᠎ᠳᠤ᠎ᠪᠠᠨ ᠬᠠᠮᠲᠤᠷᠠᠭᠰᠠᠨ ᠡᠯ᠎ᠡ ᠲᠠᠯ᠎ᠠ᠎ᠶᠢᠨ ᠬᠢᠨ᠎ᠦ ᠵᠥᠪᠱᠢᠶᠡᠷᠡᠯ᠎ᠢ ᠣᠯᠬᠤ ᠬᠡᠷᠡᠭᠲᠡᠢ᠃

  ᠳᠥᠴᠢᠨ ᠨᠢᠭᠡᠳᠦᠭᠡᠷ ᠵᠦᠢᠯ   ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠪᠡᠶᠡᠯᠡᠭᠦᠯᠦᠭᠰᠡᠨ ᠨᠢᠭᠡᠴᠢ ᠪᠤᠰᠤᠳ ᠨᠢᠭᠡᠴᠢ᠎ᠲᠡᠢ ᠬᠠᠮᠲᠤᠷᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ ᠬᠢᠪᠡᠯ᠂ ᠬᠠᠮᠲᠤᠷᠠᠭᠰᠠᠨ ᠡᠯ᠎ᠡ ᠲᠠᠯ᠎ᠠ᠎ᠶᠢᠨ ᠬᠢᠨ ᠮᠡᠷᠭᠡᠵᠢᠯ᠎ᠦᠨ ᠨᠢᠭᠤᠴᠠ᠎ᠶᠢ ᠬᠠᠮᠠᠭᠠᠯᠠᠬᠤ ᠲᠤᠬᠠᠢ ᠬᠡᠯᠡᠯᠴᠡᠭᠡᠷ ᠲᠣᠭᠲᠠᠬᠤ ᠬᠡᠷᠡᠭᠲᠡᠢ; ᠲᠤᠬᠠᠢ᠎ᠶᠢᠨ ᠬᠥᠮᠦᠨ ᠬᠡᠯᠡᠯᠴᠡᠭᠡᠷ᠎ᠢ ᠵᠥᠷᠢᠴᠡᠬᠦ ᠪᠤᠶᠤ ᠮᠡᠷᠭᠡᠵᠢᠯ᠎ᠦᠨ ᠨᠢᠭᠤᠴᠠ᠎ᠶᠢ ᠬᠠᠮᠠᠭᠠᠯᠠᠬᠤ ᠲᠤᠬᠠᠢ ᠡᠷᠬᠡᠲᠦ ᠬᠥᠮᠦᠨ᠎ᠦ ᠱᠠᠭᠠᠷᠳᠠᠯᠭ᠎ᠠ᠎ᠶᠢ ᠵᠥᠷᠢᠴᠡᠵᠦ᠂ ᠲᠤᠰ ᠮᠡᠷᠭᠡᠵᠢᠯ᠎ᠢ ᠪᠤᠰᠤᠳ ᠬᠥᠮᠦᠨ᠎ᠳᠦ ᠵᠠᠳᠠᠷᠠᠭᠤᠯᠵᠤ᠂ ᠪᠤᠰᠤᠳ ᠬᠥᠮᠦᠨ᠎ᠦ ᠬᠡᠷᠡᠭᠯᠡᠬᠦ᠎ᠶᠢ ᠵᠥᠪᠱᠢᠶᠡᠷᠡᠵᠦ ᠪᠣᠯᠬᠤ᠎ᠦᠭᠡᠢ᠃

  ᠳᠥᠴᠢᠨ ᠬᠣᠶᠠᠳᠤᠭᠠᠷ ᠵᠦᠢᠯ   ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ ᠮᠡᠷᠭᠡᠵᠢᠯ᠎ᠦᠨ ᠨᠢᠭᠤᠴᠠ᠎ᠶᠢ ᠬᠠᠮᠠᠭᠠᠯᠠᠬᠤ ᠳᠦᠷᠢᠮ᠎ᠢ ᠲᠣᠭᠲᠠᠭᠠᠨ ᠪᠦᠷᠢᠨᠱᠢᠭᠦᠯᠵᠦ᠂ ᠲᠤᠰ ᠨᠢᠭᠡᠴᠢ᠎ᠶᠢᠨ᠎ᠢᠶᠡᠨ ᠮᠡᠷᠭᠡᠵᠢᠯ᠎ᠦᠨ ᠨᠢᠭᠤᠴᠠ᠎ᠶᠢ ᠬᠠᠮᠠᠭᠠᠯᠠᠬᠤ ᠬᠡᠷᠡᠭᠲᠡᠢ᠃ ᠠᠵᠢᠯᠲᠠᠨ ᠠᠵᠢᠯᠴᠢᠨ ᠲᠤᠰ ᠨᠢᠭᠡᠴᠢ᠎ᠶᠢᠨ᠎ᠢᠶᠡᠨ ᠮᠡᠷᠭᠡᠵᠢᠯ᠎ᠦᠨ ᠨᠢᠭᠤᠴᠠ᠎ᠶᠢ ᠬᠠᠮᠠᠭᠠᠯᠠᠬᠤ ᠳᠦᠷᠢᠮ᠎ᠢ ᠵᠢᠷᠤᠮᠯᠠᠬᠤ ᠬᠡᠷᠡᠭᠲᠡᠢ᠃

  ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠳᠤ ᠣᠷᠤᠯᠴᠠᠭᠰᠠᠨ ᠬᠣᠯᠪᠤᠭᠳᠠᠯ ᠪᠦᠬᠦᠢ ᠬᠥᠮᠦᠰ᠎ᠯᠦᠭᠡ ᠠᠵᠢᠯ᠎ᠤᠨ ᠪᠠᠢᠷᠢ ᠳᠡᠭᠡᠷ᠎ᠡ ᠪᠠᠢᠬᠤ ᠬᠤᠭᠤᠴᠠᠭ᠎ᠠ ᠪᠤᠶᠤ ᠠᠵᠢᠯ᠎ᠠᠴᠠ ᠰᠠᠯᠤᠭᠰᠠᠨ᠂ ᠠᠵᠢᠯ᠎ᠠᠴᠠ ᠠᠮᠠᠷᠠᠭᠰᠠᠨ᠂ ᠨᠠᠰᠤᠨ᠎ᠤ ᠠᠮᠠᠷᠠᠯᠲᠠ᠎ᠪᠠᠨ ᠠᠪᠤᠭᠰᠠᠨ᠎ᠤ ᠳᠠᠷᠠᠭᠠᠬᠢ ᠵᠣᠬᠢᠬᠤ ᠬᠤᠭᠤᠴᠠᠭᠠᠨ᠎ᠳᠤ ᠲᠤᠰ ᠨᠢᠭᠡᠴᠢ᠎ᠶᠢᠨ ᠮᠡᠷᠭᠡᠵᠢᠯ᠎ᠦᠨ ᠨᠢᠭᠤᠴᠠ᠎ᠶᠢ ᠬᠠᠮᠠᠭᠠᠯᠠᠬᠤ ᠲᠤᠬᠠᠢ ᠬᠡᠯᠡᠯᠴᠡᠭᠡᠷ ᠲᠣᠭᠲᠠᠵᠤ ᠪᠣᠯᠤᠨ᠎ᠠ; ᠬᠣᠯᠪᠤᠭᠳᠠᠯ ᠪᠦᠬᠦᠢ ᠬᠥᠮᠦᠰ ᠬᠡᠯᠡᠯᠴᠡᠭᠡᠷ᠎ᠦᠨ ᠪᠣᠯᠵᠤᠭ᠎ᠠ᠎ᠶᠢ ᠵᠥᠷᠢᠴᠡᠵᠦ᠂ ᠲᠤᠰ ᠨᠢᠭᠡᠴᠢ᠎ᠶᠢᠨ᠎ᠢᠶᠡᠨ ᠮᠡᠷᠭᠡᠵᠢᠯ᠎ᠦᠨ ᠨᠢᠭᠤᠴᠠ᠎ᠶᠢ ᠵᠠᠳᠠᠷᠠᠭᠤᠯᠬᠤ ᠪᠠ ᠤᠤᠯ ᠨᠢᠭᠡᠴᠢ᠎ᠶᠢᠨ ᠬᠢ᠎ᠲᠡᠢ᠎ᠪᠡᠨ ᠠᠳᠠᠯᠢᠬᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯᠯᠠᠭ᠎ᠠ ᠬᠢᠵᠦ ᠪᠣᠯᠬᠤ᠎ᠦᠭᠡᠢ᠃

  ᠠᠵᠢᠯᠲᠠᠨ ᠠᠵᠢᠯᠴᠢᠨ ᠡᠭᠦᠷᠭᠡ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠳᠤᠷ᠎ᠠ᠎ᠪᠠᠷ᠎ᠢᠶᠠᠨ ᠱᠢᠯᠵᠢᠭᠦᠯᠵᠦ ᠥᠭᠬᠦ ᠪᠤᠶᠤ ᠬᠡᠯᠪᠡᠷᠢ᠎ᠶᠢ᠎ᠨᠢ ᠥᠭᠡᠷᠡᠲᠦᠭᠦᠯᠦᠨ ᠱᠢᠯᠵᠢᠭᠦᠯᠦᠨ ᠥᠭᠴᠦ ᠪᠣᠯᠬᠤ᠎ᠦᠭᠡᠢ᠃

  ᠳᠥᠴᠢᠨ ᠭᠤᠷᠪᠠᠳᠤᠭᠠᠷ ᠵᠦᠢᠯ   ᠤᠯᠤᠰ᠎ᠠᠴᠠ ᠪᠠᠢᠭᠤᠯᠤᠭᠰᠠᠨ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ᠎ᠶᠢᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢᠶᠡᠨ ᠬᠤᠪᠢᠷᠠᠭᠤᠯᠤᠭᠠᠳ ᠣᠯᠤᠭᠰᠠᠨ ᠪᠦᠬᠦ ᠣᠷᠤᠯᠭ᠎ᠠ᠎ᠶᠢ ᠲᠤᠰ ᠨᠢᠭᠡᠴᠢ᠎ᠳᠦ ᠦᠯᠡᠳᠡᠭᠡᠨ ᠥᠭᠭᠦᠨ᠎ᠡ᠂ ᠡᠭᠦᠷᠭᠡ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠪᠡᠶᠡᠯᠡᠭᠦᠯᠬᠦ ᠪᠠ ᠬᠤᠪᠢᠷᠠᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠠᠵᠢᠯᠲᠠᠨ᠎ᠳᠤ ᠱᠠᠩᠨᠠᠯ ᠬᠥᠬᠢᠭᠦᠯᠦᠯ ᠪᠠ ᠬᠠᠷᠠᠮᠵᠢ ᠮᠥᠩᠭᠦ ᠦᠭᠭᠦᠭᠰᠡᠨ᠎ᠦ ᠳᠠᠷᠠᠭ᠎ᠠ᠂ ᠭᠣᠣᠯᠳᠠᠭᠤ ᠱᠢᠨᠵᠢᠯᠡᠬᠦ ᠤᠬᠠᠭᠠᠨ ᠮᠡᠷᠭᠡᠵᠢᠯ᠎ᠦᠨ ᠰᠤᠳᠤᠯᠤᠨ ᠨᠡᠭᠡᠭᠡᠯᠲᠡ ᠪᠣᠯᠤᠨ ᠦᠷ᠎ᠡ ᠪᠦᠲᠦᠭᠡᠯ᠎ᠦᠨ ᠬᠤᠪᠢᠷᠠᠭᠤᠯᠤᠯᠲᠠ ᠵᠡᠷᠭᠡ ᠬᠣᠯᠪᠤᠭᠳᠠᠯ ᠪᠦᠬᠦᠢ ᠠᠵᠢᠯ᠎ᠳᠤ ᠬᠡᠷᠡᠭᠯᠡᠨ᠎ᠡ᠃

  ᠳᠥᠴᠢᠨ ᠳᠥᠷᠪᠡᠳᠦᠭᠡᠷ ᠵᠦᠢᠯ  ᠡᠭᠦᠷᠭᠡ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠤᠭᠰᠠᠨ᠎ᠤ ᠳᠠᠷᠠᠭ᠎ᠠ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠪᠡᠶᠡᠯᠡᠭᠦᠯᠦᠭᠰᠡᠨ ᠨᠢᠭᠡᠴᠢ᠎ᠡᠴᠡ ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠪᠡᠶᠡᠯᠡᠭᠦᠯᠬᠦ ᠪᠠ ᠬᠤᠪᠢᠷᠠᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠠᠵᠢᠯᠲᠠᠨ᠎ᠳᠤ ᠱᠠᠩᠨᠠᠯ ᠬᠥᠬᠢᠭᠦᠯᠦᠯ ᠪᠠ ᠬᠠᠷᠠᠮᠵᠢ ᠮᠥᠩᠭᠦ ᠥᠭᠭᠦᠨ᠎ᠡ᠃

  ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠪᠡᠶᠡᠯᠡᠭᠦᠯᠦᠭᠰᠡᠨ ᠨᠢᠭᠡᠴᠢ᠎ᠡᠴᠡ ᠱᠠᠩᠨᠠᠯ ᠬᠥᠬᠢᠭᠦᠯᠦᠯ ᠬᠢᠭᠡᠳ ᠬᠠᠷᠠᠮᠵᠢ ᠮᠥᠩᠭᠦ ᠥᠭᠬᠦ ᠠᠷᠭ᠎ᠠ ᠮᠠᠶᠢᠭ᠂ ᠲᠣᠭ᠎ᠠ ᠬᠡᠮᠵᠢᠶ᠎ᠡ ᠪᠠ ᠴᠠᠭ᠎ᠤᠨ ᠬᠢᠵᠠᠭᠠᠷ᠎ᠢ ᠲᠣᠭᠲᠠᠭᠠᠬᠤ ᠪᠤᠶᠤ ᠱᠢᠨᠵᠢᠯᠡᠬᠦ ᠤᠬᠠᠭᠠᠨ ᠮᠡᠷᠭᠡᠵᠢᠯ᠎ᠦᠨ ᠠᠵᠢᠯᠲᠠᠨ᠎ᠲᠠᠢ ᠪᠣᠯᠵᠤᠨ ᠲᠣᠭᠲᠠᠭᠠᠵᠤ ᠪᠣᠯᠤᠨ᠎ᠠ᠃ ᠨᠢᠭᠡᠴᠢ ᠬᠣᠯᠪᠤᠭᠳᠠᠯ ᠪᠦᠬᠦᠢ ᠲᠣᠭᠲᠠᠭᠠᠯ᠎ᠢ ᠲᠣᠭᠲᠠᠭᠠᠬᠤ᠎ᠳᠤ᠎ᠪᠠᠨ᠂ ᠲᠤᠰ ᠨᠢᠭᠡᠴᠢ᠎ᠶᠢᠨ᠎ᠢᠶᠡᠨ ᠱᠢᠨᠵᠢᠯᠡᠬᠦ ᠤᠬᠠᠭᠠᠨ ᠮᠡᠷᠭᠡᠵᠢᠯ᠎ᠦᠨ ᠠᠵᠢᠯᠲᠠᠨ᠎ᠤ ᠰᠠᠨᠠᠯ᠎ᠢ ᠭᠦᠢᠴᠡᠳ ᠰᠣᠨᠤᠰᠭᠤ᠎ᠶᠢᠨ ᠬᠠᠮᠲᠤ ᠲᠤᠰ ᠨᠢᠭᠡᠴᠢ᠎ᠳᠤ᠎ᠪᠠᠨ ᠬᠣᠯᠪᠤᠭᠳᠠᠯ ᠪᠦᠬᠦᠢ ᠲᠣᠭᠲᠠᠭᠠᠯ᠎ᠢ ᠢᠯᠡ ᠪᠣᠯᠭᠠᠬᠤ ᠬᠡᠷᠡᠭᠲᠡᠢ᠃

 ᠳᠥᠴᠢᠨ ᠲᠠᠪᠤᠳᠤᠭᠠᠷ ᠵᠦᠢᠯ   ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠪᠡᠶᠡᠯᠡᠭᠦᠯᠦᠭᠰᠡᠨ ᠨᠢᠭᠡᠴᠢ᠎ᠡᠴᠡ ᠱᠠᠩᠨᠠᠯ ᠬᠥᠬᠢᠭᠦᠯᠦᠯ ᠪᠠ ᠬᠠᠷᠠᠮᠵᠢ ᠮᠥᠩᠭᠦ ᠥᠭᠬᠦ ᠠᠷᠭ᠎ᠠ ᠮᠠᠶᠢᠭ᠂ ᠲᠣᠭ᠎ᠠ ᠬᠡᠮᠵᠢᠶ᠎ᠡ᠎ᠶᠢ ᠲᠣᠭᠲᠠᠭᠠᠭᠰᠠᠨ᠎ᠦᠭᠡᠢ ᠮᠥᠷᠲᠡᠭᠡᠨ ᠱᠢᠨᠵᠢᠯᠡᠬᠦ ᠤᠬᠠᠭᠠᠨ ᠮᠡᠷᠭᠡᠵᠢᠯ᠎ᠦᠨ ᠠᠵᠢᠯᠲᠠᠨ᠎ᠲᠠᠢ᠎ᠴᠤ ᠪᠣᠯᠵᠤᠨ ᠲᠣᠭᠲᠠᠭᠠᠭᠰᠠᠨ᠎ᠦᠭᠡᠢ ᠪᠠᠢᠪᠠᠯ᠂ ᠳᠣᠣᠷ᠎ᠠ ᠵᠢᠭᠰᠠᠭᠠᠭᠰᠠᠨ ᠪᠠᠷᠢᠮᠵᠢᠶ᠎ᠠ ᠶᠣᠰᠤᠭᠠᠷ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠪᠡᠶᠡᠯᠡᠭᠦᠯᠬᠦ ᠪᠠ ᠬᠤᠪᠢᠷᠠᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠠᠵᠢᠯᠲᠠᠨ᠎ᠳᠤ ᠱᠠᠩᠨᠠᠯ ᠬᠥᠬᠢᠭᠦᠯᠦᠯ ᠪᠠ ᠬᠠᠷᠠᠮᠵᠢ ᠮᠥᠩᠭᠦ ᠥᠭᠭᠦᠨ᠎ᠡ᠄

   (ᠨᠢᠭᠡ) ᠲᠤᠰ ᠡᠭᠦᠷᠭᠡ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠱᠢᠯᠵᠢᠭᠦᠯᠵᠦ ᠥᠭᠬᠦ ᠪᠠ ᠪᠤᠰᠤᠳ ᠬᠥᠮᠦᠨ᠎ᠳᠦ ᠥᠭᠴᠦ ᠬᠡᠷᠡᠭᠵᠢᠭᠦᠯᠬᠦ᠎ᠶᠢ ᠵᠥᠪᠱᠢᠶᠡᠷᠡᠭᠰᠡᠨ ᠪᠠᠢᠪᠠᠯ᠂ ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠱᠢᠯᠵᠢᠭᠦᠯᠵᠦ ᠥᠭᠭᠦᠭᠡᠳ ᠣᠯᠤᠭᠰᠠᠨ ᠴᠡᠪᠡᠷ ᠣᠷᠤᠯᠭ᠎ᠠ ᠪᠤᠶᠤ ᠵᠥᠪᠱᠢᠶᠡᠷᠡᠭᠡᠳ ᠣᠯᠤᠭᠰᠠᠨ ᠴᠡᠪᠡᠷ ᠣᠷᠤᠯᠭ᠎ᠠ᠎ᠶᠢᠨ ᠳᠣᠲᠤᠷ᠎ᠠ᠎ᠠᠴᠠ 50%᠎ᠠᠴᠠ ᠳᠣᠣᠷ᠎ᠠ᠎ᠦᠭᠡᠢ ᠬᠠᠷᠢᠴᠠᠯ᠎ᠢᠶᠠᠷ ᠭᠠᠷᠭᠠᠵᠤ ᠠᠪᠤᠨ᠎ᠠ;

   (ᠬᠣᠶᠠᠷ) ᠲᠤᠰ ᠡᠭᠦᠷᠭᠡ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠠᠱᠢᠭᠯᠠᠵᠤ ᠦᠨ᠎ᠡ ᠲᠣᠭᠲᠠᠭᠠᠨ ᠪᠡᠯᠡ ᠣᠷᠤᠭᠤᠯᠤᠭᠰᠠᠨ ᠪᠠᠢᠪᠠᠯ᠂ ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠡᠴᠡ ᠪᠦᠷᠢᠯᠳᠦᠭᠰᠡᠨ ᠣᠷᠤᠭᠤᠯᠤᠭᠰᠠᠨ ᠬᠤᠪᠢ ᠪᠤᠶᠤ ᠪᠡᠯᠡ ᠭᠠᠷᠭᠠᠭᠰᠠᠨ ᠬᠠᠷᠢᠴᠠᠯ᠎ᠤᠨ ᠳᠣᠲᠤᠷ᠎ᠠ᠎ᠠᠴᠠ 50%᠎ᠠᠴᠠ ᠳᠣᠣᠷ᠎ᠠ᠎ᠦᠭᠡᠢ ᠬᠠᠷᠢᠴᠠᠯ᠎ᠢᠶᠠᠷ ᠭᠠᠷᠭᠠᠵᠤ ᠠᠪᠤᠨ᠎ᠠ;

   (ᠭᠤᠷᠪᠠ) ᠲᠤᠰ ᠡᠭᠦᠷᠭᠡ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠥᠪᠡᠷᠲᠡᠭᠡᠨ ᠬᠡᠷᠡᠭᠵᠢᠭᠦᠯᠦᠭᠰᠡᠨ ᠪᠤᠶᠤ ᠪᠤᠰᠤᠳ ᠬᠥᠮᠦᠨ᠎ᠲᠡᠢ ᠬᠠᠮᠲᠤᠷᠠᠨ ᠬᠡᠷᠡᠭᠵᠢᠭᠦᠯᠦᠭᠰᠡᠨ ᠪᠠᠢᠪᠠᠯ᠂ ᠬᠤᠪᠢᠷᠠᠭᠤᠯᠤᠯᠲᠠ᠎ᠶᠢ ᠬᠡᠷᠡᠭᠵᠢᠭᠦᠯᠦᠭᠡᠳ ᠠᠮᠵᠢᠯᠲᠠᠲᠠᠢ᠎ᠪᠠᠷ ᠠᠱᠢᠭᠯᠠᠯᠲᠠ᠎ᠳᠤ ᠣᠷᠤᠭᠤᠯᠤᠭᠰᠠᠨ᠎ᠤ ᠳᠠᠷᠠᠭᠠᠬᠢ ᠭᠤᠷᠪᠠ᠎ᠠᠴᠠ ᠲᠠᠪᠤᠨ ᠵᠢᠯ᠎ᠳᠦ ᠵᠠᠯᠭᠠᠭ᠎ᠠ᠎ᠪᠠᠷ ᠵᠢᠯ ᠪᠦᠷᠢ ᠲᠤᠰ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠬᠡᠷᠡᠭᠵᠢᠭᠦᠯᠦᠭᠡᠳ ᠣᠯᠤᠭᠰᠠᠨ ᠡᠵᠡᠩᠨᠡᠯᠲᠡ᠎ᠶᠢᠨ ᠠᠱᠢᠭ ᠣᠯᠵᠠᠪᠤᠷᠢ᠎ᠶᠢᠨ ᠳᠣᠲᠤᠷ᠎ᠠ᠎ᠠᠴᠠ 5%᠎ᠠᠴᠠ ᠳᠣᠣᠷ᠎ᠠ᠎ᠦᠭᠡᠢ ᠬᠠᠷᠢᠴᠠᠯ᠎ᠢᠶᠠᠷ ᠭᠠᠷᠭᠠᠵᠤ ᠠᠪᠤᠨ᠎ᠠ᠃

  ᠤᠯᠤᠰ᠎ᠠᠴᠠ ᠪᠠᠢᠭᠤᠯᠤᠭᠰᠠᠨ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ᠎ᠠᠴᠠ ᠱᠠᠩᠨᠠᠯ ᠬᠥᠬᠢᠭᠦᠯᠦᠯ ᠪᠠ ᠬᠠᠷᠠᠮᠵᠢ ᠮᠥᠩᠭᠦ ᠥᠭᠬᠦ ᠠᠷᠭ᠎ᠠ ᠮᠠᠶᠢᠭ᠂ ᠲᠣᠭ᠎ᠠ ᠬᠡᠮᠵᠢᠶ᠎ᠡ᠎ᠶᠢ ᠲᠣᠭᠲᠠᠭᠠᠬᠤ ᠪᠤᠶᠤ ᠱᠢᠨᠵᠢᠯᠡᠬᠦ ᠤᠬᠠᠭᠠᠨ ᠮᠡᠷᠭᠡᠵᠢᠯ᠎ᠦᠨ ᠠᠵᠢᠯᠲᠠᠨ᠎ᠲᠠᠢ ᠪᠣᠯᠵᠤᠨ ᠲᠣᠭᠲᠠᠭᠠᠬᠤ᠎ᠳᠤ᠎ᠪᠠᠨ ᠡᠮᠦᠨᠡᠬᠢ ᠪᠠᠳᠠᠭ᠎ᠤᠨ ᠨᠢᠭᠡᠳᠦᠭᠡᠷ ᠵᠤᠷᠪᠤᠰ᠎ᠠᠴᠠ ᠭᠤᠷᠪᠠᠳᠤᠭᠠᠷ ᠵᠤᠷᠪᠤᠰ᠎ᠤᠨ ᠲᠣᠭᠲᠠᠭᠠᠯ᠎ᠤᠨ ᠪᠠᠷᠢᠮᠵᠢᠶ᠎ᠠ᠎ᠳᠤ ᠨᠡᠢᠴᠡᠭᠦᠯᠬᠦ ᠬᠡᠷᠡᠭᠲᠡᠢ᠃

  ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ ᠲᠤᠰ ᠬᠠᠤᠯᠢ᠎ᠶᠢᠨ ᠲᠣᠭᠲᠠᠭᠠᠯ ᠶᠣᠰᠤᠭᠠᠷ ᠡᠭᠦᠷᠭᠡ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠪᠡᠶᠡᠯᠡᠭᠦᠯᠬᠦ ᠪᠠ ᠬᠤᠪᠢᠷᠠᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠠᠵᠢᠯᠲᠠᠨ᠎ᠳᠤ ᠱᠠᠩᠨᠠᠯ ᠬᠥᠬᠢᠭᠦᠯᠦᠯ ᠪᠠ ᠬᠠᠷᠠᠮᠵᠢ ᠮᠥᠩᠭᠦ ᠦᠭᠭᠦᠭᠰᠡᠨ ᠵᠠᠷᠤᠯᠭ᠎ᠠ᠎ᠪᠠᠨ ᠲᠤᠬᠠᠢ᠎ᠶᠢᠨ ᠵᠢᠯ᠎ᠦᠨ ᠲᠤᠰ ᠨᠢᠭᠡᠴᠢ᠎ᠶᠢᠨ ᠴᠠᠯᠢᠩ᠎ᠤᠨ ᠶᠡᠷᠦᠩᠬᠡᠢ ᠲᠣᠭ᠎ᠠ᠎ᠳᠤ ᠣᠷᠤᠭᠤᠯᠵᠤ ᠪᠣᠳᠤᠨ᠎ᠠ᠂ ᠭᠡᠪᠡᠴᠦ ᠲᠤᠬᠠᠢ᠎ᠶᠢᠨ ᠵᠢᠯ᠎ᠦᠨ ᠲᠤᠰ ᠨᠢᠭᠡᠴᠢ᠎ᠶᠢᠨ ᠴᠠᠯᠢᠩ᠎ᠤᠨ ᠶᠡᠷᠦᠩᠬᠡᠢ ᠲᠣᠭ᠎ᠠ᠎ᠳᠤ ᠬᠢᠵᠠᠭᠠᠷᠯᠠᠭᠳᠠᠬᠤ᠎ᠦᠭᠡᠢ᠂ ᠲᠤᠰ ᠨᠢᠭᠡᠴᠢ᠎ᠶᠢᠨ ᠴᠠᠯᠢᠩ᠎ᠤᠨ ᠶᠡᠷᠦᠩᠬᠡᠢ ᠲᠣᠭᠠᠨ᠎ᠤ ᠰᠠᠭᠤᠷᠢ ᠲᠣᠭ᠎ᠠ᠎ᠳᠤ ᠣᠷᠤᠭᠤᠯᠬᠤ᠎ᠦᠭᠡᠢ᠃

 

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604